ᠬᠤᠣᠷ ᠴᠠᠭᠠᠵᠠᠯᠠᠬᠤ ᠤᠬᠠᠭᠤᠯᠭ᠎ᠠ ᠶᠢ ᠭᠡᠷ ᠬᠤᠷᠢᠶᠠᠯᠠᠯ ᠳᠤ ᠬᠦᠷᠭᠡᠬᠦ  ᠮᠡᠳᠡᠯᠭᠡ ᠶᠢ ᠬᠦᠯᠢᠶᠡᠨ ᠠᠪᠬᠤ ᠳᠤ ︽ᠥᠴᠥᠬᠡᠨ ᠴᠦ ᠵᠠᠢ ᠦᠭᠡᠢ︾
ᠨᠡᠶᠢᠲᠡᠯᠡᠭᠰᠡᠨ ᠴᠠᠭ᠄
2024/4/29
    ᠭᠡᠷ ᠬᠤᠷᠢᠶᠠᠯᠠᠯ ᠤᠨ ᠣᠯᠠᠨ ᠲᠦᠮᠡᠨ ᠤ ᠬᠤᠤᠷᠲᠤ ᠡᠳ᠋ ᠢ ᠴᠠᠭᠠᠵᠠᠯᠠᠬᠤ ᠤᠬᠠᠮᠰᠠᠷ ᠢ ᠳᠡᠭᠡᠭᠰᠢᠯᠡᠭᠦᠯᠵᠦ᠂ ᠬᠤᠤᠷᠲᠤ ᠡᠳ᠋ ᠢ ᠴᠠᠭᠠᠵᠠᠯᠠᠬᠤ ᠭᠦᠨ ᠵᠤᠵᠠᠭᠠᠨ ᠶᠠᠷᠢᠶ᠎ᠠ ᠬᠡᠯᠡᠯᠴᠡᠭᠡᠨ ᠤ ᠠᠭᠤᠷ ᠠᠮᠢᠰᠬᠤᠯ ᠢ ᠪᠣᠶ ᠪᠣᠯᠭᠠᠬᠤ ᠶᠢᠨ ᠲᠥᠯᠥᠭᠡ᠂ ᠣᠶᠢᠷ᠎ᠠ ᠳᠤ᠂ ᠵᠢᠥ ᠶᠤᠸᠠᠨ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠬᠤᠤᠷᠲᠤ ᠡᠳ᠋ ᠢ ᠴᠠᠭᠠᠵᠠᠯᠠᠬᠤ ᠶᠡᠭᠡ ᠠᠩᠭᠢ ᠵᠢᠥ ᠶᠤᠸᠠᠨ ᠲᠣᠭᠤᠷᠢᠭ ᠤᠨ ᠾᠧᠩ ᠳ᠋ᠡ ᠭᠡᠷ ᠬᠤᠷᠢᠶᠠᠯᠠᠯ ᠤᠨ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠲᠤ ᠭᠦᠨᠵᠡᠭᠡᠶᠢᠷᠡᠨ ︽ᠠᠮᠢ ᠨᠠᠰᠤ ᠪᠠᠨ ᠨᠠᠨᠳᠢᠩᠨᠠᠨ ᠬᠠᠶᠢᠷᠠᠯᠠᠵᠤ ᠬᠤᠤᠷᠲᠤ ᠡᠳ᠋ ᠠᠴᠠ ᠵᠠᠶᠢᠳᠠᠬᠤ︾ ᠬᠤᠤᠷᠲᠤ ᠡᠳ᠋ ᠢ ᠴᠠᠭᠠᠵᠠᠯᠠᠬᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃
C:\Users\Administrator\Desktop\新闻照片\1.jpg
    ᠠᠵᠢᠯᠯᠠᠭ᠎ᠠ ᠶᠢᠨ ᠳᠤᠮᠳᠠ᠂ ᠠᠷᠠᠳ ᠤᠨ ᠴᠠᠭᠳᠠᠭ᠎ᠠ ᠬᠤᠤᠷ ᠴᠠᠭᠠᠵᠠᠯᠠᠬᠤ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ᠂ ᠬᠤᠤᠷᠲᠤ ᠡᠳ᠋ ᠤᠨ ᠥᠯᠢᠭᠡᠷ ᠡᠳ᠋ ᠢ ᠳᠡᠯᠭᠡᠨ ᠦᠵᠡᠭᠦᠯᠬᠦ ᠪᠠᠷ ᠳᠠᠮᠵᠢᠭᠤᠯᠤᠨ ᠬᠠᠷᠢᠶᠠᠲᠤ ᠣᠷᠣᠨ ᠤ ᠵᠠᠯᠠᠭᠤᠴᠤᠳ ᠪᠠᠭᠠᠴᠤᠳ᠂ ᠣᠯᠠᠨ ᠲᠦᠮᠡᠨ ᠳᠤ ᠬᠤᠤᠷᠲᠤ ᠡᠳ᠋ ᠤᠨ ᠲᠥᠷᠥᠯ ᠵᠦᠢᠯ ᠵᠢᠴᠢ ᠬᠤᠤᠷ ᠲᠠᠲᠠᠬᠤ᠂ ᠬᠤᠤᠷᠲᠤ ᠡᠳ᠋ ᠢ ᠫᠠᠨᠽᠠᠯᠠᠬᠤ ᠶᠢᠨ ᠬᠤᠤᠷ ᠬᠥᠨᠥᠭᠡᠯ ᠢ ᠲᠠᠶᠢᠯᠪᠤᠷᠢᠯᠠᠬᠤ ᠶᠢᠨ ᠬᠠᠮᠲᠤ ᠦᠨᠡᠨ ᠪᠣᠳᠠᠲᠠᠶ ᠬᠡᠷᠡᠭ ᠤᠨ ᠵᠢᠱᠢᠶ᠎ᠡ᠂ ᠬᠤᠤᠷᠲᠤ ᠡᠳ᠋ ᠤᠨ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠲᠠᠢ ᠤᠶᠠᠯᠳᠤᠭᠤᠯᠤᠨ ᠬᠡᠷᠡᠭ ᠢᠶᠠᠷ ᠬᠠᠤᠯᠢ ᠶᠢ ᠲᠠᠶᠢᠯᠪᠤᠷᠢᠯᠠᠵᠤ᠂ ᠣᠯᠠᠨ ᠲᠦᠮᠡᠨ ᠳᠤ ᠡᠯ᠎ᠡ ᠲᠥᠷᠥᠯ ᠤᠨ ᠬᠤᠤᠷᠲᠤ ᠡᠳ᠋ ᠢ ᠠᠩᠬᠠᠷᠤᠨ ᠰᠡᠷᠭᠡᠶᠢᠯᠡᠵᠦ᠂ ︽ᠠᠮᠢ ᠨᠠᠰᠤ ᠪᠠᠨ ᠨᠠᠨᠳᠢᠩᠨᠠᠨ᠂ ᠬᠤᠤᠷᠲᠤ ᠡᠳ᠋ ᠠᠴᠠ ᠵᠠᠶᠢᠳᠠᠭᠤᠯᠬᠤ︾ ᠦᠵᠡᠯ ᠤᠬᠠᠮᠰᠠᠷ ᠢ ᠪᠠᠲᠤ ᠪᠠᠬᠢ ᠪᠣᠶ ᠪᠣᠯᠭᠠᠵᠤ᠂ ᠬᠤᠤᠷᠲᠤ ᠡᠳ᠋ ᠤᠨ ᠬᠥᠨᠥᠭᠡᠯ ᠢ ᠡᠰᠡᠷᠭᠦᠴᠡᠬᠦ ᠴᠢᠳᠠᠪᠤᠷᠢ ᠪᠠᠨ ᠲᠠᠰᠤᠷᠠᠯᠲᠠ ᠥᠬᠡᠶ ᠳᠡᠭᠡᠭᠰᠢᠯᠡᠭᠦᠯᠬᠦ ᠶᠢ ᠰᠠᠨᠠᠭᠤᠯᠪᠠ᠃    ︽ᠪᠢ ᠦᠷᠭᠦᠯᠵᠢ ᠲᠣᠬᠢᠶᠠᠯᠳᠤᠳᠠᠭ ᠵᠠᠷᠢᠮ ᠬᠤᠤᠷᠲᠤ ᠡᠳ᠋ ᠤᠨ ᠲᠥᠷᠥᠯ ᠵᠦᠢᠯ ᠪᠣᠯᠤᠨ ᠦᠨᠳᠦᠰᠦᠨ ᠣᠨᠴᠠᠯᠢᠭ ᠢ ᠣᠶᠢᠯᠠᠭᠠᠵᠤ᠂ ᠬᠤᠶᠢᠰᠢᠳᠠ ᠠᠮᠢᠳᠤᠷᠠᠯ ᠤᠨ ᠳᠤᠮᠳᠠ ᠪᠠᠨ ᠠᠮᠢ ᠨᠠᠰᠤ ᠪᠠᠨ ᠨᠠᠨᠳᠢᠩᠨᠠᠵᠤ᠂ ᠬᠤᠤᠷᠲᠤ ᠡᠳ᠋ ᠢ ᠤᠬᠠᠮᠰᠠᠷ ᠠᠴᠠ ᠪᠠᠨ ᠡᠰᠡᠷᠭᠦᠴᠡᠨ ᠬᠤᠷᠢᠭᠯᠠᠵᠤ᠂ ᠡᠷᠡᠭᠦᠯ ᠰᠠᠷᠠᠭᠤᠯ ᠢᠳᠡᠪᠬᠢᠲᠡᠢ ᠠᠮᠢᠳᠤᠷᠠᠯ ᠤᠨ ᠳᠠᠳᠬᠠᠯ ᠲᠠᠢ ᠪᠣᠯᠬᠤ ᠬᠡᠷᠡᠭᠲᠡᠶ︾ ᠭᠡᠵᠦ ᠬᠡᠩ ᠳ᠋ᠠ ᠭᠡᠷ ᠬᠤᠷᠢᠶᠠᠯᠠᠯ ᠤᠨ ᠠᠷᠠᠳ ᠪᠠᠢ ᠠᠪᠠᠭ᠋ᠠᠢ ᠬᠡᠯᠡᠪᠡ᠃
C:\Users\Administrator\Desktop\新闻照片\2.jpg
    ᠵᠢᠥ ᠶᠤᠸᠠᠨ ᠲᠣᠭᠤᠷᠢᠭ ᠤᠨ ᠾᠧᠩ ᠳ᠋ᠡ ᠭᠡᠷ ᠬᠤᠷᠢᠶᠠᠯᠠᠯ ᠤᠨ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠤᠨ ᠱᠦᠵᠢ ᠰᠢᠤᠢ ᠨᠢᠩ ᠢᠯᠡᠷᠬᠡᠶᠢᠯᠡᠬᠦ ᠳᠡᠭᠡᠨ᠂ ᠲᠣᠰ ᠤᠳᠠᠭᠠᠨ ᠤ ᠠᠵᠢᠯᠯᠠᠭ᠎ᠠ ᠨᠢ ᠬᠠᠷᠢᠶᠠᠲᠤ ᠣᠷᠣᠨ ᠤ ᠵᠠᠯᠠᠭᠤᠴᠤᠳ ᠪᠠᠭᠠᠴᠤᠳ ᠢ ᠬᠠᠪᠰᠤᠷᠤᠨ ᠬᠤᠤᠷᠲᠤ ᠡᠳ᠋ ᠤᠨ ᠬᠦᠨᠳᠦ ᠨᠣᠴᠢᠲᠠᠶ ᠬᠤᠤᠷ ᠬᠥᠨᠥᠭᠡᠯ ᠢ ᠲᠠᠨᠢᠭᠤᠯᠵᠤ᠂ ᠥᠪᠡᠷ ᠢ ᠪᠠᠨ ᠰᠡᠷᠭᠡᠶᠢᠯᠡᠬᠦ ᠴᠢᠳᠠᠪᠤᠷᠢ ᠶᠢ ᠨᠢ ᠨᠡᠮᠡᠭᠳᠡᠭᠦᠯᠦᠭᠰᠡᠨ ᠪᠥᠭᠡᠳ ᠵᠡᠭᠡᠯᠢ ᠭᠤᠳᠤᠮᠵᠢ ᠭᠡᠷ ᠬᠤᠷᠢᠶᠠᠯᠠᠯ ᠤᠨ ᠨᠠᠮ ᠤᠨ ᠭᠡᠰᠢᠭᠦᠨ ᠺᠠᠳ᠋ᠷᠴᠤᠳ ᠤᠨ ᠲᠣᠰ ᠪᠡᠶ᠎ᠡ ᠶᠢᠨ ᠬᠤᠤᠷᠲᠤ ᠡᠳ᠋ ᠢ ᠴᠠᠭᠠᠵᠠᠯᠠᠬᠤ ᠳᠤ ᠣᠷᠣᠯᠴᠠᠬᠤ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠶᠢ ᠴᠢᠩᠭᠠᠷᠠᠭᠤᠯᠵᠤ᠂ ᠥᠷᠭᠡᠨ ᠣᠯᠠᠨ ᠲᠦᠮᠡᠨ ᠤ ᠬᠤᠤᠷᠲᠤ ᠡᠳ᠋ ᠢ ᠲᠠᠨᠢᠬᠤ᠂ ᠬᠤᠤᠷᠲᠤ ᠡᠳ᠋ ᠢ ᠰᠡᠷᠭᠡᠶᠢᠯᠡᠬᠦ᠂ ᠬᠤᠤᠷᠲᠤ ᠡᠳ᠋ ᠤᠨ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠵᠠᠶ᠃
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号