2023 ᠣᠨ ᠳᠤ᠂ ᠵᠢᠥ ᠶᠤᠸᠠᠨ ᠲᠣᠭᠤᠷᠢᠭ ᠤᠨ ᠬᠢᠨ ᠬᠥᠳᠡᠭᠡ ᠲᠣᠰᠬᠤᠨ ᠤ ᠵᠠᠰᠠᠮᠠᠯ ᠵᠠᠮ ᠢ | ᠠᠷᠠᠴᠢᠯᠠᠨ ᠬᠠᠮᠠᠭᠠᠯᠠᠬᠤ ᠢᠨᠵᠧᠨᠧᠷᠢᠩ ︵ᠬᠤᠶᠠᠳᠤᠭᠠᠷ ᠪᠦᠯᠦᠭ︶ ᠤᠨ ᠲᠦᠷᠦᠯ ᠵᠦᠢᠯ ᠢ ᠦᠷᠨᠢᠭᠦᠯᠦᠭᠰᠡᠨ ᠨᠢ ᠵᠢᠥ | ᠶᠤᠸᠠᠨ ᠲᠣᠭᠤᠷᠢᠭ ᠤᠨ ᠬᠥᠳᠡᠭᠡ ᠲᠣᠰᠬᠤᠨ ᠤ ᠵᠠᠮ ᠬᠠᠷᠢᠯᠴᠠᠭᠠᠨ ᠤ ᠪᠠᠶᠢᠳᠠᠯ ᠢ ᠰᠠᠶᠢᠵᠢᠷᠠᠭᠤᠯᠵᠤ᠂ ᠬᠥᠳᠡᠭᠡ | ᠲᠣᠰᠬᠤᠨ ᠤ ᠠᠵᠤ ᠠᠬᠤᠢ ᠶᠢᠨ ᠬᠥᠭᠵᠢᠯᠲᠡ ᠪᠣᠯᠤᠨ ᠰᠠᠭᠤᠭᠠᠯᠢ ᠠᠷᠠᠳ ᠤᠨ ᠠᠮᠢᠳᠤᠷᠠᠯ ᠤᠨ ᠲᠦᠪᠰᠢᠨ ᠤ | ᠳᠡᠭᠡᠭᠰᠢᠯᠡᠯᠲᠡ ᠶᠢ ᠠᠬᠢᠭᠤᠯᠬᠤ ᠶᠢᠨ ᠲᠥᠯᠥᠭᠡ ᠶᠤᠮ᠃ 2024 ᠣᠨ ᠳᠤ᠂ ᠲᠣᠰ ᠲᠥᠷᠥᠯ ᠵᠦᠢᠯ ᠢ ᠵᠢᠥ ᠶᠤᠸᠠᠨ | ᠲᠣᠭᠤᠷᠢᠭ ᠤᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠳᠤ ᠵᠢᠭᠰᠠᠭᠠᠨ | ᠣᠷᠣᠭᠤᠯᠤᠭᠰᠠᠨ ᠪᠥᠭᠡᠳ ᠦᠷᠭᠦᠯᠵᠢᠯᠡᠨ ᠬᠡᠷᠡᠭᠵᠢᠭᠦᠯᠵᠦ ᠪᠠᠶᠢᠨ᠎ᠠ᠃ ᠣᠲᠣ ᠲᠣᠰ ᠲᠥᠷᠥᠯ ᠵᠦᠢᠯ ᠤᠨ | ᠠᠬᠢᠴᠠ ᠶᠢᠨ ᠪᠠᠶᠢᠳᠠᠯ ᠨᠢ ᠳᠣᠤᠷᠠᠬᠢ ᠮᠡᠲᠦ᠄ | 1. C010 ᠰᠢ ᠱᠠ ᠸᠠᠨ - S211 ︵K0 + K1+ 000︶᠂ ᠣᠷᠳᠣ ᠨᠢ 1 ᠺᠢᠯᠣᠮᠧᠲᠷ | ᠪᠠᠶᠢᠵᠤ᠂ ᠨᠢᠭᠡᠨᠲᠡ ᠬᠠᠭᠤᠴᠢᠨ ᠵᠠᠮ ᠤᠨ ᠡᠪᠳᠡᠷᠡᠵᠦ ᠰᠦᠢᠳᠦᠭᠰᠡᠨ ᠱᠦᠢᠨᠢ ᠶᠢᠨ ᠪᠧᠲ᠋ᠤᠨ ᠵᠠᠮ ᠤᠨ ᠭᠠᠳᠠᠷᠭᠤ ᠶᠢ | ᠰᠣᠯᠢᠵᠦ᠂ ᠱᠦᠢᠨᠢ ᠶᠢᠨ ᠪᠧᠲ᠋ᠤᠨ ᠵᠠᠮ ᠤᠨ ᠬᠠᠷᠤᠭᠤᠯ᠂ ᠴᠢᠳᠬᠤᠨ ᠳᠦᠭᠦᠷᠭᠡᠬᠦ ᠶᠢ ᠨᠢᠭᠡᠨᠲᠡ ᠪᠡᠶᠡᠯᠡᠭᠦᠯᠵᠦ᠂ | 60294 ᠲᠥᠭᠦᠷᠢᠭ ᠤᠨ ᠦᠢᠯᠡᠳᠬᠦᠨ ᠤ ᠥᠷᠲᠡᠭ ᠢ ᠪᠡᠶᠡᠯᠡᠭᠦᠯᠪᠡ᠃ | 2. Y016 ᠬᠥᠨᠳᠡᠯᠡᠨ ᠭᠤᠣᠯ ᠤᠨ ᠭᠤᠯᠳᠤᠷᠢᠯ ᠤᠨ ᠪᠠᠷᠠᠭᠤᠨᠳᠠᠬᠢ ᠰᠦᠸᠧᠨᠠ ᠲᠣᠰᠬᠤᠨ | ︵K5+638-K6+990︶᠂ ᠣᠷᠳᠣ ᠨᠢ 1.352 ᠺᠢᠯᠣᠮᠧᠲᠷ᠂ ᠨᠢᠭᠡᠨᠲᠡ ᠬᠠᠭᠤᠴᠢᠨ ᠵᠠᠮ ᠤᠨ ᠡᠪᠳᠡᠷᠡᠵᠦ | ᠰᠦᠢᠳᠦᠭᠰᠡᠨ ᠱᠦᠢᠨᠢ ᠶᠢᠨ ᠪᠧᠲ᠋ᠤᠨ ᠵᠠᠮ ᠤᠨ ᠭᠠᠳᠠᠷᠭᠤ ᠶᠢ ᠰᠣᠯᠢᠵᠦ᠂ ᠱᠦᠢᠨᠢ ᠶᠢᠨ ᠪᠧᠲ᠋ᠣᠨ ᠵᠠᠮ ᠤᠨ | ᠮᠠᠯᠲᠠᠯᠲᠠ᠂ ᠴᠢᠳᠬᠤᠨ ᠳᠦᠭᠦᠷᠭᠡᠬᠦ ᠶᠢ ᠪᠡᠶᠡᠯᠡᠭᠦᠯᠵᠦ᠂ 80027 ᠲᠥᠭᠦᠷᠢᠭ ᠤᠨ ᠦᠢᠯᠡᠳᠬᠦᠨ ᠤ ᠦᠷᠳᠡᠭ ᠢ | ᠪᠡᠶᠡᠯᠡᠭᠦᠯᠪᠡ᠃ | | | | | ᠲᠠᠷᠠᠭᠠᠴᠢ ᠶᠢᠨ ᠠᠯᠬᠤᠮ ᠳᠤ᠂ ᠲᠤᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ ᠶᠢᠨ ᠲᠣᠪᠴᠢᠶ᠎ᠠ ᠦᠯᠡᠳᠡᠭᠰᠡᠨ ᠵᠠᠮ ᠤᠨ ᠬᠡᠰᠡᠭ ᠤᠨ ᠪᠠᠷᠢᠯᠭ᠎ᠠ ᠶᠢᠨ ᠠᠬᠢᠴᠠ ᠶᠢ ᠴᠢᠩᠭ᠎ᠠ | ᠠᠩᠬᠠᠷᠴᠤ᠂ ︽ᠠᠮᠤᠷ ᠲᠦᠪᠰᠢᠨ ᠤ ᠬᠥᠪᠴᠢ︾ ᠶᠢ ᠴᠠᠭ ᠢᠮᠠᠭᠲᠠ ᠴᠢᠩᠭ᠎ᠠ ᠠᠳᠬᠤᠵᠤ᠂ ᠵᠠᠰᠠᠮᠠᠯ ᠵᠠᠮ ᠤᠨ | ︽ᠠᠮᠤᠷ ᠲᠦᠪᠰᠢᠨ ᠤ ᠱᠤᠭᠤᠮ︾ ᠢ ᠪᠠᠲᠤ ᠴᠣᠭᠴᠠᠯᠠᠵᠤ᠂ ᠶᠠᠰᠤ ᠴᠢᠨᠠᠷ ᠤᠨ ᠬᠠᠮᠢᠶᠠᠷᠤᠯᠲᠠ ᠡᠵᠡᠮᠳᠡᠯ ᠢ | ᠦᠷᠭᠦᠯᠵᠢᠯᠡᠨ ᠴᠢᠩᠭᠠᠳᠬᠠᠵᠤ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠴᠠᠭ ᠲᠤᠬᠠᠶ ᠳᠤᠨᠢ | ᠪᠡᠶᠡᠯᠡᠭᠦᠯᠬᠦ ᠶᠢ ᠦᠨᠡᠨ ᠬᠦ ᠪᠠᠲᠤᠯᠠᠵᠤ᠂ ᠬᠥᠳᠡᠭᠡ ᠲᠣᠰᠬᠤᠨ ᠤ ᠵᠠᠰᠠᠮᠠᠯ ᠵᠠᠮ ᠤᠨ ᠲᠥᠷᠥᠯ ᠵᠦᠢᠯ ᠤᠨ | ᠬᠡᠷᠡᠭᠵᠢᠭᠦᠯᠦᠯᠲᠡ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠬᠥᠳᠡᠭᠡ ᠲᠣᠰᠬᠤᠨ ᠤ ᠬᠥᠭᠵᠢᠯᠲᠡ ᠪᠠ ᠰᠠᠭᠤᠭᠠᠯᠢ | ᠠᠷᠠᠳ ᠤᠨ ᠶᠠᠪᠤᠵᠤ ᠰᠠᠭᠤᠬᠤ ᠳᠤ ᠨᠠᠩ ᠰᠠᠶᠢᠨ ᠨᠥᠬᠦᠴᠡᠯ ᠪᠦᠷᠢᠯᠳᠦᠭᠦᠯᠵᠦ ᠥᠭᠭᠦᠨ᠎ᠡ᠃ |