ᠲᠦᠭ ᠲᠦᠮᠡᠨ ᠬᠡᠷ ᠪᠦᠯᠢ ᠶᠢ ᠬᠠᠪᠰᠤᠷᠤᠨ ᠡᠪᠡᠳᠴᠢᠨ ᠡᠮᠭᠡᠭ ᠤᠨ ᠡᠮᠴᠢᠯᠡᠭᠡᠨ ᠤ ᠰᠦᠢᠳᠭᠡᠯ ᠤᠨ | ᠵᠠᠷᠤᠯᠭ᠎ᠠ ᠠᠴᠠ ᠪᠣᠯᠤᠭᠰᠠᠨ ᠠᠵᠤ ᠠᠬᠤᠶ ᠶᠢᠨ ᠠᠶᠤᠯ ᠲᠦᠭᠰᠢᠭᠦᠷᠢ ᠶᠢ ᠠᠷᠭᠠᠴᠠᠬᠤ ᠶᠢᠨ ᠲᠥᠯᠥᠭᠡ᠂ | ᠤᠯᠤᠰ ᠠᠴᠠ ᠦᠨᠳᠦᠰᠦᠨ ᠡᠮ ᠡᠮᠨᠡᠯᠭᠡ ᠶᠢᠨ ᠳᠠᠭᠠᠳᠬᠠᠯ᠂ ᠬᠦᠨᠳᠦ ᠡᠪᠡᠳᠴᠢᠨ ᠤ ᠳᠠᠭᠠᠳᠬᠠᠯ᠂ ᠡᠮ | ᠡᠮᠨᠡᠯᠭᠡ ᠶᠢᠨ ᠠᠪᠤᠷᠠᠨ ᠲᠤᠰᠠᠯᠠᠯᠳᠠ ᠭᠡᠬᠦ ᠭᠤᠷᠪᠠᠨᠵᠦ᠋ᠢᠯ ᠤᠨ ᠲᠦᠷᠢᠮ ᠤᠨ ᠶᠡᠷᠦᠩᠬᠡᠶᠢᠯᠡᠭᠰᠡᠨ ᠪᠠᠲᠤᠯᠠᠭ᠎ᠠ ᠶᠢᠨ | ᠰᠢᠰᠲ᠋ᠧᠮ ᠢ ᠪᠠᠶᠢᠭᠤᠯᠤᠨ ᠪᠦᠷᠢᠨᠰᠢᠭᠦᠯᠵᠦ᠂ ᠣᠯᠠᠨ ᠲᠦᠮᠡᠨ ᠤ ᠡᠮᠡᠮᠨᠡᠯᠭᠡ ᠶᠢᠨ ᠰᠦᠢᠳᠭᠡᠯ ᠤᠨ ᠳᠠᠷᠤᠭᠠᠰᠤ ᠶᠢ | ᠱᠠᠲᠤ ᠳᠠᠷᠠᠭᠠᠯᠠᠨ ᠬᠥᠩᠭᠡᠷᠡᠭᠦᠯᠪᠡ᠃ ᠡᠭᠦᠨ ᠳᠤ᠂ ᠬᠤᠲᠠ ᠬᠥᠳᠡᠭᠡ ᠵᠢᠨᠰᠠᠭᠤᠭᠠᠯᠢ ᠠᠷᠠᠳ ᠤᠨ ᠬᠦᠨᠳᠦ | ᠡᠪᠡᠳᠴᠢᠨ ᠤ ᠳᠠᠭᠠᠳᠬᠠᠯ ︵ᠳᠣᠷᠣᠭᠰᠢ ︽ᠬᠦᠨᠳᠦ ᠡᠪᠡᠳᠴᠢᠨ ᠤ ᠳᠠᠭᠠᠳᠬᠠᠯ︾ ᠭᠡᠵᠦᠲ᠋ᠣᠪᠴᠢᠯᠠᠨ᠎ᠠ︶ ᠪᠣᠯ | ᠰᠠᠭᠤᠭᠠᠯᠢ ᠠᠷᠠᠳ ᠤᠨ ᠡᠮ ᠡᠮᠨᠡᠯᠭᠡ ᠶᠢᠨ ᠲᠠᠭᠠᠳᠬᠠᠯ ᠤᠨ ᠰᠠᠭᠤᠷᠢᠨ ᠳᠡᠭᠡᠷ᠎ᠡ᠂ ᠬᠦᠨᠳᠦ ᠡᠪᠡᠳᠴᠢᠲᠡᠨ ᠤ ᠶᠡᠭᠡ | ᠲᠣᠭᠠᠨ ᠤ ᠡᠮ ᠡᠮᠨᠡᠯᠭᠡ ᠶᠢᠨ ᠰᠦᠢᠳᠭᠡᠯ ᠤᠨ ᠲᠦᠷᠢᠮ ᠤᠨ ᠲᠣᠬᠢᠷᠠᠭᠤᠯᠤᠯᠲᠠ ᠶᠢ ᠤᠯᠠᠮ ᠴᠢᠨᠠᠬᠰᠢᠳᠠ | ᠪᠠᠲᠤᠯᠠᠬᠤ ᠪᠣᠯᠤᠨ᠎ᠠ᠃ | ᠬᠦᠨᠳᠦ ᠡᠪᠡᠳᠴᠢᠨ ᠤ ᠳᠠᠭᠠᠳᠬᠠᠯ ᠢ ᠶᠠᠭᠠᠬᠢᠵᠦ ᠭᠤᠶᠤᠴᠢᠯᠠᠬᠤ ᠪᠣᠶ᠂ ᠪᠠᠰᠠ ᠶᠠᠭᠠᠬᠢᠵᠦ ᠰᠦᠢᠳᠭᠡᠯ | ᠲᠤᠰᠢᠶᠠᠬᠤ ᠪᠣᠶ︖ | ᠲᠦᠷᠢᠮ ᠢ ᠲᠤᠬᠳᠠᠭᠠᠬᠰᠠᠨ ᠠᠴᠠ ᠡᠬᠢᠯᠡᠨ᠂ ᠬᠦᠨᠳᠦ ᠡᠪᠡᠳᠴᠢᠨ ᠤ ᠳᠠᠭᠠᠳᠬᠠᠯ ᠤᠨ ᠲᠦᠷᠢᠮ ᠢ ᠲᠣᠰᠬᠠᠷ | ᠭᠤᠶᠤᠴᠢᠯᠠᠨ ᠳᠠᠭᠠᠳᠬᠠᠯ ᠳᠤ ᠣᠷᠣᠬᠤ ᠴᠢᠬᠤᠯᠠ ᠥᠬᠡᠶ ᠪᠣᠯᠵᠣ᠂ ᠪᠣᠶ ᠪᠥᠬᠦᠶ ᠰᠦᠢᠳᠭᠡᠯ ᠢ | ᠲᠤᠰᠢᠶᠠᠵᠦ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ | ᠣᠷᠣᠯᠴᠠᠭᠰᠠᠨ ᠣᠯᠠᠨ ᠲᠦᠮᠡᠨ ᠪᠤᠯ ᠴᠥᠮ ᠬᠦᠨᠳᠦ ᠡᠪᠡᠳᠴᠢᠨ ᠤ ᠳᠠᠭᠠᠳᠬᠠᠯ ᠳᠤ ᠣᠷᠣᠯᠴᠠᠭᠰᠠᠨ ᠬᠦᠮᠦᠰ | ᠪᠣᠯᠬᠤᠷ ᠲᠣᠰᠬᠠᠷ ᠰᠦᠢᠳᠭᠡᠯ ᠲᠤᠰᠢᠶᠠᠬᠤ ᠴᠢᠬᠤᠯᠠ ᠥᠬᠡᠶ ᠪᠣᠯᠵᠠᠶ᠃ ᠬᠦᠨᠳᠦ ᠡᠪᠡᠳᠴᠢᠨ ᠤ ᠳᠠᠭᠠᠳᠬᠠᠯ ᠤᠨ | ᠳᠦᠷᠢᠮ ᠢ 2012 ᠣᠨ ᠳᠤ ᠲᠤᠷᠰᠢᠯᠲᠠ ᠬᠢᠬᠦ ᠠᠵᠢᠯ ᠢ ᠡᠭᠢᠯᠡᠬᠦᠯᠵᠦ᠂ 2015 ᠣᠨ ᠠᠴᠠ ᠡᠬᠢᠯᠡᠨ ᠪᠦᠬᠦ | ᠲᠠᠯ᠎ᠠ ᠪᠠᠷ ᠬᠡᠷᠡᠭᠵᠢᠭᠦᠯᠵᠡᠢ᠃ | ᠬᠦᠨᠳᠦ ᠡᠪᠡᠳᠴᠢᠨ ᠤ ᠳᠠᠭᠠᠳᠬᠠᠯ ᠤᠨ ᠡᠬᠢᠯᠡᠵᠦ ᠲᠤᠰᠢᠶᠠᠬᠤ ᠪᠠᠷᠢᠮᠵᠢᠶ᠎ᠠ ᠨᠢ ᠶᠠᠮᠠᠷᠰᠢᠦ ᠪᠤᠢ︖ | ᠣᠳᠣᠬᠠᠨ ᠳᠤ᠂ ᠤᠯᠤᠰ ᠠᠴᠠ ᠲᠣᠭᠲᠠᠭᠠᠭᠰᠠᠨ ᠬᠦᠨᠳᠦ ᠡᠪᠡᠳᠴᠢᠨ ᠤ ᠳᠠᠭᠠᠳᠬᠠᠯ ᠤᠨ ᠡᠬᠢᠯᠡᠵᠦ | ᠲᠤᠰᠢᠶᠠᠬᠤ ᠪᠠᠷᠢᠮᠵᠢᠶ᠎ᠠ ᠶᠢ ᠵᠠᠷᠴᠢᠮ ᠳᠡᠭᠡᠷ᠎ᠡ ᠪᠠᠨ ᠨᠢᠭᠡᠳᠦᠯᠲᠡᠶ ᠲᠥᠯᠥᠪᠯᠡᠬᠦ ᠭᠠᠵᠠᠷ ᠣᠷᠣᠨ ᠤ ᠰᠠᠭᠤᠭᠠᠯᠢ | ᠠᠷᠠᠳ ᠤᠨ ᠲᠦᠷᠦᠭᠦᠦ ᠵᠢᠯ ᠤᠨᠬᠥ᠋ᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢᠨ 50 % ᠠᠴᠠ | ᠥᠨᠳᠥᠷ ᠪᠠᠶᠢᠯᠭᠠᠵᠤ ᠪᠣᠯᠬᠤ ᠥᠬᠡᠶ᠂ ᠲᠤᠰᠢᠶᠠᠬᠤᠬᠠᠷᠢᠴᠠᠯ ᠢ 60 % ᠠᠴᠠ ᠳᠤᠤᠷ᠎ᠠ ᠪᠠᠶᠢᠯᠭᠠᠵᠤ ᠪᠣᠯᠬᠤ ᠥᠬᠡᠶ︔ | ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠨᠢ ᠡᠪᠡᠳᠴᠢᠨ ᠤ ᠳᠠᠭᠠᠳᠬᠠᠯ ᠤᠨ ᠬᠠᠮᠤᠭ ᠤᠨ ᠥᠨᠳᠥᠷ | ᠲᠤᠰᠢᠶᠠᠬᠤ ᠬᠢᠵᠠᠭᠠᠷ ᠲᠤᠭ᠎ᠠ ᠶᠢ ᠳᠠᠪᠬᠤᠴᠠᠭᠤᠯᠤᠨ ᠨᠡᠮᠡᠭᠳᠡᠭᠦᠯᠵᠦ᠂ ᠵᠠᠷᠴᠢᠮ ᠳᠡᠭᠡᠷ᠎ᠡ ᠪᠠᠨ ᠲᠤᠬᠠᠶ ᠶᠢᠨ | ᠭᠠᠵᠠᠷ ᠤᠨ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢᠨ 6 ᠳᠠᠬᠢᠨ | ᠣᠷᠴᠢᠮ ᠬᠦᠷᠭᠡᠨ᠎ᠡ᠃ ᠬᠦᠴᠢᠷᠳᠡᠯᠲᠡᠶ ᠬᠥᠮᠦᠰ ᠲᠤ ᠴᠢᠭᠯᠡᠭᠦᠯᠦᠨ᠂ ᠤᠯᠤᠰ ᠠᠴᠠ ᠬᠦᠨᠳᠦ ᠡᠪᠡᠳᠴᠢᠨ ᠤ | ᠳᠠᠭᠠᠳᠬᠠᠯ ᠤᠨ ᠲᠠᠩᠰᠠ ᠲᠠᠶᠢᠯᠬᠤ ᠲᠥᠷᠥ ᠶᠢᠨ ᠪᠣᠳᠣᠯᠭ᠎ᠠ ᠶᠢᠨ ᠪᠠᠶᠢᠷᠢᠯᠠᠭᠤᠯᠤᠯᠲᠠ ᠶᠢ | ᠦᠷᠭᠦᠯᠵᠢᠯᠡᠨᠲ᠋ᠡᠭᠦᠯᠳᠡᠷᠵᠢᠭᠦᠯᠵᠦ᠂ ᠲᠦᠢᠯ ᠤᠨ ᠣᠨᠣᠪᠴᠢᠲᠠᠶ ᠪᠠᠷ ᠬᠠᠷᠠᠭᠠᠯᠵᠠᠯ ᠦᠵᠡᠭᠦᠯᠦᠨ᠎ᠡ᠃ | ᠠᠮᠢᠳᠤᠷᠠᠯ ᠤᠨ ᠨᠠᠭᠠᠳᠤ ᠵᠠᠬ᠎ᠠ ᠵᠢᠨᠪᠠᠲᠤᠯᠠᠭ᠎ᠠ ᠭᠥᠷᠳᠡᠭᠰᠡᠳ᠂ ᠣᠨᠴᠠ ᠬᠦᠴᠢᠷᠳᠡᠯᠲᠡᠶ ᠬᠥᠮᠦᠰ ᠪᠠ ᠳᠠᠬᠢᠨ | ᠶᠠᠳᠠᠭᠤᠷᠠᠭᠰᠠᠨ ᠶᠠᠳᠠᠭᠤ ᠬᠥᠮᠦᠨ ᠠᠮᠠ ᠶᠢᠨ ᠬᠦᠨᠳᠦᠡᠪᠡᠳᠴᠢᠨ ᠤ ᠳᠠᠭᠠᠳᠬᠠᠯ ᠤᠨ ᠡᠬᠢᠯᠡᠵᠦ ᠲᠤᠰᠢᠶᠠᠬᠤ | ᠪᠠᠷᠢᠮᠵᠢᠶ᠎ᠠ ᠶᠢ 50 % ᠪᠠᠷ ᠪᠠᠭᠤᠷᠠᠭᠤᠯᠵᠤ᠂ ᠲᠤᠰᠢᠶᠠᠬᠤ ᠬᠠᠷᠢᠴᠠᠯ ᠢ 5ᠵᠠᠭᠤᠨ ᠤ ᠬᠤᠪᠢ ᠶᠢᠨ ᠴᠡᠭ | ᠳᠡᠭᠡᠭᠰᠢᠯᠡᠭᠦᠯᠬᠦ ᠶᠢᠨ ᠵᠡᠷᠭᠡᠪᠡᠷ ᠬᠠᠮᠤᠭ ᠤᠨ ᠥᠨᠳᠥᠷ ᠲᠤᠰᠢᠶᠠᠬᠤ ᠬᠢᠵᠠᠭᠠᠷ ᠲᠤᠭ᠎ᠠ ᠶᠢ ᠬᠦᠴᠦᠨᠥᠬᠡᠶ ᠪᠣᠯᠭᠠᠨ᠎ᠠ᠃ | ᠬᠦᠨᠳᠦ ᠡᠪᠡᠳᠴᠢᠨ ᠤ ᠳᠠᠭᠠᠳᠬᠠᠯ ᠢ ᠬᠡᠷᠬᠢᠨ ᠲᠠᠰᠤᠯᠤᠨ ᠪᠣᠳᠣᠬᠤ ᠪᠤᠢ︖ | ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠭᠰᠠᠳ ᠤᠨ ᠲᠣᠭᠲᠠᠭᠰᠠᠨ ᠡᠮ | ᠡᠮᠨᠡᠯᠭᠡ ᠵᠢᠨᠪᠠᠶᠢᠭᠤᠯᠤᠮᠵᠢ ᠳᠤ ᠦᠵᠡᠬᠦᠯᠦᠭᠰᠡᠨ ᠡᠮ ᠡᠮᠨᠡᠯᠭᠡ ᠶᠢᠨ ᠰᠦᠢᠳᠭᠡᠯ ᠨᠢ ᠬᠦᠨᠳᠦ ᠡᠪᠡᠳᠴᠢᠨ ᠤ | ᠳᠠᠭᠠᠳᠬᠠᠯ ᠤᠨ ᠰᠦᠢᠳᠭᠡᠯ ᠤᠨᠬᠡᠰᠡᠭ ᠲᠤ ᠣᠷᠣᠭᠰᠠᠨ ᠪᠠᠶᠢᠪᠠᠯ᠂ ︽ᠨᠢᠭᠡ ᠥᠷᠲᠡᠭᠡ ᠮᠠᠶ᠋ᠢᠭ︾ ᠤᠨ ᠲᠠᠰᠤᠯᠤᠨ | ᠪᠤᠳᠤᠬᠤ ᠶᠢ ᠪᠡᠶᠡᠯᠡᠭᠦᠯᠦᠭᠰᠡᠨ ᠭᠠᠵᠠᠷ ᠣᠷᠣᠨᠨᠢ ᠲᠡᠷᠡ ᠲᠠᠷᠤᠢ ᠳᠤᠨᠢ ᠲᠠᠰᠤᠯᠤᠨ ᠪᠤᠳᠤᠵᠦ ᠦᠭᠭᠦᠨ᠂ ᠬᠠᠮᠢᠶ᠎ᠠ | ᠪᠥᠬᠦᠶ ᠣᠯᠭᠤᠮᠵᠢ ᠶᠢ ᠠᠶᠠᠨᠳᠠᠭᠠᠨ ᠬᠦᠷᠳᠡᠭᠦ ᠪᠤᠯᠤᠨ᠎ᠠ᠂ᠲᠤᠰᠬᠠᠶᠢᠯᠠᠨ ᠭᠤᠶᠤᠴᠢᠯᠠᠨ ᠮᠡᠳᠡᠭᠦᠯᠬᠦ ᠴᠢᠬᠤᠯᠠ ᠥᠬᠡᠶ᠃ | | ᠦᠨᠳᠦᠰᠦᠨ ᠡᠮ ᠡᠮᠨᠡᠯᠭᠡ ᠶᠢᠨ ᠳᠠᠭᠠᠳᠬᠠᠯ ᠪᠠ ᠬᠦᠨᠳᠦ ᠡᠪᠡᠳᠴᠢᠨ ᠤ ᠳᠠᠭᠠᠳᠬᠠᠯ ᠳᠤ ᠤᠷᠤᠯᠴᠠᠬᠰᠠᠨ ᠪᠤᠯ | ᠪᠠᠰᠠᠲ᠋ᠤᠰᠠᠭᠠᠷ ᠢᠶᠠᠨ ᠬᠤᠳᠠᠯᠳᠤᠭᠠᠨ ᠤ ᠳᠠᠭᠠᠳᠬᠠᠯ ᠠᠪᠬᠤ ᠴᠢᠬᠤᠯᠠ ᠲᠠᠢ ᠦᠦ︖ | ᠬᠦᠨᠳᠦ ᠡᠪᠡᠳᠴᠢᠨ ᠤ ᠳᠠᠭᠠᠳᠬᠠᠯ ᠤᠨ ᠲᠦᠷᠢᠮ ᠢ ᠲᠤᠬᠳᠠᠭᠠᠬᠰᠠᠨ ᠡᠬᠢᠨ ᠤ ᠦᠶ᠎ᠡ ᠳᠤ᠂ ᠡᠮ ᠡᠮᠨᠡᠯᠭᠡ | ᠵᠢᠨᠲ᠋ᠠᠭᠠᠳᠬᠠᠯ ᠤᠨ ᠰᠠᠯᠠᠭ᠎ᠠ ᠮᠥᠴᠢᠷ ᠨᠢ ᠵᠠᠬ᠎ᠠ ᠳᠡᠯᠭᠡᠭᠦᠷ ᠤᠨ ᠣᠷᠣᠯᠴᠠᠬᠤ ᠶᠢ ᠢᠮᠠᠭᠲᠠ ᠵᠣᠷᠢᠭᠵᠢᠭᠤᠯᠵᠤ᠂ | ᠬᠤᠳᠠᠯᠳᠤᠭᠠᠨ ᠤᠲ᠋ᠠᠭᠠᠳᠬᠠᠯ ᠤᠨ ᠪᠠᠶᠢᠭᠤᠯᠤᠮᠵᠢ ᠶᠢᠨ ᠳᠠᠭᠠᠭᠠᠨ ᠡᠷᠭᠢᠯᠡᠬᠦ ᠶᠢ ᠢᠳᠡᠪᠬᠢᠲᠡᠶ ᠳᠡᠮᠵᠢᠵᠦ᠂ ᠡᠮ | ᠡᠮᠨᠡᠯᠭᠡ ᠶᠢᠨ ᠳᠠᠭᠠᠳᠬᠠᠯ ᠤᠨᠬᠤᠷᠰᠢᠶ᠎ᠠ ᠶᠢᠨ ᠬᠤᠳᠠᠯᠳᠤᠭᠠᠴᠢᠨ ᠬᠠᠮᠳᠤᠷᠠᠨ ᠠᠵᠢᠯᠯᠠᠬᠤ ᠰᠢᠨ᠎ᠡ | ᠵᠠᠭᠪᠤᠷ ᠢ ᠰᠢᠨ᠎ᠡ ᠪᠠᠷ ᠡᠭᠦᠳᠦᠨ ᠪᠠᠶᠢᠭᠤᠯᠵᠤᠪᠦ᠋ᠷᠢᠨᠰᠢᠭᠦᠯᠪᠡ᠃ ᠣᠳᠣᠬᠠᠨ ᠳᠤ᠂ 90 % ᠠᠴᠠ | ᠳᠡᠭᠡᠭᠰᠢᠬᠢ ᠨᠢᠭᠡᠳᠦᠯᠲᠡᠶ ᠲᠥᠯᠥᠪᠯᠡᠬᠦ ᠭᠠᠵᠠᠷ ᠣᠷᠣᠨ ᠨᠢ ᠵᠠᠰᠠᠭ ᠤᠨᠣᠷᠳᠣᠨ ᠦᠢᠯᠡᠴᠢᠯᠡᠭᠡ ᠶᠢ ᠬᠤᠳᠠᠯᠳᠤᠨ | ᠠᠪᠬᠤ ᠠᠷᠭ᠎ᠠ ᠮᠠᠶ᠋ᠢᠭ ᠢᠶᠠᠷ ᠳᠠᠮᠵᠢᠭᠤᠯᠤᠨ ᠬᠤᠳᠠᠯᠳᠤᠭᠠᠨ ᠤ ᠳᠠᠭᠠᠳᠬᠠᠯ ᠤᠨᠺᠣᠮᠫᠠᠨᠢ ᠳᠤ ᠨᠠᠶᠢᠳᠠᠵᠤ ᠬᠦᠨᠳᠦ | ᠡᠪᠡᠳᠴᠢᠨ ᠤ ᠳᠠᠭᠠᠳᠬᠠᠯ ᠤᠨ ᠲᠤᠬᠠᠶᠢᠯᠠᠭᠰᠠᠨ ᠠᠵᠢᠯ ᠢ ᠳᠠᠭᠠᠭᠠᠨ ᠬᠢᠯᠭᠡᠵᠦ ᠪᠠᠶᠢᠨ᠎ᠠ᠃ ᠦᠨᠳᠦᠰᠦᠨ ᠡᠮ | ᠡᠮᠨᠡᠯᠭᠡ ᠶᠢᠨ ᠳᠠᠭᠠᠳᠬᠠᠯ ᠪᠠ ᠬᠦᠨᠳᠦ ᠡᠪᠡᠳᠴᠢᠨ ᠤ ᠳᠠᠭᠠᠳᠬᠠᠯ ᠠᠴᠠ ᠭᠠᠳᠠᠨ᠎ᠠ᠂ | ᠳᠠᠭᠠᠳᠬᠠᠯ ᠳ᠋ᠤ᠋ᠣᠷᠣᠯᠴᠠᠭᠰᠠᠳ ᠬᠤᠳᠠᠯᠳᠤᠭᠠᠨ ᠤ ᠳᠠᠭᠠᠳᠬᠠᠯ ᠨᠥᠬᠦᠪᠥᠷᠢᠯᠡᠬᠦ ᠴᠢᠬᠤᠯᠠᠲᠠᠶ ᠡᠰᠡᠬᠦ ᠶᠢ ᠬᠤᠪᠢ | ᠬᠥᠮᠦᠨ ᠤ ᠬᠦᠰᠡᠯ ᠡᠷᠡᠮᠡᠯᠵᠡᠯ ᠪᠠᠲ᠋ᠠᠭᠠᠭᠠᠬᠤ ᠴᠢᠳᠠᠪᠤᠷᠢ ᠠᠴᠠ ᠰᠢᠯᠳᠠᠭᠠᠯᠠᠬᠳᠠᠨ᠎ᠠ᠃ |