ᠵᠢᠥ ᠶᠤᠸᠠᠨ ᠲᠣᠭᠤᠷᠢᠭ ᠤᠨ 1-4 ᠰᠠᠷ᠎ᠠ ᠶᠢᠨ ᠭᠠᠳᠠᠭᠠᠳᠤ ᠠᠷᠠᠯᠵᠢᠶᠠᠨ ᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠲᠤᠭ᠎ᠠ ᠠᠳᠠᠯᠢ ᠬᠤᠭᠤᠴᠠᠭᠠᠨ ᠤ ᠬᠢ ᠠᠴᠠ ᠶᠡᠭᠡ ᠬᠡᠮᠵᠢᠶ᠎ᠡ ᠪᠠᠷ ᠨᠡᠮᠡᠭᠳᠡᠪᠡ
ᠨᠡᠶᠢᠲᠡᠯᠡᠭᠰᠡᠨ ᠴᠠᠭ᠄
2024/5/28
     ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠤᠨ ᠥᠪᠡᠷᠲᠡᠭᠡᠨ ᠪᠦᠷᠢᠳᠭᠡᠭᠰᠡᠨ ᠲᠤᠭ᠎ᠠ ᠪᠠᠷᠢᠮᠲᠠ ᠶᠢ ᠦᠨᠳᠦᠰᠦᠯᠡᠪᠡᠯ᠂ ᠵᠢᠥ ᠶᠤᠸᠠᠨ ᠲᠣᠭᠤᠷᠢᠭ ᠤᠨ 1-4 ᠰᠠᠷ᠎ᠠ ᠳᠤ ᠬᠠᠷᠢᠶ᠎ᠠ ᠭᠠᠵᠠᠷ ᠤᠨ ᠠᠵᠤ ᠠᠬᠤᠶᠢᠯᠠᠯ ᠤᠨ ᠭᠠᠳᠠᠭᠠᠳᠤ ᠠᠷᠠᠯᠵᠢᠶᠠᠨ ᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠲᠤᠭ᠎ᠠ 47480.75 ᠲᠦᠮᠡᠨ ᠲᠥᠭᠦᠷᠢᠭ ᠲᠤ ᠬᠦᠷᠴᠦ᠂ ᠪᠦᠬᠦ ᠵᠢᠯ ᠤᠨ ᠡᠭᠦᠷᠭᠡ ᠪᠠᠨ ᠪᠡᠶᠡᠯᠡᠭᠦᠯᠦᠭᠰᠡᠨ ᠨᠤᠷᠮ᠎ᠠ 47.5% ᠳᠤ ᠬᠦᠷᠴᠦ ᠂ ᠭᠠᠳᠠᠭᠠᠳᠤ ᠠᠴᠠ ᠣᠷᠣᠭᠤᠯᠤᠭᠰᠠᠨ ᠲᠤᠭ᠎ᠠ 7550.18 ᠲᠦᠮᠡᠨ ᠲᠥᠭᠦᠷᠢᠭ᠂ ᠭᠠᠳᠠᠭᠠᠳᠤ ᠳᠤ ᠭᠠᠷᠭᠠᠭᠰᠠᠨ ᠲᠤᠭ᠎ᠠ 39930.57 ᠲᠦᠮᠡᠨ ᠲᠥᠭᠦᠷᠢᠭ ᠬᠦᠷᠪᠡ᠃ ᠡᠭᠦᠨ ᠳᠤ ᠱᠧᠨ ᠬᠤᠸᠠ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ ᠺᠣᠮᠫᠠᠨᠢ 2470.45 ᠲᠦᠮᠡᠨ ᠲᠥᠭᠦᠷᠢᠭ ᠤᠨ ᠭᠠᠳᠠᠭᠠᠳᠤ ᠭᠠᠷᠭᠠᠯᠲᠠ ᠶᠢᠨ ᠲᠤᠭ᠎ᠠ ᠶᠢ ᠪᠡᠶᠡᠯᠡᠭᠦᠯᠵᠦ᠂ ᠭᠤᠣᠯ ᠪᠣᠯᠬᠤ ᠯᠠᠲ᠋ᠢᠨ ᠠᠮᠧᠷᠢᠺᠠ᠂ ᠵᠡᠭᠦᠨ ᠡᠮᠦᠨᠡᠲᠦ ᠠᠽᠢᠶ᠎ᠠ ᠵᠡᠷᠭᠡ ᠭᠠᠵᠠᠷ ᠣᠷᠣᠨ ᠤ ᠤᠯᠤᠰ ᠤᠨ ᠠᠳᠠᠯᠢ ᠬᠤᠭᠤᠴᠠᠭᠠᠨ ᠤ ᠬᠢ ᠠᠴᠠ 79.76% ᠪᠠᠷ ᠨᠡᠮᠡᠭᠳᠡᠪᠡ︔ ᠪᠤᠭᠤᠲᠤ ᠬᠤᠲᠠ ᠶᠢᠨ ᠵᠢᠩ ᠬᠤᠸᠠ ᠲᠡᠮᠦᠷᠯᠢᠭ ᠺᠠᠯᠼ ᠤᠨ ᠦᠢᠯᠡᠰ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ 272.82 ᠲᠦᠮᠡᠨ ᠲᠥᠭᠦᠷᠢᠭ ᠤᠨ ᠭᠠᠳᠠᠭᠠᠳᠤ ᠭᠠᠷᠭᠠᠯᠲᠠ ᠶᠢᠨ ᠬᠡᠮᠵᠢᠶ᠎ᠡ ᠶᠢ ᠪᠡᠶᠡᠯᠡᠭᠦᠯᠵᠦ᠂ ᠭᠤᠤᠯᠳᠠᠭᠤ ᠶᠠᠫᠣᠨ ᠳᠤ ᠭᠠᠷᠭᠠᠵᠤ᠂ ᠠᠳᠠᠯᠢ ᠬᠤᠭᠤᠴᠠᠭᠠᠨ ᠤ ᠬᠢ ᠠᠴᠠ 95.56% ᠪᠠᠷ ᠨᠡᠮᠡᠭᠳᠡᠪᠡ︔ ᠪᠤᠭᠤᠲᠤ ᠬᠤᠲᠠ ᠶᠢᠨ ᠶᠢᠨ ᠰᠧ ᠳ᠋ᠡ ᠬᠤᠪᠣᠷ ᠰᠢᠷᠣᠶ ᠶᠢᠨ ᠮᠠᠲ᠋ᠧᠷᠢᠶᠠᠯ ᠤᠨ ᠬᠢᠵᠠᠭᠠᠷᠲᠤ ᠺᠣᠮᠫᠠᠨᠢ ᠶᠢᠨ ᠭᠠᠳᠠᠭᠠᠳᠤ ᠭᠠᠷᠭᠠᠯᠲᠠ ᠶᠢᠨ ᠲᠤᠭ᠎ᠠ 270.57 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 41.59% ᠪᠠᠷ ᠨᠡᠮᠡᠭᠳᠡᠪᠡ᠃
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号