2024 ᠣᠨ ᠤ 4 ᠰᠠᠷ᠎ᠠ ᠶᠢᠨ 18 ᠤ ᠡᠳᠦᠷ᠂ ᠵᠢᠤ ᠶᠤᠸᠠᠨ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ | ᠬᠤᠪᠢᠶᠠᠷᠢ ᠲᠣᠪᠴᠢᠶ᠎ᠠ ᠶᠢᠨ ᠬᠤᠶᠠᠷᠬᠤᠳᠳᠤᠭ ᠶᠢᠨ ᠲᠣᠮᠢᠯᠠᠭᠰᠠᠨ ᠰᠠᠯᠪᠤᠷᠢ ᠶᠢᠨ ᠲᠣᠰᠬᠤᠨ ᠳᠤ ᠰᠠᠭᠤᠭ᠎ᠠ | ᠲᠤᠰᠠᠯᠠᠬᠤ ᠴᠠᠭᠳᠠᠭ᠎ᠠ ᠨᠠᠷ ᠠᠵᠢᠯ ᠤᠨ ᠳᠤᠮᠳᠠ ᠪᠠᠨ ᠣᠯᠠᠨ ᠲᠦᠮᠡᠨ ᠪᠡᠶ᠎ᠡ ᠶᠢᠨ ᠦᠨᠡᠮᠯᠡᠯ ᠢᠶᠠᠨ ᠠᠪᠤᠭᠰᠠᠨ ᠤ | ᠳᠠᠷᠠᠭ᠎ᠠ ᠶᠡᠷᠦ ᠠᠴᠠ ᠠᠪᠬᠤ ᠪᠠᠷ ᠢᠷᠡᠭᠰᠡᠨ ᠥᠬᠡᠶ ᠶᠢ ᠣᠯᠵᠤ ᠮᠡᠳᠡᠵᠡᠶ᠂ ᠲᠣᠰᠬᠤᠨ ᠳᠤ ᠰᠠᠭᠤᠭ᠎ᠠ ᠲᠤᠰᠠᠯᠠᠬᠤ | ᠴᠠᠭᠳᠠᠭ᠎ᠠ ᠨᠠᠷ ᠬᠠᠪᠤᠷ ᠤᠨ ᠲᠠᠷᠢᠶᠠᠯᠠᠭ᠎ᠠ ᠶᠢᠨ ᠤᠯᠠᠷᠢᠯ ᠳᠤ ᠣᠯᠠᠨ ᠲᠦᠮᠡᠨ ᠲᠠᠷᠢᠶᠠᠯᠠᠬᠤ ᠪᠠᠷ ᠶᠠᠭᠠᠷᠠᠭᠠᠳ | ᠪᠡᠶ᠎ᠡ ᠶᠢᠨ ᠦᠨᠡᠮᠯᠡᠯ ᠢᠶᠠᠨ ᠠᠪᠬᠤ ᠪᠠᠷ ᠢᠷᠡᠬᠦ ᠵᠠᠪ ᠥᠬᠡᠶ ᠪᠣᠯᠬᠤᠷ ᠲᠣᠰᠬᠤᠨ ᠳᠤ ᠰᠠᠭᠤᠭ᠎ᠠ ᠲᠤᠰᠠᠯᠠᠬᠤ ᠴᠠᠭᠳᠠᠭ᠎ᠠ | ᠨᠠᠷ ᠪᠡᠶ᠎ᠡ ᠶᠢᠨ ᠦᠨᠡᠮᠯᠡᠯ ᠢᠶᠠᠨ ᠠᠪᠴᠤ ᠣᠯᠠᠨ ᠲᠦᠮᠡᠨ ᠳᠤ ᠬᠦᠷᠭᠡᠵᠦ ᠥᠭᠴᠡᠶ᠃ ᠵᠠᠩ ᠣᠪᠣᠭᠲᠤ ᠲᠣᠰᠬᠤᠨ ᠳᠤ | ᠰᠠᠭᠤᠭ᠎ᠠ ᠲᠤᠰᠠᠯᠠᠬᠤ ᠴᠠᠭᠳᠠᠭ᠎ᠠ ᠶᠢᠨ ᠲᠡᠭᠦᠨ ᠳᠤ ᠪᠡᠶ᠎ᠡ ᠶᠢᠨ ᠦᠨᠡᠮᠯᠡᠯ ᠥᠭᠭᠦᠭᠰᠡᠨ ᠢ ᠦᠵᠡᠭᠡᠳ ᠰᠡᠳᠬᠢᠯ | ᠳᠣᠭᠳᠣᠯᠤᠨ᠄ ︽ᠡᠨᠡ ᠬᠡᠰᠡᠭ ᠬᠤᠭᠤᠴᠠᠭᠠᠨ ᠳᠤ ᠲᠠᠷᠢᠶ᠎ᠠ ᠳᠠᠷᠢᠬᠤ ᠪᠠᠷ ᠶᠠᠭᠠᠷᠠᠯᠳᠤᠵᠤ᠂ ᠣᠴᠢᠵᠤ ᠠᠪᠬᠤ ᠵᠠᠪ | ᠦᠭᠡᠶ᠂ ᠨᠠᠳᠠ ᠳᠤ ᠭᠡᠷ ᠲᠡᠭᠡᠨ ᠬᠠᠷᠢᠵᠤ ᠢᠷᠡᠨ᠎ᠡ ᠭᠡᠵᠦ ᠰᠠᠨᠠᠭᠠᠨ ᠳᠤ ᠤᠷᠤᠭᠰᠠᠨ ᠦᠭᠡᠶ᠂ ᠦᠨᠡᠬᠡᠷ ᠲᠠᠯᠠᠷᠬᠠᠯ᠎ᠠ᠂ | ᠮᠤᠵᠢ ᠶᠢᠨ ᠬᠢᠨ ᠢ ᠪᠢ ᠪᠠᠰᠠ ᠨᠢᠭᠡ ᠤᠳᠠᠭ᠎ᠠ ᠭᠦᠶᠦᠯ᠎ᠡ︾ ᠭᠡᠪᠡ᠃ | ᠤᠯᠠᠨ ᠲᠦᠮᠡᠨ ᠤ ᠪᠤᠳᠤᠵᠤ ᠪᠠᠶᠢᠭ᠎ᠠ ᠵᠦᠢᠯ ᠢ ᠪᠤᠳᠤᠵᠤ᠂ ᠤᠯᠠᠨ ᠲᠦᠮᠡᠨ ᠤ ᠪᠠᠴᠢᠮᠳᠠᠵᠤ ᠪᠠᠶᠢᠭ᠎ᠠ ᠵᠦᠢᠯ ᠳᠤ | ᠪᠠᠴᠢᠮᠳᠠᠵᠤ᠂ ᠬᠤᠶᠠᠷᠬᠤᠳᠳᠤᠭ ᠤᠨ ᠲᠣᠮᠢᠯᠠᠭᠰᠠᠨ ᠰᠠᠯᠪᠤᠷᠢ ᠶᠢᠨ ᠬᠢᠨ ᠢᠮᠠᠭᠲᠠ ᠠᠷᠠᠳ ᠲᠦᠮᠡᠨ ᠳᠤ ᠦᠢᠯᠡᠴᠢᠯᠡᠬᠦ | ᠵᠣᠷᠢᠯᠲᠠ ᠶᠢ ᠪᠠᠷᠢᠮᠲᠠᠯᠠᠵᠤ᠂ ᠤᠯᠠᠨ ᠲᠦᠮᠡᠨ ᠳᠤ ᠦᠢᠯᠡᠴᠢᠯᠡᠬᠦ ᠬᠠᠮᠤᠭ ᠡᠴᠦᠰ ᠤᠨ ᠨᠢᠭᠡ ᠺᠢᠯᠣᠮᠧᠲᠷ ᠢ | ᠨᠡᠪᠲᠡᠷᠡᠭᠦᠯᠵᠦ᠂ ᠬᠠᠷᠢᠶ᠎ᠠ ᠣᠷᠣᠨ ᠤ ᠤᠯᠠᠨ ᠲᠦᠮᠡᠨ ᠤ ᠵᠣᠯ ᠵᠢᠷᠭᠠᠯᠲᠤ ᠲᠦᠷᠦᠭᠳᠡᠯ ᠢ ᠲᠠᠰᠤᠷᠠᠯᠲᠠ ᠦᠭᠡᠢ | ᠨᠡᠮᠡᠭᠳᠡᠭᠦᠯᠪᠡ᠃ | | |