ᠠᠷᠠᠳ ᠨᠡᠶᠢᠲᠡ ᠶᠢᠨ ᠤᠩᠰᠢᠯᠭ᠎ᠠ ᠶᠢᠨ  ᠬᠦᠳᠡᠯᠭᠡᠭᠡᠨ ᠶᠠᠪᠣᠭᠳᠠᠵᠣ ᠪᠠᠶᠢᠨ᠎ᠠ
ᠨᠡᠶᠢᠲᠡᠯᠡᠭᠰᠡᠨ ᠴᠠᠭ᠄
2024/4/29
    ᠪᠥᠬᠦ ᠠᠷᠠᠳ ᠤᠨ ᠨᠣᠮ ᠤᠩᠰᠢᠬᠤ ᠠᠵᠢᠯᠯᠠᠭ᠎ᠠ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠪᠥᠬᠦ ᠠᠷᠠᠳ ᠤᠨ ᠨᠣᠮ ᠤᠩᠰᠢᠬᠤ ᠬᠠᠯᠠᠭᠤᠨ ᠰᠡᠳᠬᠢᠯᠭᠡ ᠶᠢ ᠬᠥᠭᠵᠢᠭᠡᠨ᠂ ᠭᠦᠨ ᠵᠤᠵᠠᠭᠠᠨ ᠪᠢᠴᠢᠭ ᠤᠨ ᠰᠤᠷᠪᠤᠯᠵᠢᠲᠤ ᠠᠭᠤᠷ ᠠᠮᠢᠰᠬᠤᠯ ᠢ ᠪᠣᠶ ᠪᠣᠯᠭᠠᠬᠤ ᠶᠢᠨ ᠲᠥᠯᠥᠭᠡ᠂ ᠣᠶᠢᠷ᠎ᠠ ᠳᠤ᠂ ᠪᠠᠶᠠᠨᠰᠢᠯᠢ ᠵᠡᠭᠡᠯᠢ ᠭᠤᠳᠤᠮᠵᠢ ᠶᠢᠨ ᠺᠠᠶ ᠶᠤᠸᠠᠨ ᠭᠡᠷ ᠬᠤᠷᠢᠶᠠᠯᠠᠯ ︽ᠪᠥᠬᠦ ᠠᠷᠠᠳ ᠢᠶᠠᠷ ᠢᠶᠠᠨ ᠨᠣᠮ ᠤᠩᠰᠢᠬᠤ - ᠰᠣᠩᠭᠤᠳᠠᠭ ᠭᠤᠶᠣ ᠵᠣᠬᠢᠶᠠᠯ ᠤᠩᠰᠢᠵᠤ ᠵᠣᠯ ᠵᠢᠷᠭᠠᠯᠲᠤ ᠬᠡᠷ ᠣᠷᠣᠨ ᠢ ᠪᠥᠲᠥᠭᠡᠨ ᠪᠠᠶᠢᠭᠤᠯᠬᠤ︾ ᠭᠤᠤᠯ ᠰᠡᠳᠦᠪᠲᠦ ᠨᠣᠮ ᠤᠩᠰᠢᠬᠤ ᠠᠵᠢᠯᠯᠠᠭ᠎ᠠ ᠥᠷᠨᠢᠭᠦᠯᠪᠡ᠃
C:\Users\Administrator\Desktop\新闻照片\图片1.jpg
     ᠬᠦᠳᠡᠯᠭᠡᠭᠡᠨ ᠤ ᠶᠠᠪᠣᠴᠠ ᠳᠤ᠂ ᠰᠠᠭᠤᠭᠠᠯᠢ ᠠᠷᠠᠳ ᠥᠪᠡᠷ ᠤᠨ ᠳᠤᠷᠠᠲᠠᠢ ᠨᠣᠮ ᠪᠢᠴᠢᠭ ᠪᠠ ᠤᠩᠰᠢᠭᠰᠠᠨ ᠲᠥᠷᠥᠭᠳᠡᠯ ᠢᠶᠠᠨ ᠬᠤᠪᠢᠶᠠᠯᠴᠠᠵᠤ᠂ ᠲᠡᠳᠡᠨ ᠤ ᠪᠤᠶᠤ ᠨᠣᠮ ᠪᠢᠴᠢᠭ   ᠳᠠᠬᠢ ᠭᠤᠶᠢᠳᠠ ᠰᠠᠶᠢᠬᠠᠨ ᠥᠯᠢᠭᠡᠷ  ᠢᠶᠠᠨ ᠶᠠᠷᠢᠬᠤ᠂  ᠨᠣᠮ ᠪᠢᠴᠢᠭ  ᠳᠠᠬᠢ ᠭᠦᠨᠵᠡᠭᠡᠶ ᠶᠣᠰᠣ ᠶᠢ ᠲᠣᠳᠣᠷᠬᠠᠶᠢᠯᠠᠨ  ᠦᠭᠦᠯᠡᠵᠦ᠂ ᠡᠰᠡᠬᠦᠯ᠎ᠡ ᠥᠪᠡᠷ ᠤᠨ ᠤᠩᠰᠢᠯᠭ᠎ᠠ ᠶᠢᠨ ᠠᠷᠭ᠎ᠠ ᠪᠠ ᠲᠤᠷᠰᠢᠯᠭ᠎ᠠ ᠪᠠᠨ ᠬᠤᠪᠢᠶᠠᠯᠴᠠᠪᠠ᠃ ᠡᠲᠡᠭᠡᠷ ᠬᠤᠪᠢᠶᠠᠯᠴᠠᠭ᠎ᠠ ᠨᠢ ᠣᠷᠣᠯᠴᠠᠭᠴᠢᠳ ᠲᠤ ᠤᠩᠰᠢᠯᠭ᠎ᠠ ᠶᠢᠨ ᠷᠢᠳᠢ ᠰᠢᠳᠢ ᠶᠢ ᠮᠡᠳᠡᠷᠡᠭᠦᠯᠵᠦ᠂ ᠲᠡᠳᠡᠨ ᠤ ᠨᠣᠮ ᠤᠨ ᠳᠣᠲᠣᠷᠠᠬᠢ ᠰᠣᠶᠣᠯ ᠤᠨ ᠠᠭᠤᠯᠤᠭᠳᠠᠬᠤᠨ ᠢ ᠨᠠᠩ ᠭᠦᠨᠵᠡᠭᠡᠶ ᠣᠶᠢᠯᠠᠭᠠᠭᠤᠯᠪᠠ᠃
C:\Users\Administrator\Desktop\新闻照片\图片2.jpg
    ᠲᠣᠰ ᠤᠳᠠᠭᠠᠨ ᠤ  ᠬᠦᠳᠡᠯᠭᠡᠭᠡᠨ ᠨᠢ ᠰᠠᠭᠤᠭᠠᠯᠢ ᠠᠷᠠᠳ ᠤᠨ ᠣᠶᠤᠨ ᠰᠠᠨᠠᠭ᠎ᠠ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠤᠭᠰᠠᠨ ᠢᠶᠠᠷ ᠪᠠᠷᠠᠬᠤ ᠥᠬᠡᠶ ᠪᠠᠰᠠ ᠲᠡᠳᠡᠨ ᠤ ᠰᠣᠶᠣᠯ ᠤᠨ ᠬᠡᠪ ᠪᠣᠯᠪᠠᠰᠤᠷᠠᠯ ᠪᠠ ᠭᠤᠸ᠎ᠠ ᠰᠠᠶᠢᠬᠠᠨ ᠤ ᠴᠢᠳᠠᠪᠤᠷᠢ ᠶᠢ ᠳᠡᠭᠡᠭᠰᠢᠯᠡᠭᠦᠯᠵᠦ᠂ ᠣᠷᠣᠯᠴᠠᠭᠰᠠᠨ ᠰᠠᠭᠤᠭᠠᠯᠢ ᠠᠷᠠᠳ ᠮᠠᠰᠢ ᠶᠡᠭᠡ ᠠᠰᠢᠭ ᠭᠥᠷᠳᠡᠵᠦ᠂  ᠭᠡᠷ ᠬᠤᠷᠢᠶᠠᠯᠠᠯ ᠠᠴᠠ ᠬᠤᠶᠢᠰᠢᠳᠠ ᠢᠯᠡᠭᠦᠬᠡᠨ ᠡᠶᠢᠮᠦ ᠨᠣᠮ ᠤᠩᠰᠢᠬᠤ ᠠᠵᠢᠯᠯᠠᠭ᠎ᠠ ᠥᠷᠨᠢᠭᠦᠯᠵᠦ᠂ ᠨᠡᠶᠢᠭᠡᠮ ᠨᠡᠶᠢᠲᠡ ᠶᠢᠨ  ᠢᠯᠡᠭᠦᠬᠡᠨ ᠨᠣᠮ ᠤᠩᠰᠢᠬᠤ᠂ ᠰᠢᠷᠭᠠᠭᠤ ᠰᠤᠷᠤᠯᠴᠠᠬᠤ ᠶᠢ ᠵᠣᠷᠢᠭᠵᠢᠭᠤᠯᠤᠨ ᠵᠢᠯᠣᠭᠤᠳᠪᠠ᠃ ᠳᠠᠷᠠᠭᠠᠴᠢ ᠶᠢᠨ ᠠᠯᠬᠤᠮ ᠳᠤ᠂ ᠺᠠᠢ ᠶᠤᠸᠠᠨ  ᠭᠡᠷ ᠬᠤᠷᠢᠶᠠᠯᠠᠯ ᠡᠯᠪᠡᠭ ᠪᠠᠶᠠᠯᠢᠭ ᠠᠭᠤᠯᠭ᠎ᠠ ᠲᠠᠢ ᠤᠩᠰᠢᠯᠭ᠎ᠠ ᠶᠢᠨ ᠠᠵᠢᠯᠯᠠᠭ᠎ᠠ ᠶᠢ ᠦᠷᠭᠦᠯᠵᠢᠯᠡᠨ ᠵᠣᠬᠢᠶᠠᠨ ᠪᠠᠶᠢᠭᠤᠯᠤᠨ ᠥᠷᠨᠢᠭᠦᠯᠵᠦ᠂ ᠨᠡᠩ ᠤᠯᠠᠨ ᠰᠠᠭᠤᠭᠠᠯᠢ ᠠᠷᠠᠳ ᠢ ᠲᠠᠲᠠᠵᠤ ᠤᠩᠰᠢᠯᠭ᠎ᠠ ᠲᠠᠢ ᠣᠶᠢᠷᠠᠲᠤᠭᠤᠯᠵᠤ᠂ ᠪᠦᠬᠦ ᠠᠷᠠᠳ ᠤᠨ ᠤᠩᠰᠢᠯᠭ᠎ᠠ ᠶᠢᠨ ᠭᠦᠨᠵᠡᠭᠡᠢ ᠥᠷᠨᠢᠯᠲᠡ ᠶᠢ ᠠᠬᠢᠭᠤᠯᠵᠤ᠂ ᠨᠡᠶᠢᠭᠡᠮ ᠲᠣᠭᠤᠷᠢᠭ ᠤᠨ ᠪᠦᠬᠦ ᠠᠷᠠᠳ ᠤᠨ ᠤᠩᠰᠢᠯᠭ᠎ᠠ ᠶᠢᠨ ᠰᠣᠶᠣᠯ ᠤᠨ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠨ᠎ᠠ᠃
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号