ᠨᠢᠳᠦᠨ ᠤ ᠡᠮᠨᠡᠯᠭᠡ ᠶᠢᠨ ᠵᠢᠷᠤᠮ ᠤᠨ ᠡᠮᠴᠢᠯᠡᠭᠡ ᠭᠡᠷ ᠬᠤᠷᠢᠶᠠᠯᠠᠯ ᠳᠤ ᠣᠷᠣᠵᠤ᠂ ᠡᠷᠡᠭᠦᠯ ᠮᠡᠨᠳᠦ ᠶᠢᠨ ᠦᠢᠯᠡᠴᠢᠯᠡᠭᠡ ᠬᠦᠮᠦᠨ ᠤ ᠰᠡᠳᠬᠢᠯ ᠢ ᠳᠤᠯᠠᠭᠠᠯᠠᠨ᠎ᠠ
ᠨᠡᠶᠢᠲᠡᠯᠡᠭᠰᠡᠨ ᠴᠠᠭ᠄
2024/4/3
    ᠨᠢᠳᠦ ᠪᠠᠨ ᠬᠠᠶᠢᠷᠠᠯᠠᠵᠤ ᠨᠢᠳᠦ ᠪᠠᠨ ᠬᠠᠮᠠᠭᠠᠯᠠᠬᠤ ᠮᠡᠳᠡᠯᠭᠡ ᠶᠢ ᠤᠯᠠᠮ ᠨᠢᠭᠡ ᠠᠯᠬᠤᠮ ᠲᠦᠭᠡᠮᠡᠯᠵᠢᠭᠦᠯᠵᠦ᠂ ᠬᠠᠷᠢᠶ᠎ᠠ ᠣᠷᠣᠨ ᠤ ᠰᠠᠭᠤᠭᠠᠯᠢ ᠠᠷᠠᠳ ᠤᠨ ᠨᠢᠳᠦ ᠪᠠᠨ ᠬᠠᠮᠠᠭᠠᠯᠠᠬᠤ᠂ ᠨᠢᠳᠦ ᠪᠠᠨ ᠬᠠᠶᠢᠷᠠᠯᠠᠬᠤ ᠤᠬᠠᠮᠰᠠᠷ ᠢ ᠳᠡᠭᠡᠭᠰᠢᠯᠡᠭᠦᠯᠵᠦ᠂ ᠮᠢᠨᠦ ᠤᠯᠠᠨ ᠲᠦᠮᠡᠨ ᠳᠤ ᠪᠣᠳᠠᠲᠠᠢ ᠶᠠᠪᠤᠳᠠᠯ ᠬᠢᠵᠦ ᠥᠭᠬᠦ ᠵᠣᠷᠢᠯᠲᠠ ᠶᠢ ᠦᠢᠯᠡᠳᠦᠯᠭᠡᠵᠢᠭᠦᠯᠬᠦ ᠶᠢᠨ ᠲᠥᠯᠥᠭᠡ᠂ ᠤᠢᠢᠷ᠎ᠠ ᠳᠤ᠂ ᠰᠢᠩ ᠶᠤᠸᠠᠨ ᠭᠡᠷ ᠬᠤᠷᠢᠶᠠᠯᠠᠯ ᠤᠨ ᠨᠠᠮ ᠤᠨ ᠡᠭᠦᠷ ᠴᠤᠤ ᠵᠢᠤᠢ ᠨᠢᠳᠦᠨ ᠤ ᠡᠮᠨᠡᠯᠭᠡ ᠶᠢᠨ ᠬᠤᠷᠢᠶ᠎ᠠ ᠲᠠᠢ ᠬᠠᠮᠲᠤᠷᠠᠨ ᠨᠢᠳᠦᠨ ᠤ ᠡᠮᠨᠡᠯᠭᠡ ᠶᠢᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠥᠷᠨᠢᠭᠦᠯᠵᠦ᠂ ᠬᠠᠷᠢᠶ᠎ᠠ ᠣᠷᠣᠨ ᠤ ᠰᠠᠭᠤᠭᠠᠯᠢ ᠠᠷᠠᠳ ᠲᠤ ᠰᠦᠢᠳᠬᠡᠯ ᠬᠤᠷᠢᠶᠠᠬᠤ ᠦᠭᠡᠢ ᠪᠠᠷ ᠨᠢᠳᠦᠨ ᠤ ᠡᠮᠨᠡᠯᠭᠡ ᠶᠢᠨ ᠪᠠᠶᠢᠴᠠᠭᠠᠯᠲᠠ ᠬᠢᠵᠡᠢ᠃
C:\Users\Administrator\Desktop\新闻照片\100.jpg
    ᠠᠵᠢᠯᠯᠠᠭ᠎ᠠ ᠶᠢᠨ ᠲᠤᠬᠠᠶ ᠶᠢᠨ ᠲᠠᠯᠠᠪᠠᠶ᠂ ᠡᠮᠴᠢ ᠰᠤᠪᠢᠯᠠᠭᠴᠢᠳ ᠲᠤᠰᠬᠠᠶ ᠮᠡᠷᠭᠡᠵᠢᠯ ᠤᠨ ᠪᠠᠭᠠᠵᠢ ᠲᠥᠬᠦᠭᠡᠷᠦᠮᠵᠢ ᠪᠠᠷ ᠣᠯᠠᠨ ᠳᠤ ᠬᠠᠷᠠᠭᠠᠨ ᠤ ᠪᠠᠶᠢᠴᠠᠭᠠᠯᠲᠠ᠂ ᠨᠢᠳᠦᠨ ᠤ ᠳᠠᠷᠤᠯᠲᠠ ᠶᠢᠨ ᠬᠡᠮᠵᠢᠯᠲᠡ᠂ ᠴᠠᠭᠠᠨ ᠬᠠᠷᠠᠩ᠂ ᠨᠢᠳᠦᠨ ᠤ ᠢᠷᠣᠭᠠᠷ ᠤᠨ ᠡᠪᠡᠳᠴᠢᠨ᠂ ᠬᠠᠷᠠᠭᠠᠨ ᠤ ᠲᠠᠰᠢᠭᠤ ᠪᠠᠶᠢᠴᠠᠭᠠᠯᠲᠠ᠂ ᠨᠢᠯᠪᠤᠰᠤᠨ ᠤ ᠵᠠᠮ ᠤᠨ ᠡᠪᠡᠳᠴᠢᠨ ᠤ ᠪᠠᠶᠢᠴᠠᠭᠠᠯᠲᠠ ᠵᠢᠴᠢ ᠦᠷᠭᠦᠯᠵᠢ ᠲᠣᠬᠢᠶᠠᠯᠳᠤᠬᠤ ᠨᠢᠳᠦᠨ ᠤ ᠡᠪᠡᠳᠴᠢᠨ ᠤ ᠪᠠᠶᠢᠴᠠᠭᠠᠯᠲᠠ ᠬᠢᠵᠦ ᠥᠭᠪᠡ᠃ ᠡᠭᠦᠨ ᠤ ᠬᠠᠮᠲᠤ ᠣᠯᠠᠨ ᠤ ᠨᠢᠳᠦᠨ ᠤ ᠪᠠᠶᠢᠳᠠᠯ ᠵᠢᠴᠢ ᠡᠳᠦᠷ ᠲᠤᠲᠤᠮ ᠤᠨ ᠠᠮᠢᠳᠤᠷᠠᠯ ᠤᠨ ᠳᠠᠳᠬᠠᠯ ᠢ ᠨᠠᠷᠢᠨ ᠠᠰᠠᠭᠤᠵᠤ᠂ ᠠᠮᠢᠳᠤᠷᠠᠯ ᠤᠨ ᠳᠤᠮᠳᠠ ᠨᠢᠳᠦᠨ ᠤ ᠡᠷᠡᠭᠦᠯ ᠮᠡᠨᠳᠦ ᠶᠢ ᠬᠡᠷᠬᠢᠨ ᠠᠩᠬᠠᠷᠬᠤ ᠲᠤᠬᠠᠶ ᠨᠠᠷᠢᠨ ᠲᠠᠶᠢᠯᠪᠤᠷᠢᠯᠠᠵᠤ᠂ ᠬᠠᠷᠢᠶᠠᠲᠤ ᠣᠷᠣᠨ ᠤ ᠰᠠᠭᠤᠭᠠᠯᠢ ᠠᠷᠠᠳ ᠲᠤ ᠨᠢᠳᠦᠨ ᠤ ᠡᠪᠡᠳᠴᠢᠨ ᠤ ᠰᠡᠷᠭᠡᠶᠢᠯᠡᠯᠲᠡ ᠶᠢ ᠣᠶᠢᠯᠠᠭᠠᠭᠤᠯᠵᠤ᠂ ᠨᠢᠳᠦ ᠪᠠᠨ ᠬᠠᠶᠢᠷᠠᠯᠠᠬᠤ᠂ ᠨᠢᠳᠦ ᠪᠠᠨ ᠬᠡᠷᠡᠭᠯᠡᠬᠦ ᠲᠠᠯ᠎ᠠ ᠶᠢᠨ ᠡᠷᠡᠭᠦᠯ ᠮᠡᠨᠳᠦ ᠶᠢᠨ ᠤᠬᠠᠮᠰᠠᠷ ᠢ ᠨᠢ ᠳᠡᠭᠡᠭᠰᠢᠯᠡᠭᠦᠯᠬᠦ ᠶᠢᠨ ᠬᠠᠮᠲᠤ᠂ ᠰᠠᠭᠤᠭᠠᠯᠢ ᠠᠷᠠᠳ ᠨᠢᠭᠡᠪᠦᠷᠢ ᠶᠢᠨ ᠨᠢᠳᠦᠨ ᠤ ᠪᠠᠶᠢᠳᠠᠯ ᠢ ᠦᠨᠳᠦᠰᠦᠯᠡᠨ᠂ ᠲᠤᠰᠬᠠᠶ ᠮᠡᠷᠭᠡᠵᠢᠯ ᠤᠨ ᠡᠪᠡᠳᠴᠢᠨ ᠦᠵᠡᠭᠦᠯᠬᠦ ᠰᠠᠨᠠᠯ ᠢ ᠭᠠᠷᠭᠠᠯᠭᠠᠨ᠎ᠠ᠃
C:\Users\Administrator\Desktop\新闻照片\101.jpg
    ᠲᠣᠰ ᠤᠳᠠᠭᠠᠨ ᠤ ᠵᠢᠷᠤᠮ ᠤᠨ ᠡᠮᠴᠢᠯᠡᠭᠡᠨ ᠤ ᠠᠵᠢᠯᠯᠠᠭ᠎ᠠ ᠨᠢ ᠬᠠᠷᠢᠶᠠᠲᠤ ᠣᠷᠣᠨ ᠤ ᠰᠠᠭᠤᠭᠠᠯᠢ ᠠᠷᠠᠳ ᠤᠨ ᠨᠡᠶᠢᠳᠡᠮ ᠤᠨ ᠮᠠᠭᠲᠠᠭᠠᠯ ᠰᠠᠶᠢᠰᠢᠶᠠᠯ ᠢ ᠣᠯᠵᠠᠶ᠂ ︽ᠬᠡᠷ ᠤᠨ ᠡᠭᠦᠳᠡᠨ ᠳᠡᠭᠡᠨ ᠲᠤᠰᠬᠠᠶ ᠮᠡᠷᠭᠡᠵᠢᠯᠲᠡᠳ ᠤᠨ ᠡᠷᠡᠭᠦᠯ ᠮᠡᠨᠳᠦ ᠶᠢᠨ ᠦᠢᠯᠡᠴᠢᠯᠡᠭᠡ ᠶᠢ ᠬᠦᠷᠲᠡᠵᠦ ᠪᠠᠶᠢᠨ᠎ᠠ᠂ ᠡᠨᠡ ᠪᠣᠯ ᠭᠡᠷ ᠬᠤᠷᠢᠶᠠᠯᠠᠯ ᠠᠴᠠ ᠰᠠᠭᠤᠭᠠᠯᠢ ᠠᠷᠠᠳ ᠲᠤ ᠬᠠᠩᠭᠠᠭᠰᠠᠨ ᠬᠠᠯᠠᠭᠤᠨ ᠰᠡᠳᠬᠢᠯ ᠤᠨ ᠦᠢᠯᠡᠴᠢᠯᠡᠭᠡ ᠮᠥᠨ᠂ ᠨᠠᠩ ᠴᠤ ᠮᠠᠨ ᠤ ᠨᠠᠮ ᠪᠠ ᠵᠠᠰᠠᠭ ᠤᠨ ᠣᠷᠳᠣᠨ ᠠᠴᠠ ᠠᠷᠠᠳ ᠣᠯᠠᠨ ᠳᠤ ᠣᠯᠭᠤᠭᠰᠠᠨ ᠡᠷᠡᠭᠦᠯ ᠮᠡᠨᠳᠦ ᠶᠢᠨ ᠬᠠᠶᠢᠷ᠎ᠠ ᠬᠠᠯᠠᠮᠵᠢ ᠮᠥᠨ︕︾ ᠭᠡᠵᠦ ᠭᠡᠷ ᠬᠤᠷᠢᠶᠠᠯᠠᠯ ᠤᠨ ᠰᠠᠭᠤᠭᠠᠯᠢ ᠠᠷᠠᠳ ᠸᠠᠩ ᠯᠢ ᠯᠢ ᠬᠡᠯᠡᠪᠡ᠃   
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号