ᠶᠡᠷᠦᠩᠬᠡᠢ ᠪᠡᠯᠡ ᠣᠷᠣᠭᠤᠯᠤᠯᠲᠠ 3 ᠳ᠋ᠦᠩᠰᠢᠭᠤᠷ ᠪᠣᠯᠬᠤ ᠵᠢᠦ ᠶᠤᠸᠠᠨ ᠲᠣᠭᠤᠷᠢᠭ ᠤᠨ ᠲᠠᠷᠢᠶᠠᠯᠠᠩ ᠤᠨ ᠬᠠᠮᠤᠭ ᠤᠨ ᠲᠣᠮᠣ ᠲᠥᠷᠥᠯ ᠵᠦᠢᠯ ᠠᠮᠵᠢᠯᠲᠠ ᠲᠠᠢ ᠶᠠᠪᠣᠭᠳᠠᠵᠣ ᠪᠠᠶᠢᠨ᠎ᠠ
ᠨᠡᠶᠢᠲᠡᠯᠡᠭᠰᠡᠨ ᠴᠠᠭ᠄
2024/5/17
    ᠣᠶᠢᠷ᠎ᠠ ᠳᠤ᠂ ᠵᠥᠩ ᠫᠧᠩ ᠨᠦᠩ ᠾᠧ ︵ᠥᠪᠥᠷ ᠮᠣᠩᠭᠤᠯ︶ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠭᠤᠶᠤᠴᠢᠯᠠᠨ ᠮᠡᠳᠡᠭᠦᠯᠦᠭᠰᠡᠨ ︽ᠥᠪᠥᠷ ᠮᠣᠩᠭᠤᠯ ᠤᠨ ᠠᠮᠢ ᠠᠬᠤᠶ ᠶᠢᠨ ᠣᠶᠤᠨᠴᠢ ᠲᠠᠷᠢᠶᠠᠯᠠᠩ ᠤᠨ ᠵᠢᠱᠢᠶ᠎ᠡ ᠦᠵᠡᠭᠦᠯᠬᠦ ᠬᠦᠷᠢᠶᠡᠯᠡᠩ ᠤᠨ ᠲᠥᠷᠥᠯ ᠵᠦᠢᠯ︾ ᠨᠢ ᠨᠢᠭᠡᠨᠲᠡ ᠵᠦᠪᠰᠢᠶᠡᠷᠡᠭᠳᠡᠪᠡ᠃ ᠲᠣᠰ ᠲᠥᠷᠥᠯ ᠵᠦᠢᠯ ᠤᠨ ᠶᠡᠷᠦᠩᠬᠡᠶ ᠡᠵᠡᠯᠡᠬᠦ ᠲᠠᠯᠠᠪᠠᠶ ᠨᠢ 2500 ᠮᠥ ᠪᠠᠶᠢᠵᠤ᠂ 3 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠬᠤ ᠪᠠᠷ ᠲᠥᠯᠥᠪᠯᠡᠵᠦ᠂ ᠵᠢᠱᠢᠯᠲᠡ ᠪᠠᠷ ᠵᠢᠯ ᠪᠦᠷᠢ ᠪᠠᠷᠤᠭ 5 ᠲᠦᠮᠡᠨ ᠠᠵᠢᠯ ᠤᠨ ᠪᠠᠶᠢᠷᠢ ᠬᠠᠩᠭᠠᠵᠤ ᠳᠡᠶᠢᠯᠵᠦ᠂ ᠬᠥᠳᠡᠭᠡ ᠲᠣᠰᠬᠤᠨ ᠤ ᠨᠡᠮᠡᠬᠦᠦ ᠬᠥᠳᠡᠯᠮᠦᠷᠢ ᠬᠦᠴᠦᠨ ᠤ ᠠᠵᠢᠯ ᠤᠯᠬᠤ ᠳᠠᠷᠤᠯᠲᠠ ᠶᠢ ᠨᠠᠮᠳᠠᠭᠤᠯᠬᠤ ᠳᠤ ᠠᠰᠢᠭᠲᠠᠶ ᠪᠠᠶᠢᠵᠤ᠂ ᠬᠤᠲᠠ ᠶᠢᠨ ᠰᠠᠭᠤᠭᠠᠯᠢ ᠠᠷᠠᠳ ᠲᠤ ᠬᠤᠤᠷ ᠥᠬᠡᠶ᠂ ᠪᠣᠬᠢᠷᠲᠤᠯ ᠥᠬᠡᠶ ᠴᠢᠨᠠᠷ ᠰᠠᠶᠢᠲᠠᠶ ᠡᠷᠡᠭᠦᠯᠵᠢᠯ ᠤᠨ ᠲᠠᠷᠢᠶᠠᠯᠠᠩ ᠲᠤᠰᠠᠯᠠᠬᠤ ᠠᠵᠤ ᠠᠬᠤᠶ ᠶᠢᠨ ᠪᠦᠲᠦᠭᠡᠭᠳᠡᠬᠦᠨ ᠢ ᠬᠠᠩᠭᠠᠵᠤ᠂  ᠰᠡᠯᠡᠭᠦᠦ ᠤᠯᠠᠷᠢᠯ ᠳᠤ ᠲᠣᠳᠠᠭᠳᠠᠵᠣ ᠪᠠᠶᠢᠭ᠎ᠠ ᠵᠦᠢᠯᠡᠰ ᠢ ᠨᠥᠬᠦᠪᠥᠷᠢᠯᠡᠵᠦ᠂ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠬᠤᠭᠤᠯᠠᠨ ᠰᠢᠷᠡᠭᠡ ᠶᠢ ᠪᠠᠶᠠᠯᠢᠭᠵᠢᠭᠤᠯᠵᠤ᠂ ᠬᠥᠮᠦᠰ ᠤᠨ ᠠᠮᠢᠳᠤᠷᠠᠯ ᠤᠨ ᠶᠠᠰᠤ ᠴᠢᠨᠠᠷ ᠢ ᠳᠡᠭᠡᠭᠰᠢᠯᠡᠭᠦᠯᠬᠦ ᠴᠢᠳᠠᠨ᠎ᠠ᠃ ᠲᠤᠰ ᠲᠥᠷᠥᠯ ᠵᠦᠢᠯ ᠢ ᠬᠡᠷᠡᠭᠵᠢᠭᠦᠯᠦᠭᠰᠡᠨ ᠤ ᠳᠠᠷᠠᠭ᠎ᠠ᠂ ᠲᠠᠷᠢᠶᠠᠴᠢᠳ ᠤᠨ ᠬᠥᠮᠦᠨ ᠪᠦᠷᠢ ᠶᠢᠨ ᠳᠤᠮᠳᠠᠴᠢ ᠣᠷᠣᠯᠭ᠎ᠠ ᠶᠢ ᠵᠢᠯ ᠪᠦᠷᠢ ᠪᠠᠷᠤᠭ 1000 ᠲᠥᠭᠦᠷᠢᠭ  ᠨᠡᠮᠡᠭᠳᠡᠭᠦᠯᠵᠦ ᠳᠠᠶᠢᠯᠦᠨ᠎ᠡ᠃ ᠵᠢᠱᠢᠯᠲᠡ ᠪᠠᠷ᠂ ᠵᠢᠯ ᠪᠦᠷᠢ 363.2 ᠲᠦᠮᠡᠨ ᠲᠥᠭᠦᠷᠢᠭ ᠤᠨ ᠭᠠᠶᠢᠯᠢ ᠲᠤᠰᠢᠶᠠᠵᠤ᠂ ᠣᠷᠣᠨ ᠨᠤᠲᠤᠭ ᠤᠨ ᠡᠳ᠋ ᠤᠨ ᠵᠠᠰᠠᠭ ᠤᠨ ᠣᠷᠣᠯᠭ᠎ᠠ ᠶᠢ ᠨᠡᠮᠡᠭᠳᠡᠭᠦᠯᠵᠦ᠂ ᠵᠢᠱᠢᠶ᠎ᠡ ᠦᠵᠡᠭᠦᠯᠬᠦ ᠦᠢᠯᠡᠳᠦᠯ ᠢᠶᠠᠷ ᠡᠷᠬᠢᠨ ᠲᠣᠭᠤᠷᠢᠨ ᠤ ᠭᠠᠵᠠᠷ ᠣᠷᠣᠨ ᠢ ᠨᠥᠯᠥᠭᠡᠯᠡᠨ ᠳᠠᠶᠢᠴᠢᠯᠠᠵᠤ᠂ ᠵᠢᠦ ᠶᠤᠸᠠᠨ ᠲᠣᠭᠤᠷᠢᠭ ᠤᠨ ᠠᠵᠤ ᠠᠬᠤᠶ ᠶᠢᠨ  ᠦᠷᠭᠦᠯᠵᠢᠯᠡᠬᠦᠶᠢᠴᠡ ᠬᠦᠭᠵᠢᠯᠲᠡ ᠶᠢ ᠠᠬᠢᠭᠤᠯᠬᠤ ᠪᠣᠯᠤᠨ᠎ᠠ᠃ 
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号