ᠪᠣᠭᠤᠲᠣ ᠬᠤᠲᠠ ᠶᠢᠨ ᠵᠢᠦ ᠶᠤᠸᠠᠨ ᠲᠣᠭᠤᠷᠢᠭ ᠤᠨᠠᠷᠠᠳ ᠤᠨᠵᠠᠰᠠᠭ ᠤᠨ ᠣᠷᠳᠣᠨ ᠠᠯᠪᠠᠨ ᠭᠡᠷ | ᠲᠠᠷᠬᠠᠭᠠᠭᠰᠠᠨ ︹2024︺ 22 ᠳ᠋ᠤᠭᠠᠷ ᠲᠣᠭᠠᠲᠤ | | | | ︽ᠪᠤᠭᠤᠲᠤ ᠬᠤᠲᠠ ᠶᠢᠨ ᠵᠢᠥ ᠶᠤᠸᠠᠨ ᠲᠣᠭᠤᠷᠢᠭ ᠤᠨ ᠬᠢᠲᠠᠳ ᠡᠮᠨᠡᠯᠭᠡ ᠶᠢᠨ ᠬᠠᠮᠲᠤ ᠶᠢᠨ | ᠴᠣᠭᠴᠠ ᠶᠢᠨ ᠪᠥᠲᠥᠭᠡᠨ ᠪᠠᠶᠢᠭᠤᠯᠤᠯᠲᠠ ᠶᠢ ᠳᠠᠷᠤᠮᠠᠯᠯᠠᠨ ᠶᠠᠪᠤᠭᠤᠯᠬᠤ ᠲᠤᠬᠠᠶ︾ ᠬᠡᠷᠡᠭᠵᠢᠭᠦᠯᠬᠦ | ᠲᠥᠰᠥᠯ ︵ᠲᠤᠷᠰᠢᠨ ᠬᠡᠷᠡᠭᠵᠢᠭᠦᠯᠬᠦ︶︾ ᠤᠨ ᠮᠡᠳᠡᠭᠳᠡᠯ | | ᠲᠤᠭᠤᠷᠢᠭ ᠤᠨ ᠬᠠᠷᠢᠶ᠎ᠠ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ᠂ ᠨᠢᠭᠡᠴᠢ᠂ ᠬᠠᠷᠢᠶ᠎ᠠ ᠣᠷᠣᠨ ᠤ ᠡᠯ᠎ᠡ | ᠠᠷᠠᠳ ᠠᠴᠠ ᠡᠵᠡᠩᠨᠡᠭᠰᠡᠨ ᠡᠮᠨᠡᠯᠭᠡ ᠶᠢᠨ ᠬᠤᠷᠢᠶ᠎ᠠ᠂ ᠡᠯ᠎ᠡ ᠦᠨᠳᠦᠰᠦᠨ ᠱᠠᠲᠤᠨ ᠤ ᠡᠮᠴᠢᠯᠡᠭᠡᠨ ᠤ | ᠪᠠᠶᠢᠭᠤᠯᠤᠮᠵᠢ ᠳᠤ᠄ | ᠮᠠᠨ ᠤ ᠣᠷᠣᠨ ᠤ ᠰᠢᠯᠢᠳᠡᠭ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠡᠮᠴᠢᠯᠡᠭᠡᠨ ᠤ ᠡᠬᠢ | ᠪᠠᠶᠠᠯᠢᠭ ᠢ ᠳᠣᠷᠣᠭᠰᠢ ᠲᠦᠭᠡᠮᠡᠯᠵᠢᠭᠦᠯᠬᠦ ᠶᠢ ᠤᠯᠠᠮ ᠨᠢᠭᠡ ᠠᠯᠬᠤᠮ ᠠᠬᠢᠭᠤᠯᠵᠤ᠂ ᠮᠠᠨ ᠤ ᠣᠷᠣᠨ ᠤ ᠬᠢᠲᠠᠳ ᠡᠮ | ᠡᠮᠨᠡᠯᠭᠡ ︵ᠮᠣᠩᠭᠤᠯ ᠡᠮ ᠡᠮᠨᠡᠯᠭᠡ︶ ᠶᠢᠨ ᠡᠮᠴᠢᠯᠡᠭᠡᠨ ᠤ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ ᠶᠢᠨ | ᠲᠤᠰᠠᠳᠠ᠂ ᠡᠳᠦᠭᠡ ︽ᠪᠤᠭᠤᠲᠤ ᠬᠤᠲᠠ ᠶᠢᠨ ᠵᠢᠥ ᠶᠤᠸᠠᠨ ᠲᠣᠭᠤᠷᠢᠭ ᠤᠨ ᠬᠢᠲᠠᠳ ᠡᠮᠨᠡᠯᠭᠡ ᠶᠢᠨ ᠡᠮᠴᠢᠯᠡᠭᠡᠨ ᠤ | ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢᠨ ᠬᠡᠷᠡᠭᠵᠢᠭᠦᠯᠬᠦ ᠲᠥᠰᠦᠯ ︵ᠲᠤᠷᠰᠢᠨ ᠬᠡᠷᠡᠭᠵᠢᠭᠦᠯᠬᠦ︶︾ ᠢ | ᠳᠣᠷᠣᠭᠰᠢ ᠳᠠᠷᠤᠮᠠᠯᠯᠠᠨ ᠶᠠᠪᠤᠭᠤᠯᠤᠯ᠎ᠠ᠂ ᠬᠢᠨᠠᠮᠠᠭᠠᠶ ᠲᠤᠤᠱᠯᠠᠭᠤᠯᠤᠨ ᠬᠡᠷᠡᠭᠵᠢᠭᠦᠯᠲᠦᠭᠡᠶ᠃ | | ᠪᠤᠭᠤᠲᠤ ᠬᠤᠲᠠ ᠶᠢᠨ ᠵᠢᠥ ᠶᠤᠸᠠᠨ ᠲᠣᠭᠤᠷᠢᠭ ᠤᠨ ᠠᠷᠠᠳ ᠤᠨ | ᠵᠠᠰᠠᠭ ᠤᠨ ᠣᠷᠳᠣᠨ ᠤ ᠠᠯᠪᠠᠨ ᠬᠡᠷ | | 2024 ᠣᠨ ᠤ 4 ᠰᠠᠷ᠎ᠠ ᠶᠢᠨ 8 ᠤ ᠡᠳᠦᠷ | | | ᠪᠤᠭᠤᠲᠤ ᠬᠤᠲᠠ ᠶᠢᠨ ᠵᠢᠦ ᠶᠤᠸᠠᠨ ᠲᠣᠭᠤᠷᠢᠭ ᠤᠨ ᠬᠢᠲᠠᠳ ᠡᠮᠨᠡᠯᠭᠡ ᠶᠢᠨ ᠬᠠᠮᠲᠤ ᠶᠢᠨ ᠴᠣᠭᠴᠠ ᠶᠢᠨ | ᠪᠦᠲᠦᠭᠡᠨ ᠪᠠᠢᠭᠤᠯᠤᠯᠲᠠᠬᠡᠷᠡᠭᠵᠢᠭᠦᠯᠬᠦ ᠲᠥᠰᠦᠯ ︵ᠲᠣᠷᠰᠢᠨ ᠬᠡᠷᠡᠭᠵᠢᠭᠦᠯᠬᠦ︶ | | ᠮᠠᠨ ᠤ ᠲᠣᠭᠤᠷᠢᠭ ᠤᠨ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢ ᠤᠯᠠᠮᠵᠢᠯᠠᠨ ᠵᠠᠯᠭᠠᠮᠵᠢᠯᠠᠵᠤ | ᠰᠢᠨ᠎ᠡ ᠶᠢ ᠡᠭᠦᠳᠬᠦ ᠶᠢ ᠤᠯᠠᠮ ᠨᠢᠭᠡ ᠠᠯᠬᠤᠮ ᠠᠬᠢᠭᠤᠯᠵᠤ᠂ ᠱᠠᠲᠤ ᠬᠤᠪᠢᠶᠠᠨ ᠣᠨᠣᠰᠢᠯᠠᠨ ᠡᠮᠨᠡᠬᠦ ᠲᠦᠷᠢᠮ ᠢ | ᠪᠥᠬᠦ ᠲᠠᠯ᠎ᠠ ᠪᠠᠷ ᠪᠦᠲᠦᠭᠡᠨ ᠪᠠᠶᠢᠭᠤᠯᠵᠦ᠂ ᠴᠢᠨᠠᠷ ᠰᠠᠶᠢᠲᠠᠶ ᠥᠨᠳᠥᠷ ᠪᠦᠲᠦᠮᠵᠢᠲᠡᠶ ᠬᠢᠲᠠᠳ ᠡᠮ ᠡᠮᠨᠡᠯᠭᠡ ︵ | ᠮᠣᠩᠭᠤᠯ ᠡᠮ ᠡᠮᠨᠡᠯᠭᠡ︶ ᠶᠢᠨ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠰᠢᠰᠲ᠋ᠧᠮ ᠢ ᠪᠠᠶᠢᠭᠤᠯᠬᠤ ᠶᠢᠨ | ᠲᠤᠰᠠᠳᠠ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠥᠬᠦ ᠤᠯᠤᠰ ᠤᠨ ᠦᠨᠳᠦᠰᠦᠨ ᠱᠠᠲᠤᠨ ᠤ | ᠬᠢᠲᠠᠳ ᠡᠮ ᠡᠮᠨᠡᠯᠭᠡ ᠶᠢᠨ ᠠᠵᠢᠯ ᠤᠨ ᠲᠠᠭᠤᠷᠢᠶᠠᠯ ᠬᠤᠲᠠ ︵ᠰᠢᠶᠠᠨ︶ ᠶᠢ ᠡᠭᠦᠳᠦᠨ ᠪᠠᠶᠢᠭᠤᠯᠬᠤ ᠠᠵᠢᠯ ᠢ | ᠠᠬᠢᠭᠤᠯᠬᠤ ᠲᠥᠰᠦᠯ ᠢ ᠳᠠᠷᠤᠮᠠᠯᠯᠠᠨ ᠶᠠᠪᠤᠭᠤᠯᠬᠤ ᠲᠤᠬᠠᠶ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ | ᠡᠷᠡᠭᠦᠯ ᠮᠡᠨᠳᠦ ᠶᠢᠨ ᠵᠥᠪᠯᠡᠯ ᠤᠨ ᠠᠯᠪᠠᠨ ᠬᠡᠷ ᠤᠨ ᠮᠡᠳᠡᠭᠳᠡᠯ︾ ᠪᠠ ᠪᠤᠭᠤᠲᠤ ᠬᠤᠲᠠ ᠶᠢᠨ ᠡᠷᠡᠭᠦᠯ ᠬᠠᠮᠠᠭᠠᠯᠠᠯ | ᠡᠷᠡᠭᠦᠯ ᠮᠡᠨᠳᠦ ᠶᠢᠨ ᠵᠥᠪᠯᠡᠯ ᠤᠨ ︽ᠪᠤᠭᠤᠲᠤ ᠬᠤᠲᠠ ᠶᠢᠨ ᠪᠥᠬᠦ ᠤᠯᠤᠰ ᠤᠨ ᠦᠨᠳᠦᠰᠦᠨ ᠱᠠᠲᠤᠨ ᠤ ᠬᠢᠲᠠᠳ | ᠡᠮ ᠡᠮᠨᠡᠯᠭᠡ ᠶᠢᠨ ᠠᠵᠢᠯ ᠤᠨ ᠳᠠᠭᠤᠷᠢᠶᠠᠯ ︵ᠬᠤᠲᠠ︶ ᠰᠢᠶᠠᠨ ᠢ ᠡᠭᠦᠳᠦᠨ ᠪᠠᠶᠢᠭᠤᠯᠬᠤ ᠠᠵᠢᠯ ᠤᠨ ᠲᠥᠰᠦᠯ ᠢ | ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ︾ ᠤᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ᠂ ᠵᠢᠥ | ᠶᠤᠸᠠᠨ ᠲᠣᠭᠤᠷᠢᠭ ᠤᠨ ᠬᠢᠲᠠᠳ ᠧᠦ᠋ᠷᠣᠫᠠ ᠡᠮᠨᠡᠯᠭᠡ ᠶᠢ ᠤᠶᠠᠯᠳᠤᠭᠤᠯᠤᠭᠰᠠᠨ ᠡᠮᠨᠡᠯᠭᠡ ᠶᠢᠨ ᠬᠤᠷᠢᠶ᠎ᠠ ᠠᠴᠠ | ᠲᠦᠷᠦᠭᠦᠯᠡᠨ ᠵᠢᠦ ᠶᠤᠸᠠᠨ ᠲᠣᠭᠤᠷᠢᠭ ᠤᠨ ᠬᠢᠲᠠᠳ ᠡᠮᠨᠡᠯᠭᠡ ᠶᠢᠨ ᠡᠮᠴᠢᠯᠡᠭᠡᠨ ᠤ ᠬᠠᠮᠲᠤ ᠶᠢᠨ ᠴᠣᠭᠴᠠ ᠶᠢ | ᠪᠠᠶᠢᠭᠤᠯᠵᠤ᠂ ᠮᠠᠨ ᠤ ᠲᠣᠭᠤᠷᠢᠭ ᠤᠨ ᠠᠵᠢᠯ ᠤᠨ ᠪᠣᠳᠠᠲᠠᠶ ᠲᠠᠢ ᠪᠠᠨ ᠤᠶᠠᠯᠳᠤᠭᠤᠯᠤᠨ᠂ ᠲᠣᠰ ᠠᠵᠢᠯ ᠤᠨ | ᠲᠥᠰᠦᠯ ᠢ ᠣᠨᠴᠠᠭᠠᠶᠢᠯᠠᠨ ᠲᠣᠭᠲᠠᠭᠠᠪᠠ᠃ | | ᠨᠢᠭᠡ᠂ ᠵᠢᠯᠣᠭᠤᠳᠬᠤ ᠦᠵᠡᠯ ᠰᠠᠨᠠᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠶᠡᠷᠦᠩᠬᠡᠶ ᠱᠦᠵᠢ ᠰᠢ ᠶᠢᠨ ᠫᠢᠩ ᠤᠨ ᠬᠢᠲᠠᠳ ᠡᠮ ᠡᠮᠨᠡᠯᠭᠡ ᠶᠢᠨ | ᠠᠵᠢᠯ ᠤᠨ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠡᠮᠴᠢᠯᠡᠭᠡᠨ ᠤ | ᠪᠠᠶᠢᠭᠤᠯᠤᠮᠵᠢ ᠶᠢᠨ ᠴᠢᠳᠠᠮᠵᠢ ᠶᠢᠨ ᠪᠠᠶᠢᠷᠢ ᠲᠣᠭᠲᠠᠭᠠᠯᠲᠠ ᠶᠢ ᠨᠠᠶᠢᠳᠠᠪᠤᠷᠢᠵᠢᠭᠤᠯᠬᠤ᠂ ᠦᠨᠳᠦᠰᠦᠨ ᠱᠠᠲᠤᠨ ᠤ | ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ᠂ ᠬᠤᠤᠰ ᠴᠢᠭᠯᠡᠯ ᠢᠶᠠᠷ ᠰᠢᠯᠵᠢᠭᠦᠯᠦᠨ ᠡᠮᠨᠡᠬᠦ ᠶᠠᠪᠤᠴᠠ ᠶᠢ | ᠰᠢᠯᠤᠭᠤᠳᠬᠠᠬᠤ ᠪᠠᠷ ᠭᠤᠤᠯᠳᠠᠯᠭ᠎ᠠ ᠪᠣᠯᠭᠠᠵᠤ᠂ ︽ᠪᠥᠬᠦ ᠤᠯᠤᠰ ᠤᠨ ᠦᠨᠳᠦᠰᠦᠨ ᠱᠠᠲᠤᠨ ᠤ ᠬᠢᠲᠠᠳ ᠡᠮ | ᠡᠮᠨᠡᠯᠭᠡ ᠶᠢᠨ ᠳᠠᠭᠤᠷᠢᠶᠠᠯ ᠰᠢᠶᠠᠨ︾ ᠢ ᠡᠭᠦᠳᠦᠨ ᠪᠠᠶᠢᠭᠤᠯᠬᠤ ᠪᠠᠷ ᠬᠠᠷᠠᠯᠲᠠ ᠪᠣᠯᠭᠠᠵᠤ᠂ ᠲᠣᠭᠤᠷᠢᠭ ᠤᠨ ᠬᠢᠲᠠᠳ | ᠡᠮᠨᠡᠯᠭᠡ ᠶᠢᠨ ᠡᠮᠴᠢᠯᠡᠭᠡ ᠡᠷᠡᠭᠦᠯ ᠬᠠᠮᠠᠭᠠᠯᠠᠯ ᠤᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠡᠮᠴᠢᠯᠡᠭᠡᠨ ᠤ | ᠬᠠᠮᠲᠤ ᠶᠢᠨ ᠴᠣᠭᠴᠠ ᠶᠢᠨ ᠳᠣᠲᠣᠭᠠᠳᠤ ᠶᠢᠨ ᠠᠳᠠᠯᠢ ᠪᠤᠰᠤ ᠲᠠᠰ᠂ ᠠᠳᠠᠯᠢ ᠪᠤᠰᠤ ᠲᠥᠷᠥᠯ ᠤᠨ ᠡᠮᠴᠢᠯᠡᠭᠡᠨ ᠤ | ᠪᠠᠶᠢᠭᠤᠯᠤᠮᠵᠢ ᠶᠢᠨ ᠬᠤᠭᠤᠷᠣᠨᠳᠣᠬᠢ ᠬᠠᠷᠠᠯᠲᠠ ᠲᠣᠳᠣᠷᠬᠠᠶ᠂ ᠡᠷᠬᠡ ᠬᠠᠷᠢᠭᠤᠴᠠᠯᠭ᠎ᠠ ᠲᠣᠳᠣᠷᠬᠠᠶ᠂ ᠲᠥᠪ | ᠭᠤᠤᠯᠴᠢ ᠪᠦᠲᠦᠮᠵᠢᠲᠡᠶ ᠠᠵᠢᠯ ᠬᠤᠪᠢᠶᠠᠷᠢᠯᠠᠨ ᠬᠠᠮᠵᠢᠯᠴᠠᠬᠤ ᠲᠣᠭᠲᠠᠴᠠ ᠶᠢᠨ ᠰᠢᠨ᠎ᠡ ᠶᠢ ᠡᠭᠦᠳᠦᠨ | ᠲᠡᠭᠦᠯᠳᠡᠷᠵᠢᠭᠦᠯᠵᠦ᠂ ᠡᠮᠴᠢᠯᠡᠭᠡᠨ ᠤ ᠬᠠᠮᠲᠤ ᠶᠢᠨ ᠴᠣᠭᠴᠠ ᠶᠢᠨ ᠳᠣᠲᠣᠭᠠᠳᠤ ᠶᠢᠨ ᠡᠬᠢ ᠪᠠᠶᠠᠯᠢᠭ ᠤᠨ | ᠭᠦᠢᠯᠭᠡᠭᠡ ᠶᠢ ᠬᠠᠮᠲᠤ ᠪᠠᠷ ᠡᠳ᠋ᠯᠡᠬᠦ᠂ ᠮᠡᠳᠡᠭᠡ ᠵᠠᠩᠭᠢ ᠶᠢᠨ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ᠂ | ᠬᠥᠮᠦᠨ ᠪᠠ ᠡᠳ᠋ ᠪᠣᠳᠠᠰ ᠢ ᠨᠢᠭᠡᠳᠦᠯᠲᠡᠶ ᠲᠥᠯᠥᠪᠯᠡᠨ ᠬᠠᠮᠢᠶᠠᠷᠬᠤ ᠶᠢ ᠠᠬᠢᠭᠤᠯᠵᠤ᠂ ᠡᠮᠴᠢᠯᠡᠭᠡᠨ ᠤ ᠬᠠᠮᠲᠤ ᠶᠢᠨ | ᠴᠣᠭᠴᠠ ᠶᠢ ᠦᠨᠡᠨ ᠬᠦ ᠦᠢᠯᠡᠴᠢᠯᠡᠭᠡᠨ ᠤ ᠴᠢᠨᠠᠷ ᠲᠠᠢ᠂ ᠬᠠᠷᠢᠭᠤᠴᠠᠯᠭ᠎ᠠ ᠶᠢ ᠬᠠᠮᠲᠤ ᠪᠠᠷ ᠡᠭᠦᠷᠭᠡᠯᠡᠭᠰᠡᠨ᠂ ᠠᠰᠢᠭ | ᠲᠤᠰᠠ ᠶᠢ ᠬᠠᠮᠲᠤ ᠪᠠᠷ ᠡᠳ᠋ᠯᠡᠭᠰᠡᠨ᠂ ᠬᠠᠮᠲᠤ ᠪᠠᠷ ᠠᠰᠢᠭ ᠭᠥᠷᠳᠡᠬᠦ ᠬᠠᠮᠲᠤ ᠶᠢᠨ ᠴᠣᠭᠴᠠ ᠶᠢ ᠪᠣᠢ ᠪᠣᠯᠭᠠᠵᠤ᠂ | ᠬᠢᠲᠠᠳ ᠡᠮ ᠡᠮᠨᠡᠯᠭᠡ ᠶᠢ ᠤᠯᠠᠮᠵᠢᠯᠠᠨ ᠵᠠᠯᠭᠠᠮᠵᠢᠯᠠᠵᠤ ᠰᠢᠨ᠎ᠡ ᠶᠢ ᠡᠭᠦᠳᠬᠦ ᠶᠢ ᠠᠬᠢᠭᠤᠯᠵᠤ᠂ ᠬᠢᠲᠠᠳ ᠡᠮ | ᠡᠮᠨᠡᠯᠭᠡ ᠶᠢᠨ ᠰᠢᠯᠢᠳᠡᠭ ᠡᠬᠢ ᠪᠠᠶᠠᠯᠢᠭ ᠢ ᠦᠨᠳᠦᠰᠦᠨ ᠱᠠᠲᠤᠨ ᠳᠤ ᠲᠦᠭᠡᠮᠡᠯᠵᠢᠭᠦᠯᠬᠦ ᠶᠢ ᠠᠬᠢᠭᠤᠯᠵᠤ᠂ ᠠᠷᠠᠳ | ᠣᠯᠠᠨ ᠤ ᠬᠢᠲᠠᠳ ᠡᠮ ᠡᠮᠨᠡᠯᠭᠡ ᠶᠢᠨ ᠦᠢᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠶᠢ ᠨᠠᠩ ᠰᠠᠶᠢᠲᠤᠷ ᠬᠠᠩᠭᠠᠨ᠎ᠠ᠃ | | ᠬᠤᠶᠠᠷ᠂ ᠦᠨᠳᠦᠰᠦᠨ ᠵᠠᠷᠴᠢᠮ | ︵ᠨᠢᠭᠡ︶ ᠵᠠᠰᠠᠭ ᠤᠨ ᠣᠷᠳᠣᠨ ᠢᠶᠠᠷ ᠭᠤᠣᠯᠯᠠᠵᠦ᠂ ᠨᠢᠭᠡᠳᠦᠯᠲᠡᠶ ᠲᠥᠯᠥᠪᠵᠢᠭᠦᠯᠦᠨ᠎ᠡ᠃ ᠵᠠᠰᠠᠭ ᠤᠨ | ᠣᠷᠳᠣᠨ ᠢᠶᠠᠷ ᠭᠤᠣᠯᠯᠠᠭᠤᠯᠬᠤ ᠶᠢ ᠪᠠᠷᠢᠮᠲᠠᠯᠠᠵᠤ᠂ ᠲᠣᠭᠤᠷᠢᠭ ᠤᠨ ᠡᠮᠴᠢᠯᠡᠭᠡᠨ ᠤ ᠡᠬᠢ ᠪᠠᠶᠠᠯᠢᠭ ᠤᠨ | ᠪᠦᠲᠦᠴᠡ ᠶᠢᠨ ᠪᠠᠶᠢᠷᠢᠰᠢᠭᠤᠯᠤᠯᠲᠠ ᠪᠠ ᠣᠯᠠᠨ ᠲᠦᠮᠡᠨ ᠤ ᠡᠷᠡᠭᠦᠯ ᠮᠡᠨᠳᠦ ᠶᠢᠨ ᠬᠡᠷᠡᠭᠴᠡᠭᠡ ᠱᠠᠭᠠᠷᠳᠠᠯᠭ᠎ᠠ ᠶᠢ | ᠦᠨᠳᠦᠰᠦᠯᠡᠨ᠂ ᠮᠠᠨ ᠤ ᠲᠣᠭᠤᠷᠢᠭ ᠤᠨ ᠬᠢᠲᠠᠳ ᠡᠮᠨᠡᠯᠭᠡ ︵ᠮᠣᠩᠭᠤᠯ ᠡᠮᠨᠡᠯᠭᠡ︶ ᠶᠢ ᠨᠢᠭᠡᠳᠦᠯᠲᠡᠶ | ᠲᠦᠯᠦᠪᠵᠢᠭᠦᠯᠵᠦ᠂ ᠡᠮᠴᠢᠯᠡᠭᠡᠨ ᠤ ᠬᠠᠮᠳᠣ ᠶᠢᠨ ᠴᠣᠠᠠᠴᠠ ᠶᠢ ᠪᠠᠢᠭᠤᠯᠵᠦ᠂ ᠲᠣᠭᠤᠷᠢᠭ ᠤᠨ ᠡᠮᠴᠢᠯᠡᠭᠡᠨ ᠤ ᠡᠬᠢ | ᠪᠠᠶᠠᠯᠢᠭ ᠢ ᠬᠦᠢᠴᠡᠳ ᠡᠮᠬᠢᠯᠡᠨ ᠨᠡᠢᠯᠡᠬᠦᠯᠵᠦ᠂ ᠲᠣᠭᠤᠷᠢᠭ ᠤᠨ ᠳᠣᠳᠣᠷᠡᠬᠢ ᠡᠪᠡᠳᠴᠢᠳᠡᠨ ᠳᠤ ᠡᠷᠡᠬᠦᠯ | ᠬᠠᠮᠠᠭᠠᠯᠠᠯ ᠤᠨ ᠬᠠᠮᠢᠶᠡᠷᠦᠯᠳᠡ ᠪᠠ ᠡᠪᠡᠳᠴᠢᠨ ᠡᠮᠭᠡᠭ ᠢ ᠣᠨᠣᠰᠢᠯᠠᠨ ᠡᠮᠨᠡᠬᠦ ᠵᠡᠷᠭᠡ ᠦᠢᠯᠡᠴᠢᠯᠡᠬᠡᠨ ᠢ ᠬᠠᠩᠭᠠᠨ᠎ᠠ᠃ | ︵ᠬᠤᠶᠠᠷ︶ ᠡᠬᠢ ᠪᠠᠶᠠᠯᠢᠭ ᠢ ᠲᠦᠭᠡᠮᠡᠯᠵᠢᠭᠦᠯᠵᠦ᠂ ᠴᠢᠳᠠᠪᠤᠷᠢ ᠶᠢ ᠲᠡᠭᠡᠭᠰᠢᠯᠡᠭᠦᠯᠦᠨ᠎ᠡ᠃ ᠵᠢᠥ ᠶᠤᠸᠠᠨ | ᠲᠣᠭᠤᠷᠢᠭ ᠤᠨ ᠬᠢᠲᠠᠳ ᠧᠦ᠋ᠷᠣᠫᠠ ᠡᠮᠨᠡᠯᠭᠡ ᠶᠢ ᠤᠶᠠᠯᠳᠤᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠬᠢᠲᠠᠳ | ᠡᠮᠨᠡᠯᠭᠡ ᠶᠢᠨ ᠰᠢᠯᠢᠳᠡᠭ ᠡᠬᠢ ᠪᠠᠶᠠᠯᠢᠭ ᠤᠨ ᠳᠠᠪᠠᠭᠤᠯᠢᠭ ᠢ ᠭᠦᠢᠴᠡᠳ ᠠᠰᠢᠭᠯᠠᠨ᠂ ᠲᠡᠭᠦᠨ ᠤ ᠢᠳᠡᠪᠬᠢ | ᠦᠢᠯᠡᠳᠦᠯ ᠢ ᠭᠦᠢᠴᠡᠳ ᠪᠠᠳᠠᠷᠠᠭᠤᠯᠵᠤ᠂ ᠲᠣᠭᠤᠷᠢᠭ ᠤᠨ ᠳᠣᠲᠣᠷᠠᠬᠢ ᠬᠢᠲᠠᠳ ᠡᠮᠨᠡᠯᠭᠡ ᠶᠢᠨ ᠡᠮᠴᠢᠯᠡᠭᠡᠨ ᠤ ᠶᠠᠰᠤ | ᠴᠢᠨᠠᠷ ᠤᠨ ᠬᠠᠮᠢᠶᠠᠷᠤᠯᠲᠠ ᠶᠢ ᠲᠦᠷᠭᠡᠬᠡᠨ ᠪᠡᠶᠡᠯᠡᠭᠦᠯᠵᠦ᠂ ᠦᠨᠳᠦᠰᠦᠨ ᠱᠠᠲᠤᠨ ᠤ ᠡᠮᠴᠢᠯᠡᠭᠡ ᠡᠷᠡᠭᠦᠯ | ᠬᠠᠮᠠᠭᠠᠯᠠᠯ ᠤᠨ ᠪᠠᠶᠢᠭᠤᠯᠤᠮᠵᠢ ᠶᠢᠨ ᠬᠢᠲᠠᠳ ᠡᠮᠨᠡᠯᠭᠡ ᠶᠢᠨ ᠦᠢᠯᠡᠴᠢᠯᠡᠭᠡᠨ ᠤ ᠴᠢᠳᠠᠪᠤᠷᠢ ᠶᠢᠨ ᠬᠢᠷᠢ ᠬᠡᠮᠵᠢᠶ᠎ᠡ ᠶᠢ | ᠳᠡᠭᠡᠭᠰᠢᠯᠡᠭᠦᠯᠦᠨ᠂ ᠣᠯᠠᠨ ᠲᠦᠮᠡᠨ ᠤ ᠣᠶᠢᠷ᠎ᠠ ᠬᠠᠪᠢ ᠳᠠᠭᠠᠨ ᠥᠨᠳᠥᠷ ᠪᠦᠲᠦᠮᠵᠢᠲᠡᠶ ᠪᠠᠷ ᠡᠮᠨᠡᠭᠦᠯᠬᠦ ᠳᠤ ᠲᠥᠬᠦᠮ | ᠨᠦᠭᠦᠴᠡᠯ ᠢ ᠬᠠᠩᠭᠠᠵᠦ᠂ ︽ᠠᠩᠬ᠎ᠠ ᠣᠨᠣᠰᠢᠯᠠᠬᠤ ᠦᠨᠳᠦᠰᠦᠨ ᠱᠠᠲᠤᠨ ᠳᠤ ᠪᠠᠶᠢᠬᠤ᠂ ᠡᠷᠡᠭᠦᠯᠵᠢᠭᠦᠯᠬᠦ ᠴᠦ | ᠦᠨᠳᠦᠰᠦᠨ ᠱᠠᠲᠣᠨ ᠳᠤ ᠪᠠᠶᠢᠬᠤ ᠡᠮᠴᠢᠯᠡᠭᠡᠨ ᠤ ᠳᠦᠷᠢᠮ ᠢ ᠪᠣᠶ ᠪᠣᠯᠭᠠᠬᠤ ᠪᠠᠷ ᠴᠢᠷᠮᠠᠶᠢᠨ᠎ᠠ᠃ | ︵ᠭᠤᠷᠪᠠ︶ ᠲᠣᠭᠲᠠᠴᠠ ᠶᠢᠨ ᠰᠢᠨ᠎ᠡ ᠶᠢ ᠡᠭᠦᠳᠴᠦ᠂ ᠣᠯᠠᠮᠵᠢᠯᠠᠬᠤ ᠶᠢᠨ ᠳᠠᠭᠠᠣ ᠬᠥᠭᠵᠢᠭᠦᠯᠦᠨ᠎ᠡ᠃ | ᠭᠤᠷᠪᠠᠨ ᠡᠮᠨᠡᠯᠭᠡ ᠶᠢᠨ ᠬᠤᠯᠪᠣᠭᠠᠯᠠᠨ ᠬᠥᠳᠡᠯᠦᠯᠴᠡᠵᠦ ᠥᠭᠡᠷᠡᠴᠢᠯᠡᠯᠲᠡ ᠬᠢᠬᠦ ᠶᠢ ᠪᠠᠷᠢᠮᠲᠠᠯᠠᠵᠤ᠂ ᠲᠣᠭᠲᠠᠴᠠ ᠶᠢᠨ | ᠰᠢᠨ᠎ᠡ ᠶᠢ ᠡᠭᠦᠳᠴᠦ᠂ᠡᠬᠢ ᠪᠠᠶᠠᠯᠢᠭ ᠤᠨ ᠪᠦᠳᠦᠴᠠ ᠶᠢᠨ ᠪᠠᠶᠢᠷᠢᠰᠢᠭᠤᠯᠥᠯᠳᠡ ᠶᠢ ᠰᠢᠯᠢᠳᠡᠭᠵᠢᠬᠦᠯᠵᠦ᠂ ᠬᠢᠳᠡᠳ | ᠡᠮ ᠡᠮᠨᠡᠯᠬᠡ ︵ᠮᠣᠩᠭᠤᠯ ᠡᠮ ᠡᠮᠨᠡᠯᠬᠡ︶ ᠶᠢᠨ ᠣᠨᠴᠠᠯᠢᠠᠠᠳᠦ ᠳᠡᠪᠡᠭᠤᠯᠢᠭ ᠢ ᠰᠠᠶᠢᠳᠣᠷ ᠪᠠᠳᠡᠷᠡᠭᠤᠯᠥᠨ᠂ ᠮᠠᠨ ᠤ | ᠲᠣᠭᠤᠷᠢᠭ ᠤᠨ ᠬᠢᠳᠡᠳ ᠡᠮ ᠡᠮᠨᠡᠯᠬᠡ ︵ᠮᠣᠩᠭᠤᠯ ᠡᠮ ᠡᠮᠨᠡᠯᠬᠡ︶ ᠶᠢ ᠣᠯᠠᠮᠵᠢᠯᠠᠨ ᠵᠠᠯᠭᠠᠮᠵᠢᠯᠠᠬᠤ ᠪᠠ ᠨᠡᠭᠡᠭᠡᠯᠳᠡ | ᠬᠢᠵᠦ ᠰᠢᠨ᠎ᠡ ᠶᠢ ᠡᠭᠦᠳᠬᠦ ᠶᠢ ᠠᠬᠢᠭᠤᠯᠵᠦ᠂ ᠡᠮᠴᠢᠯᠡᠭᠡᠨ ᠤ ᠬᠠᠮᠳᠣ ᠶᠢᠨ ᠲᠣᠳᠣᠭᠠᠳᠣ ᠳᠤ ᠠᠵᠢᠯ ᠬᠤᠪᠢᠶᠡᠷᠢᠯᠡᠨ | ᠬᠠᠮᠵᠢᠯᠴᠠᠬᠤ ᠪᠠ ᠠᠰᠢᠭ ᠲᠣᠰᠠ ᠶᠢ ᠬᠠᠮᠳᠣᠪᠡᠷ ᠡᠳ᠋ᠯᠡᠬᠦ ᠲᠣᠠᠠᠳᠡᠴᠠ ᠶᠢ ᠪᠠᠶᠢᠭᠤᠯᠥᠨ ᠳᠡᠬᠦᠯᠳᠡᠷᠵᠢᠬᠦᠯᠵᠦ᠂ | ᠡᠮᠴᠢᠯᠡᠭᠡᠨ ᠤ ᠬᠤᠯᠪᠣᠭᠠᠳᠣ ᠴᠣᠠᠠᠴᠠ ᠶᠢᠨ ᠦᠷᠬᠦᠯᠵᠢᠯᠡᠨ ᠡᠷᠡᠬᠦᠯ ᠢᠶᠠᠷ ᠬᠦᠭᠵᠢᠬᠦ ᠶᠢ ᠪᠠᠳᠣᠯᠠᠨ᠎ᠠ᠃ | | | ᠭᠤᠷᠪᠠ ᠂ ᠪᠦᠷᠢᠯᠳᠦᠭᠦᠨ ᠨᠢᠭᠡᠴᠡ | 1. ᠲᠣᠯᠣᠭᠠᠶᠢᠯᠠᠵᠦ ᠪᠠᠶᠢᠭ᠎ᠠ ᠨᠢᠭᠡᠴᠢ᠄ ᠵᠢᠦ ᠶᠤᠸᠠᠨ ᠲᠣᠭᠤᠷᠢᠭ ᠤᠨ ᠬᠢᠲᠠᠳ ᠡᠸᠦ᠋ᠷᠦᠫᠡ ᠬᠤᠣᠰᠯᠠᠭᠰᠠᠨ | ᠡᠮᠨᠡᠯᠭᠡ | 2. ᠪᠦᠷᠢᠯᠳᠦᠬᠦᠨ ᠨᠢᠭᠡᠴᠡ᠄ | ︵1︶ 9 ᠰᠤᠮᠤ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠪᠣᠯᠤᠨ ᠬᠤᠷᠢᠶᠠᠯᠠᠯ ᠤᠨ ᠡᠷᠡᠭᠦᠯ | ᠬᠠᠮᠠᠭᠠᠯᠠᠯ ᠤᠨ ᠦᠢᠯᠡᠴᠢᠯᠡᠬᠡᠨ ᠤ ᠲᠥᠪ ᠵᠢᠴᠢ ᠬᠠᠷᠢᠶᠠᠨ ᠳᠠᠬᠢ ᠨᠢᠭᠡ ᠴᠣᠭᠴᠠᠵᠢᠭᠤᠯᠤᠭᠰᠠᠨ ᠡᠷᠡᠭᠦᠯ | ᠬᠠᠮᠠᠭᠠᠯᠠᠯ ᠤᠨ ᠲᠠᠰᠤᠭ ᠪᠠ ᠬᠤᠷᠢᠶᠠᠯᠠᠯ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠥᠷᠲᠡᠭᠡ︔ | ︵2︶ 2 ᠬᠢᠲᠠᠳ ᠡᠮᠨᠡᠯᠭᠡ ᠶᠢᠨ ᠲᠥᠷᠥᠯ ᠢᠯᠭᠠᠯ ᠲᠠᠢ ᠠᠷᠠᠳ ᠠᠴᠠ ᠡᠵᠡᠩᠨᠡᠭᠰᠡᠨ ᠡᠮᠨᠡᠯᠭᠡ ᠶᠢᠨ ᠬᠤᠷᠢᠶ᠎ᠠ | ︵ᠪᠤᠭᠤᠲᠤ ᠬᠤᠲᠠ ᠶᠢᠨ ᠶᠢᠨ ᠣᠪᠣᠭᠲᠤ ᠶᠢᠨ ᠪᠥᠭᠡᠷ᠎ᠡ ᠶᠢᠨ ᠡᠪᠡᠳᠴᠢᠨ ᠤ ᠡᠮᠨᠡᠯᠭᠡ ᠶᠢᠨ ᠬᠤᠷᠢᠶ᠎ᠠ᠂ ᠵᠢᠦ ᠶᠤᠸᠠᠨ | ᠫᠦ᠋ ᠰᠢᠩ ᠬᠢᠲᠠᠳ ᠧᠦ᠋ᠷᠣᠫᠠ ᠡᠮᠨᠡᠯᠭᠡ ᠶᠢ ᠤᠶᠠᠯᠳᠤᠭᠤᠯᠤᠭᠰᠠᠨ ᠡᠮᠨᠡᠯᠭᠡ ᠶᠢᠨ ᠬᠤᠷᠢᠶ᠎ᠠ︶ | ︵3︶ ᠲᠣᠭᠤᠷᠢᠭ ᠤᠨ ᠬᠡᠪᠴᠢᠶᠡᠨ ᠳᠣᠲᠣᠷᠠᠬᠢ ᠪᠤᠢ ᠪᠦᠬᠦᠢ ᠬᠢᠲᠠᠳ ᠡᠮᠨᠡᠯᠭᠡ ᠶᠢᠨ ᠲᠥᠷᠥᠯ ᠢᠯᠭᠠᠯ ᠤᠨ | ᠡᠮᠨᠡᠬᠦ ᠭᠠᠵᠠᠷ᠂ ᠡᠭᠦᠳᠡᠨ ᠡᠮᠨᠡᠯᠭᠡ ᠶᠢᠨ ᠭᠠᠵᠠᠷ | 3. ᠦᠢᠯᠡᠴᠢᠯᠡᠭᠴᠢᠳ᠄ ᠵᠢᠥ ᠶᠤᠸᠠᠨ ᠲᠣᠭᠤᠷᠢᠭ ᠤᠨ ᠪᠥᠬᠦ ᠴᠠᠷᠠᠭ᠎ᠠ ᠪᠠᠷ ᠬᠡᠪᠴᠢᠶ᠎ᠡ ᠪᠣᠯᠭᠠᠵᠤ᠂ | ᠲᠣᠭᠤᠷᠢᠭ ᠤᠨ ᠳᠣᠲᠣᠷᠠᠬᠢ ᠪᠣᠶ ᠪᠥᠬᠦᠶ ᠪᠠᠶᠢᠩᠭᠤ ᠰᠠᠭᠤᠭ᠎ᠠ ᠬᠥᠮᠦᠨ ᠠᠮᠠ ᠳᠤ ᠬᠢᠲᠠᠳ ᠡᠮ ᠡᠮᠨᠡᠯᠭᠡ ᠶᠢᠨ | ᠦᠢᠯᠡᠴᠢᠯᠡᠭᠡ ᠬᠠᠩᠭᠠᠵᠤ᠂ ᠡᠷᠬᠢᠨ ᠲᠣᠭᠤᠷᠢᠨ ᠤ ᠬᠤᠰᠢᠭᠤ ᠰᠢᠶᠠᠨ ᠢ ᠵᠡᠷᠭᠡ ᠪᠠᠷ ᠬᠤᠷᠢᠶᠠᠯᠠᠨᠠ᠃ | | ᠳᠥᠷᠪᠡ᠂ ᠠᠵᠢᠯ ᠤᠨ ᠠᠭᠤᠯᠭ᠎ᠠ | ︵ᠨᠢᠭᠡ︶ ᠠᠵᠢᠯ ᠤᠨ ᠬᠠᠷᠠᠯᠲᠠ | ᠵᠢᠥ ᠶᠤᠸᠠᠨ ᠲᠣᠭᠤᠷᠢᠭ ᠤᠨ ᠬᠢᠲᠠᠳ ᠧᠦ᠋ᠷᠣᠫᠠ ᠡᠮᠨᠡᠯᠭᠡ ᠶᠢ ᠤᠶᠠᠯᠳᠤᠭᠤᠯᠤᠭᠰᠠᠨ ᠡᠮᠨᠡᠯᠭᠡ ᠶᠢᠨ | ᠬᠤᠷᠢᠶ᠎ᠠ ᠪᠠᠷ ᠲᠦᠷᠦᠭᠦᠯᠡᠭᠦᠯᠦᠭᠰᠡᠨ ᠡᠮᠨᠡᠯᠭᠡ ᠶᠢᠨ ᠬᠤᠷᠢᠶ᠎ᠠ ᠪᠣᠯᠭᠠᠵᠤ᠂ 9 ᠰᠤᠮᠤ ᠪᠠᠯᠭᠠᠰᠤᠨ ᠤ ᠡᠷᠡᠭᠦᠯ | ᠬᠠᠮᠠᠭᠠᠯᠠᠯ ᠤᠨ ᠬᠤᠷᠢᠶ᠎ᠠ ᠪᠠ ᠬᠤᠷᠢᠶᠠᠯᠠᠯ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠵᠢᠴᠢ | ᠬᠠᠷᠢᠶᠠᠨ ᠳᠠᠬᠢ ᠨᠢᠭᠡ ᠴᠣᠭᠴᠠᠵᠢᠭᠤᠯᠤᠭᠰᠠᠨ ᠡᠷᠡᠭᠦᠯ ᠬᠠᠮᠠᠭᠠᠯᠠᠯ ᠤᠨ ᠲᠠᠰᠤᠭ ᠪᠠ ᠬᠤᠷᠢᠶᠠᠯᠠᠯ ᠤᠨ ᠡᠷᠡᠭᠦᠯ | ᠬᠠᠮᠠᠭᠠᠯᠠᠯ ᠤᠨ ᠦᠢᠯᠡᠴᠢᠯᠡᠭᠡᠨ ᠤ ᠥᠷᠲᠡᠭᠡ᠂ ᠬᠢᠲᠠᠳ ᠡᠮᠨᠡᠯᠭᠡ ᠶᠢᠨ ᠲᠥᠷᠥᠯ ᠢᠯᠭᠠᠯ ᠲᠠᠢ ᠠᠷᠠᠳ ᠤᠨ | ᠡᠵᠡᠩᠨᠡᠯᠲᠡ ᠶᠢᠨ ᠡᠮᠨᠡᠯᠭᠡ ᠶᠢᠨ ᠬᠤᠷᠢᠶ᠎ᠠ ︵ᠪᠤᠭᠤᠲᠤ ᠬᠤᠲᠠ ᠶᠢᠨ ᠶᠢᠨ ᠣᠪᠣᠭᠲᠤ ᠶᠢᠨ ᠪᠦᠭᠡᠷ᠎ᠡ ᠵᠢᠨᠡᠪᠡᠳᠴᠢᠨ ᠤ | ᠡᠮᠨᠡᠯᠭᠡ ᠶᠢᠨ ᠬᠤᠷᠢᠶ᠎ᠠ᠂ ᠵᠢᠦ ᠶᠤᠸᠠᠨ ᠤ ᠫᠦ᠋ ᠰᠢᠩ ᠬᠢᠲᠠᠳ ᠧᠦ᠋ᠷᠣᠫᠠ ᠡᠮᠨᠡᠯᠭᠡ ᠶᠢ ᠤᠶᠠᠯᠳᠤᠭᠤᠯᠤᠭᠰᠠᠨ | ᠡᠮᠨᠡᠯᠭᠡ ᠶᠢᠨ ᠬᠤᠷᠢᠶ᠎ᠠ︶ ᠶᠢᠨ ᠲᠣᠭᠤᠷᠢᠭ ᠤᠨ ᠬᠡᠪᠴᠢᠶᠡᠨ ᠳᠠᠬᠢ ᠪᠣᠶ ᠪᠥᠬᠦᠶ ᠬᠢᠲᠠᠳ ᠡᠮᠨᠡᠯᠭᠡ ᠶᠢᠨ ᠲᠥᠷᠥᠯ | ᠢᠯᠭᠠᠯ ᠤᠨ ᠡᠮᠴᠢᠯᠡᠭᠡᠨ ᠤ ᠭᠠᠵᠠᠷ᠂ ᠡᠭᠦᠳᠡᠨ ᠡᠮᠨᠡᠯᠭᠡ ᠶᠢᠨ ᠬᠡᠯᠲᠡᠰ ᠲᠠᠢ ᠬᠢᠲᠠᠳ ᠡᠮᠨᠡᠯᠭᠡ ᠶᠢᠨ ᠡᠮᠴᠢᠯᠡᠭᠡᠨ ᠤ | ᠬᠠᠮᠲᠤ ᠶᠢᠨ ᠴᠣᠭᠴᠠ ᠶᠢ ᠪᠠᠶᠢᠭᠤᠯᠵᠤ᠂ ᠳᠡᠭᠡᠳᠦ ᠳᠣᠤᠷᠠᠳᠤ ᠱᠠᠲᠤ ᠬᠤᠯᠪᠣᠭᠠᠯᠠᠨ ᠬᠥᠳᠡᠯᠦᠯᠴᠡᠭᠰᠡᠨ | ᠲᠣᠭᠤᠷᠢᠭ ᠤᠨ ᠬᠢᠲᠠᠳ ᠡᠮᠨᠡᠯᠭᠡ ᠶᠢᠨ ᠡᠮᠴᠢᠯᠡᠭᠡᠨ ᠤ ᠦᠢᠯᠡᠴᠢᠯᠡᠭᠡᠨ ᠤ ᠰᠢᠰᠲ᠋ᠧᠮ ᠢ ᠪᠠᠶᠢᠭᠤᠯᠤᠨ᠎ᠠ᠃ | ︵ᠬᠤᠶᠠᠷ︶ ᠬᠡᠯᠪᠡᠷᠢ ᠪᠦᠲᠦᠴᠡ | ᠳᠡᠰ ᠬᠤᠪᠢᠶᠠᠨ ᠣᠨᠣᠰᠢᠯᠠᠨ ᠡᠮᠨᠡᠬᠦ ᠬᠠᠷᠠᠯᠲᠠ ᠶᠢᠨ ᠲᠣᠭᠤᠷᠢᠨ ᠳᠤ᠂ ᠬᠢᠲᠠᠳ ᠡᠮᠨᠡᠯᠭᠡ ᠶᠢᠨ ᠡᠮᠴᠢᠯᠡᠭᠡᠨ ᠤ | ᠮᠡᠷᠭᠡᠵᠢᠯ ᠤᠨ ᠬᠢᠷᠢ ᠲᠦᠪᠰᠢᠨ ᠪᠠ ᠦᠢᠯᠡᠴᠢᠯᠡᠭᠡᠨ ᠤ ᠴᠢᠳᠠᠪᠤᠷᠢ ᠶᠢ ᠪᠦᠬᠦᠯᠢ ᠴᠣᠭᠴᠠ ᠪᠠᠷ ᠨᠢ ᠳᠡᠭᠡᠭᠰᠢᠯᠡᠭᠦᠯᠵᠦ᠂ | ᠠᠷᠠᠳ ᠲᠦᠮᠡᠨ ᠤ ᠡᠪᠡᠳᠴᠢᠨ ᠦᠵᠡᠭᠦᠯᠬᠦ ᠳᠤ ᠲᠥᠬᠦᠮ ᠦᠵᠡᠭᠦᠯᠵᠦ᠂ ᠬᠢᠲᠠᠳ ᠡᠮᠨᠡᠯᠭᠡ ᠶᠢᠨ ᠡᠮᠴᠢᠯᠡᠭᠡᠨ ᠤ ᠡᠬᠢ | ᠪᠠᠶᠠᠯᠢᠭ ᠪᠠ ᠡᠮᠨᠡᠯᠭᠡ ᠶᠢᠨ ᠠᠵᠢᠯᠲᠠᠨ ᠤ ᠦᠨᠳᠦᠰᠦᠨ ᠱᠠᠲᠣᠨ ᠳᠤ ᠪᠠᠭᠤᠬᠤ ᠶᠢ ᠠᠬᠢᠭᠤᠯᠤᠨ᠎ᠠ᠃ | ︵ᠭᠤᠷᠪᠠ︶ ᠪᠣᠲᠠᠲᠠᠢ ᠡᠭᠦᠷᠭᠡ | ᠵᠢᠦ ᠶᠤᠸᠠᠨ ᠲᠣᠭᠤᠷᠢᠭ ᠤᠨ ᠬᠢᠲᠠᠳ ᠧᠦ᠋ᠷᠣᠫᠠ ᠡᠮᠨᠡᠯᠭᠡ ᠶᠢ ᠤᠶᠠᠯᠳᠤᠭᠤᠯᠤᠭᠰᠠᠨ ᠡᠮᠨᠡᠯᠭᠡ ᠶᠢᠨ ᠬᠤᠷᠢᠶ᠎ᠠ | ᠲᠣᠭᠤᠷᠢᠭ ᠤᠨ ᠳᠠᠭᠠᠭᠤᠯᠤᠭᠴᠢ ᠶᠢᠨ ᠳᠠᠶᠢᠴᠢᠯᠠᠬᠤ ᠦᠢᠯᠡᠳᠦᠯ ᠢ ᠪᠠᠳᠠᠷᠠᠭᠤᠯᠵᠤ᠂ ᠪᠥᠬᠦ ᠲᠣᠭᠤᠷᠢᠭ ᠤᠨ ᠬᠢᠲᠠᠳ | ᠡᠮᠨᠡᠯᠭᠡ ᠶᠢᠨ ᠡᠮᠴᠢᠯᠡᠭᠡ᠂ ᠤᠷᠢᠳᠴᠢᠯᠠᠨ ᠰᠡᠷᠭᠡᠶᠢᠯᠡᠬᠦ ᠡᠷᠡᠭᠦᠯ ᠮᠡᠨᠳᠦ ᠶᠢ ᠬᠠᠮᠠᠭᠠᠯᠠᠬᠤ᠂ ᠤᠨᠴᠠᠯᠢᠬᠳᠤ ᠡᠷᠡᠭᠦᠯᠵᠢᠯ᠂ | ᠴᠢᠳᠠᠪᠤᠷᠢᠲᠠᠨ ᠢ ᠬᠥᠮᠦᠵᠢᠭᠦᠯᠬᠦ᠂ ᠲᠣᠬᠢᠷᠠᠮᠵᠢᠲᠠᠶ ᠮᠡᠷᠭᠡᠵᠢᠯ ᠢ ᠲᠦᠭᠡᠮᠡᠯᠵᠢᠭᠦᠯᠬᠦ ᠪᠠ ᠬᠢᠲᠠᠳ ᠡᠮ ᠡᠮᠨᠡᠯᠭᠡ ᠶᠢᠨ | ᠰᠣᠶᠣᠯ ᠤᠨ ᠰᠠᠭᠤᠷᠢᠨ ᠭᠠᠵᠠᠷ ᠢ ᠪᠠᠶᠢᠭᠤᠯᠵᠤ᠂ ᠡᠮᠴᠢᠯᠡᠭᠡᠨ ᠤ ᠬᠠᠮᠲᠤ ᠶᠢᠨ ᠴᠣᠭᠴᠠ ᠶᠢᠨ ᠳᠣᠲᠣᠭᠠᠳᠤ ᠶᠢᠨ ᠡᠯ᠎ᠡ | ᠱᠠᠲᠤᠨ ᠤ ᠡᠮᠴᠢᠯᠡᠭᠡᠨ ᠤ ᠪᠠᠶᠢᠭᠤᠯᠤᠮᠵᠢ ᠶᠢᠨ ᠠᠵᠢᠯᠯᠠᠭᠠᠨ ᠤ ᠦᠷ᠎ᠡ ᠪᠦᠲᠦᠮᠵᠢ ᠶᠢ ᠤᠯᠠᠮ ᠨᠢᠭᠡ ᠠᠯᠬᠤᠮ | ᠳᠡᠭᠡᠭᠰᠢᠯᠡᠭᠦᠯᠵᠦ᠂ ᠬᠢᠲᠠᠳ ᠡᠮᠨᠡᠯᠭᠡ ᠶᠢᠨ ᠡᠮᠴᠢᠯᠡᠭᠡᠨ ᠤ ᠶᠠᠰᠤ ᠴᠢᠨᠠᠷ ᠢ ᠤᠯᠠᠮ ᠨᠢᠭᠡ ᠠᠯᠬᠤᠮ | ᠨᠠᠶᠢᠳᠠᠪᠤᠷᠢᠵᠢᠭᠤᠯᠬᠤ᠂ ᠦᠢᠯᠡᠴᠢᠯᠡᠭᠡᠨ ᠤ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ᠂ ᠣᠯᠠᠨ | ᠲᠦᠮᠡᠨ ᠤ ᠡᠪᠡᠳᠴᠢᠨ ᠦᠵᠡᠭᠦᠯᠵᠦ ᠡᠮᠨᠡᠭᠦᠯᠬᠦ ᠬᠦᠷᠲᠡᠮᠵᠢ ᠶᠢᠨ ᠲᠥᠷᠥᠭᠳᠡᠯ ᠢ ᠤᠯᠠᠮ ᠨᠢᠭᠡ ᠠᠯᠬᠤᠮ | ᠨᠡᠮᠡᠭᠳᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ᠃ | 1. ᠡᠮᠴᠢ ᠶᠢ ᠨᠢᠭᠡᠳᠦᠯᠲᠡᠶ ᠲᠣᠬᠢᠷᠠᠭᠤᠯᠤᠨ᠎ᠠ᠃ ᠵᠢᠥ ᠶᠤᠸᠠᠨ ᠲᠣᠭᠤᠷᠢᠭ ᠤᠨ ᠬᠢᠲᠠᠳ ᠧᠦ᠋ᠷᠣᠫᠠ ᠡᠮᠨᠡᠯᠭᠡ ᠶᠢ | ᠤᠶᠠᠯᠳᠤᠭᠤᠯᠤᠭᠰᠠᠨ ᠡᠮᠨᠡᠯᠭᠡ ᠶᠢᠨ ᠬᠤᠷᠢᠶ᠎ᠠ ᠠᠴᠠ ᠭᠠᠷᠠᠭ ᠪᠦᠷᠢ ᠲᠣᠭᠲᠠᠮᠠᠯ ᠬᠤᠭᠤᠴᠠᠭ᠎ᠠ ᠲᠠᠢ ᠪᠠᠷ ᠰᠢᠶᠠᠩ | ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠳᠤ ᠭᠦᠷᠴᠦ ᠡᠮᠨᠡᠭᠦᠯᠬᠦ ᠪᠠᠷ ᠲᠣᠬᠢᠷᠠᠭᠤᠯᠵᠤ᠂ ᠬᠢᠲᠠᠳ ᠡᠮ | ᠡᠮᠨᠡᠯᠭᠡ ᠶᠢᠨ ᠦᠢᠯᠡᠴᠢᠯᠡᠭᠡ ᠬᠠᠩᠭᠠᠪᠠ᠃ ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠠᠴᠠ | ᠡᠮᠴᠢᠯᠡᠭᠡᠨ ᠤ ᠲᠠᠰᠤᠭ᠂ ᠺᠣᠮᠫᠢᠦ᠋ᠲ᠋ᠧᠷ ᠵᠡᠷᠭᠡ ᠬᠠᠮᠢᠶ᠎ᠠ ᠪᠥᠬᠦᠶ ᠠᠵᠢᠯᠯᠠᠬᠤ ᠭᠠᠵᠠᠷ᠂ ᠲᠥᠬᠦᠭᠡᠷᠦᠮᠵᠢ ᠬᠠᠩᠭᠠᠬᠤ ᠶᠢ | ᠬᠠᠷᠢᠭᠤᠴᠠᠵᠤ᠂ ᠰᠠᠭᠤᠭᠠᠯᠢ ᠠᠷᠠᠳ ᠤᠨ ᠲᠤᠰᠬᠠᠶ ᠮᠡᠷᠭᠡᠵᠢᠯᠲᠡᠨ ᠤ ᠡᠮᠴᠢᠯᠡᠭᠡ ᠢᠷᠡᠵᠦ ᠬᠢᠬᠦ ᠮᠡᠳᠡᠭᠡ ᠵᠠᠩᠭᠢ ᠶᠢ | ᠤᠷᠢᠳᠴᠢᠯᠠᠨ ᠮᠡᠳᠡᠭᠳᠡᠨ᠎ᠡ᠃ ᠡᠭᠦᠨ ᠤ ᠬᠠᠮᠲᠤ᠂ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ | ᠪᠠᠶᠢᠭᠤᠯᠤᠮᠵᠢ᠂ ᠡᠮᠴᠢᠯᠡᠬᠦ ᠭᠠᠵᠠᠷ ᠪᠤᠶᠤ ᠪᠤᠰᠤᠳ ᠡᠮᠴᠢᠯᠡᠭᠡᠨ ᠤ ᠪᠠᠶᠢᠭᠤᠯᠤᠮᠵᠢ ᠶᠢᠨ ᠨᠡᠷᠡᠲᠦ ᠡᠮᠴᠢ ᠶᠢ ᠡᠷᠢᠵᠦ᠂ | ᠤᠬᠠᠭᠤᠯᠵᠤ᠂ ᠰᠢᠯᠢᠨ ᠰᠣᠩᠭᠤᠵᠤ᠂ ᠨᠡᠷᠡᠲᠦ ᠡᠮᠴᠢ ᠶᠢ ᠪᠥᠬᠦ ᠲᠣᠭᠤᠷᠢᠭ ᠤᠨ ᠡᠯ᠎ᠡ ᠡᠮᠴᠢᠯᠡᠭᠡᠨ ᠤ ᠪᠠᠶᠢᠭᠤᠯᠤᠮᠵᠢ᠂ | ᠬᠤᠷᠢᠶᠠᠯᠠᠯᠤᠨ ᠦᠨᠳᠦᠰᠦᠨ ᠱᠠᠲᠤᠨ ᠳᠤ ᠲᠣᠭᠤᠷᠢᠨ ᠡᠮᠨᠡᠬᠦ᠂ ᠰᠠᠭᠤᠵᠤ ᠡᠮᠨᠡᠭᠦᠯᠬᠦ᠂ ᠭᠠᠷᠴᠤ ᠡᠮᠴᠢᠯᠡᠭᠦᠯᠵᠦ | ᠪᠣᠯᠤᠨ᠎ᠠ᠂ ᠬᠠᠷᠢᠯᠴᠠᠨ ᠦᠢᠯᠡᠳᠦᠯᠴᠡᠬᠦ ᠭᠦᠢᠯᠭᠡᠭᠡᠨ ᠤ ᠲᠣᠭᠲᠠᠴᠠ ᠶᠢ ᠪᠠᠶᠢᠭᠤᠯᠵᠤ᠂ ᠡᠮᠴᠢᠯᠡᠭᠡᠨ ᠤ ᠬᠠᠮᠲᠤ ᠶᠢᠨ | ᠴᠣᠭᠴᠠ ᠶᠢᠨ ᠳᠣᠲᠣᠭᠠᠳᠤ ᠶᠢᠨ ᠰᠢᠯᠢᠳᠡᠭ ᠡᠮᠴᠢᠯᠡᠭᠡᠨ ᠤ ᠡᠬᠢ ᠪᠠᠶᠠᠯᠢᠭ ᠤᠨ ᠲᠦᠭᠡᠮᠡᠯᠵᠢᠬᠦ ᠶᠢ ᠠᠬᠢᠭᠤᠯᠤᠨ᠎ᠠ᠃ | 2. ᠬᠢᠲᠠᠳ ᠡᠮᠨᠡᠯᠭᠡ ᠶᠢᠨ ᠲᠤᠬᠠᠶᠢᠯᠠᠭᠰᠠᠨ ᠠᠵᠢᠯ ᠢ ᠨᠢᠭᠡᠳᠦᠯᠲᠡᠶ ᠬᠠᠮᠢᠶᠠᠷᠤᠨ᠎ᠠ᠃ ᠵᠢᠥ ᠶᠤᠸᠠᠨ | ᠲᠣᠭᠤᠷᠢᠭ ᠤᠨ ᠬᠢᠲᠠᠳ ᠧᠦ᠋ᠷᠣᠫᠠ ᠡᠮᠨᠡᠯᠭᠡ ᠶᠢ ᠤᠶᠠᠯᠳᠤᠭᠤᠯᠤᠭᠰᠠᠨ ᠡᠮᠨᠡᠯᠭᠡ ᠶᠢᠨ ᠬᠤᠷᠢᠶ᠎ᠠ ᠨᠢ ᠡᠮᠨᠡᠯᠭᠡ ᠶᠢᠨ | ᠦᠨᠳᠦᠰᠦᠨ ᠱᠠᠲᠤᠨ ᠤ ᠵᠢᠯᠣᠭᠤᠳᠬᠤ ᠰᠠᠯᠠᠭᠠᠨ ᠤ ᠪᠠᠶᠢᠳᠠᠯ ᠳᠤ ᠰᠠᠭᠤᠷᠢᠯᠠᠨ ᠲᠤᠰᠬᠠᠶ ᠬᠥᠮᠦᠨ ᠳᠣᠭᠢᠷᠠᠭᠤᠯᠤᠨ | ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠬᠢᠲᠠᠳ ᠡᠮ ᠡᠮᠨᠡᠯᠭᠡ ᠶᠢᠨ | ᠲᠤᠬᠠᠶᠢᠯᠠᠭᠰᠠᠨ ᠠᠵᠢᠯ ᠳᠤ ᠵᠢᠯᠣᠭᠤᠳᠣᠯᠭ᠎ᠠ ᠬᠢᠵᠦ᠂ ᠠᠵᠢᠯᠲᠠᠨ ᠤ ᠪᠣᠯᠪᠠᠰᠤᠷᠠᠭᠤᠯᠤᠯ ᠵᠡᠷᠭᠡ ᠠᠵᠢᠯ ᠢ | ᠬᠠᠷᠢᠭᠤᠴᠠᠵᠦ᠂ ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠶᠢᠨ ᠬᠢᠲᠠᠳ ᠡᠮ ᠡᠮᠨᠡᠯᠭᠡ ᠶᠢᠨ | ᠶᠡᠷᠦᠩᠬᠡᠶᠢᠯᠡᠭᠰᠡᠨ ᠦᠢᠯᠡᠴᠢᠯᠡᠭᠡᠨ ᠤ ᠲᠣᠭᠤᠷᠢᠭ ᠤᠨ ᠪᠥᠲᠥᠭᠡᠨ ᠪᠠᠶᠢᠭᠤᠯᠤᠯᠲᠠ ᠳᠤ ᠣᠷᠣᠯᠴᠠᠵᠤ᠂ ᠣᠯᠠᠨ | ᠲᠦᠮᠡᠨ ᠳᠤ ᠬᠢᠲᠠᠳ ᠡᠮ ᠡᠮᠨᠡᠯᠭᠡ ᠶᠢᠨ ᠦᠢᠯᠡᠴᠢᠯᠡᠭᠡ ᠬᠠᠩᠭᠠᠪᠠ᠃ ᠡᠭᠦᠨ ᠤ ᠬᠠᠮᠲᠤ ᠮᠡᠷᠭᠡᠵᠢᠯ ᠤᠨ ᠲᠠᠯ᠎ᠠ ᠪᠠᠷ | ᠬᠠᠪᠰᠤᠷᠤᠨ ᠲᠡᠳᠬᠦᠬᠦ ᠶᠢ ᠴᠢᠩᠭᠠᠳᠬᠠᠵᠤ᠂ ᠨᠢᠭᠡᠨᠲᠡ 6 ᠲᠥᠷᠥᠯ 10 ᠵᠦᠢᠯ ᠤᠨ ᠮᠡᠷᠭᠡᠵᠢᠯ ᠢ ᠰᠢᠯᠢᠨ | ᠰᠣᠩᠭᠤᠵᠤ ᠰᠢᠶᠠᠩ ᠪᠠᠯᠭᠠᠰᠤ ᠶᠢ ᠬᠠᠪᠰᠤᠷᠤᠨ᠂ ᠢᠳᠡᠪᠬᠢᠲᠡᠶ ᠪᠠᠷ ᠵᠢᠯᠣᠭᠤᠳᠤᠨ ᠳᠡᠯᠭᠡᠷᠡᠭᠦᠯᠪᠡ᠃ ᠡᠷᠡᠬᠦᠯ | ᠬᠠᠮᠠᠭᠠᠯᠠᠯ ᠤᠨ ᠬᠤᠷᠢᠶ᠎ᠠ ᠲᠣᠰ ᠪᠡᠶ᠎ᠠ ᠶᠢᠨ ᠬᠦᠭᠵᠢᠯᠳᠡ ᠶᠢᠨ ᠭᠡᠷᠡᠭᠴᠡᠭᠡ ᠱᠠᠭᠠᠷᠳᠡᠯᠭ᠎ᠠ ᠪᠠᠨ ᠦᠨᠳᠣᠰᠣᠯᠡᠨ᠂ | ᠬᠢᠳᠡᠳ ᠡᠮᠴᠢ ᠪᠤᠶᠤ ᠡᠷᠡᠬᠦᠯᠵᠢᠯ ᠤᠨ ᠡᠮᠴᠢᠯᠡᠭᠡᠨ ᠤ ᠳᠠᠰᠤᠭ ᠢ ᠲᠣᠮᠢᠯᠠᠵᠦ ᠬᠢᠳᠡᠳ ᠡᠮᠨᠡᠯᠬᠡ ᠶᠢᠨ ᠬᠤᠷᠢᠶ᠎ᠠ ᠶᠢᠨ | ᠬᠠᠮᠢᠶ᠎ᠠ ᠪᠦᠬᠦᠢ ᠰᠠᠯᠠᠭ᠎ᠠ ᠳᠠᠰᠤᠭ ᠳᠠᠭᠠᠥ ᠰᠤᠷᠤᠯᠴᠠᠭᠤᠯᠪᠡ᠃ ᠡᠮᠴᠢᠯᠡᠭᠡᠨ ᠤ ᠬᠠᠮᠳᠣ ᠶᠢᠨ ᠲᠣᠳᠣᠭᠠᠳᠣ ᠶᠢᠨ | ᠦᠢᠯᠡᠴᠢᠯᠡᠭᠡᠨ ᠤ ᠳᠥᠷᠢᠮ ᠢ ᠳᠡᠬᠦᠯᠳᠡᠷᠵᠢᠬᠦᠯᠵᠦ᠂ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠬᠦᠯᠥᠨ᠎ᠠ᠃ | 3. ᠵᠠᠷᠤᠳᠠᠯ ᠢ ᠨᠢᠭᠡᠳᠦᠯᠲᠡᠶ ᠳ᠋ᠦᠩᠨᠡᠨ ᠪᠣᠳᠣᠨ᠎ᠠ᠃ ᠡᠪᠡᠳᠴᠢᠲᠡᠨ ᠡᠩ ᠤᠨ ᠶᠠᠩᠵᠦ ᠪᠠᠷ ᠡᠯ᠎ᠡ ᠰᠤᠮᠤ | ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ᠂ ᠬᠤᠷᠢᠶᠠᠯᠠᠯᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ | ᠲᠥᠪ ᠲᠤ ᠡᠮᠴᠢᠯᠡᠭᠦᠯᠵᠦ᠂ ᠰᠦᠢᠳᠬᠡᠯ ᠲᠤᠰᠢᠶᠠᠬᠤ ᠪᠠ ᠲᠠᠩᠰᠠ ᠲᠠᠶᠢᠯᠣᠨ᠎ᠠ᠃ ᠬᠢᠲᠠᠳ ᠧᠦ᠋ᠷᠣᠫᠠ ᠡᠮᠨᠡᠯᠭᠡ ᠶᠢ | ᠤᠶᠠᠯᠳᠤᠭᠤᠯᠤᠭᠰᠠᠨ ᠡᠮᠨᠡᠯᠭᠡ ᠶᠢᠨ ᠬᠤᠷᠢᠶ᠎ᠠ ᠠᠴᠠ ᠡᠯ᠎ᠡ ᠰᠣᠮᠦ ᠪᠠᠯᠭᠠᠰᠣᠨ ᠤ ᠡᠷᠡᠭᠦᠯ ᠬᠠᠮᠠᠭᠠᠯᠠᠯ ᠤᠨ ᠬᠤᠷᠢᠶ᠎ᠠ | ᠪᠠ ᠬᠤᠷᠢᠶᠠᠯᠠᠯ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠦᠪ ᠲᠤ ᠡᠮᠴᠢ ᠲᠣᠮᠢᠯᠠᠨ ᠰᠠᠭᠤᠯᠭᠠᠵᠦ᠂ ᠲᠣᠰ | ᠡᠳᠦᠷ ᠤᠨ ᠪᠣᠢ ᠪᠣᠯᠣᠭᠰᠠᠨ ᠪᠣᠢ ᠪᠦᠬᠦᠢ ᠵᠠᠷᠣᠳᠠᠯ ᠨᠢ ᠡᠯ᠎ᠡ ᠰᠤᠮᠤ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ | ᠂ ᠬᠤᠷᠢᠶᠠᠯᠠᠯ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠲᠤ ᠬᠠᠷᠢᠶᠠᠯᠠᠭᠳᠠᠨ᠎ᠠ᠃ ᠤᠷᠢᠳᠴᠢᠯᠠᠨ | ᠪᠣᠯᠵᠣᠵᠤ ᠲᠣᠭᠲᠠᠭᠰᠠᠨ ᠶᠣᠰᠣᠭᠠᠷ ᠡᠮᠴᠢ ᠳᠤ ᠵᠣᠬᠢᠬᠤ ᠨᠥᠬᠦᠪᠥᠷᠢ ᠣᠯᠭᠤᠵᠤ᠂ ᠢᠷᠡᠭᠰᠡᠨ ᠡᠮᠴᠢ ᠶᠢᠨ ᠵᠠᠮ | ᠬᠠᠷᠢᠯᠴᠠᠭᠠᠨ ᠤ ᠵᠠᠷᠤᠳᠠᠯ᠂ ᠢᠳᠡᠭᠡᠨ ᠤᠮᠳᠠᠭᠠᠨ ᠤ ᠵᠠᠷᠤᠳᠠᠯ ᠢ ᠡᠯ᠎ᠡ ᠡᠷᠡᠭᠦᠯ ᠬᠠᠮᠠᠭᠠᠯᠠᠯ ᠤᠨ ᠬᠤᠷᠢᠶ᠎ᠠ ᠠᠴᠠ | ᠡᠭᠦᠷᠭᠡᠯᠡᠨ᠎ᠡ᠃ | 4. ᠦᠷ᠎ᠡ ᠪᠦᠲᠦᠮᠵᠢ ᠶᠢ ᠨᠢᠭᠡᠳᠦᠯᠲᠡᠶ ᠬᠢᠨᠠᠨ ᠰᠢᠯᠭᠠᠨ᠎ᠠ᠃ ᠵᠢᠥ ᠶᠤᠸᠠᠨ ᠲᠣᠭᠤᠷᠢᠭ ᠤᠨ ᠡᠷᠡᠭᠦᠯ ᠬᠠᠮᠠᠭᠠᠯᠠᠯ | ᠪᠠ ᠡᠷᠡᠭᠦᠯ ᠮᠡᠨᠳᠦ ᠶᠢᠨ ᠵᠥᠪᠯᠡᠯ ᠠᠴᠠ ᠰᠤᠮᠤ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ᠂ ᠬᠤᠷᠢᠶᠠᠯᠠᠯ ᠤᠨ | ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠤᠨ ᠴᠢᠳᠠᠮᠵᠢ ᠶᠢᠨ ᠲᠣᠭᠲᠠᠭᠠᠯᠲᠠ᠂ ᠬᠢᠲᠠᠳ ᠡᠮᠨᠡᠯᠭᠡ ᠶᠢᠨ | ᠦᠢᠯᠡᠴᠢᠯᠡᠭᠡᠨ ᠤ ᠴᠢᠳᠠᠪᠤᠷᠢ ᠶᠢᠨ ᠳᠡᠭᠡᠭᠰᠢᠯᠡᠯᠲᠡ᠂ ᠬᠢᠲᠠᠳᠡᠮ ᠡᠮᠨᠡᠯᠭᠡ ᠶᠢᠨ ᠦᠢᠯᠡᠴᠢᠯᠡᠭᠡᠨ ᠤ ᠶᠠᠰᠤ ᠴᠢᠨᠠᠷ ᠤᠨ | ᠳᠡᠭᠡᠭᠰᠢᠯᠡᠯᠲᠡ᠂ ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠵᠡᠷᠭᠡ ᠪᠠᠶᠢᠳᠠᠯ ᠢ ᠤᠶᠠᠯᠳᠤᠭᠤᠯᠤᠨ᠂ ᠵᠢᠯ ᠤᠨ | ᠬᠠᠷᠠᠯᠲᠠᠲᠤ ᠡᠭᠦᠷᠭᠡ ᠪᠠ ᠠᠵᠢᠯ ᠤᠨ ᠦᠷ᠎ᠡ ᠪᠦᠲᠦᠮᠵᠢ ᠶᠢ ᠰᠢᠯᠭᠠᠨ ᠬᠢᠨᠠᠬᠤ ᠲᠥᠰᠦᠯ ᠢ ᠲᠣᠭᠲᠠᠭᠠᠬᠤ ᠶᠢᠨ ᠬᠠᠮᠲᠤ | ᠰᠢᠯᠭᠠᠨ ᠬᠢᠨᠠᠨ᠎ᠠ᠃ ᠰᠢᠯᠭᠠᠨ ᠬᠢᠨᠠᠭᠰᠠᠨ ᠦᠷ᠎ᠡ ᠳ᠋ᠦᠩ ᠢ ᠡᠳ᠋ ᠤᠨ ᠵᠠᠰᠠᠭ ᠤᠨ ᠣᠷᠣᠭᠤᠯᠤᠯᠲᠠ᠂ ᠲᠥᠷᠥᠯ | ᠵᠦᠢᠯ ᠤᠨ ᠲᠣᠬᠢᠷᠠᠭᠤᠯᠤᠯᠲᠠ ᠯᠤᠭ᠎ᠠ ᠬᠤᠯᠪᠣᠭᠳᠠᠭᠤᠯᠬᠤ ᠬᠡᠷᠡᠭᠲᠡᠶ᠃ ᠳᠣᠷᠣᠭᠰᠢ ᠲᠣᠮᠢᠯᠠᠭᠰᠠᠨ ᠡᠮᠨᠡᠯᠭᠡ ᠶᠢᠨ | ᠠᠵᠢᠯᠲᠠᠳ ᠤᠨ ᠮᠡᠷᠭᠡᠵᠢᠯ ᠤᠨ ᠴᠣᠯᠠ ᠳᠡᠪᠰᠢᠭᠦᠯᠬᠦ᠂ ᠠᠵᠢᠯ ᠤᠨ ᠦᠷ᠎ᠡ ᠪᠦᠲᠦᠮᠵᠢ ᠶᠢ ᠬᠤᠪᠢᠶᠠᠷᠢᠯᠠᠬᠤ | ᠲᠥᠷᠥ ᠶᠢᠨ ᠪᠣᠳᠣᠯᠭ᠎ᠠ ᠶᠢᠨ ᠲᠠᠯ᠎ᠠ ᠪᠠᠷ ᠵᠣᠬᠢᠬᠤ ᠬᠠᠷᠠᠭᠠᠯᠵᠠᠯ ᠦᠵᠡᠭᠦᠯᠵᠦ᠂ ᠡᠮᠨᠡᠯᠭᠡ ᠶᠢᠨ ᠠᠵᠢᠯᠲᠠᠳ ᠤᠨ | ᠦᠨᠳᠦᠰᠦᠨ ᠱᠠᠲᠣᠨ ᠳᠤ ᠬᠦᠷᠬᠦ ᠶᠢ ᠵᠣᠷᠢᠭᠵᠢᠭᠤᠯᠤᠨ᠎ᠠ᠃ | | ᠲᠠᠪᠤ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠭᠠᠨ᠎ᠠ᠃ ᠤᠳᠤᠷᠢᠳᠬᠤ | ᠬᠠᠷᠢᠭᠤᠴᠠᠯᠭ᠎ᠠ᠂ ᠪᠠᠲᠤᠯᠠᠬᠤ ᠬᠠᠷᠢᠭᠤᠴᠠᠯᠭ᠎ᠠ᠂ ᠬᠠᠮᠢᠶᠠᠷᠬᠤ ᠬᠠᠷᠢᠭᠤᠴᠠᠯᠭ᠎ᠠ᠂ ᠬᠢᠨᠠᠯᠲᠠ ᠲᠠᠯᠪᠢᠬᠤ | ᠬᠠᠷᠢᠭᠤᠴᠠᠯᠭ᠎ᠠ ᠶᠢ ᠭᠦᠢᠴᠡᠳᠬᠡᠬᠦ ᠪᠣᠯ ᠡᠮᠴᠢᠯᠡᠭᠡᠨ ᠤ ᠬᠠᠮᠲᠤ ᠶᠢᠨ ᠴᠣᠭᠴᠠ ᠶᠢᠨ ᠦᠷᠭᠦᠯᠵᠢᠯᠡᠬᠦ ᠬᠥᠭᠵᠢᠯᠲᠡ ᠶᠢ | ᠪᠠᠲᠤᠯᠠᠬᠤ ᠶᠢᠨ ᠴᠢᠬᠤᠯᠠ ᠪᠠᠲᠤᠯᠠᠭ᠎ᠠ ᠪᠣᠯᠣᠨ᠎ᠠ᠃ ᠪᠦᠬᠦ ᠲᠣᠭᠤᠷᠢᠭ ᠤᠨᠡᠯ᠎ᠡ ᠡᠮᠴᠢᠯᠡᠭᠡᠨ ᠤ ᠪᠠᠶᠢᠭᠤᠯᠤᠮᠵᠢ ᠠᠴᠠ | ᠬᠢᠲᠠᠳ ᠡᠮ ᠡᠮᠨᠡᠯᠭᠡ ᠶᠢᠨ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠡᠮ ᠡᠮᠨᠡᠯᠭᠡ ᠡᠷᠡᠭᠦᠯ ᠬᠠᠮᠠᠭᠠᠯᠠᠯ ᠤᠨ | ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠳᠡᠰ ᠬᠤᠪᠢᠶᠠᠨ ᠣᠨᠣᠰᠢᠯᠠᠨ ᠡᠮᠨᠡᠬᠦ ᠳᠦᠷᠢᠮ ᠢ | ᠠᠬᠢᠭᠤᠯᠬᠤ᠂ ᠬᠢᠲᠠᠳ ᠡᠮ ᠡᠮᠨᠡᠯᠭᠡ ᠶᠢ ᠤᠯᠠᠮᠵᠢᠯᠠᠨ ᠬᠥᠭᠵᠢᠭᠦᠯᠬᠦ ᠶᠢ ᠠᠬᠢᠭᠤᠯᠬᠤ᠂ ᠣᠯᠠᠨ ᠲᠦᠮᠡᠨ ᠤ | ᠡᠪᠡᠳᠴᠢᠨ ᠦᠵᠡᠭᠦᠯᠵᠦ ᠡᠮᠨᠡᠭᠦᠯᠬᠦ ᠠᠰᠠᠭᠤᠳᠠᠯ ᠢ ᠰᠢᠢᠳᠪᠦᠷᠢᠯᠡᠬᠦ ᠴᠢᠬᠤᠯᠠ ᠠᠷᠭ᠎ᠠ ᠬᠡᠮᠵᠢᠶ᠎ᠡ ᠵᠡᠷᠭᠡ ᠶᠢ ᠳᠡᠭᠡᠳᠦ | ᠬᠡᠮᠵᠢᠶ᠎ᠡ ᠪᠠᠷ ᠴᠢᠬᠤᠯᠠᠴᠢᠯᠠᠵᠦ ᠂ ᠮᠦᠷᠳᠡᠨ ᠪᠠᠶᠢᠴᠠᠭᠠᠬᠤ᠂ ᠬᠢᠨᠠᠨ ᠰᠢᠯᠭᠠᠬᠤ ᠪᠠ ᠬᠠᠷᠢᠭᠤᠴᠠᠯᠭ᠎ᠠ ᠨᠡᠬᠡᠮᠵᠢᠯᠡᠬᠦ | ᠲᠣᠭᠲᠠᠴᠠ ᠶᠢ ᠪᠠᠶᠢᠭᠤᠯᠵᠤ᠂ ᠥᠭᠡᠷᠡᠴᠢᠯᠡᠯᠲᠡᠶᠢ ᠪᠦᠲᠦᠮᠵᠢᠲᠡᠶ ᠶᠠᠪᠣᠭᠳᠠᠭᠤᠯᠬᠤ ᠶᠢ ᠪᠠᠲᠤᠯᠠᠬᠤ ᠬᠡᠷᠡᠭᠲᠡᠶ᠃ | ︵ᠬᠤᠶᠠᠷ︶ ᠡᠮ ᠡᠮᠨᠡᠯᠭᠡ ᠶᠢᠨ ᠦᠢᠯᠡᠴᠢᠯᠡᠭᠡ ᠶᠢ ᠰᠢᠯᠢᠳᠡᠭᠵᠢᠭᠦᠯᠦᠨ᠎ᠡ᠃ ᠬᠢᠲᠠᠳ ᠡᠮᠨᠡᠯᠭᠡ ᠶᠢᠨ ᠰᠢᠯᠢᠳᠡᠭ | ᠡᠮᠴᠢᠯᠡᠭᠡ ᠡᠷᠡᠭᠦᠯ ᠬᠠᠮᠠᠭᠠᠯᠠᠯ ᠤᠨ ᠡᠬᠢ ᠪᠠᠶᠠᠯᠢᠭ ᠦᠨᠳᠦᠰᠦᠨ ᠱᠠᠲᠣᠨ ᠳᠤ ᠬᠦᠷᠬᠦ ᠶᠢ ᠠᠬᠢᠭᠤᠯᠵᠤ᠂ ᠠᠵᠢᠯ ᠤᠨ | ᠭᠤᠣᠯᠳᠠᠯᠭ᠎ᠠ ᠶᠢ ᠳᠣᠷᠣᠭᠰᠢ ᠰᠢᠯᠵᠢᠭᠦᠯᠬᠦ ᠶᠢ ᠠᠬᠢᠭᠤᠯᠵᠤ᠂ ᠵᠢᠥ ᠶᠤᠸᠠᠨ ᠲᠣᠭᠤᠷᠢᠭ ᠤᠨ ᠬᠢᠲᠠᠳ ᠧᠦ᠋ᠷᠣᠫᠠ | ᠡᠮᠨᠡᠯᠭᠡ ᠶᠢ ᠤᠶᠠᠯᠳᠤᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠬᠢᠨ ᠬᠢᠲᠠᠳ ᠡᠮᠨᠡᠯᠭᠡ ᠶᠢᠨ ᠣᠨᠴᠠᠯᠢᠭ ᠪᠦᠬᠦᠢ | ᠲᠤᠰᠬᠠᠢ ᠰᠠᠯᠠᠭᠠᠨ ᠤ ᠪᠠᠶᠢᠭᠤᠯᠤᠯᠲᠠ ᠶᠢ ᠴᠢᠩᠭᠠᠳᠬᠠᠵᠤ᠂ ᠬᠢᠲᠠᠳ ᠡᠮᠨᠡᠯᠭᠡ ᠶᠢᠨ ᠳᠠᠪᠠᠭᠤᠯᠢᠭ ᠲᠠᠢ ᠡᠭᠦᠳᠡᠨ | ᠡᠮᠨᠡᠯᠭᠡ ᠶᠢ ᠪᠠᠶᠢᠭᠤᠯᠵᠤ᠂ ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠶᠢᠨ ᠬᠢᠲᠠᠳ ᠡᠮ ᠡᠮᠨᠡᠯᠭᠡ ᠶᠢᠨ | ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ ᠶᠢ ᠢᠳᠡᠪᠬᠢᠲᠡᠢ ᠵᠢᠯᠣᠭᠤᠳᠴᠦ᠂ ᠵᠢᠦ ᠶᠤᠸᠠᠨ ᠲᠣᠭᠤᠷᠢᠭ ᠤᠨ | ᠬᠢᠲᠠᠳ ᠧᠦ᠋ᠷᠣᠫᠠ ᠡᠮᠨᠡᠯᠭᠡ ᠶᠢ ᠤᠶᠠᠯᠳᠤᠭᠤᠯᠤᠭᠰᠠᠨ ᠡᠮᠨᠡᠯᠭᠡ ᠶᠢᠨ ᠬᠤᠷᠢᠶ᠎ᠠ ᠠᠴᠠ ᠦᠨᠳᠦᠰᠦᠨ ᠱᠠᠲᠤᠨ ᠤ | ᠡᠮᠴᠢᠯᠡᠭᠡ ᠂ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠳᠡᠭᠡᠭᠰᠢ ᠰᠢᠯᠵᠢᠭᠦᠯᠦᠭᠰᠡᠨ ᠡᠪᠡᠳᠴᠢᠲᠡᠨ ᠢ ᠣᠨᠣᠰᠢᠯᠠᠨ | ᠵᠠᠰᠠᠬᠤ ᠳᠤ ᠰᠠᠭᠠᠳ ᠦᠭᠡᠢ ᠨᠡᠪᠲᠡᠷᠡᠬᠦ ᠵᠠᠮ ᠬᠠᠩᠭᠠᠵᠤ᠂ ᠨᠡᠯᠢᠶᠡᠳ ᠡᠷᠡᠭᠦᠯᠵᠢᠭᠰᠡᠨ ᠡᠪᠡᠳᠴᠢᠲᠡᠳ ᠢ | ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠳᠤ ᠰᠢᠯᠵᠢᠭᠦᠯᠵᠦ᠂ ᠡᠮᠴᠢᠯᠡᠭᠡᠨ ᠤ | ᠪᠠᠶᠢᠭᠤᠯᠤᠮᠵᠢ ᠶᠢᠨ ᠮᠡᠷᠭᠡᠵᠢᠯ ᠤᠨ ᠡᠬᠢ ᠪᠠᠶᠠᠯᠢᠭ ᠢ ᠭᠠᠭᠴᠠᠭᠠᠷ ᠡᠵᠡᠮᠰᠢᠬᠦ ᠪᠠ ᠦᠨᠳᠦᠰᠦᠨ ᠱᠠᠲᠤᠨ ᠤ ᠡᠮᠴᠢᠯᠡᠭᠡ | ᠡᠷᠡᠭᠦᠯ ᠬᠠᠮᠠᠭᠠᠯᠠᠯ ᠤᠨ ᠡᠬᠢ ᠪᠠᠶᠠᠯᠢᠭ ᠢ ᠦᠪᠡᠷ ᠲᠤ ᠦᠢᠯᠡᠴᠢᠯᠡᠭᠦᠯᠬᠦ ᠵᠡᠷᠭᠡ ᠠᠰᠠᠭᠤᠳᠠᠯ ᠭᠠᠷᠬᠤ ᠶᠢ | ᠴᠠᠭᠠᠵᠢᠯᠠᠨ᠎ᠠ᠃ | ︵ᠭᠤᠷᠪᠠ︶ ᠶᠡᠷᠦᠩᠬᠡᠶᠢᠯᠡᠨ ᠬᠢᠨᠠᠯᠲᠠ ᠲᠠᠯᠪᠢᠬᠤ ᠶᠢ ᠴᠢᠩᠭᠠᠳᠬᠠᠨ᠎ᠠ᠃ ᠲᠣᠭᠤᠷᠢᠭ ᠤᠨ ᠡᠷᠡᠭᠦᠯ ᠬᠠᠮᠠᠭᠠᠯᠠᠯ | ᠡᠷᠡᠭᠦᠯ ᠮᠡᠨᠳᠦ ᠶᠢᠨ ᠵᠥᠪᠯᠡᠯ ᠨᠢ ᠥᠭᠡᠷᠡᠴᠢᠯᠡᠯᠲᠡ ᠶᠣᠰᠣᠭᠠᠷ᠂ ᠡᠭᠦᠷᠭᠡ ᠴᠢᠳᠠᠪᠤᠷᠢ ᠪᠠᠨ ᠤᠯᠠᠮ ᠨᠢᠭᠡ ᠠᠯᠬᠤᠮ | ᠬᠤᠪᠢᠷᠠᠭᠤᠯᠵᠤ᠂ ᠤᠴᠢᠷ ᠶᠠᠪᠤᠳᠠᠯ ᠤᠨ ᠳᠤᠮᠳᠠᠬᠢ ᠪᠠ ᠤᠴᠢᠷ ᠶᠠᠪᠤᠳᠠᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢ | ᠴᠢᠩᠭᠠᠷᠠᠭᠤᠯᠤᠨ᠂ ᠶᠡᠷᠦᠩᠬᠡᠶᠢᠯᠡᠭᠰᠡᠨ ᠬᠢᠨᠠᠯᠲᠠ ᠲᠠᠯᠪᠢᠬᠤ ᠶᠢ ᠬᠡᠷᠡᠭᠵᠢᠭᠦᠯᠵᠦ᠂ ᠬᠢᠨᠠᠯᠲᠠ ᠲᠠᠯᠪᠢᠬᠤ ᠠᠷᠭ᠎ᠠ | ᠮᠠᠶ᠋ᠢᠭ ᠤᠨ ᠰᠢᠨ᠎ᠡ ᠶᠢ ᠡᠭᠦᠳᠴᠦ᠂ ︽ᠬᠤᠶᠠᠷ ᠢ ᠲᠠᠰᠢᠷᠠᠮ ᠢᠶᠠᠷ ᠰᠤᠭᠤᠴᠢᠵᠤ᠂ ᠨᠢᠭᠡ ᠶᠢ ᠢᠯᠡ ᠪᠣᠯᠭᠠᠬᠤ︾ ᠶᠢ | ᠬᠡᠷᠡᠭᠵᠢᠭᠦᠯᠦᠨ᠎ᠡ᠃ ᠨᠡᠶᠢᠭᠡᠮ ᠤᠨ ᠬᠢᠨᠠᠯᠲᠠ ᠲᠠᠯᠪᠢᠯᠲᠠ ᠪᠠ ᠶᠠᠷᠢᠶ᠎ᠠ ᠬᠡᠯᠡᠯᠴᠡᠭᠡᠨ ᠤ ᠬᠢᠨᠠᠯᠲᠠ ᠲᠠᠯᠪᠢᠯᠲᠠ ᠶᠢ | ᠴᠢᠩᠭᠠᠳᠬᠠᠬᠤ ᠬᠡᠷᠡᠭᠲᠡᠶ᠃ ᠡᠮᠴᠢᠯᠡᠭᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢᠨ ᠪᠠᠶᠢᠳᠠᠯ ᠢ ᠮᠥᠷᠳᠡᠨ | ᠳᠠᠭᠠᠬᠤ ᠪᠠ ᠲᠣᠭᠲᠠᠮᠠᠯ ᠬᠤᠭᠤᠴᠠᠭ᠎ᠠ ᠲᠠᠢ ᠪᠠᠷ ᠳ᠋ᠦᠩᠨᠡᠵᠦ᠂ ᠢᠯᠡᠷᠡᠭᠰᠡᠨ ᠠᠰᠠᠭᠤᠳᠠᠯ ᠢ ᠴᠠᠭ ᠲᠤᠬᠠᠶ ᠳᠤᠨᠢ | ᠰᠢᠢᠳᠪᠦᠷᠢᠯᠡᠨ᠂ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠪᠠ ᠲᠦᠷᠢᠮ ᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠂ | ᠬᠠᠭᠤᠯᠪᠤᠷᠢᠯᠠᠵᠤ ᠪᠣᠯᠬᠤ᠂ ᠳᠡᠯᠭᠡᠷᠡᠭᠦᠯᠵᠦ ᠪᠣᠯᠬᠤ ᠲᠤᠷᠰᠢᠯᠭ᠎ᠠ ᠶᠢ ᠪᠣᠶ ᠪᠣᠯᠭᠠᠬᠤ ᠬᠡᠷᠡᠭᠲᠡᠶ᠃ | ︵ᠲᠦᠷᠪᠡ︶ ᠮᠡᠳᠡᠭᠡ ᠵᠠᠩᠭᠢ ᠶᠢᠨ ᠲᠠᠪᠴᠠᠩ ᠢ ᠨᠢᠭᠡᠳᠬᠡᠨ᠎ᠡ᠃ ᠵᠢᠥ ᠶᠤᠸᠠᠨ ᠲᠣᠭᠤᠷᠢᠭ ᠤᠨ ᠬᠢᠲᠠᠳ | ᠧᠦ᠋ᠷᠣᠫᠠ ᠡᠮᠨᠡᠯᠭᠡ ᠶᠢ ᠤᠶᠠᠯᠳᠤᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠰᠢᠨ᠎ᠡ ᠪᠠᠷ ᠪᠠᠶᠢᠭᠤᠯᠤᠭᠰᠠᠨ ᠮᠡᠳᠡᠭᠡ | ᠵᠠᠩᠭᠢ ᠶᠢᠨ ᠰᠢᠰᠲ᠋ᠧᠮ ᠤᠨ ᠳᠠᠪᠠᠭᠤᠯᠢᠭ ᠡᠬᠢ ᠪᠠᠶᠠᠯᠢᠭ ᠢ ᠠᠰᠢᠭᠯᠠᠨ᠂ ᠮᠡᠳᠡᠭᠡ ᠵᠠᠩᠭᠢ ᠶᠢᠨ ᠰᠢᠰᠲ᠋ᠧᠮ ᠤᠨ | ᠲᠤᠯᠭᠠᠭᠤᠷᠢᠯᠠᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠡᠮᠴᠢᠯᠡᠭᠡ᠂ ᠨᠡᠶᠢᠲᠡ ᠶᠢᠨ ᠡᠷᠡᠭᠦᠯ ᠬᠠᠮᠠᠭᠠᠯᠠᠯ᠂ | ᠡᠷᠡᠭᠦᠯ ᠮᠡᠨᠳᠦ ᠶᠢᠨ ᠬᠠᠮᠢᠶᠠᠷᠤᠯᠲᠠ᠂ ᠲᠥᠯᠥᠪᠯᠡᠭᠡᠲᠦ ᠦᠷᠡᠵᠢᠯ᠂ ᠡᠮᠴᠢᠯᠡᠭᠡᠨ ᠤ ᠳᠠᠭᠠᠳᠬᠠᠯ ᠵᠡᠷᠭᠡ ᠮᠡᠳᠡᠭᠡ | ᠵᠠᠩᠭᠢ ᠶᠢᠨ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠶᠢ ᠪᠡᠶᠡᠯᠡᠭᠦᠯᠵᠦ᠂ ᠰᠦᠯᠵᠢᠶ᠎ᠡ ᠪᠠᠷ ᠡᠪᠡᠳᠴᠢᠨ | ᠦᠵᠡᠭᠦᠯᠬᠦ ᠲᠠᠪᠴᠠᠩ ᠪᠠ ᠠᠯᠤᠰ ᠠᠴᠠ ᠬᠠᠮᠲᠤᠷᠠᠨ ᠣᠨᠣᠰᠢᠯᠠᠬᠤ ᠲᠥᠪ ᠢ ᠪᠠᠶᠢᠭᠤᠯᠤᠨ᠂ ᠮᠡᠳᠡᠭᠡ | ᠵᠠᠩᠭᠢᠵᠢᠯᠲᠠ ᠶᠢᠨ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠡᠪᠡᠳᠴᠢᠲᠡᠨ ᠤ ᠡᠪᠡᠳᠴᠢᠨ | ᠦᠵᠡᠭᠦᠯᠵᠦ ᠡᠮᠨᠡᠭᠦᠯᠬᠦ ᠳᠤ ᠲᠥᠬᠦᠮ ᠦᠵᠡᠭᠦᠯᠦᠨ᠎ᠡ᠃ | ︵ᠲᠠᠪᠤ︶ ᠣᠬᠠᠭᠤᠯᠭ᠎ᠠ ᠪᠣᠯᠪᠠᠰᠣᠷᠡᠭᠤᠯᠥᠯ ᠢ ᠴᠢᠬᠤᠯᠠᠴᠢᠯᠠᠬᠤ ᠬᠡᠷᠡᠭᠳᠡᠢ᠃ ᠵᠠᠰᠠᠭ ᠵᠠᠬᠢᠷᠭᠠᠨ ᠤ | ᠬᠠᠮᠢᠶᠠᠷᠤᠯᠲᠠ ᠶᠢᠨ ᠠᠵᠢᠯᠲᠠᠨ ᠪᠣᠯᠤᠨ ᠡᠮᠴᠢᠯᠡᠭᠡᠨ ᠤ ᠪᠠᠶᠢᠭᠤᠯᠤᠮᠵᠢ ᠶᠢᠨ ᠬᠠᠮᠢᠶᠠᠷᠤᠯᠲᠠ ᠶᠢᠨ ᠠᠵᠢᠯᠲᠠᠨ ᠳᠤ | ᠴᠢᠭᠯᠡᠭᠦᠯᠦᠭᠰᠡᠨ ᠲᠥᠷᠥ ᠶᠢᠨ ᠪᠣᠳᠣᠯᠭ᠎ᠠ ᠶᠢᠨ ᠪᠣᠯᠪᠠᠰᠤᠷᠠᠭᠤᠯᠤᠯ ᠢ ᠥᠷᠨᠢᠭᠦᠯᠵᠦ᠂ ᠦᠵᠡᠯ ᠰᠠᠨᠠᠭ᠎ᠠ ᠪᠠᠨ ᠤᠯᠠᠮ | ᠨᠢᠭᠡ ᠠᠯᠬᠤᠮ ᠨᠢᠭᠡᠳᠬᠡᠨ᠂ ᠬᠠᠮᠲᠤ ᠶᠢᠨ ᠲᠠᠨᠢᠯᠲᠠ ᠢ ᠪᠣᠢ ᠪᠣᠯᠭᠠᠬᠤ ᠬᠡᠷᠡᠭᠲᠡᠢ᠃ ᠣᠯᠠᠨ ᠨᠡᠶᠢᠲᠡ ᠶᠢᠨ | ᠵᠠᠭᠤᠴᠢᠯᠠᠭᠤᠷ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠬᠢᠲᠠᠳ ᠡᠮᠨᠡᠯᠭᠡ ᠶᠢᠨ ᠬᠠᠮᠲᠤ ᠶᠢᠨ ᠴᠣᠭᠴᠠ ᠶᠢᠨ | ᠠᠵᠢᠯ ᠤᠨ ᠤᠬᠠᠭᠤᠯᠭ᠎ᠠ ᠶᠢ ᠴᠢᠩᠭᠠᠳᠬᠠᠨ᠂ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠶᠢ ᠶᠠᠪᠣᠭᠳᠠᠭᠤᠯᠵᠤ᠂ | ᠣᠯᠠᠨ ᠲᠦᠮᠡᠨ ᠤ ᠬᠢᠲᠠᠳ ᠡᠮᠨᠡᠯᠭᠡ ᠶᠢᠨ ᠬᠠᠮᠲᠤ ᠶᠢᠨ ᠴᠣᠭᠴᠠ ᠶᠢᠨ ᠠᠵᠢᠯ ᠤᠨ ᠲᠤᠬᠠᠶ ᠮᠡᠳᠡᠷᠡᠮᠵᠢ ᠶᠢ | ᠳᠡᠭᠡᠭᠰᠢᠯᠡᠭᠦᠯᠦᠨ᠂ ᠣᠯᠠᠨ ᠲᠦᠮᠡᠨ ᠢ ᠬᠥᠲᠥᠯᠦᠨ ᠵᠢᠯᠣᠭᠤᠳᠴᠤ ᠪᠠᠶᠢᠭᠠᠳ ᠡᠪᠡᠳᠴᠢᠨ ᠦᠵᠡᠭᠦᠯᠬᠦ ᠦᠵᠡᠯᠲᠡ ᠪᠠ | ᠳᠠᠳᠬᠠᠯ ᠢ ᠨᠢ ᠠᠯᠬᠤᠮ ᠠᠯᠬᠤᠮ ᠢᠶᠠᠷ ᠬᠤᠪᠢᠷᠠᠭᠤᠯᠵᠤ᠂ ᠳᠡᠰ ᠬᠤᠪᠢᠶᠠᠨ ᠣᠨᠣᠰᠢᠯᠠᠨ ᠡᠮᠨᠡᠬᠦ ᠰᠢᠨ᠎ᠡ ᠵᠠᠭᠪᠤᠷ ᠢ | ᠪᠣᠶ ᠪᠣᠯᠭᠠᠬᠤ ᠳᠤ ᠬᠦᠴᠦᠨ ᠨᠡᠮᠡᠷᠢᠯᠡᠬᠦ ᠬᠡᠷᠡᠭᠲᠡᠶ᠃ | |