6 ᠰᠠᠷ᠎ᠠ ᠳᠤ ᠳᠠᠯᠠᠨ ᠪᠣᠯᠠᠭ ᠪᠠᠯᠭᠠᠰᠤᠨ ᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠤ ᠬᠤᠭ | ᠨᠣᠪᠰᠢ ᠶᠢ ᠦᠨᠳᠦᠰᠦᠨ ᠠᠴᠠ ᠨᠢ ᠰᠢᠢᠳᠪᠦᠷᠢᠯᠡᠬᠦ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠶᠢ | ᠡᠬᠢᠯᠡᠭᠦᠯᠦᠭᠰᠡᠨ ᠠᠴᠠ ᠨᠠᠰᠢ᠂ ᠪᠦᠬᠦ ᠪᠠᠯᠭᠠᠰᠤ ᠬᠤᠭ ᠨᠣᠪᠰᠢ ᠶᠢ ᠬᠤᠷᠠᠮᠳᠤᠭᠤᠯᠤᠨ ᠬᠠᠳᠠᠭᠠᠯᠠᠬᠤ ᠠᠰᠠᠭᠤᠳᠠᠯ ᠤᠨ | ᠴᠡᠭ ᠢ 190 ᠭᠠᠷᠤᠢ ᠴᠡᠭᠴᠡᠯᠡᠨ ᠵᠠᠰᠠᠵᠤ᠂ 2000 ᠭᠠᠷᠤᠢ ᠺᠦᠪ ᠮᠧᠲᠷ ᠬᠤᠭ ᠨᠣᠪᠰᠢ ᠶᠢ ᠴᠡᠪᠡᠷᠯᠡᠪᠡ᠃ | ᠬᠥᠳᠡᠭᠡ ᠲᠣᠰᠬᠤᠨ ᠤ ᠬᠤᠭ ᠨᠣᠪᠰᠢ ᠶᠢ ᠵᠠᠰᠠᠬᠤ ᠪᠣᠯ ᠰᠢᠶᠠᠩ ᠪᠠᠯᠭᠠᠰᠤᠨ ᠤ ᠣᠷᠣᠰᠢᠨ ᠰᠠᠭᠤᠬᠤ ᠣᠷᠴᠢᠨ | ᠲᠣᠭᠤᠷᠢᠨ ᠢ ᠴᠡᠭᠴᠡᠯᠡᠨ ᠵᠠᠰᠠᠬᠤ ᠶᠢᠨ ᠭᠤᠣᠯᠳᠠᠯᠭ᠎ᠠ ᠲᠠᠢ ᠡᠭᠦᠷᠭᠡ ᠪᠣᠯᠬᠤ ᠪᠠᠷ ᠪᠠᠷᠠᠬᠤ ᠦᠭᠡᠢ᠂ ᠪᠠᠰᠠ ᠴᠤ | ᠰᠢᠶᠠᠩ ᠪᠠᠯᠭᠠᠰᠤᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠶᠢᠨ ᠠᠷᠬᠠᠭ ᠭᠡᠮ ᠪᠣᠯᠤᠨ᠎ᠠ | ᠃ ᠰᠢᠶᠠᠩ ᠪᠠᠯᠭᠠᠰᠤᠨ ᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠬᠢᠷᠢ | ᠲᠦᠪᠰᠢᠨ ᠢ ᠦᠷᠭᠦᠯᠵᠢᠯᠡᠨ ᠪᠠᠬᠢᠵᠢᠭᠦᠯᠵᠦ᠂ ᠬᠠᠷᠢᠶ᠎ᠠ ᠲᠣᠭᠤᠷᠢᠭ ᠤᠨ ᠰᠠᠭᠤᠭᠠᠯᠢ ᠠᠷᠠᠳ ᠤᠨ ᠵᠣᠯ ᠵᠢᠷᠭᠠᠯ ᠤᠨ | ᠵᠢᠭᠠᠯᠲᠠ ᠲᠤᠭ᠎ᠠ ᠶᠢ ᠳᠡᠭᠡᠭᠰᠢᠯᠡᠭᠦᠯᠬᠦ ᠶᠢᠨ ᠲᠥᠯᠥᠭᠡ᠂ ᠮᠠᠨ ᠤ ᠪᠠᠯᠭᠠᠰᠤ ᠬᠤᠭ ᠨᠣᠪᠰᠢ ᠶᠢ ︽ᠪᠦᠬᠦᠨ ᠢ | ᠰᠢᠢᠳᠪᠦᠷᠢᠯᠡᠬᠦ︾ ᠠᠵᠢᠯᠯᠠᠭ᠎ᠠ ᠶᠢ ᠪᠥᠬᠦ ᠬᠦᠴᠦᠨ ᠢᠶᠠᠷ ᠢᠶᠠᠨ ᠥᠷᠨᠢᠭᠦᠯᠵᠦ᠂ ᠬᠥᠮᠦᠰ ᠤᠨ ᠣᠷᠣᠰᠢᠨ ᠰᠠᠭᠤᠬᠤ | ᠣᠷᠴᠢᠨ ᠲᠣᠭᠤᠷᠢᠨ ᠢ ᠴᠡᠭᠴᠡᠯᠡᠨ ᠵᠠᠰᠠᠬᠤ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠵᠤ᠂ ᠶᠠᠰᠤ ᠴᠢᠨᠠᠷ ᠢ | ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠪᠠ᠃ | 1. ᠳᠡᠭᠡᠳᠦ ᠲᠦᠪᠰᠢᠨ ᠠᠴᠠ ᠰᠠᠭᠤᠷᠢᠯᠠᠵᠤ᠂ ᠨᠠᠷᠢᠨ ᠨᠢᠮᠪᠠᠢ ᠪᠠᠶᠢᠷᠢᠯᠠᠭᠤᠯᠤᠨ᠎ᠠ᠃ ᠳᠠᠯᠠᠨ ᠪᠣᠯᠠᠭ ᠪᠠᠯᠭᠠᠰᠤ | ᠬᠥᠳᠡᠭᠡ ᠲᠣᠰᠬᠤᠨ ᠤ ᠣᠷᠣᠰᠢᠨ ᠰᠠᠭᠤᠬᠤ ᠣᠷᠴᠢᠨ ᠲᠣᠭᠤᠷᠢᠨ ᠤ ᠬᠤᠭ ᠨᠣᠪᠰᠢ ᠶᠢ ᠴᠡᠪᠡᠷᠯᠡᠨ ᠠᠷᠢᠯᠭᠠᠬᠤ | ᠠᠵᠢᠯᠯᠠᠭ᠎ᠠ ᠶᠢᠨ ᠲᠤᠰᠬᠠᠶ ᠬᠤᠷᠠᠯ ᠬᠤᠷᠠᠯᠳᠤᠭᠤᠯᠵᠤ᠂ ᠳᠡᠭᠡᠳᠦ ᠱᠠᠲᠤᠨ ᠤ ᠠᠵᠢᠯ ᠤᠨ ᠪᠠᠶᠢᠷᠢᠯᠠᠭᠤᠯᠤᠯᠲᠠ ᠶᠢ | ᠦᠨᠳᠦᠰᠦᠯᠡᠨ᠂ ᠰᠢᠮᠳᠠᠭᠤᠯᠤᠨ ᠪᠠᠶᠢᠴᠠᠭᠠᠵᠤ ᠵᠢᠭᠠᠨ ᠵᠢᠯᠣᠭᠤᠳᠴᠤ ᠬᠠᠷᠢᠭᠤ ᠲᠤᠰᠬᠠᠭᠰᠠᠨ ᠰᠠᠨᠠᠭᠤᠯᠭ᠎ᠠ ᠲᠠᠢ | ᠤᠶᠠᠯᠳᠤᠭᠤᠯᠤᠨ᠂ ᠬᠤᠭ ᠨᠣᠪᠰᠢ ᠶᠢ ︽ᠦᠨᠳᠦᠰᠦᠨ ᠠᠴᠠ ᠨᠢ ᠰᠢᠢᠳᠪᠦᠷᠢᠯᠡᠬᠦ︾ ᠠᠵᠢᠯᠯᠠᠭ᠎ᠠ ᠶᠢ ᠨᠢᠭᠡᠳᠦᠯᠲᠡᠶ | ᠲᠥᠯᠥᠪᠯᠡᠨ ᠲᠣᠬᠢᠷᠠᠭᠤᠯᠵᠤ᠂ ᠡᠯ᠎ᠡ ᠪᠠᠭ ᠤᠨ ᠪᠦᠷᠢᠯᠳᠦᠬᠦᠨ᠂ ᠲᠣᠰᠬᠤᠨ ᠢ ᠳᠠᠭᠠᠭᠠᠴᠢᠯᠠᠭᠰᠠᠨ ᠺᠠᠳ᠋ᠷ᠂ ᠬᠠᠮᠢᠶ᠎ᠠ | ᠪᠥᠬᠦᠶ ᠰᠠᠯᠠᠭ᠎ᠠ ᠮᠥᠴᠢᠷ ᠤᠳ ᠡᠷᠬᠡᠪᠰᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠶᠡᠭᠡ ᠬᠦᠴᠦ | ᠣᠷᠣᠭᠤᠯᠤᠨ᠂ ᠡᠷᠴᠢᠮ ᠢᠶᠠᠨ ᠴᠢᠩᠭᠠᠷᠠᠭᠤᠯᠵᠤ᠂ ᠬᠥᠳᠡᠭᠡ ᠲᠣᠰᠬᠤᠨ ᠤ ᠣᠷᠣᠰᠢᠨ ᠰᠠᠭᠤᠬᠤ ᠣᠷᠴᠢᠨ | ᠲᠣᠭᠤᠷᠢᠨ ᠤ ᠬᠤᠭ ᠨᠣᠪᠰᠢ ᠶᠢ ᠴᠡᠭᠴᠡᠯᠡᠨ ᠵᠠᠰᠠᠬᠤ ᠠᠵᠢᠯ ᠢ ᠴᠢᠩᠭ᠎ᠠ ᠠᠳᠬᠤᠵᠤ᠂ ᠪᠣᠳᠠᠲᠠᠶ ᠠᠳᠬᠤᠵᠤ᠂ ᠪᠠᠲᠤ | ᠠᠳᠬᠤᠬᠤ ᠬᠡᠷᠡᠭᠲᠡᠶ ᠭᠡᠵᠦ ᠱᠠᠭᠠᠷᠳᠠᠪᠠ᠃ | 2. ᠦᠳᠲᠡᠷ ᠲᠦᠷᠭᠡᠨ ᠬᠥᠳᠡᠯᠦᠯᠴᠡᠵᠦ᠂ ᠬᠠᠷᠠᠯᠲᠠ ᠲᠠᠢ ᠪᠠᠷ ᠪᠣᠭᠤᠮᠲᠠ ᠰᠢᠪᠲᠣᠯᠣᠨᠠ᠃ ᠳᠠᠯᠠᠨ ᠪᠣᠯᠠᠭ | ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠩᠭᠢ ᠦᠳᠲᠡᠷ ᠲᠦᠷᠭᠡᠨ | ᠬᠥᠳᠡᠯᠦᠯᠴᠡᠵᠦ᠂ ︽ᠪᠦᠬᠦ ᠲᠠᠯ᠎ᠠ ᠪᠠᠷ ᠵᠢᠭᠰᠠᠭᠠᠨ ᠪᠠᠶᠢᠴᠠᠭᠠᠬᠤ᠂ ᠲᠦᠢᠯᠪᠤᠷᠢᠲᠠᠢ ᠴᠡᠭᠴᠡᠯᠡᠨ ᠵᠠᠰᠠᠬᠤ᠂ ᠲᠠᠬᠢᠨ | ᠰᠡᠷᠭᠦᠬᠦ ᠶᠢ ᠰᠡᠷᠭᠡᠶᠢᠯᠡᠬᠦ︾ ᠱᠠᠭᠠᠷᠳᠠᠯᠭ᠎ᠠ ᠶᠣᠰᠣᠭᠠᠷ᠂ ᠡᠯ᠎ᠡ ᠲᠣᠰᠬᠤᠨ ᠤ ᠬᠥᠮᠦᠨ ᠠᠮᠠ ᠨᠢᠭᠲᠠᠷᠠᠭᠰᠠᠨ ᠣᠷᠣᠨ | ᠪᠦᠰᠡ᠂ ᠭᠤᠣᠯ ᠳᠡᠳ᠋ ᠵᠠᠮ ᠤᠨ ᠬᠤᠶᠠᠷ ᠬᠠᠵᠠᠭᠤ᠂ ᠲᠣᠰᠬᠤᠨ ᠤ ᠳᠣᠲᠣᠷᠠᠬᠢ ᠭᠤᠳᠤᠮᠵᠢ ᠶᠢᠨ ᠵᠠᠮ᠂ ᠲᠠᠷᠢᠶᠠᠨ | ᠭᠠᠵᠠᠷ ᠤᠨ ᠵᠠᠮ᠂ ᠬᠤᠳᠠ ᠬᠥᠳᠡᠭᠡ ᠶᠢᠨ ᠠᠭᠤᠯᠵᠠᠷ ᠬᠡᠰᠡᠭ ᠤᠨ ᠬᠤᠭᠤᠰᠣᠨ ᠭᠠᠵᠠᠷ᠂ ᠲᠡᠮᠦᠷ ᠵᠠᠮ ᠤᠨ | ᠭᠤᠣᠯ ᠤᠨ ᠵᠠᠮ ᠳᠠᠭᠠᠤ ᠵᠡᠷᠭᠡ ᠴᠢᠬᠤᠯᠠ ᠴᠡᠭ ᠢ ᠪᠦᠬᠦ ᠲᠠᠯ᠎ᠠ ᠪᠠᠷ ᠴᠡᠪᠡᠷᠯᠡᠵᠦ᠂ ᠡᠯ᠎ᠡ ᠲᠣᠰᠬᠤᠨ ᠤ ᠡᠷᠬᠢᠨ | ᠲᠣᠭᠤᠷᠢᠨ ᠤ ᠬᠤᠭ ᠨᠣᠪᠰᠢ ᠶᠢᠨ ᠥᠨᠴᠥᠭ ᠪᠤᠯᠤᠩ ᠪᠣᠯᠤᠨ ᠵᠢᠩᠬᠢᠨᠢ ᠪᠤᠰᠤ ᠬᠤᠭ ᠨᠣᠪᠰᠢ ᠶᠢ ᠣᠪᠣᠭᠠᠯᠠᠬᠤ | ᠴᠢᠭ ᠢ ᠶᠡᠬᠡᠪᠡᠷ ᠡᠬᠢᠯᠡᠭᠦᠯᠵᠦ᠂ ᠶᠡᠬᠡᠪᠡᠷ ᠵᠢᠭᠰᠠᠭᠠᠨ ᠪᠠᠶᠢᠴᠠᠭᠠᠵᠤ᠂ ᠶᠡᠬᠡᠪᠡᠷ ᠴᠡᠪᠡᠷᠯᠡᠵᠦ᠂ ᠶᠡᠬᠡᠪᠡᠷ ᠴᠡᠭᠴᠡᠯᠡᠨ | ᠵᠠᠰᠠᠵᠤ᠂ ᠵᠢᠭᠰᠠᠭᠠᠨ ᠪᠠᠶᠢᠴᠠᠭᠠᠬᠤ ᠳᠤ ᠨᠢᠭᠡ ᠶᠢ ᠢᠯᠡᠷᠡᠭᠦᠯᠵᠦ᠂ ᠨᠢᠭᠡ ᠶᠢ ᠴᠡᠭᠴᠡᠯᠡᠨ ᠵᠠᠰᠠᠵᠤ ᠨᠣᠮᠧᠷ ᠢ ᠨᠢ | ᠬᠠᠰᠤᠬᠤ ᠶᠢ ᠪᠡᠶᠡᠯᠡᠭᠦᠯᠪᠡ᠃ | 3᠂ ᠰᠥᠨᠢ ᠪᠠᠷ ᠲᠣᠭᠤᠷᠢᠨ ᠪᠠᠶᠢᠴᠠᠭᠠᠵᠤ᠂ ᠦᠷᠭᠦᠯᠵᠢᠯᠡᠨ ᠥᠨᠳᠥᠷ ᠳᠠᠷᠤᠯᠲᠠ ᠦᠵᠡᠭᠦᠯᠦᠨ᠎ᠡ᠃ ᠬᠤᠭ | ᠨᠣᠪᠰᠢ ᠶᠢ ᠴᠡᠭᠴᠡᠯᠡᠨ ᠵᠠᠰᠠᠭᠰᠠᠨ ᠦᠷ᠎ᠡ ᠪᠦᠲᠦᠮᠵᠢ ᠶᠢ ᠦᠨᠡᠨ ᠬᠦ ᠪᠠᠬᠢᠵᠢᠭᠦᠯᠵᠦ᠂ ᠬᠤᠭ ᠨᠣᠪᠰᠢ ᠶᠢ | ᠴᠡᠪᠡᠷᠯᠡᠬᠦ ᠶᠢᠨ ᠬᠠᠮᠲᠤ᠂ ᠳᠠᠯᠠᠨ ᠪᠣᠯᠠᠭ ᠪᠠᠯᠭᠠᠰᠤ ᠰᠢᠶᠠᠩ ᠪᠠᠯᠭᠠᠰᠤᠨ ᠤ ᠭᠠᠳᠠᠷ ᠬᠦᠷᠢᠶᠡᠨ ᠤ ᠵᠠᠮ ᠪᠠ ᠪᠤᠶᠢᠳᠠ | ᠪᠥᠭᠯᠡᠭᠦᠤ ᠭᠠᠵᠠᠷ ᠥᠬᠡᠶ ᠳᠤᠷ᠎ᠠ ᠪᠠᠷ ᠢᠶᠠᠨ ᠬᠠᠤᠯᠢ ᠵᠥᠷᠢᠴᠡᠭᠰᠡᠨ ᠦᠢᠯᠡ ᠠᠵᠢᠯᠯᠠᠭ᠎ᠠ ᠳᠤ ᠴᠢᠭᠯᠡᠭᠦᠯᠦᠨ ︽ | ᠰᠥᠨᠢ ᠶᠢᠨ ᠲᠣᠭᠤᠷᠢᠨ ᠪᠠᠶᠢᠴᠠᠭᠠᠬᠤ ᠠᠵᠢᠯᠯᠠᠭ᠎ᠠ︾ ᠶᠢ ᠥᠷᠨᠢᠭᠦᠯᠵᠦ᠂ ᠰᠥᠨᠢ ᠶᠢᠨ ᠲᠣᠭᠤᠷᠢᠨ ᠪᠠᠶᠢᠴᠠᠭᠠᠬᠤ | ᠲᠤᠰᠬᠠᠶ ᠠᠩᠭᠢ ᠪᠠᠶᠢᠭᠤᠯᠤᠨ᠂ ᠥᠨᠳᠥᠷ ᠳᠠᠷᠤᠯᠲᠠᠲᠤ ᠪᠠᠶᠢᠳᠠᠯ ᠢᠶᠠᠷ ᠬᠠᠷᠢᠶᠠᠲᠤ ᠲᠣᠭᠤᠷᠢᠭ ᠤᠨ ᠳᠣᠲᠣᠷ᠎ᠠ | ᠬᠤᠯᠠᠭᠠᠶᠢᠯᠠᠨ ᠤᠨᠠᠭᠠᠬᠤ ᠦᠢᠯᠡ ᠠᠵᠢᠯᠯᠠᠭ᠎ᠠ ᠳᠤ ᠪᠥᠬᠦ ᠲᠠᠯ᠎ᠠ ᠶᠢᠨ᠂ ᠣᠯᠠᠨ ᠴᠠᠭ ᠤᠨ ᠬᠠᠮᠢᠶᠠᠷᠤᠨ ᠡᠵᠡᠮᠳᠡᠬᠦ ᠶᠢ | ᠥᠷᠨᠢᠭᠦᠯᠵᠦ᠂ ︽ᠴᠠᠭᠠᠨ ᠬᠠᠷ᠎ᠠ︾ ᠶᠢᠨ ᠲᠣᠭᠤᠷᠢᠨ ᠪᠠᠶᠢᠴᠠᠭᠠᠬᠤ ᠨᠡᠶᠢᠯᠡᠮᠡᠯ ᠬᠦᠴᠦᠨ ᠢ ᠪᠣᠶ ᠪᠣᠯᠭᠠᠵᠤ᠂ | ᠭᠤᠤᠯᠳᠠᠯᠭ᠎ᠠ ᠲᠠᠢ ᠵᠠᠮ ᠤᠨ ᠬᠡᠰᠡᠭ ᠤᠨ ᠣᠷᠣᠨ ᠪᠦᠰᠡ ᠳᠤ ᠵᠢᠵᠢᠭᠦᠷᠯᠡᠨ ᠰᠠᠬᠢᠬᠤ᠂ ᠰᠥᠨᠢ ᠪᠠᠷ ᠲᠣᠭᠤᠷᠢᠨ | ᠪᠠᠶᠢᠴᠠᠭᠠᠬᠤ ᠵᠡᠷᠭᠡ ᠠᠷᠭ᠎ᠠ ᠪᠠᠷᠢᠯ ᠢ ᠬᠡᠷᠡᠭᠯᠡᠨ᠂ ᠬᠤᠭ ᠨᠣᠪᠰᠢ ᠶᠢ ᠬᠤᠯᠠᠭᠠᠶᠢᠯᠠᠨ ᠬᠠᠶᠠᠬᠤ ᠦᠢᠯᠡ | ᠠᠵᠢᠯᠯᠠᠭ᠎ᠠ ᠶᠢ ᠡᠬᠢ ᠡᠭᠦᠰᠦᠯ ᠠᠴᠠ ᠨᠢ ᠬᠠᠮᠢᠶᠠᠷᠤᠨ ᠡᠵᠡᠮᠳᠡᠵᠦ᠂ ᠲᠡᠷᠡ ᠳᠠᠷᠤᠶ ᠳᠤᠨᠢ ᠴᠢᠩᠭ᠎ᠠ ᠰᠢᠢᠳᠪᠦᠷᠢᠯᠡᠪᠡ᠃ | | ᠳᠠᠷᠠᠭᠠᠴᠢ ᠶᠢᠨ ᠠᠯᠬᠤᠮ ᠳᠤ᠂ ᠳᠠᠯᠠᠨ ᠪᠣᠯᠠᠭ ᠪᠠᠯᠭᠠᠰᠤ ᠬᠠᠷᠢᠶ᠎ᠠ ᠭᠠᠵᠠᠷ ᠤᠨ ᠢᠶᠠᠨ ᠬᠠᠷᠢᠭᠤᠴᠠᠯᠭ᠎ᠠ ᠶᠢ | ᠦᠷᠭᠦᠯᠵᠢᠯᠡᠨ ᠴᠢᠩᠭ᠎ᠠ ᠳᠠᠷᠤᠵᠤ᠂ ᠡᠷᠴᠢ ᠵᠣᠷᠢᠭ ᠢᠶᠠᠨ ᠬᠥᠪᠴᠢᠯᠡᠵᠦ᠂ ᠬᠦᠴᠦ ᠣᠷᠣᠭᠤᠯᠵᠤ᠂ ᠨᠡᠩ ᠥᠨᠳᠥᠷ | ᠵᠣᠭᠰᠣᠴᠠ᠂ ᠨᠡᠩ ᠴᠢᠩᠭ᠎ᠠ ᠪᠠᠷᠢᠮᠵᠢᠶ᠎ᠠ᠂ ᠨᠡᠩ ᠪᠣᠳᠠᠲᠠᠢ ᠠᠷᠭ᠎ᠠ ᠬᠡᠮᠵᠢᠶ᠎ᠡ ᠪᠠᠷ ᠬᠥᠮᠦᠰ ᠤᠨ ᠣᠷᠣᠰᠢᠨ ᠰᠠᠭᠤᠬᠤ | ᠣᠷᠴᠢᠨ ᠲᠣᠭᠤᠷᠢᠨ ᠢ ᠴᠡᠭᠴᠡᠯᠡᠨ ᠵᠠᠰᠠᠬᠤ ᠶᠢ ᠦᠷᠭᠦᠯᠵᠢᠯᠡᠨ ᠠᠬᠢᠭᠤᠯᠵᠤ᠂ ᠣᠷᠣᠰᠢᠨ ᠰᠠᠭᠤᠬᠤ ᠳᠤ | ᠲᠣᠬᠢᠷᠠᠮᠵᠢᠲᠠᠢ ᠦᠢᠯᠡᠰ ᠪᠤᠰᠬᠠᠬᠤ ᠳᠤ ᠲᠣᠬᠢᠷᠠᠮᠵᠢᠲᠠᠢ ᠦᠵᠡᠰᠬᠦᠯᠡᠩᠲᠦ ᠰᠠᠶᠢᠬᠠᠨ ᠪᠤᠭᠤᠲᠤ ᠶᠢ ᠪᠦᠬᠦ | ᠬᠦᠴᠦᠨ ᠢᠶᠠᠷ ᠢᠶᠠᠨ ᠪᠦᠳᠦᠭᠡᠨ ᠪᠠᠶᠢᠭᠤᠯᠬᠤ ᠳᠤ ᠦᠵᠡᠭᠦᠯᠪᠡᠰᠦ ᠵᠣᠬᠢᠬᠤ ᠬᠦᠴᠦᠨ ᠴᠢᠳᠠᠯ ᠢᠶᠠᠨ ᠡᠷᠭᠦᠨ᠎ᠡ ᠭᠡᠪᠡ᠃ |