ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠵᠢᠵᠢᠭᠯᠡᠨ ᠬᠤᠳᠠᠯᠳᠤᠬᠤ ᠦᠢᠯᠡᠰ ᠢ ᠬᠥᠮᠥᠷᠭᠡ ᠳᠤ ᠣᠷᠣᠭᠤᠯᠵᠤ | ᠪᠤᠶᠢᠵᠢᠭᠤᠯᠬᠤ ᠶᠢ ᠤᠯᠠᠮ ᠨᠢᠭᠡ ᠠᠯᠬᠤᠮ ᠠᠬᠢᠭᠤᠯᠵᠤ᠂ ᠲᠡᠳᠡᠭᠡᠷ ᠠᠵᠤ ᠠᠬᠤᠶᠢᠯᠠᠯ ᠤᠨ ᠠᠵᠤ ᠠᠬᠤᠶ ᠳᠤ | ᠦᠵᠡᠭᠦᠯᠬᠦ ᠨᠦᠯᠦᠭᠡ ᠶᠢ ᠳᠡᠭᠡᠭᠰᠢᠯᠡᠭᠦᠯᠬᠦ ᠶᠢᠨ ᠲᠥᠯᠥᠭᠡ᠂ 5 ᠰᠠᠷ᠎ᠠ ᠶᠢᠨ 16 ᠤ ᠡᠳᠦᠷ᠂ ᠲᠣᠭᠤᠷᠢᠭ ᠤᠨ | ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠲᠣᠬᠢᠷᠠᠭᠰᠠᠨ ᠨᠥᠬᠦᠴᠡᠯ ᠳᠤ ᠨᠡᠶᠢᠴᠡᠬᠦ ᠪᠤᠭᠤᠲᠤ ᠬᠤᠲᠠ ᠶᠢᠨ ᠹᠠᠩ | ᠴᠧᠩ ᠪᠦᠦ ᠮᠠᠰᠢᠨ ᠲᠡᠷᠭᠡ ᠪᠣᠷᠣᠯᠠᠭᠤᠯᠬᠤ ᠦᠢᠯᠡᠴᠢᠯᠡᠭᠡᠨ ᠤ ᠬᠢᠵᠠᠭᠠᠷᠲᠤ ᠺᠣᠮᠫᠠᠨᠢ᠂ ᠪᠤᠭᠤᠲᠤ ᠬᠤᠲᠠ ᠶᠢᠨ ᠬᠤᠸᠠ | ᠶᠠᠨ ᠮᠠᠰᠢᠨ ᠲᠡᠷᠭᠡ ᠪᠣᠷᠣᠯᠠᠭᠤᠯᠬᠤ ᠦᠢᠯᠡᠴᠢᠯᠡᠭᠡᠨ ᠤ ᠬᠢᠵᠠᠭᠠᠷᠲᠤ ᠺᠣᠮᠫᠠᠨᠢ᠂ ᠪᠤᠭᠤᠲᠤ ᠬᠤᠲᠠ ᠶᠢᠨ ᠢ ᠲᠧᠩ | ᠮᠠᠰᠢᠨ ᠲᠡᠷᠭᠡ ᠪᠣᠷᠣᠯᠠᠭᠤᠯᠬᠤ ᠦᠢᠯᠡᠴᠢᠯᠡᠭᠡᠨ ᠤ ᠬᠢᠵᠠᠭᠠᠷᠲᠤ ᠺᠣᠮᠫᠠᠨᠢ ᠵᠡᠷᠭᠡ ᠭᠠᠵᠠᠷ ᠲᠤ ᠬᠦᠷᠴᠦ ᠪᠠᠶᠢᠴᠠᠭᠠᠨ | ᠰᠤᠳᠤᠯᠤᠯᠲᠠ ᠬᠢᠪᠠ᠃ | ᠪᠠᠶᠢᠴᠠᠭᠠᠨ ᠰᠣᠳᠣᠯᠬᠤ ᠪᠠᠷ ᠳᠡᠮᠵᠢᠨ᠂ ᠠᠵᠤ ᠠᠬᠤᠶᠢᠯᠠᠯ ᠤᠨ ᠣᠶᠢᠷ᠎ᠠ ᠶᠢᠨ ᠬᠤᠭᠤᠴᠠᠭᠠᠨ ᠤ | ᠡᠵᠡᠩᠨᠡᠯᠲᠡ ᠶᠢᠨ ᠪᠠᠶᠢᠳᠠᠯ ᠢ ᠨᠠᠷᠢᠨ ᠣᠶᠢᠯᠠᠭᠠᠭᠰᠠᠨ ᠪᠥᠭᠡᠳ ᠠᠵᠤ ᠠᠬᠤᠶᠢᠯᠠᠯ ᠳᠤ ᠣᠷᠣᠰᠢᠵᠤ ᠪᠠᠶᠢᠭ᠎ᠠ | ᠬᠦᠴᠢᠷᠳᠡᠯ ᠲᠠᠢ ᠠᠰᠠᠭᠤᠳᠠᠯ ᠢ ᠴᠠᠭ ᠲᠤᠬᠠᠶ ᠳᠤ ᠨᠢ ᠵᠣᠬᠢᠴᠠᠭᠤᠯᠤᠨ ᠰᠢᠢᠳᠪᠦᠷᠢᠯᠡᠵᠦ᠂ ᠠᠵᠤ ᠠᠬᠤᠶᠢᠯᠠᠯ ᠤᠨ | ᠬᠡᠷᠡᠭᠯᠡᠭᠡᠨ ᠤ ᠳᠠᠯᠳᠠ ᠬᠦᠴᠦᠨ ᠢ ᠤᠯᠠᠮ ᠨᠢᠭᠡ ᠠᠯᠬᠤᠮ ᠰᠦᠪᠡᠭᠴᠢᠯᠡᠵᠦ᠂ ᠪᠥᠬᠦ ᠲᠣᠭᠤᠷᠢᠭ ᠤᠨ ᠠᠷᠠᠯᠵᠢᠶ᠎ᠠ | ᠬᠤᠳᠠᠯᠳᠤᠭᠠᠨ ᠤ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠪᠡ᠃ | | | | | ᠲᠠᠷᠠᠭᠠᠴᠢ ᠶᠢᠨ ᠠᠯᠬᠤᠮ ᠳᠤ᠂ ᠲᠤᠭᠤᠷᠢᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠠᠷᠠᠯᠵᠢᠶ᠎ᠠ | ᠬᠤᠳᠠᠯᠳᠤᠭᠠᠨ ᠤ ᠠᠵᠤ ᠠᠬᠤᠶᠢᠯᠠᠯ ᠳᠤ ᠦᠢᠯᠡᠴᠢᠯᠡᠬᠦ ᠪᠠ ᠤᠬᠠᠭᠤᠯᠬᠤ ᠠᠵᠢᠯ ᠢᠶᠠᠨ ᠦᠷᠭᠦᠯᠵᠢᠯᠡᠨ ᠴᠢᠩᠭᠠᠳᠬᠠᠵᠤ | ᠂ ᠲᠣᠬᠢᠷᠠᠭᠰᠠᠨ ᠨᠥᠬᠦᠴᠡᠯ ᠳᠤ ᠨᠡᠶᠢᠴᠡᠬᠦ ᠠᠵᠤ ᠠᠬᠤᠶᠢᠯᠠᠯ ᠢ ᠱᠠᠭᠠᠷᠳᠠᠯᠭ᠎ᠠ ᠶᠣᠰᠣᠭᠠᠷ ᠭᠤᠶᠤᠴᠢᠯᠠᠨ | ᠮᠡᠳᠡᠭᠦᠯᠬᠦ ᠶᠢ ᠵᠢᠯᠣᠭᠤᠳᠴᠤ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠠᠷᠠᠯᠵᠢᠶ᠎ᠠ ᠬᠤᠳᠠᠯᠳᠤᠭᠠᠨ ᠤ ᠠᠵᠤ | ᠠᠬᠤᠶᠢᠯᠠᠯ ᠤᠨ ᠨᠢᠭᠡᠳᠬᠡᠪᠡᠰᠦ ᠵᠣᠬᠢᠬᠤ ᠶᠢ ᠨᠢ ᠪᠦᠬᠦᠨ ᠢ ᠨᠢᠭᠡᠳᠬᠡᠬᠦ ᠠᠵᠢᠯ ᠢ ᠠᠬᠢᠭᠤᠯᠵᠤ᠂ ᠪᠥᠬᠦ ᠲᠤᠭᠤᠷᠢᠭ ᠤᠨ | ᠠᠷᠠᠯᠵᠢᠶ᠎ᠠ ᠬᠤᠳᠠᠯᠳᠤᠭᠠᠨ ᠤ ᠦᠢᠯᠡᠰ ᠤᠨ ᠬᠥᠭᠵᠢᠯᠲᠡ ᠳᠤ ᠰᠢᠨ᠎ᠡ ᠬᠥᠳᠡᠯᠭᠡᠬᠦ ᠬᠦᠴᠦᠨ ᠬᠠᠩᠭᠠᠨ᠎ᠠ᠃ |