ᠭᠡᠷᠡᠴᠢ ᠶᠢ ᠬᠡᠷ ᠲᠤᠨᠢ ᠬᠦᠷᠭᠡᠵᠦ᠂ ᠠᠷᠠᠳ ᠤᠨ ᠰᠡᠳᠬᠢᠯ ᠢ ᠳᠤᠯᠠᠭᠠᠴᠠᠭᠤᠯᠵᠤ ᠦᠢᠯᠡᠴᠢᠯᠡᠭᠡ ᠶᠢ ᠥᠴᠦᠬᠡᠨ ᠴᠦ ᠵᠠᠶ ᠦᠭᠡᠶ ᠪᠣᠯᠭᠠᠨ᠎ᠠ
ᠨᠡᠶᠢᠲᠡᠯᠡᠭᠰᠡᠨ ᠴᠠᠭ᠄
2024/4/24
    2024 ᠣᠨ ᠤ 4 ᠰᠠᠷ᠎ᠠ ᠶᠢᠨ 18 ᠤ ᠡᠳᠦᠷ᠂ ᠵᠢᠤ ᠶᠤᠸᠠᠨ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠬᠤᠶᠠᠷᠬᠤᠳᠳᠤᠭ ᠶᠢᠨ ᠲᠣᠮᠢᠯᠠᠭᠰᠠᠨ ᠰᠠᠯᠪᠤᠷᠢ ᠶᠢᠨ ᠲᠣᠰᠬᠤᠨ ᠳᠤ ᠰᠠᠭᠤᠭ᠎ᠠ ᠲᠤᠰᠠᠯᠠᠬᠤ ᠴᠠᠭᠳᠠᠭ᠎ᠠ ᠨᠠᠷ ᠠᠵᠢᠯ ᠤᠨ ᠳᠤᠮᠳᠠ ᠪᠠᠨ ᠣᠯᠠᠨ ᠲᠦᠮᠡᠨ ᠪᠡᠶ᠎ᠡ ᠶᠢᠨ ᠦᠨᠡᠮᠯᠡᠯ ᠢᠶᠠᠨ ᠠᠪᠤᠭᠰᠠᠨ ᠤ ᠳᠠᠷᠠᠭ᠎ᠠ ᠶᠡᠷᠦ ᠠᠴᠠ ᠠᠪᠬᠤ ᠪᠠᠷ ᠢᠷᠡᠭᠰᠡᠨ ᠥᠬᠡᠶ ᠶᠢ ᠣᠯᠵᠤ ᠮᠡᠳᠡᠵᠡᠶ᠂ ᠲᠣᠰᠬᠤᠨ ᠳᠤ ᠰᠠᠭᠤᠭ᠎ᠠ ᠲᠤᠰᠠᠯᠠᠬᠤ ᠴᠠᠭᠳᠠᠭ᠎ᠠ ᠨᠠᠷ ᠬᠠᠪᠤᠷ ᠤᠨ ᠲᠠᠷᠢᠶᠠᠯᠠᠭ᠎ᠠ ᠶᠢᠨ ᠤᠯᠠᠷᠢᠯ ᠳᠤ ᠣᠯᠠᠨ ᠲᠦᠮᠡᠨ ᠲᠠᠷᠢᠶᠠᠯᠠᠬᠤ ᠪᠠᠷ ᠶᠠᠭᠠᠷᠠᠭᠠᠳ ᠪᠡᠶ᠎ᠡ ᠶᠢᠨ ᠦᠨᠡᠮᠯᠡᠯ ᠢᠶᠠᠨ ᠠᠪᠬᠤ ᠪᠠᠷ ᠢᠷᠡᠬᠦ ᠵᠠᠪ ᠥᠬᠡᠶ ᠪᠣᠯᠬᠤᠷ ᠲᠣᠰᠬᠤᠨ ᠳᠤ ᠰᠠᠭᠤᠭ᠎ᠠ ᠲᠤᠰᠠᠯᠠᠬᠤ ᠴᠠᠭᠳᠠᠭ᠎ᠠ ᠨᠠᠷ ᠪᠡᠶ᠎ᠡ ᠶᠢᠨ ᠦᠨᠡᠮᠯᠡᠯ ᠢᠶᠠᠨ ᠠᠪᠴᠤ ᠣᠯᠠᠨ ᠲᠦᠮᠡᠨ ᠳᠤ ᠬᠦᠷᠭᠡᠵᠦ ᠥᠭᠴᠡᠶ᠃ ᠵᠠᠩ ᠣᠪᠣᠭᠲᠤ ᠲᠣᠰᠬᠤᠨ ᠳᠤ ᠰᠠᠭᠤᠭ᠎ᠠ ᠲᠤᠰᠠᠯᠠᠬᠤ ᠴᠠᠭᠳᠠᠭ᠎ᠠ ᠶᠢᠨ ᠲᠡᠭᠦᠨ ᠳᠤ ᠪᠡᠶ᠎ᠡ ᠶᠢᠨ ᠦᠨᠡᠮᠯᠡᠯ ᠥᠭᠭᠦᠭᠰᠡᠨ ᠢ ᠦᠵᠡᠭᠡᠳ ᠰᠡᠳᠬᠢᠯ ᠳᠣᠭᠳᠣᠯᠤᠨ᠄ ︽ᠡᠨᠡ ᠬᠡᠰᠡᠭ ᠬᠤᠭᠤᠴᠠᠭᠠᠨ ᠳᠤ ᠲᠠᠷᠢᠶ᠎ᠠ ᠳᠠᠷᠢᠬᠤ ᠪᠠᠷ ᠶᠠᠭᠠᠷᠠᠯᠳᠤᠵᠤ᠂ ᠣᠴᠢᠵᠤ ᠠᠪᠬᠤ ᠵᠠᠪ ᠦᠭᠡᠶ᠂ ᠨᠠᠳᠠ ᠳᠤ ᠭᠡᠷ ᠲᠡᠭᠡᠨ ᠬᠠᠷᠢᠵᠤ ᠢᠷᠡᠨ᠎ᠡ ᠭᠡᠵᠦ ᠰᠠᠨᠠᠭᠠᠨ ᠳᠤ ᠤᠷᠤᠭᠰᠠᠨ ᠦᠭᠡᠶ᠂ ᠦᠨᠡᠬᠡᠷ ᠲᠠᠯᠠᠷᠬᠠᠯ᠎ᠠ᠂ ᠮᠤᠵᠢ ᠶᠢᠨ ᠬᠢᠨ ᠢ ᠪᠢ ᠪᠠᠰᠠ ᠨᠢᠭᠡ ᠤᠳᠠᠭ᠎ᠠ ᠭᠦᠶᠦᠯ᠎ᠡ︾ ᠭᠡᠪᠡ᠃    ᠤᠯᠠᠨ ᠲᠦᠮᠡᠨ ᠤ ᠪᠤᠳᠤᠵᠤ ᠪᠠᠶᠢᠭ᠎ᠠ ᠵᠦᠢᠯ ᠢ ᠪᠤᠳᠤᠵᠤ᠂ ᠤᠯᠠᠨ ᠲᠦᠮᠡᠨ ᠤ ᠪᠠᠴᠢᠮᠳᠠᠵᠤ ᠪᠠᠶᠢᠭ᠎ᠠ ᠵᠦᠢᠯ ᠳᠤ ᠪᠠᠴᠢᠮᠳᠠᠵᠤ᠂ ᠬᠤᠶᠠᠷᠬᠤᠳᠳᠤᠭ ᠤᠨ ᠲᠣᠮᠢᠯᠠᠭᠰᠠᠨ ᠰᠠᠯᠪᠤᠷᠢ ᠶᠢᠨ ᠬᠢᠨ ᠢᠮᠠᠭᠲᠠ ᠠᠷᠠᠳ ᠲᠦᠮᠡᠨ ᠳᠤ ᠦᠢᠯᠡᠴᠢᠯᠡᠬᠦ ᠵᠣᠷᠢᠯᠲᠠ ᠶᠢ ᠪᠠᠷᠢᠮᠲᠠᠯᠠᠵᠤ᠂ ᠤᠯᠠᠨ ᠲᠦᠮᠡᠨ ᠳᠤ ᠦᠢᠯᠡᠴᠢᠯᠡᠬᠦ ᠬᠠᠮᠤᠭ ᠡᠴᠦᠰ ᠤᠨ ᠨᠢᠭᠡ ᠺᠢᠯᠣᠮᠧᠲᠷ ᠢ ᠨᠡᠪᠲᠡᠷᠡᠭᠦᠯᠵᠦ᠂ ᠬᠠᠷᠢᠶ᠎ᠠ ᠣᠷᠣᠨ ᠤ ᠤᠯᠠᠨ ᠲᠦᠮᠡᠨ ᠤ ᠵᠣᠯ ᠵᠢᠷᠭᠠᠯᠲᠤ ᠲᠦᠷᠦᠭᠳᠡᠯ ᠢ ᠲᠠᠰᠤᠷᠠᠯᠲᠠ ᠦᠭᠡᠢ ᠨᠡᠮᠡᠭᠳᠡᠭᠦᠯᠪᠡ᠃
C:\Users\Administrator\Desktop\新闻照片\图片1.jpg   
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号