ᠣᠶᠢᠷ᠎ᠠ ᠳᠤ᠂ ᠮᠠᠨ ᠤ ᠲᠣᠭᠤᠷᠢᠭ ᠤᠨ ᠨᠤᠭᠤ ᠭᠠᠵᠠᠷ ᠤᠨ ᠲᠥᠪ ᠤᠨ ᠬᠠᠷᠢᠶᠠᠲᠦ ᠨᠤᠭᠤ ᠭᠠᠵᠠᠷ ᠤᠨ | ᠬᠡᠰᠡᠭ ᠣᠷᠣᠨ ᠬᠠᠲᠤᠨ ᠭᠤᠤᠯ ᠤᠨ ᠡᠷᠭᠢ ᠳᠠᠭᠠᠤ ᠶᠢᠨ ᠲᠣᠰᠬᠤᠨ ᠤ ᠠᠷᠠᠳ ᠤᠨ ᠡᠪᠳᠡᠯᠭᠡ ᠳᠤ ᠣᠨᠴᠠᠷᠠᠵᠠᠢ᠃ | ᠮᠠᠨ ᠤ ᠨᠢᠭᠡᠴᠡ ᠶᠢᠨ ᠠᠵᠢᠯᠲᠠᠳ ᠣᠯᠠᠨ ᠤᠳᠠᠭ᠎ᠠ ᠢᠳᠬᠠᠵᠤ ᠪᠠᠶᠢᠭᠰᠠᠨ ᠪᠣᠯᠪᠠᠴᠤ ᠲᠡᠳᠡᠨ ᠤ ᠬᠠᠤᠯᠢ | ᠲᠣᠭᠲᠠᠭᠠᠯ ᠠᠴᠠ ᠵᠥᠷᠢᠴᠡᠨ ᠳᠤᠷ᠎ᠠ ᠪᠠᠷ ᠢᠶᠠᠨ ᠬᠠᠭᠠᠯᠪᠤᠷᠢᠯᠠᠵᠤ ᠳᠤᠷ᠎ᠠ ᠪᠠᠷ ᠢᠶᠠᠨ ᠳᠠᠷᠢᠬᠤ ᠡᠶᠢᠮᠦᠷᠬᠦᠦ | ᠠᠵᠢᠯᠯᠠᠭ᠎ᠠ ᠶᠢ ᠬᠤᠷᠢᠭᠯᠠᠵᠤ ᠳᠡᠶᠢᠯᠦᠭᠰᠡᠨ ᠦᠭᠡᠢ᠃᠂ ᠣᠳᠣᠬᠠᠨ ᠳᠤ ᠨᠤᠭᠤ ᠭᠠᠵᠠᠷ ᠤᠨ ᠬᠠᠤᠯᠢ ᠬᠡᠷᠡᠭᠵᠢᠭᠦᠯᠬᠦ | ᠰᠠᠯᠠᠭ᠎ᠠ ᠮᠥᠴᠢᠷ ᠣᠷᠣᠯᠴᠠᠬᠤ ᠴᠢᠬᠤᠯᠠᠲᠠᠶ ᠪᠣᠯᠣᠭᠠᠳ ᠪᠠᠶᠢᠨ᠎ᠠ᠃ | ᠪᠤᠭᠤᠲᠤ ᠬᠤᠲᠠ ᠶᠢᠨ ᠬᠠᠲᠤᠨ ᠭᠤᠤᠯ ᠤᠨ ᠤᠯᠤᠰ ᠤᠨ ᠨᠤᠭᠤ ᠭᠠᠵᠠᠷ ᠤᠨ ᠴᠡᠴᠡᠷᠯᠢᠭ 2012 | ᠣᠨ ᠳᠤ ᠤᠯᠤᠰ ᠤᠨ ᠵᠥᠪᠰᠢᠶᠡᠷᠡᠯ ᠢᠶᠠᠷ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠪᠣᠯᠵᠦ᠂ 2021 ᠣᠨ ᠳᠤ | ᠥᠪᠡᠷᠲᠡᠭᠡᠨ ᠵᠠᠰᠠᠬᠤ ᠣᠷᠣᠨ ᠤ ᠲᠠᠰ ᠤᠨ ᠴᠢᠬᠤᠯᠠ ᠨᠤᠭᠤ ᠭᠠᠵᠠᠷ ᠲᠤ ᠣᠷᠣᠭᠤᠯᠪᠠ᠃ ᠣᠶᠢᠷ᠎ᠠ ᠶᠢᠨ ᠵᠢᠯ ᠳᠤ᠂ | ᠬᠠᠲᠤᠨ ᠭᠤᠣᠯ ᠤᠨ ᠬᠥᠪᠡᠭᠡ ᠳᠠᠭᠠᠤ ᠶᠢᠨ ᠲᠣᠰᠬᠤᠨ ᠤ ᠠᠷᠠᠳ ᠬᠠᠤᠯᠢ ᠪᠤᠰᠤ ᠪᠠᠷ ᠨᠤᠭᠤ ᠭᠠᠵᠠᠷ ᠤᠨ | ᠬᠠᠮᠠᠭᠠᠯᠠᠯᠲᠠ ᠶᠢᠨ ᠭᠠᠵᠠᠷ ᠤᠨ ᠳᠣᠲᠣᠷᠠᠬᠢ ᠭᠤᠣᠯ ᠤᠨ ᠳᠠᠩ ᠳᠡᠭᠡᠷ᠎ᠡ ᠳᠤᠷ᠎ᠠ ᠪᠠᠷ ᠢᠶᠠᠨ ᠲᠠᠷᠢᠶᠠᠯᠠᠵᠤ ᠡᠷᠦᠢ | ᠬᠤᠷᠤᠢ ᠦᠭᠡᠢ ᠬᠠᠭᠠᠯᠪᠣᠷᠢᠯᠠᠬᠤ ᠠᠵᠢᠯᠯᠠᠭ᠎ᠠ ᠨᠡᠮᠡᠭᠳᠡᠵᠦ᠂ ᠪᠤᠭᠤᠲᠤ ᠬᠤᠲᠠ ᠶᠢᠨ ᠬᠠᠲᠤᠨ ᠭᠤᠣᠯ ᠤᠨ | ᠤᠯᠤᠰ ᠤᠨ ᠨᠤᠭᠤ ᠭᠠᠵᠠᠷ ᠤᠨ ᠴᠡᠴᠡᠷᠯᠢᠭ ᠤᠨ ᠵᠣᠣ ᠵᠢᠶᠦ᠋ᠨ ᠳ᠋ᠣᠣ ᠠᠷᠠᠯ ᠤᠨ ᠬᠡᠰᠡᠭ ᠲᠣᠭᠤᠷᠢᠭ᠂ ᠰᠢᠶᠣᠣ ᠪᠠᠢ | ᠾᠧ ᠭᠤᠣᠯ ᠤᠨ ᠬᠡᠰᠡᠭ ᠲᠣᠭᠤᠷᠢᠭ ᠤᠨ ᠡᠪᠳᠡᠭᠰᠡᠨ ᠲᠠᠯᠠᠪᠠᠢ ᠨᠢᠭᠡᠨᠲᠡ 2166 ᠮᠦ ᠬᠦᠷᠴᠡᠢ᠃ ᠡᠭᠦᠨ ᠠᠴᠠ | ᠪᠣᠯᠵᠦ ᠨᠤᠭᠤ ᠭᠠᠵᠠᠷ ᠤᠨ ᠲᠥᠪ ᠤᠨ ᠠᠵᠢᠯᠲᠠᠳ ᠲᠣᠭᠤᠷᠢᠨ ᠬᠠᠮᠠᠭᠠᠯᠠᠬᠤ ᠪᠠᠨ ᠴᠢᠩᠭᠠᠳᠬᠠᠵᠤ᠂ ᠣᠯᠠᠨ ᠤᠳᠠᠭ᠎ᠠ | ᠲᠤᠬᠠᠶ ᠶᠢᠨ ᠲᠠᠯᠠᠪᠤᠷ ᠲᠤ ᠬᠦᠷᠴᠦ ᠬᠠᠶᠢᠨ ᠪᠠᠶᠢᠴᠠᠭᠠᠬᠤ ᠶᠢᠨ ᠬᠠᠮᠲᠤ ᠬᠤᠷᠢᠭᠯᠠᠨ ᠵᠣᠭᠰᠣᠭᠠᠭᠰᠠᠨ ᠪᠣᠯᠪᠠᠴᠤ ᠮᠠᠰᠢ | ᠪᠠᠭ᠎ᠠ ᠦᠷ᠎ᠡ ᠪᠦᠲᠦᠮᠵᠢ ᠣᠯᠤᠭᠰᠠᠨ ᠪᠠᠶᠢᠨ᠎ᠠ᠃ ᠮᠠᠨ ᠤ ᠲᠣᠭᠤᠷᠢᠭ ᠤᠨ ᠬᠠᠲᠤᠨ ᠭᠤᠣᠯ ᠤᠨ ᠨᠤᠭᠤ ᠭᠠᠵᠠᠷ ᠢ | ᠬᠠᠮᠠᠭᠠᠯᠠᠨ ᠬᠠᠮᠢᠶᠠᠷᠬᠤ ᠶᠢ ᠤᠯᠠᠮ ᠨᠢᠭᠡ ᠠᠯᠬᠤᠮ ᠴᠢᠩᠭᠠᠳᠬᠠᠵᠦ ᠂ ᠨᠤᠭᠤ ᠭᠠᠵᠠᠷ ᠤᠨ ᠠᠮᠢ ᠠᠬᠤᠶ ᠶᠢᠨ ᠣᠷᠴᠢᠨ | ᠲᠣᠭᠤᠷᠢᠨ ᠢ ᠰᠠᠶᠢᠲᠤᠷ ᠬᠠᠮᠠᠭᠠᠯᠠᠬᠤ ᠶᠢᠨ ᠲᠥᠯᠥᠭᠡ᠂ ᠬᠤᠲᠠ ᠶᠢᠨ ᠣᠶ ᠰᠢᠭᠤᠶ ᠶᠢᠨ ᠲᠣᠪᠴᠢᠶ᠎ᠠ ᠳᠤ | ᠲᠣᠰᠬᠠᠶᠢᠯᠠᠨ ᠮᠡᠳᠡᠭᠦᠯᠵᠦ᠂ ᠨᠤᠭᠤ ᠭᠠᠵᠠᠷ ᠲᠤ ᠲᠦᠷᠭᠡᠬᠡᠨ ᠬᠦᠷᠴᠦ ᠬᠠᠤᠯᠢ ᠬᠡᠷᠡᠭᠵᠢᠭᠦᠯᠵᠦ᠂ ᠨᠤᠭᠤ ᠭᠠᠵᠠᠷ ᠢ | ᠡᠪᠳᠡᠬᠦ ᠦᠢᠯᠡ ᠠᠵᠢᠯᠯᠠᠭ᠎ᠠ ᠶᠢ ᠬᠤᠷᠢᠭᠯᠠᠨ ᠵᠣᠭᠰᠣᠭᠠᠬᠤ ᠪᠠᠷ ᠭᠤᠶᠤᠴᠢᠯᠠᠪᠠ᠃ | | | | | | |