ᠴᠠᠬᠢᠯᠭᠠᠨ  ᠱᠠᠲᠤ  ᠶᠢ  ᠠᠷᠠᠴᠢᠯᠡᠨ  ᠬᠠᠮᠠᠭᠠᠯᠠᠬᠤ  ᠪᠦᠬᠦ  ᠶᠠᠪᠤᠴᠠ  ᠳᠤ  ᠳᠦᠷᠰᠦ  ᠰᠢᠩᠭᠡᠭᠡᠯᠲᠡ  ᠬᠢᠵᠤ᠂ ᠠᠷᠠᠴᠢᠯᠡᠨ ᠬᠠᠮᠠᠭᠠᠯᠠᠬᠤ ᠶᠠᠰᠥ ᠴᠢᠨᠠᠷ ᠢ ᠦᠨᠡᠨ ᠬᠦ ᠳᠡᠭᠡᠭᠰᠢᠯᠡᠭᠦᠯᠬᠦ ᠠᠵᠢᠯ ᠢ ᠥᠷᠨᠢᠭᠦᠯᠬᠦ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2024/6/12
            ᠪᠤᠭᠤᠳᠤ  ᠵᠢᠦ ᠶᠤᠸᠠᠨ ᠵᠠᠰᠠᠭ ᠠᠯᠪᠠᠨ ᠲᠠᠷᠬᠠᠭᠠᠭᠰᠠᠨ ﹇2024﹈ 34 ᠳ᠋ᠦ᠋ᠭᠡᠷ ᠲᠣᠭᠠᠲᠤᠡᠯ᠎ᠡ ᠴᠠᠬᠢᠯᠭᠠᠨ ᠱᠠᠲᠤ ᠬᠡᠷᠡᠭᠯᠡᠬᠦ ᠨᠢᠭᠡᠴᠡ᠂ ᠬᠠᠮᠠᠭᠠᠯᠠᠬᠤ ᠨᠢᠭᠡᠴᠡ᠄    ᠵᠢᠦ ᠶᠤᠸᠠᠨ ᠲᠣᠭᠤᠷᠢᠭ ᠤᠨ ᠬᠡᠪᠴᠢᠶᠡᠨ ᠳᠠᠬᠢ ᠴᠠᠬᠢᠯᠭᠠᠨ ᠱᠠᠲᠤ ᠶᠢᠨ ᠬᠠᠮᠠᠭᠠᠯᠠᠯᠲᠠ ᠶᠢᠨ ᠶᠠᠰᠤ ᠴᠢᠨᠠᠷ ᠢ ᠦᠨᠡᠨ ᠬᠦ ᠳᠡᠭᠡᠭᠰᠢᠯᠡᠭᠦᠯᠵᠦ᠂ ᠠᠷᠠᠴᠢᠯᠠᠨ ᠬᠠᠮᠠᠭᠠᠯᠠᠵᠤ ᠰᠡᠯᠪᠢᠨ ᠵᠠᠰᠠᠬᠤ ᠶᠢ  ᠦᠨᠡᠨ ᠬᠦ ᠪᠠᠲᠤᠯᠠᠵᠤ᠂ ᠰᠠᠭᠤᠭᠠᠯᠢ ᠠᠷᠠᠳ ᠤᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠬᠤ ᠶᠢᠨ ᠲᠥᠯᠥᠭᠡ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠨᠴᠣᠭᠤᠢ ᠲᠥᠬᠦᠭᠡᠷᠦᠮᠵᠢ ᠶᠢᠨ ᠠᠮᠤᠷ ᠲᠦᠪᠰᠢᠨ ᠤ ᠬᠠᠤᠯᠢ︾ ᠶᠢᠨ ᠭᠤᠴᠢ ᠶᠢᠰᠦᠳᠦᠭᠡᠷ ᠵᠦᠢᠯ ᠤᠨ ᠨᠢᠭᠡᠳᠦᠭᠡᠷ ᠵᠤᠷᠪᠤᠰ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠠᠬᠢᠯᠭᠠᠨ ᠱᠠᠲᠤ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠠᠷᠭ᠎ᠠ︾ ᠶᠢᠨ ᠭᠤᠴᠢᠨ ᠲᠠᠪᠤᠳᠤᠭᠠᠷ ᠵᠦᠢᠯ᠂ ︽ᠴᠠᠬᠢᠯᠭᠠᠨ ᠱᠠᠲᠤ  ᠶᠢ ᠠᠷᠠᠴᠢᠯᠠᠨ ᠬᠠᠮᠠᠭᠠᠯᠠᠬᠤ ᠳᠦᠷᠢᠮ︾ ︵TSG T5002 — 2017︶ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ᠂ ᠲᠤᠰ ᠡᠳᠦᠷ ᠠᠴᠠ ᠡᠬᠢᠯᠡᠨ ᠡᠯ᠎ᠡ ᠴᠠᠬᠢᠯᠭᠠᠨ ᠱᠠᠲᠤ ᠶᠢ ᠬᠠᠮᠠᠭᠠᠯᠠᠬᠤ ᠨᠢᠭᠡᠴᠡ ᠨᠢ ᠵᠢᠦ ᠶᠤᠸᠠᠨ ᠲᠣᠭᠤᠷᠢᠭ ᠤᠨ ᠬᠡᠪᠴᠢᠶᠡᠨ ᠳᠤ ᠠᠷᠠᠴᠢᠯᠠᠨ ᠬᠠᠮᠠᠭᠠᠯᠠᠬᠤ ᠠᠵᠢᠯᠯᠠᠭ᠎ᠠ ᠥᠷᠨᠢᠭᠦᠯᠬᠦ ᠳᠡᠭᠡᠨ  ᠠᠷᠠᠴᠢᠯᠠᠨ ᠬᠠᠮᠠᠭᠠᠯᠠᠭᠰᠠᠨ ᠪᠦᠬᠦ ᠶᠠᠪᠤᠴᠠ ᠶᠢᠨ ᠳᠦᠷᠰᠦ ᠰᠢᠩᠭᠡᠭᠡᠯᠲᠡ ᠬᠢᠬᠦ ᠬᠡᠷᠡᠭᠲᠡᠢ᠃ ᠡᠯ᠎ᠡ ᠬᠠᠮᠢᠶ᠎ᠠ ᠪᠦᠬᠦᠢ ᠡᠭᠦᠷᠭᠡ  ᠴᠢᠳᠠᠮᠵᠢ ᠶᠢᠨ ᠰᠠᠯᠠᠭ᠎ᠠ ᠮᠥᠴᠢᠷ ᠤᠳ ᠡᠭᠦᠨ ᠢᠶᠠᠷ ᠴᠠᠬᠢᠯᠭᠠᠨ ᠱᠠᠲᠤ ᠶᠢᠨ ᠱᠠᠭᠠᠷᠳᠠᠯᠭ᠎ᠠ ᠶᠣᠰᠣᠭᠠᠷ ᠬᠠᠮᠠᠭᠠᠯᠠᠯᠲᠠ ᠬᠢᠭᠰᠡᠨ ᠡᠰᠡᠬᠦ ᠶᠢᠨ ᠭᠤᠣᠯ ᠦᠨᠳᠦᠰᠦᠯᠡᠯ ᠪᠣᠯᠭᠠᠵᠤ᠂ ᠴᠠᠭᠠᠰᠤᠨ ᠳᠡᠭᠡᠷᠡᠬᠢ ᠬᠠᠮᠠᠭᠠᠯᠠᠯᠲᠠ ᠬᠢᠭᠰᠡᠨ ᠲᠡᠮᠳᠡᠭᠯᠡᠯ ᠢᠶᠠᠷ ᠨᠥᠬᠦᠪᠥᠷᠢ ᠪᠣᠯᠭᠠᠨ᠎ᠠ᠃ ᠪᠣᠳᠠᠲᠠᠢ ᠱᠠᠭᠠᠷᠳᠠᠯᠭ᠎ᠠ ᠨᠢ ᠳᠣᠣᠷᠠᠬᠢ ᠮᠡᠲᠦ᠄    ᠨᠢᠭᠡ᠂ ᠬᠠᠮᠢᠶᠠᠷᠤᠯᠲᠠ ᠶᠢᠨ ᠱᠠᠭᠠᠷᠳᠠᠯᠭ᠎ᠠ    ︵ᠨᠢᠭᠡ︶ ᠠᠷᠠᠴᠢᠯᠠᠨ ᠬᠠᠮᠠᠭᠠᠯᠠᠬᠤ ᠨᠢᠭᠡᠴᠡ ᠨᠦᠭᠦᠳ ᠬᠠᠮᠠᠭᠠᠯᠠᠯᠲᠠ ᠶᠢᠨ ᠶᠠᠰᠤ ᠴᠢᠨᠠᠷ ᠤᠨ ᠬᠠᠮᠢᠶ᠎ᠠ ᠪᠦᠬᠦᠢ ᠳᠦᠷᠢᠮ ᠢ ᠪᠠᠶᠢᠭᠤᠯᠵᠤ᠂ ᠬᠠᠮᠠᠭᠠᠯᠠᠯᠲᠠ ᠶᠢᠨ ᠶᠠᠰᠤ ᠴᠢᠨᠠᠷ ᠤᠨ ᠬᠠᠮᠢᠶ᠎ᠠ ᠪᠦᠬᠦᠢ ᠪᠠᠷᠢᠮᠵᠢᠶ᠎ᠠ ᠶᠢ ᠳᠡᠭᠡᠭᠰᠢᠯᠡᠭᠦᠯᠬᠦ ᠶᠢᠨ ᠬᠠᠮᠲᠤ ᠬᠠᠮᠠᠭᠠᠯᠠᠯᠲᠠ ᠶᠢᠨ ᠪᠦᠬᠦ ᠶᠠᠪᠤᠴᠠ ᠶᠢᠨ ᠳᠦᠷᠰᠦ ᠰᠢᠩᠭᠡᠭᠡᠯᠲᠡ ᠶᠢ ᠳᠦᠷᠢᠮ ᠳᠤ ᠣᠷᠣᠭᠤᠯᠵᠤ᠂ ᠵᠢᠦ ᠶᠤᠸᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠠ ᠬᠠᠮᠢᠶᠠᠷᠤᠯᠲᠠ ᠶᠢᠨ ᠲᠣᠪᠴᠢᠶ᠎ᠠ ᠳᠤ ᠲᠤᠰᠢᠶᠠᠨ ᠳᠠᠩᠰᠠᠯᠠᠭᠤᠯᠵᠤ᠂ ᠳᠦᠷᠢᠮ ᠶᠣᠰᠣᠭᠠᠷ ᠴᠢᠩᠭ᠎ᠠ ᠬᠡᠷᠡᠭᠵᠢᠭᠦᠯᠬᠦ ᠬᠡᠷᠡᠭᠲᠡᠢ︔    ︵ᠬᠤᠶᠠᠷ︶  ᠬᠤᠷᠢᠶᠠᠯᠠᠯ ᠤᠨ ᠴᠠᠬᠢᠯᠭᠠᠨ ᠱᠠᠲᠤ  ᠬᠡᠷᠡᠭᠯᠡᠵᠦ ᠪᠠᠶᠢᠭ᠎ᠠ ᠨᠢᠭᠡᠴᠡ ᠨᠦᠭᠦᠳ ᠪᠦᠬᠦ ᠥᠮᠴᠢᠲᠡᠨ ᠤ ᠡᠷᠬᠡ ᠠᠰᠢᠭ ᠢ ᠲᠡᠷᠢᠭᠦᠨ ᠪᠠᠶᠢᠷᠢᠨ ᠳᠤ ᠲᠠᠯᠪᠢᠵᠤ᠂ ᠴᠠᠬᠢᠯᠭᠠᠨ ᠱᠠᠲᠤ ᠬᠡᠷᠡᠭᠯᠡᠬᠦ ᠬᠠᠮᠢᠶᠠᠷᠤᠯᠲᠠ ᠶᠢ ᠨᠠᠶᠢᠳᠠᠬᠤ ᠣᠷᠣᠯᠠᠭᠴᠢ ᠶᠢᠨ ᠡᠭᠦᠷᠭᠡ ᠬᠠᠷᠢᠭᠤᠴᠠᠯᠭ᠎ᠠ ᠶᠢ ᠦᠨᠡᠨᠬᠦ ᠰᠠᠶᠢᠲᠤᠷ ᠭᠦᠢᠴᠡᠳᠬᠡᠵᠦ᠂ ᠰᠠᠭᠤᠭᠠᠯᠢ ᠠᠷᠠᠳ ᠤᠨ ᠣᠯᠭᠤᠭᠰᠠᠨ ᠬᠠᠮᠢᠶᠠᠷᠤᠯᠲᠠ ᠶᠢᠨ ᠡᠷᠬᠡ ᠮᠡᠳᠡᠯ  ᠢ ᠰᠠᠶᠢᠲᠤᠷ ᠭᠦᠢᠴᠡᠳᠬᠡᠬᠦ ᠬᠡᠷᠡᠭᠲᠡᠢ᠃ ᠬᠠᠮᠠᠭᠠᠯᠠᠯᠲᠠ ᠶᠢᠨ ᠨᠢᠭᠡᠴᠡ ᠶᠢ ᠰᠢᠮᠳᠠᠭᠤᠯᠵᠤ ᠪᠠᠶᠢᠭᠠᠳ ᠬᠠᠮᠠᠭᠠᠯᠠᠬᠤ ᠶᠠᠪᠤᠴᠠ ᠶᠢᠨ ᠳᠦᠷᠰᠦ ᠰᠢᠩᠭᠡᠭᠡᠯᠲᠡ ᠶᠢ ᠰᠠᠶᠢᠲᠤᠷ ᠭᠦᠢᠴᠡᠳᠬᠡᠯᠭᠡᠬᠦ ᠶᠢᠨ ᠬᠠᠮᠲᠤ ᠲᠤᠰ ᠱᠠᠭᠠᠷᠳᠠᠯᠭ᠎ᠠ ᠶᠢ ᠬᠠᠮᠠᠭᠠᠯᠠᠬᠤ ᠭᠡᠷ᠎ᠡ ᠳᠤ ᠣᠷᠣᠭᠤᠯᠬᠤ ᠬᠡᠷᠡᠭᠲᠡᠢ᠃    ᠬᠤᠶᠠᠷ᠂ ᠠᠵᠢᠯᠲᠠᠨ ᠤ ᠱᠠᠭᠠᠷᠳᠠᠯᠭ᠎ᠠ    ︵ᠨᠢᠭᠡ︶ ᠬᠡᠷᠡᠭᠯᠡᠬᠦ ᠨᠢᠭᠡᠴᠡ ᠨᠢ ᠱᠠᠭᠠᠷᠳᠠᠯᠭ᠎ᠠ ᠶᠣᠰᠣᠭᠠᠷ ᠠᠮᠤᠷ ᠲᠦᠪᠰᠢᠨ ᠤ ᠶᠡᠷᠦᠩᠬᠡᠢ ᠬᠢᠨᠠᠭᠴᠢ᠂ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯᠲᠠᠨ ᠵᠢᠴᠢ ᠠᠮᠤᠷ ᠲᠦᠪᠰᠢᠨ ᠤ ᠠᠵᠢᠯᠲᠠᠨ ᠢ ᠲᠣᠬᠢᠷᠠᠭᠤᠯᠵᠤ᠂ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠠᠮᠤᠷ ᠲᠦᠪᠰᠢᠨ ᠤ ᠶᠡᠷᠦᠩᠬᠡᠢ ᠬᠢᠨᠠᠭᠴᠢ᠂ ᠠᠮᠤᠷ ᠲᠦᠪᠰᠢᠨ ᠤ ᠠᠵᠢᠯᠲᠠᠨ ᠤ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠴᠠᠬᠢᠯᠭᠠᠨ ᠱᠠᠲᠤ ᠶᠢᠨ ᠠᠷᠠᠴᠢᠯᠠᠨ ᠬᠠᠮᠠᠭᠠᠯᠠᠬᠤ ᠶᠠᠪᠤᠴᠠ ᠪᠠ ᠦᠷ᠎ᠡ ᠳ᠋ᠦᠩ ᠢ ᠬᠢᠨᠠᠨ ᠨᠤᠲᠠᠯᠠᠵᠤ᠂ ᠲᠤᠬᠠᠢ ᠶᠢᠨ ᠲᠠᠯᠠᠪᠤᠷ ᠤᠨ ᠠᠮᠤᠷ ᠲᠦᠪᠰᠢᠨ ᠤ ᠠᠵᠢᠯ ᠢ ᠬᠠᠮᠵᠢᠯᠴᠠᠨ ᠰᠠᠶᠢᠲᠤᠷ ᠬᠢᠵᠦ᠂ ᠴᠠᠬᠢᠯᠭᠠᠨ ᠱᠠᠲᠤ  ᠶᠢ ᠠᠷᠠᠴᠢᠯᠠᠨ ᠬᠠᠮᠠᠭᠠᠯᠠᠬᠤ ᠬᠠᠮᠢᠶ᠎ᠠ ᠪᠦᠬᠦᠢ ᠮᠡᠳᠡᠭᠡ ᠵᠠᠩᠭᠢ ᠶᠢ ᠴᠠᠭ ᠲᠤᠬᠠᠢ ᠳᠤᠨᠢ ᠢᠯᠡ ᠨᠡᠶᠢᠲᠡᠯᠡᠬᠦ ᠬᠡᠷᠡᠭᠲᠡᠢ︔    ︵ᠬᠤᠶᠠᠷ︶ ᠬᠠᠮᠠᠭᠠᠯᠠᠬᠤ ᠨᠢᠭᠡᠴᠡ ᠨᠢ ᠦᠨᠡᠮᠯᠡᠯ ᠲᠠᠢ ᠠᠵᠢᠯᠲᠠᠨ  ᠲᠣᠮᠢᠯᠠᠵᠤ ᠴᠠᠬᠢᠯᠭᠠᠨ ᠱᠠᠲᠤ ᠶᠢ ᠠᠷᠠᠴᠢᠯᠠᠨ ᠬᠠᠮᠠᠭᠠᠯᠠᠬᠤ ᠶᠢᠨ ᠬᠠᠮᠲᠤ᠂ ᠥᠪᠡᠰᠦᠪᠡᠨ ᠲᠤᠰᠬᠠᠢ ᠮᠡᠷᠭᠡᠵᠢᠯ ᠤᠨ ᠳᠦᠷᠰᠦ ᠰᠢᠩᠭᠡᠭᠡᠬᠦ ᠲᠥᠬᠦᠭᠡᠷᠦᠮᠵᠢ ᠲᠣᠬᠢᠷᠠᠭᠤᠯᠵᠤ᠂  ᠠᠵᠢᠯᠳᠠᠨ ᠳᠤ ᠬᠠᠮᠠᠭᠠᠯᠠᠬᠤ ᠪᠦᠬᠦ ᠶᠠᠪᠤᠴᠠ ᠶᠢᠨ ᠳᠦᠷᠰᠦ ᠰᠢᠩᠭᠡᠭᠡᠬᠦ ᠪᠣᠯᠪᠠᠰᠤᠷᠠᠭᠤᠯᠤᠯ ᠬᠢᠬᠦ ᠶᠢᠨ ᠬᠠᠮᠲᠤ᠂ ᠪᠣᠯᠪᠠᠰᠤᠷᠠᠭᠤᠯᠤᠯ ᠤᠨ ᠲᠡᠮᠳᠡᠭᠯᠡᠯ ᠲᠠᠢ ᠪᠠᠶᠢᠬᠤ ᠬᠡᠷᠡᠭᠲᠡᠢ᠃    ︵ᠭᠤᠷᠪᠠ︶ ᠠᠷᠠᠴᠢᠯᠠᠨ ᠬᠠᠮᠠᠭᠠᠯᠠᠬᠤ ᠠᠵᠢᠯᠲᠠᠨ ᠨᠢᠭᠡᠪᠦᠷᠢ ᠶᠢᠨ ᠠᠷᠠᠴᠢᠯᠠᠨ ᠬᠠᠮᠠᠭᠠᠯᠠᠬᠤ ᠴᠠᠬᠢᠯᠭᠠᠨ ᠱᠠᠲᠤ ᠨᠢ 30 ᠰᠠᠤᠷᠢ ᠠᠴᠠ ᠬᠡᠲᠦᠷᠡᠵᠦ ᠪᠣᠯᠬᠤ ᠦᠭᠡᠢ᠂ ᠠᠷᠠᠴᠢᠯᠠᠨ ᠬᠠᠮᠠᠭᠠᠯᠠᠬᠤ ᠠᠵᠢᠯᠲᠠᠨ ᠬᠤᠶᠠᠷ ᠠᠴᠠ ᠳᠡᠭᠡᠭᠰᠢ ᠠᠷᠠᠴᠢᠯᠠᠨ ᠬᠠᠮᠠᠭᠠᠯᠠᠬᠤ ᠨᠢᠭᠡᠴᠡ ᠳᠤ ᠠᠷᠠᠴᠢᠯᠠᠨ ᠬᠠᠮᠠᠭᠠᠯᠠᠬᠤ ᠠᠵᠢᠯ ᠢ ᠵᠡᠷᠭᠡ ᠳᠤᠨᠢ  ᠬᠠᠷᠢᠭᠤᠴᠠᠨ ᠬᠢᠵᠦ ᠪᠣᠯᠬᠤ ᠦᠭᠡᠢ᠃    ᠭᠤᠷᠪᠠ᠂ ᠠᠵᠢᠯᠯᠠᠭᠤᠯᠬᠤ  ᠱᠠᠭᠠᠷᠳᠠᠯᠭ᠎ᠠ    ︵ᠨᠢᠭᠡ ︶ ᠰᠡᠯᠪᠢᠨ ᠵᠠᠰᠠᠬᠤ ᠶᠠᠪᠤᠴᠠ ᠶᠢᠨ ᠸᠢᠳᠢᠣ᠋ ᠨᠢ ᠤᠰᠤᠨ  ᠢᠮ ︵ᠴᠠᠭ᠂ ᠭᠠᠵᠠᠷ︶ ᠪᠠᠶᠢᠬᠤ ᠬᠡᠷᠡᠭᠲᠡᠢ ᠂ ᠰᠡᠯᠪᠢᠨ ᠵᠠᠰᠠᠬᠤ ᠠᠵᠢᠯᠲᠠᠳ ᠸᠢᠳᠢᠣ᠋ ᠶᠢᠨ ᠡᠬᠢᠨ ᠳᠡᠭᠡᠨ ᠸᠢᠳᠢᠣ᠋ ᠪᠠᠷ ᠰᠢᠩᠭᠡᠭᠡᠨ ᠦᠢᠯᠡᠳᠬᠦ ᠴᠠᠭ᠂ ᠭᠠᠵᠠᠷ ᠵᠢᠴᠢ ᠬᠡᠷᠡᠭ ᠶᠠᠪᠤᠳᠠᠯ ︵ᠠᠷᠠᠴᠢᠯᠠᠨ ᠬᠠᠮᠠᠭᠠᠯᠠᠬᠤ ᠪᠤᠶᠤ ᠰᠡᠯᠪᠢᠨ ᠵᠠᠰᠠᠬᠤ ︶ ᠶᠢ ᠲᠣᠳᠣᠷᠬᠠᠶᠢᠯᠠᠬᠤ ᠬᠡᠷᠡᠭᠲᠡᠢ ︔    ︵ᠬᠤᠶᠠᠷ︶ ᠬᠠᠮᠠᠭᠠᠯᠠᠬᠤ ᠶᠠᠪᠤᠴᠠ ᠳᠤ᠂  ᠠᠷᠠᠴᠢᠯᠠᠨ ᠬᠠᠮᠠᠭᠠᠯᠠᠬᠤ ᠠᠵᠢᠯᠲᠠᠳ ᠰᠢᠩᠭᠡᠭᠡᠨ ᠦᠢᠯᠡᠳᠦᠭᠰᠡᠨ  ᠲᠦᠷᠰᠦ ᠰᠢᠩᠭᠡᠭᠡᠯᠳᠡ ᠳᠡᠭᠡᠨ ᠶᠠᠷᠢᠵᠤ  ᠢᠯᠡᠳᠭᠡᠬᠦ ᠬᠡᠯᠪᠡᠷᠢ ᠪᠠᠷ ᠠᠷᠠᠴᠢᠯᠠᠨ ᠬᠠᠮᠠᠭᠠᠯᠠᠬᠤ᠂ ᠰᠡᠯᠪᠢᠨ ᠵᠠᠰᠠᠬᠤ᠂ ᠰᠡᠯᠪᠢᠭ ᠲᠣᠨᠤᠭ ᠢ ᠨᠢ ᠰᠣᠯᠢᠬᠤ ᠵᠡᠷᠭᠡ ᠪᠣᠳᠠᠲᠠᠢ ᠠᠭᠤᠯᠭ᠎ᠠ ᠪᠠᠨ ᠲᠣᠳᠣᠷᠬᠠᠢ ᠢᠯᠡᠳᠬᠡᠬᠦ ᠬᠡᠷᠡᠭᠲᠡᠢ︔    ︵ᠭᠤᠷᠪᠠ︶ ᠬᠠᠮᠠᠭᠠᠯᠠᠬᠤ ᠶᠠᠪᠤᠴᠠ ᠳᠤ  ᠲᠦᠷᠰᠦ ᠰᠢᠩᠭᠡᠭᠡᠯᠳᠡ ᠶᠢ ᠦᠢᠯᠡᠳᠬᠦ ᠲᠥᠬᠦᠭᠡᠷᠦᠮᠵᠢ ᠶᠢ ᠠᠵᠢᠯᠳᠠᠨ ᠦᠪᠡᠰᠦᠪᠡᠨ ᠠᠪᠴᠤ ᠶᠠᠪᠤᠬᠤ ᠶᠢᠨ ᠬᠠᠮᠲᠤ᠂ ᠦᠪᠡᠷ ᠤᠨ ᠪᠡᠶ᠎ᠡ ᠶᠢᠨ ᠬᠠᠷᠠᠭᠠᠨ ᠥᠨᠴᠥᠭ ᠢᠶᠠᠷ ᠰᠢᠩᠭᠡᠭᠡᠨ ᠦᠢᠯᠡᠳᠬᠦ ᠬᠡᠷᠡᠭᠲᠡᠢ᠂ ᠬᠠᠮᠠᠭᠠᠯᠠᠬᠤ ᠶᠠᠪᠤᠴᠠ ᠶᠢ ᠦᠨᠡᠨ ᠪᠣᠳᠠᠲᠠᠢ ᠪᠠᠷ ᠲᠡᠮᠳᠡᠭᠯᠡᠨ ᠲᠤᠰᠬᠠᠬᠤ ᠭᠡᠷᠡᠭᠳᠡᠢ᠃  ᠠᠵᠢᠯᠳᠠᠨ ᠠᠷᠠᠴᠢᠯᠠᠨ ᠬᠠᠮᠠᠭᠠᠯᠠᠬᠤ ᠳᠠᠭᠠᠨ ᠦᠪᠡᠰᠦᠪᠡᠨ ᠭᠠᠷ ᠤᠲᠠᠰᠤ ᠪᠠᠷ  ᠲᠦᠷᠰᠦ ᠰᠢᠩᠭᠡᠭᠡᠯᠳᠠ ᠠᠪᠬᠤ ᠶᠢ ᠴᠢᠩᠭ᠎ᠠ ᠴᠠᠭᠠᠵᠠᠯᠠᠵᠤ᠂ ᠰᠡᠯᠪᠢᠨ ᠵᠠᠰᠠᠬᠤ ᠶᠠᠪᠤᠴᠠ ᠳᠠᠬᠢ ᠠᠮᠤᠷ ᠲᠦᠪᠰᠢᠨ ᠤ ᠳᠠᠯᠳᠠ ᠭᠡᠮ ᠭᠠᠷᠬᠤ ᠠᠴᠠ ᠵᠠᠶᠢᠯᠠᠰᠬᠢᠬᠦ ᠬᠡᠷᠡᠭᠲᠡᠢ᠃    ᠳᠥᠷᠪᠡ᠂ ᠪᠤᠰᠤᠳ ᠱᠠᠭᠠᠷᠳᠠᠯᠭ᠎ᠠ    ︵ᠨᠢᠭᠡ︶  ᠲᠦᠷᠰᠦ ᠰᠢᠩᠭᠡᠭᠡᠯᠳᠠ ᠶᠢ 3 ᠰᠠᠷ᠎ᠠ ᠠᠴᠠ ᠢᠯᠡᠭᠦᠦ  ᠬᠠᠳᠠᠭᠠᠯᠠᠬᠤ ᠭᠡᠷᠡᠭᠳᠡᠢ᠂ ᠤᠳᠠᠭ᠎ᠠ ᠪᠦᠷᠢ ᠶᠢᠨ ᠠᠷᠠᠴᠢᠯᠠᠨ ᠬᠠᠮᠠᠭᠠᠯᠠᠬᠤ ᠲᠦᠷᠰᠦ ᠰᠢᠩᠭᠡᠭᠡᠯᠳᠠ ᠶᠢ ᠠᠷᠠᠴᠢᠯᠠᠨ ᠬᠠᠮᠠᠭᠠᠯᠠᠬᠤ ᠺᠣᠮᠫᠠᠨᠢ ᠠᠴᠠ ᠬᠡᠷᠡᠭᠯᠡᠬᠦ ᠨᠢᠭᠡᠴᠢ ᠳᠤ ᠲᠤᠰᠢᠶᠠᠨ ᠥᠭᠴᠦ᠂ ᠬᠡᠷᠡᠭᠯᠡᠬᠦ ᠨᠢᠭᠡᠴᠢ ᠦᠯᠡᠳᠡᠭᠡᠨ ᠬᠠᠳᠠᠭᠠᠯᠠᠵᠤ᠂ ᠦᠯᠡᠳᠡᠭᠡᠨ ᠬᠠᠳᠠᠭᠠᠯᠠᠬᠤ ᠬᠤᠭᠤᠴᠠᠭ᠎ᠠ ᠶᠢ 3 ᠰᠠᠷ᠎ᠠ ᠠᠴᠠ ᠳᠤᠲᠠᠭᠤ ᠪᠠᠶᠢᠯᠭᠠᠵᠤ ᠪᠣᠯᠬᠤ ᠦᠭᠡᠢ︔ ᠲᠦᠷᠰᠦ ᠰᠢᠩᠭᠡᠭᠡᠯᠳᠠ ᠶᠢᠨ ᠳ᠋ᠠᠶᠢᠲ᠋ᠠ ᠶᠢ ᠦᠯᠡᠳᠡᠭᠡᠨ ᠬᠠᠳᠠᠭᠠᠯᠠᠬᠤ ᠶᠠᠪᠤᠴᠠ ᠳᠤ  ᠶᠠᠮᠠᠷᠴᠦ ᠥᠭᠡᠷᠡᠴᠢᠯᠡᠯᠲᠡ ᠬᠢᠵᠦ ᠪᠣᠯᠬᠤ ᠦᠭᠡᠢ᠂  ᠬᠠᠳᠠᠭᠠᠯᠠᠭᠰᠠᠨ ᠲᠤᠭ᠎ᠠ ᠪᠠᠷᠢᠮᠲᠠ  ᠶᠢᠨ  ᠵᠦᠪ ᠦᠨᠡᠨ᠂ ᠪᠣᠰᠤᠳᠴᠢ ᠪᠠ ᠠᠶᠥᠯᠬᠦᠢ ᠪᠠᠶᠢᠬᠤ ᠶᠢ ᠪᠠᠳᠥᠯᠠᠵᠤ᠂ ᠴᠠᠭ ᠲᠤᠬᠠᠢ ᠳᠤᠨᠢ ᠪᠠᠶᠢᠴᠠᠭᠠᠨ ᠯᠠᠪᠯᠠᠵᠤ ᠪᠣᠯᠤᠨ᠎ᠠ᠃    ︵ᠬᠤᠶᠠᠷ︶ ᠴᠠᠬᠢᠯᠭᠠᠨ ᠱᠠᠲᠤ ᠶᠢᠨ ᠭᠡᠮ ᠰᠣᠭᠤᠭ ᠢ ᠰᠡᠯᠪᠢᠨ ᠵᠠᠰᠠᠬᠤ᠂ ᠰᠡᠯᠪᠢᠭ ᠲᠣᠨᠤᠭ ᠪᠠ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠲᠦᠷᠰᠦ ᠰᠢᠩᠭᠡᠭᠡᠯᠳᠠ ᠶᠢ  ᠬᠡᠷᠡᠭᠯᠡᠬᠦ ᠨᠢᠭᠡᠴᠡ ᠲᠤᠰᠠᠭᠠᠷ ᠲᠤᠨᠢ ᠦᠯᠡᠳᠡᠭᠡᠨ ᠬᠠᠳᠠᠭᠠᠯᠠᠬᠤ ᠬᠡᠷᠡᠭᠲᠡᠢ᠂ ᠤᠭᠰᠠᠷᠠᠭᠰᠠᠨ ᠰᠡᠯᠪᠢᠭ ᠲᠣᠨᠤᠭ  ᠢ ᠬᠤᠳᠠᠯᠳᠤᠨ ᠠᠪᠤᠭᠰᠠᠨ ᠨᠠᠷᠢᠨ ᠬᠠᠭᠤᠳᠠᠰᠤ ᠶᠢ ᠬᠡᠷᠡᠭᠯᠡᠵᠦ ᠪᠠᠶᠢᠭ᠎ᠠ ᠨᠢᠭᠡᠴᠡ ᠲᠦᠷᠰᠦ ᠰᠢᠩᠭᠡᠭᠡᠯᠳᠠ ᠶᠢᠨ ᠬᠠᠮᠳᠥ ᠦᠯᠡᠳᠡᠭᠡᠨ ᠬᠠᠳᠠᠭᠠᠯᠠᠬᠤ ᠬᠡᠷᠡᠭᠲᠡᠢ᠂ ᠰᠡᠯᠪᠢᠭ ᠲᠣᠨᠤᠭ  ᠢ ᠬᠤᠳᠠᠯᠳᠤᠨ ᠠᠪᠤᠭᠰᠠᠨ ᠨᠠᠷᠢᠨ ᠬᠠᠭᠤᠳᠠᠰᠤ ᠶᠢ  ᠬᠠᠳᠠᠭᠠᠯᠠᠬᠤ  ᠵᠢᠯ ᠬᠤᠭᠤᠴᠠᠭ᠎ᠠ ᠨᠢ ᠰᠡᠯᠪᠢᠭ ᠲᠣᠨᠤᠭ ᠢ ᠬᠡᠷᠡᠭᠯᠡᠬᠦ ᠵᠢᠯ ᠬᠤᠭᠤᠴᠠᠭ᠎ᠠ ᠠᠴᠠ ᠳᠤᠲᠠᠭᠤ ᠪᠠᠶᠢᠵᠤ ᠪᠣᠯᠬᠤ ᠦᠭᠡᠢ᠃    ᠠᠷᠠᠴᠢᠯᠠᠨ ᠬᠠᠮᠠᠭᠠᠯᠠᠬᠤ ᠨᠢᠭᠡᠴᠡ ᠪᠠ ᠬᠡᠷᠡᠭᠯᠡᠬᠦ ᠨᠢᠭᠡᠴᠡ ᠲᠤᠰ ᠮᠡᠳᠡᠭᠳᠡᠯ ᠢ ᠴᠢᠩᠭ᠎ᠠ ᠵᠢᠷᠤᠮᠯᠠᠨ ᠬᠡᠷᠡᠭᠵᠢᠭᠦᠯᠵᠦ ᠂ ᠵᠢᠦ ᠶᠤᠸᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠠ ᠬᠠᠮᠢᠶᠠᠷᠤᠯᠲᠠ ᠶᠢᠨ ᠲᠣᠪᠴᠢᠶ᠎ᠠ ᠠᠴᠠ ᠲᠦᠷᠰᠦ ᠰᠢᠩᠭᠡᠭᠡᠯᠳᠠ ᠶᠢ ᠪᠠᠶᠢᠴᠠᠭᠠᠨ ᠦᠵᠡᠬᠦ ᠠᠷᠭ᠎ᠠ ᠮᠠᠶ᠋ᠢᠭ ᠢᠶᠠᠷ ᠳᠠᠮᠵᠢᠭᠤᠯᠤᠨ ᠬᠠᠮᠠᠭᠠᠯᠠᠯᠲᠠ ᠶᠢᠨ ᠶᠠᠪᠤᠴᠠ ᠶᠢᠨ ᠬᠠᠤᠯᠢ ᠲᠣᠭᠲᠠᠭᠠᠯ ᠳᠤ ᠨᠡᠶᠢᠴᠡᠬᠦ ᠡᠰᠡᠬᠦ ᠳᠤ ᠪᠠᠶᠢᠴᠠᠭᠠᠯᠲᠠ ᠬᠢᠵᠦ᠂  ᠠᠷᠠᠴᠢᠯᠠᠨ ᠬᠠᠮᠠᠭᠠᠯᠠᠬᠤ ᠠᠵᠢᠯᠯᠠᠭ᠎ᠠ  ᠶᠢᠨ ᠬᠤᠳᠠᠯ ᠬᠠᠭᠤᠷᠮᠠᠭ ᠵᠣᠬᠢᠶᠠᠬᠤ ᠶᠢ ᠡᠷᠡᠰ ᠬᠤᠷᠢᠭᠯᠠᠨ᠎ᠠ᠃ ᠬᠡᠷᠪᠡ ᠬᠠᠭᠤᠷᠮᠠᠭ  ᠦᠢᠯᠡᠳᠦᠭᠰᠡᠨ ᠢ ᠣᠯᠵᠤ  ᠮᠡᠳᠡᠪᠡᠯ᠂ ᠵᠢᠦ ᠶᠤᠸᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠠ ᠬᠠᠮᠢᠶᠠᠷᠤᠯᠲᠠ ᠶᠢᠨ ᠲᠣᠪᠴᠢᠶ᠎ᠠ ᠠᠴᠠ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠶᠣᠰᠣᠭᠠᠷ ᠬᠠᠮᠠᠭᠠᠯᠠᠯᠲᠠ ᠶᠢᠨ ᠺᠣᠮᠫᠠᠨᠢ ᠪᠠ ᠬᠡᠷᠡᠭᠯᠡᠬᠦ ᠨᠢᠭᠡᠴᠡ ᠶᠢ ᠰᠢᠢᠳᠬᠡᠨ᠎ᠡ᠃  ᠲᠡᠭᠡᠷᠡᠬᠢ ᠱᠠᠭᠠᠷᠳᠠᠯᠭ᠎ᠠ ᠶᠢ ᠢᠳᠡᠪᠬᠢᠳᠡᠢ ᠨᠠᠶᠢᠳᠠᠪᠤᠷᠢᠵᠢᠭᠤᠯᠤᠭᠰᠠᠨ ᠠᠵᠤ ᠠᠬᠤᠶᠢᠯᠠᠯ ᠳᠤ᠂ ᠵᠢᠦ ᠶᠤᠸᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠠ ᠬᠠᠮᠢᠶᠠᠷᠤᠯᠲᠠ ᠶᠢᠨ ᠲᠣᠪᠴᠢᠶ᠎ᠠ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢᠨ ᠶᠠᠪᠤᠴᠠ ᠳᠤ ᠪᠠᠭᠲᠠᠭᠠᠮᠵᠢᠲᠠᠢ ᠬᠢᠨᠠᠭᠤᠷ ᠪᠣᠯᠭᠤᠮᠵᠢᠲᠠᠢ ᠬᠢᠨᠠᠯᠲᠠ ᠬᠠᠮᠢᠶᠠᠷᠤᠯᠲᠠ ᠶᠢᠨ ᠵᠠᠷᠴᠢᠮ ᠢ ᠵᠢᠷᠤᠮᠯᠠᠵᠤ᠂ ᠬᠠᠤᠯᠢ ᠴᠠᠭᠠᠵᠠ ᠬᠠᠤᠯᠢ ᠲᠣᠭᠲᠠᠭᠠᠯ ᠤᠨ ᠵᠥᠪᠰᠢᠶᠡᠷᠡᠭᠰᠡᠨ ᠬᠡᠪᠴᠢᠶᠡᠨ ᠳᠣᠲᠣᠷ᠎ᠠ᠂ ᠲᠡᠳᠡᠨ ᠤ ᠬᠠᠤᠯᠢ ᠶᠢ ᠵᠥᠷᠢᠴᠡᠭᠰᠡᠨ ᠬᠥᠩᠭᠡᠪᠲᠦᠷ ᠠᠵᠢᠯᠯᠠᠭ᠎ᠠ ᠶᠢ ᠵᠠᠰᠠᠭ ᠵᠠᠬᠢᠷᠭᠠᠨ ᠤ ᠰᠢᠢᠳᠬᠡᠯ ᠠᠴᠠ ᠭᠡᠯᠳᠦᠷᠢᠭᠦᠯᠵᠦ᠂ ᠬᠠᠮᠤᠭ ᠤᠨ ᠶᠡᠭᠡ ᠬᠡᠮᠵᠢᠶ᠎ᠡ ᠪᠠᠷ ᠠᠵᠤ ᠠᠬᠤᠶᠢᠯᠠᠯ  ᠳᠤ ᠦᠪᠡᠰᠦᠪᠡᠨ ᠵᠠᠯᠠᠷᠠᠭᠤᠯᠵᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠲᠣᠬᠢᠶᠠᠯ ᠣᠯᠭᠤᠨ᠎ᠠ᠃ ᠲᠤᠰ ᠮᠡᠳᠡᠭᠳᠡᠯ ᠢ ᠨᠡᠶᠢᠲᠡᠯᠡᠭᠰᠡᠨ ᠡᠳᠦᠷ ᠠᠴᠠ ᠡᠬᠢᠯᠡᠨ ᠬᠡᠷᠡᠭᠵᠢᠭᠦᠯᠵᠦ᠂ ᠬᠦᠴᠦᠨ ᠲᠠᠢ ᠬᠤᠭᠤᠴᠠᠭ᠎ᠠ  3 ᠵᠢᠯ ᠪᠣᠯᠤᠨ᠎ᠠ᠃     ᠵᠡᠭᠦᠯᠲᠡ᠄ ᠴᠠᠬᠢᠯᠭᠠᠨ ᠱᠠᠲᠤ  ᠶᠢ ᠠᠷᠠᠴᠢᠯᠠᠨ ᠬᠠᠮᠠᠭᠠᠯᠭᠰᠠᠨ ᠴᠠᠭᠠᠰᠤᠨ ᠲᠡᠮᠳᠡᠭᠯᠡᠯ ᠵᠢᠴᠢ ᠪᠤᠰᠤᠳ ᠱᠠᠭᠠᠷᠳᠠᠯᠭ᠎ᠠ ᠶᠢ ᠮᠦᠨᠴᠦ ︽ᠴᠠᠬᠢᠯᠭᠠᠨ ᠱᠠᠲᠤ  ᠶᠢ ᠠᠷᠠᠴᠢᠯᠠᠨ ᠬᠠᠮᠠᠭᠠᠯᠠᠬᠤ ᠳᠦᠷᠢᠮ︾  ᠢᠶᠠᠷ  ᠵᠢᠷᠤᠮᠯᠠᠨ ᠬᠡᠷᠡᠭᠵᠢᠭᠦᠯᠬᠦ ᠬᠡᠷᠡᠭᠲᠡᠢ᠃                                                                             ᠪᠤᠭᠤᠲᠤ ᠬᠤᠲᠠ ᠶᠢᠨ ᠵᠢᠦ ᠶᠤᠸᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ          2024 ᠣᠨ ᠤ 6 ᠰᠠᠷ᠎ᠠ ᠶᠢᠨ 12 ᠤᠨ ᠡᠳᠦᠷ 
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号