ᠵᠢᠦ ᠶᠤᠸᠠᠨ ᠲᠤᠭᠤᠷᠢᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ︽ᠭᠤᠷᠪᠠ ᠶᠢ ᠲᠡᠮᠡᠴᠡᠨ | ᠤᠯᠬᠤ︾ ᠪᠠᠶᠢᠩᠭᠤᠵᠢᠭᠤᠯᠤᠭᠰᠠᠨ ᠠᠵᠢᠯ ᠤᠨ ᠲᠣᠭᠲᠠᠴᠠ ᠶᠣᠰᠣᠭᠠᠷ᠂ ᠲᠤᠭᠤᠷᠢᠭ ᠤᠨ ᠨᠠᠮ ᠤᠨ ᠬᠤᠷᠢᠶ᠎ᠠ ᠶᠢᠨ | ᠵᠣᠬᠢᠶᠠᠨ ᠪᠠᠶᠢᠭᠤᠯᠬᠤ ᠬᠡᠯᠲᠡᠰ ᠲᠠᠢ ᠨᠡᠪᠲᠡᠷᠡᠯᠴᠡᠨ ᠵᠣᠯᠭᠠᠭᠤᠯᠬᠤ ᠪᠠᠷ ᠳᠡᠮᠵᠢᠨ᠂ ᠬᠤᠲᠠ ᠶᠢᠨ ᠱᠠᠲᠤᠨ ᠤ ᠰᠠᠯᠠᠭ᠎ᠠ | ᠮᠥᠴᠢᠷ ᠤᠨ ᠮᠠᠨ ᠤ ᠲᠤᠭᠤᠷᠢᠭ ᠤᠨ ᠲᠥᠷᠥ ᠶᠢᠨ ᠪᠣᠳᠣᠯᠭ᠎ᠠ ᠪᠠ ᠲᠤᠷᠰᠢᠯᠲᠠ ᠶᠢᠨ ᠵᠢᠱᠢᠶ᠎ᠡ ᠦᠵᠡᠭᠦᠯᠬᠦ ᠭᠠᠵᠠᠷ | ᠲᠡᠮᠡᠴᠡᠨ ᠣᠯᠣᠭᠰᠠᠨ ᠪᠠᠶᠢᠳᠠᠯ ᠢ ᠰᠢᠯᠭᠠᠨ ᠬᠢᠨᠠᠬᠤ ᠪᠠᠷᠢᠮᠵᠢᠶ᠎ᠠ ᠪᠠᠷ ᠯᠠᠪᠯᠠᠯᠲᠠ ᠪᠣᠯᠭᠠᠵᠤ᠂ ᠪᠥᠬᠦ ᠲᠤᠭᠤᠷᠢᠭ ᠤᠨ | ᠡᠯ᠎ᠡ ᠨᠢᠭᠡᠴᠡ ᠶᠢᠨ ᠳᠡᠭᠡᠭᠰᠢ ᠮᠡᠳᠡᠭᠦᠯᠦᠭᠰᠡᠨ 1 - 4 ᠰᠠᠷ᠎ᠠ ᠶᠢᠨ ︽ᠭᠤᠷᠪᠠ ᠶᠢ ᠲᠡᠮᠡᠴᠡᠨ ᠤᠯᠬᠤ︾ ᠠᠵᠢᠯ ᠤᠨ | ᠦᠷ᠎ᠡ ᠪᠦᠲᠦᠭᠡᠯ ᠢ ᠨᠢᠭᠡᠳ ᠨᠢᠭᠡ ᠪᠠᠷ ᠡᠮᠬᠢᠯᠡᠨ ᠪᠦᠷᠢᠳᠬᠡᠪᠡ᠃ | 2024 ᠣᠨ ᠤ 4 ᠰᠠᠷ᠎ᠠ ᠶᠢᠨ ᠰᠡᠭᠦᠯᠴᠢ ᠪᠣᠯᠲᠠᠯ᠎ᠠ᠂ ᠪᠥᠬᠦ ᠲᠣᠭᠤᠷᠢᠭ ᠲᠤ ᠨᠡᠶᠢᠲᠡ 3 ᠵᠦᠢᠯ ᠤᠨ | ᠳᠡᠭᠡᠳᠦ ᠱᠠᠲᠤᠨ ᠤ ᠲᠥᠷᠥ ᠶᠢᠨ ᠪᠣᠳᠣᠯᠭ᠎ᠠ ᠶᠢ ᠣᠯᠵᠤ᠂ ᠴᠥᠮ ᠥᠪᠡᠷᠲᠡᠭᠡᠨ ᠵᠠᠰᠠᠬᠤ ᠣᠷᠣᠨ ᠤ ᠲᠠᠰ | ᠳᠠᠪᠬᠤᠷᠭ᠎ᠠ ᠳᠤ ᠪᠣᠶ︔ 15 ᠲᠤᠷᠰᠢᠯᠲᠠ ᠶᠢᠨ ᠵᠢᠱᠢᠶ᠎ᠡ ᠦᠵᠡᠭᠦᠯᠵᠦ ᠭᠠᠵᠠᠷ᠂ 1 ᠤᠯᠤᠰ ᠤᠨ ᠲᠠᠰ ᠤᠨ | ᠲᠤᠷᠰᠢᠯᠲᠠ ᠶᠢᠨ ᠵᠢᠱᠢᠶ᠎ᠡ ᠦᠵᠡᠭᠦᠯᠬᠦ ᠲᠥᠷᠥᠯ ᠵᠦᠢᠯ᠂ 9 ᠥᠪᠡᠷᠲᠡᠭᠡᠨ ᠵᠠᠰᠠᠬᠤ ᠣᠷᠣᠨ ᠤ ᠲᠠᠰ ᠤᠨ | ᠲᠤᠷᠰᠢᠯᠲᠠ ᠶᠢᠨ ᠵᠢᠱᠢᠶ᠎ᠡ ᠦᠵᠡᠭᠦᠯᠬᠦ ᠲᠥᠷᠥᠯ ᠵᠦᠢᠯ᠂ 5 ᠬᠤᠲᠠ ᠶᠢᠨ ᠲᠠᠰ ᠤᠨ ᠲᠤᠷᠰᠢᠯᠲᠠ ᠶᠢᠨ ᠵᠢᠱᠢᠶ᠎ᠡ | ᠦᠵᠡᠭᠦᠯᠬᠦ ᠲᠥᠷᠥᠯ ᠵᠦᠢᠯ ᠢ ᠲᠡᠮᠡᠴᠡᠨ ᠣᠯᠪᠠ᠃ | 5 ᠰᠠᠷ᠎ᠠ ᠶᠢᠨ ᠲᠤᠭ᠎ᠠ ᠪᠦᠷᠢᠳᠬᠡᠯ ᠤᠨ ᠠᠵᠢᠯ ᠢ ᠦᠨᠦ ᠶᠠᠪᠣᠭᠳᠠᠭᠤᠯᠵᠤ ᠪᠠᠶᠢᠨ᠎ᠠ᠂ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ ᠠᠴᠠ ᠡᠯ᠎ᠡ ᠨᠢᠭᠡᠴᠡ ᠶᠢᠨ ᠮᠡᠳᠡᠭᠦᠯᠦᠭᠰᠡᠨ ᠪᠠᠶᠢᠳᠠᠯ ᠤᠨ ᠶᠣᠰᠣᠭᠠᠷ ᠲᠤᠭ᠎ᠠ | ᠪᠦᠷᠢᠳᠬᠡᠯ ᠢ ᠴᠢᠩᠭ᠎ᠠ ᠠᠳᠬᠤᠬᠤ ᠶᠢᠨ ᠬᠠᠮᠲᠤ ᠬᠤᠷᠢᠶᠠᠩᠭᠤᠶᠢᠯᠠᠬᠤ ᠪᠣᠯᠤᠨ᠎ᠠ᠃ |