ᠬᠠᠪᠤᠷ ᠤᠨ ᠤᠯᠠᠷᠢᠯ ᠤᠨ ᠪᠡᠯᠴᠢᠭᠡᠷ ᠥᠨᠵᠢᠭᠦᠯᠬᠦ ᠨᠢ ᠮᠠᠯ ᠤᠨ ᠪᠡᠯᠴᠢᠭᠡᠷ ᠡᠪᠡᠰᠦ ᠶᠢ ᠬᠡᠮᠡᠯᠢᠬᠦ᠂ ᠭᠢᠰᠭᠢᠯᠡᠬᠦ ᠶᠢ | ᠪᠦᠲᠦᠮᠵᠢᠲᠡᠶ ᠪᠠᠭᠠᠰᠬᠠᠵᠤ᠂ ᠪᠡᠯᠴᠢᠭᠡᠷ ᠡᠪᠡᠰᠦ ᠭᠦᠢᠴᠡᠳ ᠨᠣᠭᠤᠭᠠᠷᠠᠬᠤ ᠪᠠ ᠦᠷᠭᠦᠯᠵᠢᠯᠡᠨ ᠤᠷᠭᠤᠬᠤ ᠳᠤ | ᠠᠰᠢᠭᠲᠠᠶ ᠪᠠᠶᠢᠵᠤ᠂ ᠪᠡᠯᠴᠢᠭᠡᠷ ᠡᠪᠡᠰᠦ ᠶᠢᠨ ᠤᠨᠠᠯᠲᠠ ᠶᠢ ᠳᠡᠭᠡᠭᠰᠢᠯᠡᠭᠦᠯᠦᠨ᠂ ᠨᠤᠲᠤᠭ ᠪᠡᠯᠴᠢᠭᠡᠷ ᠢ ᠬᠠᠮᠠᠭᠠᠯᠠᠬᠤ | ᠦᠢᠯᠡᠳᠦᠯ ᠦᠵᠡᠭᠦᠯᠳᠡᠭ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ ᠨᠤᠲᠤᠭ | ᠪᠡᠯᠴᠢᠭᠡᠷ ᠤᠨ ᠲᠣᠪᠴᠢᠶ᠎ᠠ ᠶᠢᠨ ᠮᠡᠳᠡᠭᠡ ᠶᠢ ᠦᠨᠳᠦᠰᠦᠯᠡᠪᠡᠯ᠂ ᠨᠤᠲᠤᠭ ᠪᠡᠯᠴᠢᠭᠡᠷ ᠤᠨ ᠠᠮᠢ ᠠᠬᠤᠶ ᠶᠢ | ᠬᠠᠮᠠᠭᠠᠯᠠᠬᠤ ᠶᠢᠨ ᠲᠥᠯᠥᠭᠡ᠂ 4 ᠰᠠᠷ᠎ᠠ ᠶᠢᠨ 1 ᠤ ᠡᠳᠦᠷ ᠠᠴᠠ ᠡᠬᠢᠯᠡᠨ ᠰᠢᠯᠢ ᠶᠢᠨ ᠭᠤᠤᠯ ᠠᠶᠢᠮᠠᠭ ᠤᠨ 2.2 | ᠳ᠋ᠦᠩᠰᠢᠭᠤᠷ ᠮᠥ ᠨᠤᠲᠤᠭ ᠪᠡᠯᠴᠢᠭᠡᠷ ᠲᠤᠪᠡᠯᠴᠢᠬᠡᠷᠯᠡᠬᠦᠯᠬᠦ ᠶᠢ ᠵᠤᠬᠰᠤᠭᠠᠵᠦ ᠪᠡᠯᠴᠢᠬᠡᠷ ᠢ ᠰᠡᠷᠬᠦᠭᠡᠬᠦ ᠪᠠᠷ ᠪᠤᠯᠵᠠᠢ᠃ | ᠮᠠᠨ ᠤ ᠤᠷᠤᠨ ᠡᠯ᠎ᠡ ᠭᠠᠵᠠᠷ ᠤᠨ ᠡᠪᠡᠰᠦ ᠪᠡᠯᠴᠢᠭᠡᠷ ᠤᠨ ᠲᠥᠷᠥᠯ ᠬᠡᠯᠪᠡᠷᠢ᠂ ᠬᠤᠷ᠎ᠠ ᠲᠣᠨᠳᠠᠰᠤ ᠶᠢᠨ ᠬᠡᠮᠵᠢᠶ᠎ᠡ᠂ | ᠠᠭᠠᠷ ᠤᠨ ᠳᠤᠯᠠᠭᠠᠨ ᠵᠢᠴᠢ ᠨᠤᠲᠤᠭ ᠪᠡᠯᠴᠢᠭᠡᠷ ᠤᠨ ᠤᠷᠭᠤᠯᠲᠠ ᠶᠢᠨ ᠣᠨᠴᠠᠯᠢᠭ ᠢ ᠦᠨᠳᠦᠰᠦᠯᠡᠨ ᠰᠡᠯᠭᠦᠨ | ᠮᠠᠯᠵᠢᠬᠤ ᠴᠠᠭ ᠤᠨ ᠬᠢᠵᠠᠭᠠᠷ ᠢ ᠲᠣᠭᠲᠠᠭᠠᠵᠠᠢ᠂ ᠣᠳᠣᠬᠠᠨ ᠳ᠋ᠤ᠋ ᠤᠯᠠᠭᠠᠨᠬᠠᠳᠠ᠂ ᠣᠷᠳᠣᠰ ᠤᠨ ᠬᠡᠰᠡᠭ ᠬᠤᠰᠢᠭᠤ | ᠰᠢᠶᠠᠨ ᠨᠢᠭᠡᠨᠲᠡ ᠬᠠᠪᠤᠷ ᠤᠨ ᠤᠯᠠᠷᠢᠯ ᠤᠨ ᠰᠡᠯᠭᠦᠨ ᠮᠠᠯᠵᠢᠬᠤ ᠬᠤᠭᠤᠴᠠᠭᠠᠨ ᠳᠤ ᠣᠷᠣᠵᠤ᠂ ᠰᠡᠯᠭᠦᠨ ᠮᠠᠯᠵᠢᠬᠤ | ᠬᠤᠭᠤᠴᠠᠭ᠎ᠠ ᠶᠢ 45 ᠡᠳᠦᠷ ᠠᠴᠠ ᠳᠤᠤᠷ᠎ᠠ ᠪᠠᠶᠢᠯᠭᠠᠬᠤ ᠥᠬᠡᠶ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠵᠤᠬᠰᠤᠭᠠᠵᠦ ᠰᠡᠯᠭᠦᠨ | ᠮᠠᠯᠵᠢᠬᠤ ᠲᠦᠷᠢᠮ︾ ᠶᠣᠰᠣᠭᠠᠷ᠂ ᠡᠨᠡ ᠵᠢᠯ ᠪᠥᠬᠦ ᠣᠷᠣᠨ ᠤ ᠨᠤᠲᠤᠭ ᠪᠡᠯᠴᠢᠭᠡᠷ ᠲᠤ ᠬᠠᠪᠤᠷ ᠤᠨ ᠤᠯᠠᠷᠢᠯ ᠤᠨ | ᠰᠡᠯᠭᠦᠨ ᠮᠠᠯᠵᠢᠬᠤ ᠶᠢ ᠬᠡᠷᠡᠭᠵᠢᠭᠦᠯᠵᠦ᠂ ᠰᠡᠯᠭᠦᠨ ᠮᠠᠯᠵᠢᠬᠤ ᠶᠡᠷᠦᠩᠬᠡᠶ ᠲᠠᠯᠠᠪᠠᠶ ᠶᠢ 9.7 ᠳ᠋ᠦᠩᠰᠢᠭᠤᠷ ᠮᠥ | ᠳ᠋ᠤᠬᠥ᠋ᠷᠬᠡᠨᠠ᠃ ᠥᠪᠥᠷ ᠮᠣᠩᠭᠤᠯ ᠪᠡᠯᠴᠢᠭᠡᠷᠯᠡᠭᠦᠯᠭᠦ ᠪᠠᠨ ᠵᠣᠭᠰᠣᠭᠰᠠᠨ ᠮᠠᠯᠵᠢᠬᠤ ᠡᠷᠦᠬᠡ ᠳᠤ ᠨᠥᠬᠦᠪᠥᠷᠢ | ᠣᠯᠭᠤᠬᠤ ᠪᠠᠷ ᠲᠠᠮᠵᠢᠭᠤᠯᠤᠨ᠂ ᠨᠤᠲᠤᠭ ᠪᠡᠯᠴᠢᠭᠡᠷ ᠢ ᠰᠡᠷᠭᠦᠭᠡᠬᠦ ᠶᠢ ᠳᠡᠮᠵᠢᠵᠦ ᠪᠠᠶᠢᠨ᠎ᠠ᠃ ᠡᠭᠦᠨ ᠤ ᠬᠠᠮᠲᠤ᠂ | ᠵᠠᠰᠠᠭ ᠤᠨ ᠣᠷᠳᠣᠨ ᠨᠥᠭᠡᠴᠡᠯᠡᠬᠦ᠂ ᠮᠠᠯᠴᠢᠳ ᠥᠪᠡᠷᠰᠡᠳ ᠢᠶᠠᠨ ᠪᠡᠯᠡᠳᠭᠡᠬᠦ᠂ ᠵᠣᠬᠢᠴᠠᠭᠤᠯᠤᠨ ᠲᠣᠬᠢᠷᠠᠭᠤᠯᠵᠤ | ᠲᠡᠭᠡᠭᠡᠪᠦᠷᠢᠯᠡᠬᠦ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ ᠡᠪᠡᠰᠦ ᠪᠣᠷᠳᠤᠭ᠎ᠠ ᠨᠥᠭᠡᠴᠡᠯᠡᠵᠦ᠂ ᠲᠡᠵᠢᠭᠡᠯ ᠡᠪᠡᠰᠦ | ᠪᠣᠷᠳᠣᠭᠠᠨ ᠤ ᠰᠠᠭᠤᠷᠢᠨ ᠭᠠᠵᠠᠷ᠂ ᠬᠠᠰᠢᠶᠠᠯᠠᠨ ᠲᠡᠵᠢᠭᠡᠬᠦ ᠫᠧᠩ ᠰᠠᠷᠠᠪᠴᠢ ᠵᠡᠷᠭᠡ ᠰᠠᠭᠤᠷᠢ ᠳᠦᠭᠦᠭᠡᠷᠦᠮᠵᠢ ᠶᠢᠨ | ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠵᠠᠰᠠᠬᠤ | ᠮᠡᠷᠭᠡᠵᠢᠯ ᠤᠨ ᠦᠢᠯᠡᠴᠢᠯᠡᠭᠡᠨ ᠢ ᠴᠢᠩᠭᠠᠷᠠᠭᠤᠯᠤᠨ᠂ ᠮᠠᠯᠴᠢᠳ ᠤᠨ ᠥᠪᠡᠷ ᠤᠨ ᠮᠠᠯ ᠲᠡᠵᠢᠭᠡᠪᠦᠷᠢ ᠪᠠᠨ ᠬᠠᠰᠢᠶᠠᠯᠠᠨ | ᠲᠡᠵᠢᠭᠡᠬᠦ ᠶᠢ ᠳᠡᠮᠵᠢᠵᠦ ᠪᠠᠶᠢᠨ᠎ᠠ᠃ | |