ᠪᠣᠭᠤᠲᠤ ᠬᠤᠲᠠ ᠶᠢᠨ ᠵᠢᠦ ᠶᠣᠸᠠᠨ ᠲᠣᠭᠤᠷᠢᠭ ᠤᠨ ᠵᠠᠰᠠᠭ ᠤᠨ ᠣᠷᠳᠤᠨ ᠤ ᠠᠯᠪᠠᠨ ᠮᠡᠳᠡᠭᠡᠯᠡᠯ ﹇2024﹈ | 20 ᠳ᠋ᠤᠭᠠᠷ ᠲᠣᠭᠠᠲᠤ | ︽ᠵᠢᠦ ᠶᠣᠸᠠᠨ ᠲᠣᠭᠤᠷᠢᠭ ᠤᠨ ᠬᠤᠲᠠ ᠶᠢᠨ ᠬᠡᠷ ᠪᠠᠶᠢᠰᠢᠩ ᠤᠨ ᠥᠷᠥᠭᠡᠨ ᠤ ᠳᠣᠲᠣᠷᠠᠬᠢ ᠵᠠᠰᠠᠯ | ᠴᠢᠮᠡᠭᠯᠡᠯ ᠤᠨ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠬᠤ ᠠᠷᠭ᠎ᠠ ᠬᠡᠮᠵᠢᠶ᠎ᠡ︾ ᠶᠢᠨ ᠲᠤᠬᠠᠢ ᠮᠡᠳᠡᠭᠳᠡᠯ | ᠡᠯ᠎ᠡ ᠰᠤᠮᠤ ᠪᠠᠯᠭᠠᠰᠤ᠂ ᠵᠡᠭᠡᠯᠢ ᠭᠤᠳᠤᠮᠵᠢ᠂ ᠬᠦᠷᠢᠶᠡᠯᠡᠩ ᠲᠣᠭᠤᠷᠢᠭ᠂ ᠲᠣᠭᠤᠷᠢᠭ ᠤᠨ ᠬᠠᠷᠢᠶ᠎ᠠ᠂ | ᠲᠣᠭᠤᠷᠢᠭ ᠲᠤ ᠰᠠᠭᠤᠭ᠎ᠠ ᠡᠯ᠎ᠡ ᠰᠠᠯᠠᠭ᠎ᠠ ᠮᠥᠴᠢᠷ᠂ ᠨᠢᠭᠡᠴᠡ ᠳᠤ᠄ | ︽ᠵᠢᠦ ᠶᠣᠸᠠᠨ ᠲᠣᠭᠤᠷᠢᠭ ᠤᠨ ᠬᠤᠲᠠ ᠶᠢᠨ ᠬᠡᠷ ᠪᠠᠶᠢᠰᠢᠩ ᠤᠨ ᠥᠷᠥᠭᠡᠨ ᠤ ᠳᠣᠲᠣᠷᠠᠬᠢ ᠵᠠᠰᠠᠯ | ᠴᠢᠮᠡᠭᠯᠡᠯ ᠤᠨ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠬᠤ ᠠᠷᠭ᠎ᠠ ᠬᠡᠮᠵᠢᠶ᠎ᠡ︾ ᠶᠢ ᠲᠣᠭᠤᠷᠢᠭ ᠤᠨ | ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠲᠠ ᠨᠠᠷ ᠲᠤ ᠳᠠᠷᠤᠮᠠᠯᠯᠠᠨ ᠶᠠᠪᠤᠭᠤᠯᠤᠯ᠎ᠠ᠂ | ᠪᠣᠳᠠᠲᠠᠶ ᠲᠠᠢ ᠪᠠᠨ ᠤᠶᠠᠯᠳᠤᠭᠤᠯᠤᠨ ᠬᠢᠨᠠᠮᠠᠭᠠᠶ ᠵᠣᠬᠢᠶᠠᠨ ᠪᠠᠶᠢᠭᠤᠯᠤᠨ ᠬᠡᠷᠡᠭᠵᠢᠭᠦᠯᠲᠦᠭᠡᠶ᠃ | ᠣᠨᠴᠠᠭᠠᠶᠢᠯᠠᠨ ᠮᠡᠳᠡᠭᠳᠡᠪᠡ᠃ | ᠪᠣᠭᠤᠲᠤ ᠬᠤᠲᠠ ᠶᠢᠨ ᠵᠢᠦ ᠶᠣᠸᠠᠨ ᠲᠣᠭᠤᠷᠢᠭ ᠤᠨ ᠵᠠᠰᠠᠭ ᠤᠨ ᠣᠷᠳᠤᠨ ᠤ ᠠᠯᠪᠠᠨ ᠬᠡᠷ | 2024 ᠣᠨ ᠤ 3 ᠰᠠᠷ᠎ᠠ ᠶᠢᠨ 25 ᠤ ᠡᠳᠦᠷ | ᠵᠢᠦ ᠶᠣᠸᠠᠨ ᠲᠣᠭᠤᠷᠢᠭ ᠤᠨ ᠬᠤᠲᠠ ᠶᠢᠨ ᠬᠡᠷ ᠪᠠᠶᠢᠰᠢᠩ ᠤᠨ ᠥᠷᠥᠭᠡᠨ ᠤ ᠳᠣᠲᠣᠷᠠᠬᠢ ᠵᠠᠰᠠᠯ ᠴᠢᠮᠡᠭᠯᠡᠯ ᠤᠨ | ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠬᠤ ᠠᠷᠭ᠎ᠠ ᠬᠡᠮᠵᠢᠶ᠎ᠡ | ᠨᠢᠭᠡᠳᠦᠭᠡᠷ ᠪᠦᠯᠦᠭ ᠶᠡᠷᠦᠩᠬᠡᠢ ᠵᠠᠷᠴᠢᠮ | ᠨᠢᠭᠡᠳᠦᠭᠡᠷ ᠵᠦᠢᠯ ᠲᠤᠰ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠬᠤᠲᠠ ᠶᠢᠨ ᠭᠡᠷ ᠪᠠᠶᠢᠰᠢᠩ ᠤᠨ | ᠥᠷᠥᠭᠡᠨ ᠤ ᠳᠣᠲᠣᠷᠠᠬᠢ ᠵᠠᠰᠠᠯ ᠴᠢᠮᠡᠭᠯᠡᠯ ᠤᠨ ᠠᠮᠤᠷ ᠲᠦᠪᠰᠢᠨ ᠤ ᠬᠠᠮᠢᠶᠠᠷᠤᠯᠲᠠ ᠶᠢ ᠤᠯᠠᠮ ᠨᠢᠭᠡ ᠠᠯᠬᠤᠮ | ᠴᠢᠩᠭᠠᠳᠬᠠᠬᠤ ᠶᠢᠨ ᠲᠥᠯᠥᠭᠡ᠂ ᠭᠡᠷ ᠳᠣᠲᠣᠷᠠᠬᠢ ᠵᠠᠰᠠᠯ ᠴᠢᠮᠡᠭᠯᠡᠯ ᠤᠨ ᠬᠠᠤᠯᠢ ᠲᠣᠭᠲᠠᠭᠠᠯ ᠠᠴᠠ ᠵᠥᠷᠢᠴᠡᠭᠰᠡᠨ | ᠠᠵᠢᠯᠯᠠᠭ᠎ᠠ ᠶᠢ ᠡᠷᠡᠰ ᠬᠤᠷᠢᠭᠯᠠᠵᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ | ᠪᠠᠲᠤᠯᠠᠵᠤ᠂ ᠨᠡᠶᠢᠭᠡᠮ ᠤᠨ ᠡᠶ᠎ᠡ ᠵᠣᠬᠢᠴᠠᠯ ᠲᠣᠭᠲᠠᠭᠤᠨ ᠪᠠᠶᠢᠳᠠᠯ ᠢ ᠬᠠᠮᠠᠭᠠᠯᠠᠵᠤ᠂ ︽ᠪᠥᠬᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠪᠠᠷᠢᠯᠭ᠎ᠠ ᠶᠢᠨ ᠬᠠᠤᠯᠢ︾ ︽ᠪᠥᠲᠥᠭᠡᠨ ᠪᠠᠶᠢᠭᠤᠯᠤᠯᠲᠠ ᠶᠢᠨ ᠪᠠᠷᠢᠯᠭ᠎ᠠ ᠶᠢᠨ | ᠠᠶᠤᠯᠭᠦᠶ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠲᠦᠷᠢᠮ︾ ︽ᠪᠥᠲᠥᠭᠡᠨ ᠪᠠᠶᠢᠭᠤᠯᠤᠯᠲᠠ ᠶᠢᠨ ᠪᠠᠷᠢᠯᠭ᠎ᠠ ᠶᠢᠨ | ᠶᠠᠰᠤ ᠴᠢᠨᠠᠷ ᠤᠨ ᠬᠠᠮᠢᠶᠠᠷᠤᠯᠲᠠ ᠶᠢᠨ ᠲᠦᠷᠢᠮ︾ ︽ᠠᠳᠠᠯ ᠠᠬᠤᠶ ᠶᠢᠨ ᠬᠠᠮᠢᠶᠠᠷᠤᠯᠲᠠ ᠶᠢᠨ ᠲᠦᠷᠢᠮ︾ ︽ | ᠣᠷᠣᠨ ᠰᠠᠭᠤᠴᠠ ᠶᠢᠨ ᠥᠷᠥᠭᠡᠨ ᠤ ᠳᠣᠲᠣᠷᠠᠬᠢ ᠵᠠᠰᠠᠯ ᠴᠢᠮᠡᠭᠯᠡᠯ ᠤᠨ ᠬᠠᠮᠢᠶᠠᠷᠤᠯᠲᠠ ᠶᠢᠨ ᠠᠷᠭ᠎ᠠ︾ ︵ᠪᠥᠲᠥᠭᠡᠨ | ᠪᠠᠶᠢᠭᠤᠯᠤᠯᠲᠠ ᠶᠢᠨ ᠶᠠᠮᠤᠨ ᠤ 110 ᠳ᠋ᠤᠭᠠᠷ ᠲᠣᠭᠠᠲᠤ︶ ︽ᠬᠤᠲᠠ ᠶᠢᠨ ᠬᠡᠷ ᠪᠠᠶᠢᠰᠢᠩ ᠤᠨ ᠥᠷᠥᠭᠡᠨ ᠤ | ᠳᠣᠲᠣᠷᠠᠬᠢ ᠵᠠᠰᠠᠯ ᠴᠢᠮᠡᠭᠯᠡᠯ ᠤᠨ ᠠᠶᠤᠯᠭᠦᠶ ᠶᠢᠨ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠶ | ᠮᠡᠳᠡᠭᠳᠡᠯ︾ ︵ᠪᠥᠲᠥᠭᠡᠨ ᠪᠠᠶᠢᠭᠤᠯᠤᠯᠲᠠ ᠶᠢᠨ ᠠᠯᠪᠠᠨ ︹ 2023 ︺ 29 ᠳ᠋ᠤᠭᠡᠷ ᠲᠣᠭᠠᠲᠤ︶ ᠵᠡᠷᠭᠡ ᠬᠠᠤᠯᠢ | ᠴᠠᠭᠠᠵᠠ ᠬᠠᠤᠯᠢ ᠲᠦᠷᠢᠮ ᠵᠢᠷᠤᠮ ᠤᠨ ᠲᠣᠭᠲᠠᠭᠠᠯ ᠢ ᠦᠨᠳᠦᠰᠦᠯᠡᠪᠡᠯ᠂ ᠮᠠᠨ ᠤ ᠣᠷᠣᠨ ᠤ ᠪᠣᠳᠠᠲᠤ | ᠪᠠᠶᠢᠳᠠᠯ ᠲᠠᠢ ᠪᠠᠨ ᠤᠶᠠᠯᠳᠤᠭᠤᠯᠤᠨ᠂ ᠲᠣᠰ ᠠᠷᠭ᠎ᠠ ᠶᠢ ᠣᠨᠴᠠᠭᠠᠢᠯᠠᠨ ᠲᠣᠭᠲᠠᠭᠠᠪᠠ᠃ | ᠬᠤᠶᠠᠳᠤᠭᠠᠷ ᠵᠦᠢᠯ ᠲᠤᠰ ᠠᠷᠭ᠎ᠠ ᠶᠢ ᠲᠤᠰ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠤᠯᠤᠰ ᠤᠨ | ᠥᠮᠴᠢᠯᠡᠯ ᠤᠨ ᠭᠠᠵᠠᠷ ᠰᠢᠷᠣᠶ ᠳᠡᠭᠡᠷ᠎ᠡ ᠨᠢᠭᠡᠨᠲᠡ ᠠᠰᠢᠭᠯᠠᠯᠲᠠ ᠳᠤ ᠣᠷᠣᠭᠤᠯᠤᠭᠰᠠᠨ ᠭᠡᠷ ᠪᠠᠶᠢᠰᠢᠩ ᠤᠨ ᠵᠠᠰᠠᠯ | ᠴᠢᠮᠡᠭᠯᠡᠯ ᠤᠨ ᠠᠶᠤᠯᠭᠦᠶ ᠶᠢᠨ ᠬᠠᠮᠢᠶᠠᠷᠤᠯᠲᠠ ᠳᠤ ᠬᠡᠷᠡᠭᠯᠡᠨ᠎ᠡ᠃ | ᠲᠤᠰ ᠠᠷᠭ᠎ᠠ ᠳᠤ ᠬᠡᠯᠡᠵᠦ ᠪᠠᠶᠢᠭ᠎ᠠ ᠭᠡᠷ ᠪᠠᠶᠢᠰᠢᠩ ᠤᠨ ᠵᠠᠰᠠᠯ ᠴᠢᠮᠡᠭᠯᠡᠯ ᠤᠨ ᠠᠶᠤᠯᠭᠦᠶ ᠶᠢᠨ ᠬᠠᠮᠢᠶᠠᠷᠤᠯᠲᠠ | ᠭᠡᠳᠡᠭ ᠨᠢ ᠭᠡᠷ ᠪᠠᠶᠢᠰᠢᠩ ᠤᠨ ᠵᠠᠰᠠᠯ ᠴᠢᠮᠡᠭᠯᠡᠯ ᠤᠨ ᠶᠠᠪᠤᠴᠠ ᠳᠠᠬᠢ ᠵᠠᠰᠠᠵᠤ ᠴᠢᠮᠡᠭᠯᠡᠭᠰᠡᠨ ᠨᠢ ᠵᠤᠬᠢᠰ ᠦᠭᠡᠢ᠂ | ᠬᠡᠷᠡᠭᠴᠡᠭᠡ ᠪᠠ ᠪᠦᠲᠦᠴᠡ ᠶᠢ ᠬᠤᠪᠢᠷᠠᠭᠤᠯᠤᠭᠰᠠᠨ ᠵᠡᠷᠭᠡ ᠬᠦᠴᠦᠨ ᠵᠦᠢᠯ ᠠᠴᠠ ᠪᠣᠯᠤᠭᠰᠠᠨ ᠭᠡᠷ ᠪᠠᠶᠢᠰᠢᠩ ᠤᠨ | ᠠᠶᠤᠯᠭᠦᠶ ᠶᠢᠨ ᠲᠠᠯᠳᠠ ᠭᠡᠮ ᠢ ᠵᠠᠰᠠᠬᠤ ᠶᠠᠪᠤᠳᠠᠯ ᠢ ᠵᠢᠭᠠᠵᠤ ᠪᠠᠶᠢᠨ᠎ᠠ᠃ | ᠬᠤᠶᠠᠳᠤᠭᠠᠷ ᠪᠦᠯᠦᠭ ᠬᠠᠤᠯᠢ ᠲᠣᠭᠲᠠᠭᠠᠯ ᠶᠣᠰᠣᠭᠠᠷ ᠵᠠᠰᠠᠯ ᠴᠢᠮᠡᠭᠯᠡᠯ ᠤᠨ ᠠᠵᠢᠯᠯᠠᠭ᠎ᠠ ᠶᠢ ᠥᠷᠨᠢᠭᠦᠯᠦᠨ᠎ᠡ | ᠭᠤᠷᠪᠠᠳᠤᠭᠠᠷ ᠵᠦᠢᠯ ᠵᠠᠰᠠᠯ ᠴᠢᠮᠡᠭᠯᠡᠯ ᠤᠨ ᠠᠵᠢᠯᠯᠠᠭ᠎ᠠ ᠶᠢᠨ ᠳᠤᠮᠳᠠ ᠪᠠᠷᠢᠯᠭ᠎ᠠ ᠶᠢᠨ ᠭᠤᠣᠯ ᠴᠣᠭᠴᠠ ᠪᠠ | ᠳᠠᠭᠠᠭᠠᠴᠠ ᠶᠢᠨ ᠪᠦᠲᠦᠴᠡ ᠶᠢ ᠨᠥᠯᠥᠭᠡᠯᠡᠬᠦ ᠳᠣᠣᠷᠠᠬᠢ ᠮᠡᠲᠦ ᠠᠵᠢᠯᠯᠠᠭ᠎ᠠ ᠶᠢ ᠴᠠᠭᠠᠵᠠᠯᠠᠨ᠎ᠠ᠄ | ︵ᠨᠢᠭᠡ︶ ᠤᠤᠯ ᠤᠨ ᠵᠢᠷᠤᠵᠤ ᠲᠥᠯᠥᠪᠯᠡᠭᠰᠡᠨ ᠨᠢᠭᠡᠴᠢ ᠪᠤᠶᠤ ᠵᠣᠬᠢᠴᠠᠩᠭᠤᠶ ᠬᠢᠷᠢ ᠴᠢᠳᠠᠯ ᠤᠨ ᠵᠡᠷᠭᠡ ᠳᠡᠰ | ᠪᠦᠬᠦᠢ ᠵᠢᠷᠤᠵᠤ ᠲᠥᠯᠥᠪᠯᠡᠬᠦ ᠨᠢᠭᠡᠴᠢ ᠪᠠᠷ ᠵᠢᠷᠤᠭ ᠲᠥᠯᠥᠪᠯᠡᠭᠡ ᠶᠢᠨ ᠲᠥᠰᠦᠯ ᠳᠤᠷᠠᠳᠤᠭᠤᠯᠤᠭᠰᠠᠨ ᠦᠭᠡᠢ ᠪᠠᠷ | ᠪᠠᠷᠢᠯᠭ᠎ᠠ ᠶᠢᠨ ᠭᠤᠣᠯ ᠴᠣᠭᠴᠠ ᠪᠠ ᠳᠠᠭᠠᠭᠠᠴᠠ ᠶᠢᠨ ᠪᠦᠲᠦᠴᠡ ᠶᠢ ᠬᠤᠪᠢᠷᠠᠭᠤᠯᠬᠤ︔ | ︵ᠬᠤᠶᠠᠷ︶ ᠤᠤᠯ ᠤᠨ ᠵᠢᠷᠤᠵᠤ ᠲᠥᠯᠥᠪᠯᠡᠭᠰᠡᠨ ᠨᠢᠭᠡᠴᠢ ᠪᠤᠶᠤ ᠵᠣᠬᠢᠴᠠᠩᠭᠤᠶ ᠬᠢᠷᠢ ᠴᠢᠳᠠᠯ ᠤᠨ ᠵᠡᠷᠭᠡ | ᠳᠡᠰ ᠲᠠᠢ ᠵᠢᠷᠤᠵᠤ ᠲᠥᠯᠥᠪᠯᠡᠭᠰᠡᠨ ᠨᠢᠭᠡᠴᠢ ᠪᠠᠷ ᠵᠢᠷᠤᠭ ᠲᠥᠯᠥᠪᠯᠡᠭᠡᠨ ᠤ ᠲᠥᠰᠦᠯ ᠳᠤᠷᠠᠳᠤᠭᠤᠯᠤᠭᠰᠠᠨ ᠦᠭᠡᠢ᠂ | ᠵᠢᠷᠤᠵᠤ ᠲᠥᠯᠥᠪᠯᠡᠭᠰᠡᠨ ᠪᠠᠷᠢᠮᠵᠢᠶ᠎ᠠ ᠪᠤᠶᠤ ᠵᠢᠷᠤᠮᠵᠢᠯ ᠠᠴᠠ ᠳᠠᠪᠠᠭᠤᠯᠤᠨ ᠠᠰᠠᠷ ᠤᠨ ᠳᠠᠭᠠᠭᠠᠴᠠ ᠶᠢ | ᠨᠡᠮᠡᠭᠳᠡᠭᠦᠯᠦᠭᠰᠡᠨ︔ ︵ᠭᠤᠷᠪᠠ︶ ᠲᠠᠭᠠᠭᠠᠴᠠᠳᠦ ᠬᠡᠷᠡᠮ ᠳᠡᠭᠡᠷᠡᠬᠢ ᠤᠤᠯ ᠤᠨ ᠪᠠᠶᠢᠭᠰᠠᠨ ᠡᠭᠦᠳᠡ ᠴᠣᠩᠬᠤᠨ ᠤ | ᠬᠡᠮᠵᠢᠶ᠎ᠡ ᠶᠢ ᠥᠷᠭᠡᠳᠬᠡᠬᠦ︔ | ︵ᠲᠥᠷᠪᠡ︶ ᠨᠠᠷᠠᠪᠴᠢ ᠲᠠᠢ ᠬᠤᠯᠪᠣᠭᠰᠠᠨ ᠲᠣᠭᠤᠰᠬ᠎ᠠ᠂ ᠪᠤᠲ᠋ᠣᠨ ᠬᠡᠷᠡᠮ ᠢ ᠨᠤᠷᠠᠭᠠᠬᠤ︔ | ︵ᠲᠠᠪᠤ︶ ᠪᠠᠷᠢᠯᠭ᠎ᠠ ᠶᠢᠨ ᠪᠦᠲᠦᠴᠡ ᠶᠢᠨ ᠳᠠᠭᠠᠭᠠᠴᠠ ᠪᠠ ᠬᠡᠷᠡᠭᠯᠡᠯᠲᠡ ᠶᠢᠨ ᠠᠮᠤᠷ ᠲᠦᠪᠰᠢᠨ ᠢ ᠨᠥᠯᠥᠭᠡᠯᠡᠬᠦ | ᠪᠤᠰᠤᠳ ᠦᠢᠯᠡ ᠠᠵᠢᠯᠯᠠᠭ᠎ᠠ᠃ | ᠳᠥᠷᠪᠡᠳᠦᠭᠡᠷ ᠵᠦᠢᠯ ᠵᠠᠰᠠᠨ ᠴᠢᠮᠡᠭᠯᠡᠭᠴᠢ ᠣᠷᠣᠨ ᠰᠠᠭᠤᠴᠠ ᠶᠢᠨ ᠥᠷᠥᠭᠡᠨ ᠤ ᠳᠣᠲᠣᠷᠠᠬᠢ ᠵᠠᠰᠠᠯ | ᠴᠢᠮᠡᠭᠯᠡᠯ ᠤᠨ ᠠᠵᠢᠯᠯᠠᠭ᠎ᠠ ᠬᠢᠬᠦ ᠳᠡᠭᠡᠨ ᠵᠥᠪᠰᠢᠶᠡᠷᠡᠭᠦᠯᠦᠭᠰᠡᠨ ᠦᠭᠡᠢ ᠪᠣᠯ ᠳᠣᠣᠷ᠎ᠠ ᠵᠢᠭᠰᠠᠭᠠᠭᠰᠠᠨ | ᠠᠵᠢᠯᠯᠠᠭ᠎ᠠ ᠨᠤᠭᠤᠳ ᠢ ᠬᠢᠵᠦ ᠪᠣᠯᠬᠤ ᠦᠭᠡᠢ᠄ | ︵ᠨᠢᠭᠡ︶ ᠪᠠᠷᠢᠯᠭ᠎ᠠ᠂ ᠪᠠᠷᠢᠯᠭ᠎ᠠ ᠶᠢᠨ ᠵᠦᠢᠯ ᠪᠠᠶᠢᠭᠤᠯᠬᠤ︔ | ︵ᠬᠤᠶᠠᠷ︶ ᠣᠷᠣᠨ ᠰᠠᠭᠤᠴᠠ ᠶᠢᠨ ᠭᠠᠳᠠᠷ ᠪᠣᠰᠤᠭ᠎ᠠ ᠲᠠᠯ᠎ᠠ ᠶᠢ ᠥᠭᠡᠷᠡᠴᠢᠯᠡᠵᠦ᠂ ᠲᠠᠭᠠᠭᠠᠴᠠᠳᠦ ᠪᠤᠰᠤ | ᠭᠠᠳᠠᠷ ᠬᠡᠷᠡᠮ ᠳᠡᠭᠡᠷ᠎ᠡ ᠡᠭᠦᠳᠡ ᠪᠠᠨ ᠨᠡᠭᠡᠭᠡᠵᠦ᠂ ᠴᠣᠩᠬᠤ ᠪᠠᠨ ᠨᠡᠭᠡᠭᠡᠬᠦ︔ | ︵ᠭᠤᠷᠪᠠ︶ ᠳᠤᠯᠠᠭᠠᠯᠠᠭ᠎ᠠ ᠶᠢᠨ ᠬᠤᠭᠤᠯᠠᠶ ᠪᠠ ᠲᠥᠬᠦᠭᠡᠷᠦᠮᠵᠢ ᠶᠢ ᠵᠠᠳᠠᠯᠵᠤ ᠥᠭᠡᠷᠡᠴᠢᠯᠡᠨ᠎ᠡ︔ | ︵ᠲᠥᠷᠪᠡ︶ ᠰᠢᠲᠠᠮᠠᠬᠠᠶ ᠬᠡᠢ ᠶᠢᠨ ᠬᠤᠭᠤᠯᠠᠶ ᠪᠣᠯᠤᠨ ᠪᠡᠯᠡᠳᠬᠡᠮᠵᠢ ᠶᠢ ᠵᠠᠳᠠᠯᠵᠤ ᠥᠭᠡᠷᠡᠴᠢᠯᠡᠨ᠎ᠡ᠃ | ᠳᠡᠭᠡᠷ᠎ᠡ ᠳᠤᠷᠠᠳᠤᠭᠰᠠᠨ ᠦᠢᠯᠡ ᠠᠵᠢᠯᠯᠠᠭ᠎ᠠ ᠶᠢ ᠦᠨᠡᠬᠡᠷ ᠬᠢᠬᠦ ᠴᠢᠬᠤᠯᠠᠲᠠᠶ ᠪᠠᠶᠢᠪᠠᠯ᠂ ᠵᠠᠰᠠᠨ ᠴᠢᠮᠡᠭᠯᠡᠭᠴᠢ ᠨᠢ | ᠤᠤᠯ ᠤᠨ ᠵᠢᠷᠤᠵᠤ ᠲᠥᠯᠥᠪᠯᠡᠭᠰᠡᠨ ᠨᠢᠭᠡᠴᠢ ᠪᠤᠶᠤ ᠵᠣᠬᠢᠴᠠᠩᠭᠤᠶ ᠬᠢᠷᠢ ᠴᠢᠳᠠᠯ ᠤᠨ ᠵᠡᠷᠭᠡ ᠳᠡᠰ ᠪᠦᠬᠦᠢ ᠵᠢᠷᠤᠵᠤ | ᠲᠥᠯᠥᠪᠯᠡᠬᠦ ᠨᠢᠭᠡᠴᠢ ᠳᠤ ᠨᠠᠶᠢᠳᠠᠵᠤ ᠵᠢᠷᠤᠭ ᠲᠥᠯᠥᠪᠯᠡᠭᠡ ᠶᠢᠨ ᠲᠥᠰᠦᠯ ᠳᠤᠷᠠᠳᠤᠭᠤᠯᠵᠤ᠂ ᠵᠣᠬᠢᠴᠠᠩᠭᠤᠶ ᠬᠢᠷᠢ | ᠬᠡᠮ ᠪᠦᠬᠦᠢ ᠪᠠᠷᠢᠯᠭ᠎ᠠ ᠪᠠᠷᠢᠬᠤ ᠨᠢᠭᠡᠴᠢ ᠳᠤ ᠨᠠᠶᠢᠳᠠᠵᠤ ᠵᠢᠷᠤᠭ ᠲᠥᠯᠥᠪᠯᠡᠭᠡ ᠶᠢᠨ ᠲᠥᠰᠦᠯ ᠤᠨ ᠶᠣᠰᠣᠭᠠᠷ | ᠵᠣᠬᠢᠶᠠᠨ ᠪᠠᠶᠢᠭᠤᠯᠵᠤ ᠪᠠᠷᠢᠯᠭ᠎ᠠ ᠪᠠᠷᠢᠭᠤᠯᠬᠤ ᠬᠡᠷᠡᠭᠲᠡᠶ᠃ ᠬᠠᠤᠯᠢ ᠶᠣᠰᠣᠭᠠᠷ ᠬᠠᠮᠢᠶ᠎ᠠ ᠪᠥᠬᠦᠢ ᠪᠥᠳᠥᠭᠡᠨ | ᠪᠠᠶᠢᠭᠤᠯᠤᠯᠲᠠ ᠶᠢᠨ ᠭᠠᠷᠳᠠᠮ ᠭᠦᠢᠴᠡᠳᠬᠡᠬᠦ ᠴᠢᠬᠤᠯᠠ ᠲᠠᠢ ᠪᠣᠯ ᠬᠠᠮᠢᠶ᠎ᠠ ᠪᠥᠬᠦᠢ ᠲᠣᠭᠲᠠᠭᠠᠯ ᠶᠣᠰᠣᠭᠠᠷ | ᠭᠦᠢᠴᠡᠳᠬᠡᠬᠦ ᠬᠡᠷᠡᠭᠲᠡᠶ᠃ | ᠲᠠᠪᠤᠳᠤᠭᠠᠷ ᠵᠦᠢᠯ ᠠᠷᠢᠭᠤᠨ ᠴᠡᠪᠡᠷ ᠤᠨ ᠲᠠᠰᠤᠯᠭ᠎ᠠ᠂ ᠲᠣᠭᠤᠭᠠᠨ ᠭᠡᠷ ᠤᠨ ᠬᠤᠭᠤᠷᠣᠨᠳᠣᠬᠢ ᠤᠰᠤ | ᠰᠡᠷᠭᠡᠶᠢᠯᠡᠬᠦ ᠳᠠᠪᠬᠤᠷᠭ᠎ᠠ ᠶᠢ ᠥᠭᠡᠷᠡᠴᠢᠯᠡᠬᠦ ᠳᠤ ᠬᠦᠷᠪᠡᠯ᠂ ᠤᠰᠤ ᠰᠡᠷᠭᠡᠶᠢᠯᠡᠬᠦ ᠪᠠᠷᠢᠮᠵᠢᠶ᠎ᠠ ᠶᠣᠰᠣᠭᠠᠷ ᠪᠠᠷᠢᠯᠭ᠎ᠠ ᠶᠢᠨ | ᠲᠥᠰᠦᠯ ᠲᠣᠭᠲᠠᠭᠠᠬᠤ ᠶᠢᠨ ᠬᠠᠮᠲᠤ ᠤᠰᠤ ᠪᠢᠲᠡᠭᠦᠮᠵᠢᠯᠡᠬᠦ ᠲᠤᠷᠰᠢᠯᠲᠠ ᠬᠢᠬᠦ ᠬᠡᠷᠡᠭᠲᠡᠶ᠃ | ᠭᠤᠷᠪᠠᠳᠤᠭᠠᠷ ᠪᠦᠯᠦᠭ ᠶᠠᠰᠤ ᠴᠢᠨᠠᠷ ᠤᠨ ᠠᠶᠤᠯᠭᠦᠶ ᠶᠢᠨ ᠬᠠᠷᠢᠭᠤᠴᠠᠯᠭ᠎ᠠ ᠶᠢ ᠲᠣᠳᠣᠷᠬᠠᠶᠢᠯᠠᠨ᠎ᠠ | ᠵᠢᠷᠭᠤᠳᠤᠭᠠᠷ ᠵᠦᠢᠯ ᠬᠡᠨ ᠥᠮᠴᠢᠯᠡᠪᠡᠯ ᠬᠡᠨ ᠬᠠᠷᠢᠭᠤᠴᠠᠬᠤ᠂ ᠬᠡᠨ ᠬᠡᠷᠡᠭᠯᠡᠪᠡᠯ ᠬᠡᠨ ᠬᠠᠷᠢᠭᠤᠴᠠᠬᠤ ᠵᠠᠷᠴᠢᠮ | ᠶᠣᠰᠣᠭᠠᠷ᠂ ᠬᠤᠳᠠ ᠶᠢᠨ ᠭᠡᠷ ᠪᠠᠶᠢᠰᠢᠩ ᠤᠨ ᠥᠮᠴᠢᠯᠡᠭᠴᠢ᠂ ᠬᠡᠷᠡᠭᠯᠡᠭᠴᠢ ︵ᠵᠠᠰᠠᠨ ᠴᠢᠮᠡᠭᠯᠡᠭᠴᠢ︶ ᠪᠣᠯ ᠭᠡᠷ | ᠪᠠᠶᠢᠰᠢᠩ ᠤᠨ ᠥᠷᠥᠭᠡᠨ ᠤ ᠳᠣᠲᠣᠷᠠᠬᠢ ᠵᠠᠰᠠᠯ ᠴᠢᠮᠡᠭᠯᠡᠯ ᠤᠨ ᠠᠶᠤᠯᠭᠦᠶ ᠶᠢᠨ ᠬᠠᠮᠢᠶᠠᠷᠤᠯᠲᠠ ᠶᠢᠨ ᠨᠢᠭᠡᠳᠦᠭᠡᠷ | ᠬᠠᠷᠢᠭᠤᠴᠠᠯᠭᠠᠲᠠᠨ ᠮᠥᠨ᠂ ᠭᠡᠷ ᠪᠠᠶᠢᠰᠢᠩ ᠤᠨ ᠥᠷᠥᠭᠡᠨ ᠤ ᠳᠣᠲᠣᠷᠠᠬᠢ ᠵᠠᠰᠠᠯ ᠴᠢᠮᠡᠭᠯᠡᠯ ᠤᠨ ᠠᠵᠢᠯᠯᠠᠭ᠎ᠠ ᠶᠢ | ᠬᠢᠬᠦ ᠳᠤ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠦᠷᠢᠮ ᠵᠢᠷᠤᠮ ᠤᠨ ᠲᠣᠭᠲᠠᠭᠠᠯ ᠢ ᠴᠢᠩᠭ᠎ᠠ ᠵᠢᠷᠤᠮᠯᠠᠬᠤ | ᠬᠡᠷᠡᠭᠲᠡᠶ᠃ ᠵᠠᠰᠠᠨ ᠴᠢᠮᠡᠭᠯᠡᠭᠴᠢ ᠨᠢ ᠭᠡᠷ ᠪᠠᠶᠢᠰᠢᠩ ᠤᠨ ᠥᠷᠥᠭᠡᠨ ᠤ ᠳᠣᠲᠣᠷᠠᠬᠢ ᠵᠠᠰᠠᠯ ᠴᠢᠮᠡᠭᠯᠡᠯ ᠤᠨ ᠠᠵᠢᠯ ᠢ | ᠡᠬᠢᠯᠡᠭᠦᠯᠬᠦ ᠠᠴᠠ ᠡᠮᠦᠨ᠎ᠡ᠂ ᠭᠡᠷ ᠪᠠᠶᠢᠰᠢᠩ ᠤᠨ ᠬᠠᠮᠢᠶᠠᠷᠤᠯᠲᠠ ᠶᠢᠨ ᠨᠢᠭᠡᠴᠢ ︵ᠠᠳᠠᠯ ᠠᠬᠤᠶ ᠶᠢᠨ | ᠦᠢᠯᠡᠴᠢᠯᠡᠭᠡᠨ ᠤ ᠠᠵᠤ ᠠᠬᠤᠶᠢᠯᠠᠯ︶ ᠳᠤ ᠮᠡᠳᠡᠭᠳᠡᠬᠦ ᠶᠢᠨ ᠬᠠᠮᠲᠤ ᠳᠠᠩᠰᠠᠯᠠᠭᠤᠯᠬᠤ ᠭᠠᠷ ᠭᠦᠢᠴᠡᠳᠬᠡᠯ ᠬᠢᠯᠭᠡᠬᠦ ᠪᠠᠷ | ᠮᠡᠳᠡᠭᠦᠯᠵᠦ᠂ ᠵᠠᠰᠠᠯ ᠴᠢᠮᠡᠭᠯᠡᠯ ᠤᠨ ᠬᠠᠮᠢᠶᠠᠷᠤᠯᠲᠠ ᠶᠢᠨ ᠦᠢᠯᠡᠴᠢᠯᠡᠭᠡᠨ ᠤ ᠬᠡᠯᠡᠯᠴᠡᠭᠡᠷ ᠲᠣᠭᠲᠠᠭᠠᠬᠤ ᠬᠡᠷᠡᠭᠲᠡᠶ᠃ | ᠠᠳᠠᠯ ᠠᠬᠤᠶ ᠶᠢᠨ ᠪᠠᠶᠢᠭᠤᠯᠤᠮᠵᠢ ᠶᠢᠨ ᠬᠠᠮᠢᠶᠠᠷᠤᠯᠲᠠ ᠥᠬᠡᠶ ᠬᠤᠲᠠ ᠶᠢᠨ ᠬᠡᠷ ᠪᠠᠶᠢᠰᠢᠩ ᠢ ᠪᠣᠯ᠂ ᠵᠠᠰᠠᠨ | ᠴᠢᠮᠡᠭᠯᠡᠭᠴᠢ ᠨᠢ ᠬᠡᠷ ᠪᠠᠶᠢᠰᠢᠩ ᠤᠨ ᠳᠣᠲᠣᠷᠠᠬᠢ ᠵᠠᠰᠠᠯ ᠴᠢᠮᠡᠭᠯᠡᠯ ᠤᠨ ᠠᠵᠢᠯ ᠡᠬᠢᠯᠡᠬᠦ ᠠᠴᠠ ᠡᠮᠦᠨ᠎ᠡ ᠬᠠᠷᠢᠶ᠎ᠠ | ᠭᠠᠵᠠᠷ ᠤᠨ ᠰᠤᠮᠤ ᠪᠠᠯᠭᠠᠰᠤ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠨᠡᠶᠢᠭᠡᠮ ᠲᠣᠭᠤᠷᠢᠭ ᠲᠤ | ᠮᠡᠳᠡᠭᠦᠯᠵᠦ ᠪᠦᠷᠢᠳᠬᠡᠨ ᠳᠠᠩᠰᠠᠯᠠᠭᠤᠯᠬᠤ ᠭᠠᠷ ᠭᠦᠢᠴᠡᠳᠭᠡᠯ ᠪᠦᠷᠢᠳᠭᠡᠬᠦᠯᠬᠦ ᠬᠡᠷᠡᠭᠲᠡᠶ᠃ | ᠳᠣᠯᠣᠳᠤᠭᠠᠷ ᠵᠦᠢᠯ ᠬᠠᠤᠯᠢ ᠴᠠᠭᠠᠵᠠ ᠲᠦᠷᠢᠮ ᠲᠣᠭᠲᠠᠭᠠᠯ ᠵᠡᠷᠭᠡ ᠳᠤ ᠬᠢᠷᠢ ᠴᠢᠳᠠᠯ ᠤᠨ ᠱᠠᠭᠠᠷᠳᠠᠯᠭ᠎ᠠ ᠲᠠᠢ | ᠭᠡᠵᠦ ᠲᠣᠳᠣᠷᠬᠠᠶ ᠲᠣᠭᠲᠠᠭᠠᠭᠰᠠᠨ ᠪᠠᠶᠢᠪᠠᠯ᠂ ᠵᠠᠰᠠᠯ ᠴᠢᠮᠡᠭᠯᠡᠯ ᠤᠨ ᠵᠢᠷᠤᠭ ᠲᠥᠯᠥᠪᠯᠡᠭᠡ᠂ ᠪᠠᠷᠢᠯᠭ᠎ᠠ ᠶᠢᠨ ᠠᠵᠤ | ᠠᠬᠤᠶᠢᠯᠠᠯ ᠨᠢ ᠵᠣᠬᠢᠴᠠᠩᠭᠤᠶ ᠬᠢᠷᠢ ᠴᠢᠳᠠᠯ ᠢ ᠪᠦᠷᠢᠳᠦᠭᠦᠯᠦᠭᠰᠡᠨ ᠪᠠᠶᠢᠬᠤ ᠬᠡᠷᠡᠭᠲᠡᠶ᠂ ᠬᠢᠷᠢ ᠴᠢᠳᠠᠯ ᠤᠨ ᠵᠡᠷᠭᠡ | ᠳᠡᠰ ᠠᠴᠠ ᠳᠠᠪᠠᠵᠤ ᠲᠤᠬᠠᠶᠢᠯᠠᠭᠰᠠᠨ ᠠᠵᠢᠯ ᠢ ᠳᠠᠭᠠᠭᠠᠨ ᠠᠪᠴᠤ ᠪᠣᠯᠬᠤ ᠦᠭᠡᠢ᠃ ᠵᠠᠰᠠᠯ ᠴᠢᠮᠡᠭᠯᠡᠯ ᠤᠨ ᠵᠢᠷᠤᠭ | ᠲᠥᠯᠥᠪᠯᠡᠭᠡ᠂ ᠪᠠᠷᠢᠯᠭ᠎ᠠ ᠶᠢᠨ ᠠᠵᠤ ᠠᠬᠤᠶᠢᠯᠠᠯ ᠨᠢ ᠭᠡᠷ ᠪᠠᠶᠢᠰᠢᠩ ᠤᠨ ᠥᠷᠥᠭᠡᠨ ᠤ ᠳᠣᠲᠣᠷᠠᠬᠢ ᠵᠠᠰᠠᠯ | ᠴᠢᠮᠡᠭᠯᠡᠯ ᠤᠨ ᠵᠢᠷᠤᠭ ᠲᠥᠯᠥᠪᠯᠡᠭᠡ᠂ ᠪᠠᠷᠢᠯᠭ᠎ᠠ ᠶᠢᠨ ᠠᠵᠢᠯᠯᠠᠭ᠎ᠠ ᠥᠷᠨᠢᠭᠦᠯᠬᠦ ᠳᠡᠭᠡᠨ ᠪᠠᠷᠢᠯᠭ᠎ᠠ ᠶᠢᠨ ᠪᠦᠳᠦᠭᠡᠨ | ᠪᠠᠶᠢᠭᠤᠯᠤᠯᠲᠠ ᠶᠢᠨ ᠠᠯᠪᠠᠳᠠᠯᠭ᠎ᠠ ᠶᠢᠨ ᠴᠢᠨᠠᠷᠲᠠᠶ ᠪᠠᠷᠢᠮᠵᠢᠶ᠎ᠠ ᠪᠠ ᠬᠤᠯᠪᠣᠭᠳᠠᠯ ᠪᠦᠬᠦᠢ ᠮᠡᠷᠭᠡᠵᠢᠯ ᠤᠨ ᠪᠠᠷᠢᠮᠵᠢᠶ᠎ᠠ ᠶᠢ | ᠴᠢᠩᠭ᠎ᠠ ᠵᠢᠷᠤᠮᠯᠠᠵᠤ᠂ ᠠᠵᠢᠯᠯᠠᠬᠤ ᠶᠠᠪᠤᠴᠠ ᠳᠠᠭᠠᠨ ᠠᠶᠤᠯᠭᠦᠶ ᠶᠢᠨ ᠬᠠᠮᠠᠭᠠᠯᠠᠯᠲᠠ ᠶᠢᠨ ᠠᠷᠭ᠎ᠠ ᠬᠡᠮᠵᠢᠶ᠎ᠡ ᠶᠢ | ᠢᠳᠡᠪᠬᠢᠲᠡᠶ ᠠᠪᠴᠤ᠂ ᠵᠠᠰᠠᠯ ᠴᠢᠮᠡᠭᠯᠡᠯ ᠤᠨ ᠶᠠᠰᠤ ᠴᠢᠨᠠᠷ ᠪᠠ ᠭᠡᠷ ᠪᠠᠶᠢᠰᠢᠩ ᠤᠨ ᠪᠦᠲᠦᠴᠡ᠂ ᠪᠠᠷᠢᠯᠭ᠎ᠠ ᠶᠢᠨ | ᠠᠵᠢᠯᠳᠠᠨ ᠤ ᠠᠮᠤᠷ ᠲᠦᠪᠰᠢᠨ ᠢ ᠪᠠᠲᠤᠯᠠᠬᠤ ᠬᠡᠷᠡᠭᠲᠡᠶ᠃ ᠪᠠᠷᠢᠯᠭ᠎ᠠ ᠶᠢᠨ ᠭᠤᠤᠯ ᠴᠣᠭᠴᠠ ᠶᠢᠨ ᠪᠦᠲᠦᠴᠡ᠂ | ᠳᠠᠭᠠᠭᠠᠴᠠ ᠶᠢᠨ ᠪᠦᠲᠦᠴᠡ ᠶᠢ ᠵᠠᠳᠠᠯᠵᠤ ᠥᠭᠡᠷᠡᠴᠢᠯᠡᠬᠦ᠂ ᠵᠢᠷᠤᠭ ᠲᠥᠯᠥᠪᠯᠡᠭᠡ ᠶᠢᠨ ᠪᠠᠷᠢᠮᠵᠢᠶ᠎ᠠ ᠪᠠ | ᠵᠢᠷᠤᠮᠵᠢᠯ ᠠᠴᠠ ᠳᠠᠪᠠᠭᠤᠯᠤᠨ ᠠᠰᠠᠷ ᠤᠨ ᠳᠠᠭᠠᠭᠠᠴᠠ ᠶᠢ ᠢᠯᠡᠳᠲᠡ ᠨᠡᠮᠡᠭᠳᠡᠭᠦᠯᠬᠦ ᠵᠡᠷᠭᠡ ᠦᠢᠯᠡ ᠠᠵᠢᠯᠯᠠᠭ᠎ᠠ ᠶᠢ | ᠴᠢᠩᠭ᠎ᠠ ᠴᠠᠭᠠᠵᠠᠯᠠᠵᠤ᠂ ᠳᠡᠭᠡᠷ᠎ᠡ ᠳᠤᠷᠠᠳᠤᠭᠰᠠᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠡᠭᠦᠰᠦᠭᠰᠡᠨ | ᠪᠦᠬᠦᠨ ᠢ ᠴᠥᠮ ᠬᠠᠤᠯᠢ ᠲᠣᠭᠲᠠᠭᠠᠯ ᠶᠣᠰᠣᠭᠠᠷ ᠴᠢᠩᠭ᠎ᠠ ᠰᠢᠢᠳᠪᠦᠷᠢᠯᠡᠬᠦ ᠶᠢᠨ ᠬᠠᠮᠲᠤ ᠠᠵᠤ ᠠᠬᠤᠶᠢᠯᠠᠯ ᠤᠨ | ᠢᠲᠡᠭᠡᠮᠵᠢ ᠶᠢᠨ ᠬᠠᠮᠢᠶᠠᠷᠤᠯᠲᠠ ᠳᠤ ᠣᠷᠣᠭᠤᠯᠬᠤ ᠬᠡᠷᠡᠭᠲᠡᠶ᠃ | ᠨᠠᠢᠮᠠᠳᠤᠭᠠᠷ ᠵᠦᠢᠯ ᠠᠳᠠᠯ ᠠᠬᠤᠶ ᠶᠢᠨ ᠦᠢᠯᠡᠴᠢᠯᠡᠭᠡᠨ ᠤ ᠠᠵᠤ ᠠᠬᠤᠶᠢᠯᠠᠯ ᠨᠢ ᠵᠠᠰᠠᠨ ᠴᠢᠮᠡᠭᠯᠡᠭᠴᠢ ᠳᠤ | ᠳᠠᠩᠰᠠᠯᠠᠬᠤ ᠭᠠᠷ ᠭᠦᠢᠴᠡᠳᠬᠡᠯ ᠬᠢᠵᠦ ᠥᠭᠬᠦ ᠦᠶ᠎ᠡ ᠳᠤ᠂ ᠵᠠᠰᠠᠯ ᠴᠢᠮᠡᠭᠯᠡᠭᠴᠢ ᠳᠤ ᠵᠠᠰᠠᠯ ᠴᠢᠮᠡᠭᠯᠡᠯ ᠤᠨ | ᠠᠵᠢᠯᠯᠠᠭ᠎ᠠ ᠶᠢᠨ ᠴᠠᠭᠠᠵᠠᠯᠠᠬᠤ ᠠᠵᠢᠯᠯᠠᠭ᠎ᠠ ᠪᠠ ᠠᠩᠬᠠᠷᠬᠤ ᠵᠦᠢᠯᠡᠰ ᠢ ᠮᠡᠳᠡᠭᠳᠡᠵᠦ᠂ ᠵᠠᠰᠠᠯ ᠴᠢᠮᠡᠭᠯᠡᠯ ᠤᠨ | ᠬᠠᠮᠢᠶᠠᠷᠤᠯᠲᠠ ᠶᠢᠨ ᠦᠢᠯᠡᠴᠢᠯᠡᠭᠡᠨ ᠤ ᠬᠡᠯᠡᠯᠴᠡᠭᠡᠷ ᠤᠨ ᠪᠣᠯᠵᠣᠯ ᠶᠣᠰᠣᠭᠠᠷ᠂ ᠦᠢᠯᠡᠴᠢᠯᠡᠭᠡᠨ ᠤ ᠣᠷᠣᠨ ᠤ | ᠬᠡᠪᠴᠢᠶᠡᠨ ᠳᠠᠬᠢ ᠭᠡᠷ ᠪᠠᠶᠢᠰᠢᠩ ᠤᠨ ᠥᠷᠥᠭᠡᠨ ᠤ ᠳᠣᠲᠣᠷᠠᠬᠢ ᠵᠠᠰᠠᠯ ᠴᠢᠮᠡᠭᠯᠡᠯ ᠤᠨ ᠠᠵᠢᠯᠯᠠᠭ᠎ᠠ ᠶᠢ ᠲᠣᠭᠤᠷᠢᠨ | ᠪᠠᠶᠢᠴᠠᠭᠠᠬᠤ ᠪᠠᠨ ᠴᠢᠩᠭᠠᠳᠬᠠᠵᠤ᠂ ᠬᠠᠤᠯᠢ ᠲᠣᠭᠲᠠᠭᠠᠯ ᠠᠴᠠ ᠵᠥᠷᠢᠴᠡᠭᠰᠡᠨ ᠠᠵᠢᠯᠯᠠᠭ᠎ᠠ ᠶᠢ ᠣᠯᠵᠤ ᠮᠡᠳᠡᠪᠡᠯ ᠵᠦᠢ | ᠵᠣᠬᠢᠰᠲᠠᠶ ᠠᠷᠭ᠎ᠠ ᠬᠡᠮᠵᠢᠶ᠎ᠡ ᠠᠪᠴᠤ ᠴᠠᠭ ᠲᠤᠬᠠᠶ ᠳᠤᠨᠢ ᠰᠠᠨᠠᠭᠤᠯᠤᠨ ᠬᠤᠷᠢᠭᠯᠠᠬᠤ ᠶᠢᠨ ᠬᠠᠮᠲᠤ ᠬᠠᠷᠢᠶ᠎ᠠ | ᠭᠠᠵᠠᠷ ᠤᠨ ᠰᠤᠮᠤ ᠪᠠᠯᠭᠠᠰᠤ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠰᠠᠯᠠᠭ᠎ᠠ ᠮᠥᠴᠢᠷ ᠲᠤ ᠮᠡᠳᠡᠭᠦᠯᠬᠦ ᠬᠡᠷᠡᠭᠲᠡᠶ᠃ ᠵᠠᠰᠠᠨ ᠴᠢᠮᠡᠭᠯᠡᠭᠴᠢ ᠨᠢ ᠤᠷᠢᠳ ᠢᠶᠠᠷ ᠮᠡᠳᠡᠭᠳᠡᠭᠰᠡᠨ | ᠦᠭᠡᠢ᠂ ᠵᠠᠰᠠᠯ ᠴᠢᠮᠡᠭᠯᠡᠯ ᠤᠨ ᠬᠠᠮᠢᠶᠠᠷᠤᠯᠲᠠ ᠶᠢᠨ ᠦᠢᠯᠡᠴᠢᠯᠡᠭᠡᠨ ᠤ ᠬᠡᠯᠡᠯᠴᠡᠭᠡᠷ ᠲᠣᠭᠲᠠᠭᠠᠭᠰᠠᠨ ᠦᠭᠡᠢ ᠪᠠᠶᠢᠪᠠᠯ᠂ | ᠠᠳᠠᠯ ᠠᠬᠤᠶ ᠶᠢᠨ ᠦᠢᠯᠡᠴᠢᠯᠡᠭᠡᠨ ᠤ ᠠᠵᠤ ᠠᠬᠤᠶᠢᠯᠠᠯ ᠨᠢ ᠬᠠᠮᠢᠶᠠᠷᠤᠯᠲᠠ ᠶᠢᠨ ᠨᠡᠶᠢᠲᠡ ᠶᠢᠨ ᠭᠡᠷ᠎ᠡ ᠶᠣᠰᠣᠭᠠᠷ | ᠲᠡᠭᠦᠨ ᠤ ᠪᠠᠷᠢᠯᠭ᠎ᠠ ᠶᠢᠨ ᠠᠵᠢᠯᠲᠠᠨ᠂ ᠪᠠᠷᠢᠯᠭ᠎ᠠ ᠶᠢᠨ ᠮᠠᠰᠢᠨ ᠪᠠᠭᠠᠵᠢ᠂ ᠲᠣᠨᠤᠭ ᠲᠥᠬᠦᠭᠡᠷᠦᠮᠵᠢ᠂ ᠮᠠᠲ᠋ᠧᠷᠢᠶᠠᠯ | ᠵᠡᠷᠭᠡ ᠶᠢ ᠪᠠᠷᠢᠯᠭ᠎ᠠ ᠶᠢᠨ ᠲᠤᠬᠠᠶ ᠶᠢᠨ ᠲᠠᠯᠠᠪᠤᠷ ᠲᠤ ᠣᠷᠣᠭᠤᠯᠬᠤ ᠶᠢ ᠬᠢᠵᠠᠭᠠᠷᠯᠠᠵᠤ ᠪᠣᠯᠤᠨ᠎ᠠ᠃ ᠠᠳᠠᠯ ᠠᠬᠤᠶ ᠶᠢᠨ | ᠦᠢᠯᠡᠴᠢᠯᠡᠭᠡᠨ ᠤ ᠠᠵᠤ ᠠᠬᠤᠶᠢᠯᠠᠯ ᠨᠢ ᠴᠠᠭᠠᠵᠠᠯᠠᠬᠤ ᠦᠢᠯᠡ ᠠᠵᠢᠯᠯᠠᠭ᠎ᠠ ᠪᠠ ᠠᠩᠬᠠᠷᠬᠤ ᠵᠦᠢᠯᠡᠰ ᠢ ᠲᠣᠭᠲᠠᠭᠠᠯ | ᠶᠣᠰᠣᠭᠠᠷ ᠮᠡᠳᠡᠭᠳᠡᠭᠰᠡᠨ ᠥᠬᠡᠶ᠂ ᠲᠣᠭᠲᠠᠭᠠᠯ ᠶᠣᠰᠣᠭᠠᠷ ᠲᠣᠭᠤᠷᠢᠨ ᠪᠠᠶᠢᠴᠠᠭᠠᠵᠤ᠂ ᠬᠤᠷᠢᠭᠯᠠᠨ ᠵᠣᠭᠰᠣᠭᠠᠬᠤ ᠪᠠ | ᠮᠡᠳᠡᠭᠦᠯᠦᠭᠰᠡᠨ ᠥᠬᠡᠶ ᠪᠠᠶᠢᠪᠠᠯ᠂ ᠦᠢᠯᠡ ᠪᠠᠶᠢᠳᠠᠯ ᠤᠨ ᠬᠦᠨᠳᠦ ᠨᠣᠴᠢᠲᠠᠶ ᠬᠡᠮᠵᠢᠶ᠎ᠡ ᠶᠢ ᠨᠢ ᠦᠵᠡᠵᠦ ᠪᠠᠶᠢᠭᠠᠳ | ᠬᠠᠤᠯᠢ ᠲᠣᠭᠲᠠᠭᠠᠯ ᠶᠣᠰᠣᠭᠠᠷ ᠴᠢᠩᠭ᠎ᠠ ᠰᠢᠢᠳᠪᠦᠷᠢᠯᠡᠬᠦ ᠶᠢᠨ ᠬᠠᠮᠲᠤ ᠠᠵᠤ ᠠᠬᠤᠶᠢᠯᠠᠯ ᠤᠨ ᠢᠲᠡᠭᠡᠮᠵᠢ ᠶᠢᠨ | ᠬᠠᠮᠢᠶᠠᠷᠤᠯᠲᠠ ᠳᠤ ᠣᠷᠣᠭᠤᠯᠬᠤ ᠬᠡᠷᠡᠭᠲᠡᠶ᠃ | ᠶᠢᠰᠦᠳᠦᠭᠡᠷ ᠵᠦᠢᠯ ᠵᠠᠰᠠᠨ ᠴᠢᠮᠡᠭᠯᠡᠭᠴᠢ ᠵᠢᠴᠢ ᠲᠡᠭᠦᠨ ᠤ ᠨᠠᠶᠢᠳᠠᠭᠰᠠᠨ ᠵᠠᠰᠠᠯ ᠴᠢᠮᠡᠭᠯᠡᠯ ᠤᠨ ᠠᠵᠤ ᠠᠬᠤᠶᠢᠯᠠᠯ | ᠬᠠᠤᠯᠢ ᠲᠣᠭᠲᠠᠭᠠᠯ ᠢ ᠵᠥᠷᠢᠴᠡᠨ ᠵᠠᠰᠠᠯ ᠴᠢᠮᠡᠭᠯᠡᠯ ᠤᠨ ᠠᠵᠢᠯᠯᠠᠭ᠎ᠠ ᠥᠷᠨᠢᠭᠦᠯᠦᠭᠰᠡᠨ ᠪᠠᠶᠢᠪᠠᠯ᠂ ᠲᠣᠭᠤᠷᠢᠭ ᠤᠨ | ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠳᠦᠭᠡᠨ ᠪᠠᠶᠢᠭᠤᠯᠤᠯᠲᠠ ᠶᠢᠨ ᠵᠠᠰᠠᠭ ᠵᠠᠬᠢᠷᠭᠠᠨ ᠤ ᠡᠷᠬᠢᠯᠡᠨ | ᠬᠠᠮᠢᠶᠠᠷᠬᠤ ᠰᠠᠯᠠᠭ᠎ᠠ ᠮᠥᠴᠢᠷ ᠠᠴᠠ ᠵᠠᠷᠯᠢᠭᠳᠠᠨ ᠵᠠᠯᠠᠷᠠᠭᠤᠯᠤᠭᠤᠯᠬᠤ ᠶᠢᠨ ᠬᠠᠮᠲᠤ ᠬᠤᠯᠪᠣᠭᠳᠠᠯ ᠪᠦᠬᠦᠢ ᠬᠠᠤᠯᠢ | ᠴᠠᠭᠠᠵᠠ ᠬᠠᠤᠯᠢ ᠲᠣᠭᠲᠠᠭᠠᠯ ᠲᠦᠷᠢᠮ ᠵᠢᠷᠤᠮ ᠤᠨ ᠲᠣᠭᠲᠠᠭᠠᠯ ᠶᠣᠰᠣᠭᠠᠷ ᠰᠢᠢᠳᠬᠡᠨ᠎ᠡ᠂ ᠲᠤᠬᠠᠶ ᠶᠢᠨ ᠬᠥᠮᠦᠨ ᠨᠢ | ᠴᠡᠭᠴᠡᠯᠡᠨ ᠥᠭᠡᠷᠡᠴᠢᠯᠡᠵᠦ ᠨᠤᠷᠠᠭᠠᠬᠤ ᠪᠠ ᠰᠡᠷᠭᠦᠭᠡᠬᠦ ᠪᠠᠷᠢᠯᠭ᠎ᠠ ᠵᠡᠷᠭᠡ ᠬᠤᠯᠪᠣᠭᠳᠠᠯ ᠪᠦᠬᠦᠢ ᠵᠠᠷᠤᠳᠠᠯ ᠢ ᠡᠭᠦᠷᠭᠡᠯᠡᠬᠦ | ᠬᠡᠷᠡᠭᠲᠡᠶ᠃ | ᠬᠠᠤᠯᠢ ᠶᠢ ᠵᠥᠷᠢᠴᠡᠭᠰᠡᠨ ᠠᠵᠢᠯᠯᠠᠭ᠎ᠠ ᠨᠢ ᠬᠥᠩᠭᠡᠪᠲᠦᠷ ᠪᠥᠭᠡᠳ ᠴᠠᠭ ᠲᠤᠬᠠᠶ ᠳᠤᠨᠢ ᠵᠠᠯᠠᠷᠠᠭᠤᠯᠤᠭᠠᠳ᠂ | ᠬᠤᠣᠷ ᠬᠥᠨᠥᠭᠡᠯ ᠤᠴᠠᠷᠠᠭᠤᠯᠬᠤ ᠤᠷᠰᠢᠭ ᠲᠠᠲᠠᠭᠰᠠᠨ ᠦᠭᠡᠢ ᠪᠠᠶᠢᠪᠠᠯ᠂ ᠵᠠᠰᠠᠭ ᠵᠠᠬᠢᠷᠭᠠᠨ ᠤ ᠰᠢᠢᠳᠬᠡᠯ ᠥᠭᠬᠦ | ᠦᠭᠡᠢ᠃ ᠠᠩᠬ᠎ᠠ ᠤᠳᠠᠭ᠎ᠠ ᠬᠠᠤᠯᠢ ᠶᠢ ᠵᠥᠷᠢᠴᠡᠭᠰᠡᠨ ᠮᠥᠷᠲᠡᠭᠡᠨ ᠬᠤᠣᠷ ᠬᠥᠨᠥᠭᠡᠯ ᠤᠨ ᠦᠷ᠎ᠡ ᠤᠷᠰᠢᠭ ᠨᠢ | ᠬᠥᠩᠭᠡᠪᠲᠦᠷ ᠪᠥᠭᠡᠳ ᠴᠠᠭ ᠲᠤᠬᠠᠶ ᠳᠤᠨᠢ ᠵᠠᠯᠠᠷᠠᠭᠤᠯᠤᠭᠰᠠᠨ ᠪᠠᠶᠢᠪᠠᠯ᠂ ᠲᠣᠭᠤᠷᠢᠭ ᠤᠨ ᠣᠷᠣᠨ ᠰᠠᠭᠤᠴᠠ ᠪᠠ | ᠬᠤᠳᠠ ᠬᠥᠳᠡᠭᠡ ᠶᠢᠨ ᠪᠦᠳᠦᠭᠡᠨ ᠪᠠᠶᠢᠭᠤᠯᠤᠯᠲᠠ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ | ᠮᠥᠴᠢᠷ ᠢᠶᠠᠷ ᠳᠠᠮᠵᠢᠭᠤᠯᠤᠨ ᠲᠤᠬᠠᠶ ᠶᠢᠨ ᠬᠥᠮᠦᠨ ᠢ ᠰᠤᠷᠭᠠᠨ ᠬᠥᠮᠦᠵᠢᠭᠦᠯᠦᠭᠰᠡᠨ ᠤ ᠲᠠᠷᠠᠭ᠎ᠠ᠂ ᠵᠠᠰᠠᠭ | ᠵᠠᠬᠢᠷᠭᠠᠨ ᠤ ᠰᠢᠢᠳᠬᠡᠯ ᠥᠭᠬᠦ ᠦᠭᠡᠢ ᠪᠠᠶᠢᠵᠤ ᠪᠣᠯᠤᠨ᠎ᠠ᠃ | ᠳᠥᠷᠪᠡᠳᠦᠭᠡᠷ ᠪᠦᠯᠦᠭ ᠶᠠᠰᠤ ᠴᠢᠨᠠᠷ ᠤᠨ ᠠᠶᠤᠯᠭᠦᠶ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ | ᠠᠷᠪᠠᠳᠤᠭᠠᠷ ᠵᠦᠢᠯ ᠲᠣᠭᠤᠷᠢᠭ ᠤᠨ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠳᠦᠭᠡᠨ | ᠪᠠᠶᠢᠭᠤᠯᠤᠯᠲᠠ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠲᠤᠰ ᠵᠠᠰᠠᠭ ᠵᠠᠬᠢᠷᠭᠠᠨ ᠤ | ᠣᠷᠣᠨ ᠤ ᠪᠠᠨ ᠳᠣᠲᠣᠷᠠᠬᠢ ᠭᠡᠷ ᠪᠠᠶᠢᠰᠢᠩ ᠤᠨ ᠥᠷᠥᠭᠡᠨ ᠤ ᠳᠣᠲᠣᠷᠠᠬᠢ ᠵᠠᠰᠠᠯ ᠴᠢᠮᠡᠭᠯᠡᠯ ᠤᠨ ᠠᠶᠤᠯᠭᠦᠶ ᠶᠢᠨ | ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ | ᠠᠷᠪᠠᠨ ᠨᠢᠭᠡᠳᠦᠭᠡᠷ ᠵᠦᠢᠯ ᠲᠣᠭᠤᠷᠢᠭ ᠤᠨ ᠣᠷᠣᠨ ᠰᠠᠭᠤᠴᠠ ᠪᠠ ᠬᠤᠳᠠ ᠬᠥᠳᠡᠭᠡ ᠶᠢᠨ ᠪᠥᠳᠥᠭᠡᠨ | ᠪᠠᠶᠢᠭᠤᠯᠤᠯᠲᠠ ᠶᠢᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠨ ᠪᠤᠰᠤᠳ | ᠬᠤᠯᠪᠣᠭᠳᠠᠯ ᠪᠥᠬᠦᠢ ᠰᠠᠯᠠᠭ᠎ᠠ ᠮᠥᠴᠢᠷ ᠤᠳ ᠬᠢᠨᠠᠯᠲᠠ ᠲᠠᠯᠪᠢᠵᠤ ᠪᠠᠶᠢᠴᠠᠭᠠᠬᠤ ᠡᠭᠦᠷᠭᠡ ᠬᠠᠷᠢᠭᠤᠴᠠᠯᠭ᠎ᠠ ᠪᠠᠨ | ᠭᠦᠢᠴᠡᠳᠬᠡᠬᠦ ᠳᠤ᠂ ᠳᠣᠣᠷᠠᠬᠢ ᠠᠷᠭ᠎ᠠ ᠬᠡᠮᠵᠢᠶ᠎ᠡ ᠶᠢ ᠠᠪᠬᠤ ᠡᠷᠬᠡ ᠲᠠᠢ᠄ | ︵ᠨᠢᠭᠡ︶ ᠪᠠᠶᠢᠴᠠᠭᠠᠭᠳᠠᠵᠤ ᠪᠠᠶᠢᠭ᠎ᠠ ᠲᠤᠬᠠᠶ ᠶᠢᠨ ᠬᠥᠮᠦᠨ᠂ ᠨᠢᠭᠡᠴᠢ ᠶᠢ ᠪᠠᠷᠢᠯᠭ᠎ᠠ ᠶᠢᠨ ᠶᠠᠰᠤ ᠴᠢᠨᠠᠷ ᠤᠨ | ᠲᠤᠬᠠᠶ ᠬᠤᠯᠪᠣᠭᠳᠠᠯ ᠪᠦᠬᠦᠢ ᠪᠢᠴᠢᠭ ᠪᠠᠷᠢᠮᠲᠠ ᠪᠠ ᠮᠠᠲ᠋ᠧᠷᠢᠶᠠᠯ ᠬᠠᠩᠭᠠᠯᠭᠠᠬᠤ ᠪᠠᠷ ᠱᠠᠭᠠᠷᠳᠠᠬᠤ︔ | ︵ᠬᠤᠶᠠᠷ︶ ᠪᠠᠶᠢᠴᠠᠭᠠᠭᠳᠠᠵᠤ ᠪᠠᠶᠢᠭ᠎ᠠ ᠲᠤᠬᠠᠶ ᠶᠢᠨ ᠬᠥᠮᠦᠨ᠂ ᠨᠢᠭᠡᠴᠢ ᠶᠢᠨ ᠪᠠᠷᠢᠯᠭ᠎ᠠ ᠶᠢᠨ ᠲᠤᠬᠠᠶ ᠶᠢᠨ | ᠭᠠᠵᠠᠷ ᠲᠤ ᠣᠴᠢᠵᠤ ᠪᠠᠶᠢᠴᠠᠭᠠᠬᠤ︔ | ︵ᠭᠤᠷᠪᠠ︶ ᠪᠠᠷᠢᠯᠭ᠎ᠠ ᠶᠢᠨ ᠶᠠᠰᠤ ᠴᠢᠨᠠᠷ ᠢ ᠨᠥᠯᠥᠭᠡᠯᠡᠬᠦ ᠠᠰᠠᠭᠤᠳᠠᠯ ᠢ ᠣᠯᠵᠤ ᠮᠡᠳᠡᠪᠡᠯ ᠵᠠᠷᠯᠢᠭᠳᠠᠵᠤ | ᠪᠠᠶᠢᠭᠠᠳ ᠵᠠᠯᠠᠷᠠᠭᠤᠯᠤᠭᠤᠯᠤᠨ᠎ᠠ᠃ | ᠠᠷᠪᠠᠨ ᠬᠤᠶᠠᠳᠤᠭᠠᠷ ᠵᠦᠢᠯ ᠡᠯ᠎ᠡ ᠰᠤᠮᠤ ᠪᠠᠯᠭᠠᠰᠤ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠨᠢ | ᠵᠠᠰᠠᠯ ᠴᠢᠮᠡᠭᠯᠡᠯ ᠤᠨ ᠠᠵᠢᠯᠯᠠᠭ᠎ᠠ ᠳᠤ ᠬᠢᠨᠠᠯᠲᠠ ᠲᠠᠯᠪᠢᠵᠤ ᠪᠠᠶᠢᠴᠠᠭᠠᠬᠤ ᠪᠠᠨ ᠴᠢᠩᠭᠠᠳᠬᠠᠵᠤ᠂ ᠬᠡᠷ ᠪᠠᠶᠢᠰᠢᠩ ᠤᠨ | ᠥᠷᠥᠭᠡᠨ ᠤ ᠳᠣᠲᠣᠷᠠᠬᠢ ᠵᠠᠰᠠᠯ ᠴᠢᠮᠡᠭᠯᠡᠯ ᠤᠨ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠵᠤ | ᠴᠡᠭᠴᠡᠯᠡᠨ ᠵᠠᠰᠠᠬᠤ ᠠᠵᠢᠯ ᠢ ᠪᠠᠶᠢᠩᠭᠤᠵᠢᠭᠤᠯᠤᠨ ᠥᠷᠨᠢᠭᠦᠯᠵᠦ᠂ ᠰᠤᠮᠤ ᠪᠠᠯᠭᠠᠰᠤ᠂ ᠵᠡᠭᠡᠯᠢ ᠭᠤᠳᠤᠮᠵᠢ ᠶᠢᠨ ᠬᠡᠷᠡᠭ | ᠡᠷᠬᠢᠯᠡᠬᠦ ᠭᠠᠵᠠᠷ ᠤᠨ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠤ ᠬᠠᠷᠢᠶᠠᠯᠠᠭᠳᠠᠪᠠᠯ᠂ ᠴᠠᠭ ᠲᠤᠬᠠᠶ ᠳᠤᠨᠢ | ᠰᠢᠢᠳᠪᠦᠷᠢᠯᠡᠵᠦ᠂ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠤ | ᠬᠠᠷᠢᠶᠠᠯᠠᠭᠳᠠᠪᠠᠯ᠂ ᠬᠠᠤᠯᠢ ᠶᠣᠰᠣᠭᠠᠷ ᠬᠠᠮᠢᠶ᠎ᠠ ᠪᠥᠬᠦᠶ ᠰᠠᠯᠠᠭ᠎ᠠ ᠮᠥᠴᠢᠷ ᠲᠤ ᠰᠢᠯᠵᠢᠭᠦᠯᠦᠨ ᠲᠤᠰᠢᠶᠠᠵᠤ | ᠰᠢᠢᠳᠪᠦᠷᠢᠯᠡᠭᠦᠯᠬᠦ ᠬᠡᠷᠡᠭᠲᠡᠶ᠃ | ᠠᠷᠪᠠᠨ ᠭᠤᠷᠪᠠᠳᠤᠭᠠᠷ ᠵᠦᠢᠯ ᠠᠳᠠᠯ ᠠᠬᠤᠶ ᠶᠢᠨ ᠦᠢᠯᠡᠴᠢᠯᠡᠭᠡᠨ ᠤ ᠠᠵᠤ ᠠᠬᠤᠶᠢᠯᠠᠯ ᠤᠳ ᠬᠡᠷ ᠪᠠᠶᠢᠰᠢᠩ ᠤᠨ | ᠥᠷᠥᠭᠡᠨ ᠤ ᠳᠣᠲᠣᠷᠠᠬᠢ ᠵᠠᠰᠠᠯ ᠴᠢᠮᠡᠭᠯᠡᠯ ᠤᠨ ᠠᠵᠢᠯᠯᠠᠭ᠎ᠠ ᠶᠢᠨ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠪᠠᠨ | ᠴᠢᠩᠭᠠᠳᠬᠠᠵᠤ᠂ ᠬᠠᠷᠢᠶ᠎ᠠ ᠭᠠᠵᠠᠷ ᠤᠨ ᠰᠤᠮᠤ ᠪᠠᠯᠭᠠᠰᠤ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ | ᠨᠡᠶᠢᠭᠡᠮ ᠲᠣᠭᠤᠷᠢᠭ ᠲᠠᠢ ᠬᠠᠮᠲᠤᠷᠠᠨ ᠰᠢᠨ᠎ᠡ ᠪᠠᠷ ᠲᠤᠰᠢᠶᠠᠨ ᠥᠭᠴᠦ ᠬᠡᠷᠡᠭᠯᠡᠭᠦᠯᠬᠦ ᠵᠢᠵᠢᠭ ᠲᠣᠭᠤᠷᠢᠭ᠂ ᠬᠠᠭᠤᠴᠢᠨ | ᠵᠢᠵᠢᠭ ᠲᠣᠭᠤᠷᠢᠭ ᠵᠡᠷᠭᠡ ᠵᠠᠰᠠᠯ ᠴᠢᠮᠡᠭᠯᠡᠯ ᠤᠨ ᠨᠢᠭᠲᠠᠷᠠᠭᠰᠠᠨ ᠣᠷᠣᠨ ᠢ ᠪᠠᠶᠢᠴᠠᠭᠠᠬᠤ ᠠᠵᠢᠯ ᠢ ᠬᠠᠮᠵᠢᠯᠴᠠᠨ | ᠥᠷᠨᠢᠭᠦᠯᠬᠦ ᠬᠡᠷᠡᠭᠲᠡᠶ᠃ | ᠠᠷᠪᠠᠨ ᠳᠥᠷᠪᠡᠳᠦᠭᠡᠷ ᠵᠦᠢᠯ ᠡᠯ᠎ᠡ ᠰᠤᠮᠤ ᠪᠠᠯᠭᠠᠰᠤ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠨᠢ | ᠨᠡᠶᠢᠭᠡᠮ ᠲᠣᠭᠤᠷᠢᠭ ᠤᠨ ᠤᠬᠠᠭᠤᠯᠭ᠎ᠠ ᠶᠢᠨ ᠪᠤᠯᠤᠩ᠂ ᠵᠢᠵᠢᠭ ᠲᠣᠭᠤᠷᠢᠭ ᠤᠨ ᠢᠯᠡ ᠪᠠᠷ ᠨᠡᠶᠢᠲᠡᠯᠡᠬᠦ ᠪᠤᠯᠤᠩ᠂ | ᠡᠯᠧᠺᠲᠷᠣᠨ ᠳᠡᠯᠭᠡᠴᠡ ᠵᠡᠷᠭᠡ ᠣᠯᠠᠨ ᠵᠦᠢᠯ ᠤᠨ ᠬᠡᠯᠪᠡᠷᠢ ᠶᠢ ᠭᠦᠢᠴᠡᠳ ᠠᠰᠢᠭᠯᠠᠵᠤ᠂ ᠵᠠᠰᠠᠯ ᠴᠢᠮᠡᠭᠯᠡᠯ ᠤᠨ ᠠᠮᠤᠷ | ᠲᠦᠪᠰᠢᠨ ᠤ ᠬᠠᠮᠢᠶᠠᠷᠤᠯᠲᠠ ᠶᠢᠨ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢ ᠴᠢᠩᠭᠠᠳᠬᠠᠵᠤ᠂ ᠰᠠᠭᠤᠭᠠᠯᠢ | ᠠᠷᠠᠳ ᠲᠤ ᠬᠡᠷ ᠪᠠᠶᠢᠰᠢᠩ ᠤᠨ ᠠᠮᠤᠷ ᠲᠦᠪᠰᠢᠨ ᠤ ᠬᠠᠷᠢᠭᠤᠴᠠᠯᠭᠠᠲᠠᠨ ᠤ ᠡᠭᠦᠷᠭᠡ᠂ ᠴᠠᠭᠠᠵᠠᠯᠠᠬᠤ ᠦᠶ᠋ᠯᠡ | ᠠᠵᠢᠯᠯᠠᠭ᠎ᠠ᠂ ᠬᠡᠷ ᠪᠠᠶᠢᠰᠢᠩ ᠤᠨ ᠠᠮᠤᠷ ᠲᠦᠪᠰᠢᠨ ᠤ ᠬᠡᠮ ᠰᠣᠭᠤᠭ ᠢ ᠵᠠᠰᠠᠬᠤ ᠪᠠ ᠪᠠᠴᠢᠮ ᠪᠠᠶᠢᠳᠠᠯ ᠢ ᠠᠷᠭᠠᠴᠠᠨ | ᠰᠢᠢᠳᠪᠦᠷᠢᠯᠡᠬᠦ ᠵᠡᠷᠭᠡ ᠠᠭᠤᠯᠭ᠎ᠠ ᠶᠢ ᠣᠶᠢᠯᠠᠭᠠᠭᠤᠯᠵᠤ᠂ ᠰᠠᠭᠤᠭᠠᠯᠢ ᠠᠷᠠᠳ ᠤᠨ ᠬᠡᠷ ᠪᠠᠶᠢᠰᠢᠩ ᠤᠨ | ᠬᠠᠷᠢᠭᠤᠴᠠᠯᠭᠠᠲᠠᠨ ᠤ ᠪᠡᠶᠡᠴᠢ ᠴᠣᠭᠴᠠ ᠶᠢᠨ ᠦᠵᠡᠯ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ | ᠪᠣᠯᠪᠠᠰᠤᠨ ᠢᠶᠠᠷ ᠵᠠᠰᠠᠵᠤ ᠴᠢᠮᠡᠭᠯᠡᠬᠦ ᠣᠨᠣᠯᠵᠢᠭᠤᠨ ᠢ ᠪᠣᠶ ᠪᠣᠯᠭᠠᠬᠤ ᠬᠡᠷᠡᠭᠲᠡᠶ᠃ | ᠠᠷᠪᠠᠨ ᠲᠠᠪᠤᠳᠤᠭᠠᠷ ᠵᠦᠢᠯ ᠳᠠᠭᠠᠭᠠᠴᠠ ᠶᠢᠨ ᠪᠦᠲᠦᠴᠡ ᠶᠢ ᠡᠪᠳᠡᠭᠰᠡᠨ ᠥᠬᠡᠶ ᠪᠣᠯᠪᠠᠴᠤ ᠪᠤᠰᠤᠳ ᠰᠠᠯᠠᠭ᠎ᠠ | ᠮᠥᠴᠢᠷ ᠤᠨ ᠬᠢᠨᠠᠨ ᠬᠠᠮᠢᠶᠠᠷᠬᠤ ᠡᠭᠦᠷᠭᠡ ᠬᠠᠷᠢᠭᠤᠴᠠᠯᠭ᠎ᠠ ᠳᠤ ᠬᠠᠷᠢᠶᠠᠯᠠᠭᠳᠠᠪᠠᠯ᠂ ᠬᠤᠯᠪᠣᠭᠳᠠᠯ ᠪᠥᠬᠦᠶ ᠰᠠᠯᠠᠭ᠎ᠠ | ᠮᠥᠴᠢᠷ ᠲᠤ ᠬᠠᠤᠯᠢ ᠲᠣᠭᠲᠠᠭᠠᠯ ᠠᠴᠠ ᠵᠥᠷᠢᠴᠡᠭᠰᠡᠨ ᠠᠰᠠᠭᠤᠳᠠᠯ ᠤᠨ ᠰᠦᠪᠡᠭᠴᠢ ᠶᠢ ᠴᠠᠭ ᠲᠤᠬᠠᠶ ᠳᠤᠨᠢ | ᠰᠢᠯᠵᠢᠭᠦᠯᠦᠨ ᠲᠤᠰᠢᠶᠠᠬᠤ ᠬᠡᠷᠡᠭᠲᠡᠶ᠃ ᠵᠠᠰᠠᠨ ᠴᠢᠮᠡᠭᠯᠡᠭᠴᠢ ᠪᠤᠶᠤ ᠵᠠᠰᠠᠯ ᠴᠢᠮᠡᠭᠯᠡᠯ ᠤᠨ ᠠᠵᠤ ᠠᠬᠤᠶᠢᠯᠠᠯ ᠬᠠᠤᠯᠢ | ᠬᠡᠷᠡᠭᠵᠢᠭᠦᠯᠬᠦ ᠶᠢ ᠬᠠᠷᠰᠢᠯᠠᠵᠤ᠂ ᠬᠠᠤᠯᠢ ᠬᠡᠷᠡᠭᠵᠢᠭᠦᠯᠬᠦ ᠳᠤ ᠬᠠᠮᠵᠢᠯᠴᠠᠬᠤ ᠶᠢ ᠲᠡᠪᠴᠢᠵᠦ᠂ ᠪᠠᠷᠢᠯᠭ᠎ᠠ ᠶᠢᠨ ᠭᠤᠣᠯ | ᠴᠣᠭᠴᠠ ᠪᠠ ᠲᠠᠭᠠᠭᠠᠴᠠᠳᠦ ᠪᠦᠲᠦᠴᠡ ᠶᠢ ᠰᠡᠷᠭᠦᠭᠡᠨ ᠬᠤᠪᠢᠷᠠᠭᠤᠯᠬᠤ ᠶᠢ ᠲᠡᠪᠴᠢᠭᠰᠡᠨ ᠪᠠᠶᠢᠪᠠᠯ᠂ ᠳᠣᠲᠣᠭᠠᠳᠤ ᠶᠢ | ᠬᠠᠮᠠᠭᠠᠯᠠᠬᠤ ᠪᠠᠶᠢᠭᠤᠯᠭ᠎ᠠ ᠠᠴᠠ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠤᠷ ᠢ ᠬᠠᠮᠠᠭᠠᠯᠠᠬᠤ | ᠠᠵᠢᠯ ᠤᠨ ᠬᠠᠮᠢᠶᠠᠷᠤᠯᠲᠠ ᠶᠢᠨ ᠰᠢᠢᠳᠬᠡᠯ ᠤᠨ ᠬᠠᠤᠯᠢ︾ ᠶᠢ ᠦᠨᠳᠦᠰᠦᠯᠡᠨ ᠰᠢᠢᠳᠬᠡᠬᠦ ᠬᠡᠷᠡᠭᠲᠡᠶ᠃ ᠪᠠᠷᠢᠯᠭ᠎ᠠ ᠶᠢᠨ | ᠭᠤᠣᠯ ᠴᠣᠭᠴᠠ ᠪᠣᠯᠤᠨ ᠳᠠᠭᠠᠭᠠᠴᠠ ᠶᠢᠨ ᠪᠦᠲᠦᠴᠡ ᠶᠢ ᠳᠤᠷ᠎ᠠ ᠪᠠᠷ ᠢᠶᠠᠨ ᠬᠤᠪᠢᠷᠠᠭᠤᠯᠤᠭᠠᠳ ᠬᠦᠨᠳᠦ ᠶᠡᠭᠡ | ᠠᠮᠤᠷ ᠲᠦᠪᠰᠢᠨ ᠤ ᠲᠡᠯᠳᠠ ᠭᠡᠮ ᠢ ᠪᠤᠢ ᠪᠣᠯᠭᠠᠭᠠᠳ ᠤᠯᠡᠠ ᠨᠡᠶᠢᠲᠡ ᠶᠢᠨ ᠠᠮᠤᠷ ᠲᠦᠪᠰᠢᠨ ᠳᠤ ᠠᠶᠤᠯ ᠬᠥᠨᠥᠭᠡᠯ | ᠤᠴᠠᠷᠠᠭᠤᠯᠵᠤ᠂ ᠶᠠᠯ᠎ᠠ ᠪᠤᠯᠵᠦ ᠪᠦᠷᠢᠯᠳᠦᠭᠰᠡᠨ ᠰᠡᠵᠢᠭᠯᠡᠯᠲᠡᠶ ᠪᠠᠶᠢᠪᠠᠯ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ | ᠬᠠᠤᠯᠢ ᠶᠣᠰᠣᠭᠠᠷ ᠰᠢᠢᠳᠪᠦᠷᠢᠯᠡᠬᠦ ᠬᠡᠷᠡᠭᠲᠡᠶ᠃ | ᠲᠠᠪᠤᠳᠤᠭᠠᠷ ᠪᠦᠯᠦᠭ ᠲᠣᠭᠲᠠᠭᠠᠯ ᠠᠴᠠ ᠵᠥᠷᠢᠴᠡᠨ ᠵᠠᠰᠠᠵᠤ ᠴᠢᠮᠡᠭᠯᠡᠬᠦ ᠲᠠᠯᠳᠠ ᠭᠡᠮ ᠢ ᠠᠷᠢᠯᠭᠠᠬᠤ ᠠᠵᠢᠯ ᠢ | ᠴᠢᠩᠭᠠᠳᠬᠠᠨ᠎ᠠ | ᠠᠷᠪᠠᠨ ᠵᠢᠷᠭᠤᠳᠤᠭᠠᠷ ᠵᠦᠢᠯ ᠤᠯᠠᠨ ᠲᠦᠮᠡᠨ ᠪᠠ ᠬᠠᠮᠢᠶᠠᠷᠤᠯᠲᠠ ᠶᠢᠨ ᠨᠢᠭᠡᠴᠢ ᠶᠢᠨ ᠵᠠᠭᠠᠯᠳᠤᠭᠰᠠᠨ᠂ | ᠮᠡᠳᠡᠭᠦᠯᠦᠭᠰᠡᠨ ᠵᠠᠰᠠᠯ ᠴᠢᠮᠡᠭᠯᠡᠯ ᠤᠨ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠵᠠᠰᠠᠭ | ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠠᠴᠠ ᠡᠯ᠎ᠡ ᠬᠤᠯᠪᠣᠭᠳᠠᠯ ᠪᠦᠬᠦᠢ ᠨᠢᠭᠡᠴᠢ ᠵᠢᠴᠢ | ᠬᠠᠷᠢᠭᠤᠴᠠᠯᠭᠠᠲᠠᠨ ᠢ ᠵᠣᠬᠢᠶᠠᠨ ᠪᠠᠶᠢᠭᠤᠯᠵᠤ᠂ ᠴᠠᠭ ᠲᠤᠬᠠᠶ ᠳᠤᠨᠢ ᠲᠤᠬᠠᠶ ᠶᠢᠨ ᠲᠠᠯᠠᠪᠤᠷ ᠲᠤ ᠬᠦᠷᠴᠦ ᠬᠠᠤᠯᠢ | ᠶᠣᠰᠣᠭᠠᠷ ᠪᠠᠶᠢᠴᠠᠭᠠᠨ ᠰᠢᠢᠳᠪᠦᠷᠢᠯᠡᠬᠦ ᠬᠡᠷᠡᠭᠲᠡᠶ᠃ | ᠠᠷᠪᠠᠨ ᠳᠣᠯᠣᠳᠤᠭᠠᠷ ᠵᠦᠢᠯ ᠵᠠᠰᠠᠨ ᠴᠢᠮᠡᠭᠯᠡᠭᠴᠢ ᠨᠢ ᠬᠢᠷᠢ ᠴᠢᠳᠠᠯ ᠤᠨ ᠵᠡᠷᠭᠡ ᠳᠡᠰ ᠤᠨ ᠱᠠᠭᠠᠷᠳᠠᠯᠭ᠎ᠠ ᠳᠤ | ᠨᠡᠶᠢᠴᠡᠭᠰᠡᠨ ᠭᠤᠷᠪᠠᠳᠤᠭᠠᠷ ᠡᠲᠡᠭᠡᠳ ᠤᠨ ᠪᠠᠶᠢᠴᠠᠭᠠᠨ ᠰᠢᠯᠭᠠᠬᠤ ᠲᠤᠰᠬᠠᠶ ᠺᠣᠮᠫᠠᠨᠢ ᠳᠤ ᠨᠠᠶᠢᠳᠠᠵᠤ᠂ ᠵᠠᠳᠠᠯᠵᠤ | ᠥᠭᠡᠷᠡᠴᠢᠯᠡᠭᠰᠡᠨ ᠪᠠᠶᠢᠳᠠᠯ ᠳᠤ ᠴᠢᠭᠯᠡᠭᠦᠯᠦᠨ ᠪᠠᠶᠢᠴᠠᠭᠠᠨ ᠬᠡᠮᠵᠢᠯᠲᠡ ᠬᠢᠵᠦ᠂ ᠲᠠᠷᠠᠭᠠᠴᠢ ᠶᠢᠨ ᠤᠤᠯ ᠶᠠᠩᠵᠤ ᠶᠢ | ᠰᠡᠷᠭᠦᠭᠡᠬᠦ ᠪᠤᠶᠤ ᠪᠠᠬᠢᠵᠢᠭᠦᠯᠬᠦ ᠵᠢᠷᠤᠭ ᠲᠥᠯᠥᠪᠯᠡᠭᠡ ᠳᠤ ᠲᠤᠭ᠎ᠠ ᠪᠠᠷᠢᠮᠲᠠ ᠶᠢᠨ ᠲᠤᠯᠭᠠᠭᠤᠷᠢᠯᠠᠯ ᠬᠠᠩᠭᠠᠬᠤ ᠬᠡᠷᠡᠭᠲᠡᠶ | ᠃ | ︵ᠨᠢᠭᠡ︶ ᠬᠡᠷᠪᠡ ᠨᠤᠷᠠᠭᠠᠵᠤ ᠥᠭᠡᠷᠡᠴᠢᠯᠡᠬᠦ ᠣᠷᠣᠨ ᠪᠠᠶᠢᠷᠢ ᠨᠢ ︽ᠬᠤᠳᠠ ᠶᠢᠨ ᠠᠶᠤᠯ ᠲᠠᠢ ᠭᠡᠷ | ᠪᠠᠶᠢᠰᠢᠩ ᠤᠨ ᠬᠠᠮᠢᠶᠠᠷᠤᠯᠲᠠ ᠶᠢᠨ ᠲᠣᠭᠲᠠᠭᠠᠯ︾ ᠳᠤ ᠲᠣᠭᠲᠠᠭᠠᠭᠰᠠᠨ ᠬᠤᠳᠠ ᠶᠢᠨ ᠠᠶᠤᠯ ᠲᠠᠢ ᠭᠡᠷ ᠪᠠᠶᠢᠰᠢᠩ ᠳᠤ | ᠬᠥᠷᠥᠭᠰᠡᠨ ᠥᠭᠡᠢ ᠪᠣᠯ ᠨᠤᠷᠠᠭᠠᠵᠤ ᠥᠭᠡᠷᠡᠴᠢᠯᠡᠬᠦ ᠣᠷᠣᠨ ᠪᠠᠶᠢᠷᠢ ᠳᠤ ᠪᠦᠲᠦᠴᠡ ᠶᠢ ᠨᠢ ᠨᠥᠬᠦᠵᠦ | ᠴᠢᠩᠭᠠᠷᠠᠭᠤᠯᠬᠤ ︵ᠪᠠᠬᠢᠯᠡᠬᠦ︶᠂ ᠪᠦᠲᠦᠴᠡ ᠶᠢ ᠨᠢ ᠨᠥᠬᠦᠵᠦ ᠴᠢᠩᠭᠠᠷᠠᠭᠤᠯᠬᠤ ︵ᠪᠠᠬᠢᠯᠡᠬᠦ︶ ᠳᠤ ᠵᠣᠬᠢᠴᠠᠩᠭᠤᠶ | ᠬᠢᠷᠢ ᠴᠢᠳᠠᠮᠵᠢ ᠶᠢᠨ ᠵᠡᠷᠭᠡ ᠳᠡᠰ ᠪᠥᠬᠦᠢ ᠵᠢᠷᠤᠭᠯᠠᠨ ᠲᠥᠯᠥᠪᠯᠡᠬᠦ ᠨᠢᠭᠡᠴᠡ᠂ ᠪᠠᠷᠢᠯᠭ᠎ᠠ ᠪᠠᠷᠢᠬᠤ ᠨᠢᠭᠡᠴᠡ ᠶᠢ ᠤᠷᠢᠨ | ᠨᠠᠶᠢᠳᠠᠵᠤ ᠵᠢᠷᠤᠭᠯᠠᠨ ᠲᠥᠯᠥᠪᠯᠡᠬᠦ ᠪᠠ ᠪᠠᠷᠢᠯᠭ᠎ᠠ ᠪᠠᠷᠢᠭᠤᠯᠬᠤ ᠪᠠᠷ ᠰᠠᠨᠠᠭᠤᠯᠭ᠎ᠠ ᠭᠠᠷᠭᠠᠬᠤ ᠶᠢ ᠰᠠᠨᠠᠭᠤᠯᠵᠤ ᠪᠠᠶᠢᠨ᠎ᠠ᠃ | | ︵ᠬᠤᠶᠠᠷ︶ ᠬᠡᠷᠪᠡ ᠪᠦᠲᠦᠴᠡ ᠨᠢ ᠬᠦᠨᠳᠦ ᠨᠣᠴᠢᠲᠠᠶ ᠡᠪᠳᠡᠭᠳᠡᠭᠰᠡᠨ ᠪᠤᠶᠤ ᠬᠦᠨᠳᠦ ᠶᠢ ᠳᠠᠭᠠᠭᠠᠬᠤ | ᠲᠣᠨᠣᠭᠯᠠᠭᠠᠰᠤ ᠨᠢ ᠨᠢᠭᠡᠨᠲᠡ ᠠᠶᠤᠯᠲᠠᠶ ᠲᠣᠨᠣᠭᠯᠠᠭᠠᠰᠤ ᠪᠣᠯᠤᠭᠰᠠᠨ ᠪᠠᠶᠢᠪᠠᠯ᠂ ᠪᠦᠲᠦᠴᠡ ᠶᠢᠨ ᠲᠣᠭᠲᠠᠭᠤᠨ ᠪᠠ | ᠳᠠᠭᠠᠭᠠᠴᠠ ᠶᠢᠨ ᠴᠢᠳᠠᠪᠤᠷᠢ ᠪᠠᠨ ᠬᠡᠵᠢᠶ᠎ᠡ ᠴᠦ ᠠᠯᠳᠠᠵᠤ ᠮᠡᠳᠡᠨ᠎ᠡ᠂ ᠰᠠᠭᠤᠬᠤ ᠪᠠ ᠠᠮᠤᠷ ᠲᠦᠪᠰᠢᠨ ᠭᠡᠷ ᠪᠠᠶᠢᠰᠢᠩ | ᠬᠡᠷᠡᠭᠯᠡᠬᠦ ᠶᠢ ᠪᠠᠲᠤᠯᠠᠵᠤ ᠳᠡᠶᠢᠯᠬᠦ ᠦᠭᠡᠶ᠂ ᠬᠠᠷᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠤ ︽ᠬᠤᠲᠠ ᠶᠢᠨ | ᠠᠶᠤᠯᠲᠠᠶ ᠭᠡᠷ ᠪᠠᠶᠢᠰᠢᠩ ᠤᠨ ᠬᠠᠮᠢᠶᠠᠷᠤᠯᠲᠠ ᠶᠢᠨ ᠲᠣᠭᠲᠠᠭᠠᠯ︾ ︽ᠠᠶᠤᠯᠲᠠᠶ ᠭᠡᠷ ᠪᠠᠶᠢᠰᠢᠩ ᠢ ᠬᠢᠨᠠᠨ | ᠲᠣᠭᠲᠠᠭᠠᠬᠤ ᠪᠠᠷᠢᠮᠵᠢᠶ᠎ᠠ︾ ︽ᠠᠷᠠᠳ ᠤᠨ ᠬᠡᠷᠡᠭᠯᠡᠭᠡᠨ ᠤ ᠪᠠᠷᠢᠯᠭ᠎ᠠ ᠶᠢᠨ ᠨᠠᠶᠢᠳᠠᠪᠤᠷᠢᠲᠤ ᠴᠢᠨᠠᠷ ᠢ ᠬᠢᠨᠠᠨ | ᠲᠣᠭᠲᠠᠭᠠᠬᠤ ᠪᠠᠷᠢᠮᠵᠢᠶ᠎ᠠ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠷᠭᠡᠨ ᠤ ᠬᠠᠤᠯᠢ ᠶᠢᠨ | ᠪᠢᠴᠢᠭ︾ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ᠂ ᠵᠠᠰᠠᠨ ᠴᠢᠮᠡᠭᠯᠡᠭᠴᠢ ᠶᠢ ᠰᠢᠪᠠᠳᠠᠵᠤ ᠪᠠᠶᠢᠭᠠᠳ | ᠲᠤᠰᠬᠠᠶ ᠪᠠᠶᠢᠭᠤᠯᠤᠮᠵᠢ ᠳᠤ ᠨᠠᠶᠢᠳᠠᠵᠤ ᠭᠡᠷ ᠪᠠᠶᠢᠰᠢᠩ ᠳᠤ ᠠᠶᠤᠯᠭᠦᠶ ᠶᠢᠨ ᠬᠢᠨᠠᠨ ᠲᠣᠭᠲᠠᠭᠠᠯᠲᠠ ᠬᠢᠯᠭᠡᠬᠦ ᠶᠢᠨ | ᠬᠠᠮᠲᠤ ᠬᠢᠨᠠᠨ ᠲᠣᠭᠲᠠᠭᠠᠯᠲᠠ ᠶᠢᠨ ᠦᠷ᠎ᠡ ᠳ᠋ᠦᠩ ᠢ ᠦᠨᠳᠦᠰᠦᠯᠡᠨ ᠵᠣᠬᠢᠴᠠᠩᠭᠤᠶ ᠬᠢᠷᠢ ᠴᠢᠳᠠᠯ ᠤᠨ ᠵᠡᠷᠭᠡ | ᠳᠡᠰ ᠲᠠᠢ ᠵᠢᠷᠤᠵᠤ ᠲᠥᠯᠥᠪᠯᠡᠬᠦ᠂ ᠪᠠᠷᠢᠯᠭ᠎ᠠ ᠪᠠᠷᠢᠬᠤ ᠨᠢᠭᠡᠴᠢ ᠳᠤ ᠴᠠᠭ ᠲᠤᠬᠠᠶ ᠳᠤᠨᠢ ᠨᠠᠶᠢᠳᠠᠵᠤ ᠭᠡᠷ ᠪᠠᠶᠢᠰᠢᠩ ᠢ | ᠰᠡᠯᠪᠢᠨ ᠵᠠᠰᠠᠭᠤᠯᠵᠤ ᠪᠠᠬᠢᠵᠢᠭᠦᠯᠦᠨ᠎ᠡ᠃ | ᠠᠷᠪᠠᠨ ᠨᠠᠢᠮᠠᠳᠤᠭᠠᠷ ᠵᠦᠢᠯ ᠵᠠᠰᠠᠨ ᠴᠢᠮᠡᠭᠯᠡᠭᠴᠢ ᠨᠢ ᠬᠢᠷᠢ ᠴᠢᠳᠠᠯ ᠤᠨ ᠵᠡᠷᠭᠡ ᠳᠡᠰ ᠤᠨ ᠱᠠᠭᠠᠷᠳᠠᠯᠭ᠎ᠠ ᠳᠤ | ᠨᠡᠶᠢᠴᠡᠭᠰᠡᠨ ᠵᠢᠷᠤᠵᠤ ᠲᠥᠯᠥᠪᠯᠡᠬᠦ ᠨᠢᠭᠡᠴᠢ ᠳᠤ ᠨᠠᠶᠢᠳᠠᠵᠤ᠂ ᠳᠡᠭᠡᠷ᠎ᠡ ᠳᠤᠷᠠᠳᠤᠭᠰᠠᠨ ᠪᠠᠶᠢᠴᠠᠭᠠᠨ ᠰᠢᠯᠭᠠᠭᠰᠠᠨ | ᠮᠡᠳᠡᠭᠦᠯᠦᠯᠲᠡ ᠪᠤᠶᠤ ᠲᠤᠰᠬᠠᠶ ᠮᠡᠷᠭᠡᠵᠢᠯᠲᠡᠨ ᠤ ᠨᠤᠲᠠᠯᠠᠯᠲᠠ ᠶᠢᠨ ᠮᠡᠳᠡᠭᠦᠯᠦᠯᠲᠡ ᠶᠢ ᠦᠨᠳᠦᠰᠦᠯᠡᠨ᠂ ᠴᠢᠬᠤᠯᠠᠲᠠᠶ | ᠦᠶ᠎ᠡ ᠳᠤ ᠲᠤᠬᠠᠶ ᠶᠢᠨ ᠭᠠᠵᠠᠷ ᠲᠤᠨᠢ ᠬᠠᠶᠢᠨ ᠪᠠᠶᠢᠴᠠᠭᠠᠯᠲᠠ ᠬᠢᠬᠦ ᠶᠢ ᠵᠣᠬᠢᠶᠠᠨ ᠪᠠᠶᠢᠭᠤᠯᠵᠤ᠂ ᠵᠠᠳᠠᠯᠵᠤ | ᠥᠭᠡᠷᠡᠴᠢᠯᠡᠭᠰᠡᠨ ᠬᠡᠰᠡᠭ ᠲᠤ ᠤᠤᠯ ᠶᠠᠩᠵᠤ ᠪᠠᠷ ᠨᠢ ᠰᠡᠷᠭᠦᠭᠡᠬᠦ ᠪᠤᠶᠤ ᠥᠭᠡᠷᠡᠴᠢᠯᠡᠵᠦ ᠪᠠᠬᠢᠵᠢᠭᠦᠯᠬᠦ ᠵᠢᠷᠤᠭ | ᠲᠥᠯᠥᠪᠯᠡᠭᠡ ᠬᠢᠬᠦ ᠶᠢᠨ ᠬᠠᠮᠲᠤ ᠤᠤᠯ ᠶᠠᠩᠵᠤ ᠪᠠᠷ ᠨᠢ ᠰᠡᠷᠭᠦᠭᠡᠬᠦ ᠪᠤᠶᠤ ᠥᠭᠡᠷᠡᠴᠢᠯᠡᠵᠦ ᠪᠠᠬᠢᠵᠢᠭᠦᠯᠬᠦ ᠠᠵᠢᠯ ᠤᠨ | ᠲᠥᠰᠦᠯ ᠢ ᠭᠠᠷᠭᠠᠵᠤ ᠥᠭᠬᠦ ᠬᠡᠷᠡᠭᠲᠡᠶ᠃ | ᠠᠷᠪᠠ ᠶᠢᠰᠦᠳᠦᠭᠡᠷ ᠵᠦᠢᠯ ᠭᠡᠷ ᠪᠠᠶᠢᠰᠢᠩ ᠵᠠᠰᠠᠨ ᠴᠢᠮᠡᠭᠯᠡᠭᠴᠢ ᠨᠢ ᠬᠢᠷᠢ ᠴᠢᠳᠠᠯ ᠤᠨ ᠵᠡᠷᠭᠡ ᠳᠡᠰ ᠤᠨ | ᠱᠠᠭᠠᠷᠳᠠᠯᠭ᠎ᠠ ᠳᠤ ᠨᠡᠶᠢᠴᠡᠭᠰᠡᠨ ᠪᠠᠷᠢᠯᠭ᠎ᠠ ᠶᠢᠨ ᠨᠢᠭᠡᠴᠢ ᠳᠤ ᠨᠠᠶᠢᠳᠠᠵᠤ᠂ ᠤᠤᠯ ᠶᠠᠩᠵᠤ ᠪᠠᠷ ᠨᠢ ᠪᠠᠷᠢᠯᠭ᠎ᠠ ᠶᠢᠨ | ᠠᠵᠢᠯ ᠢ ᠰᠡᠷᠭᠦᠭᠡᠬᠦ ᠲᠥᠰᠦᠯ ᠪᠤᠶᠤ ᠪᠠᠬᠢᠵᠢᠭᠦᠯᠬᠦ ᠪᠠᠷᠢᠯᠭ᠎ᠠ ᠶᠢᠨ ᠠᠵᠢᠯ ᠤᠨ ᠲᠥᠰᠦᠯ ᠤᠨ ᠶᠣᠰᠣᠭᠠᠷ | ᠪᠠᠷᠢᠯᠭ᠎ᠠ ᠶᠢᠨ ᠠᠵᠢᠯ ᠢ ᠬᠢᠵᠦ᠂ ᠪᠠᠷᠢᠯᠭ᠎ᠠ ᠶᠢᠨ ᠠᠵᠢᠯ ᠤᠨ ᠶᠠᠪᠤᠴᠠ ᠳᠤ ᠤᠳᠤ ᠶᠢᠨ ᠬᠡᠷᠡᠭᠵᠢᠭᠦᠯᠵᠦ ᠪᠠᠶᠢᠭ᠎ᠠ | ᠵᠢᠷᠤᠮᠵᠢᠯ ᠤᠨ ᠱᠠᠭᠠᠷᠳᠠᠯᠭ᠎ᠠ ᠶᠣᠰᠣᠭᠠᠷ ᠪᠠᠷᠢᠯᠭ᠎ᠠ ᠶᠢᠨ ᠠᠵᠢᠯ ᠤᠨ ᠶᠠᠰᠤ ᠴᠢᠨᠠᠷ ᠢ ᠴᠢᠩᠭ᠎ᠠ ᠡᠵᠡᠮᠳᠡᠬᠦ ᠬᠡᠷᠡᠭᠲᠡᠶ᠃ | ᠬᠤᠷᠢᠳᠤᠭᠠᠷ ᠵᠦᠢᠯ ᠭᠡᠷ ᠪᠠᠶᠢᠰᠢᠩ ᠢ ᠵᠠᠰᠠᠨ ᠴᠢᠮᠡᠭᠯᠡᠭᠴᠢ ᠨᠢ ᠬᠢᠷᠢ ᠴᠢᠳᠠᠯ ᠤᠨ ᠵᠡᠷᠭᠡ ᠳᠡᠰ ᠤᠨ | ᠱᠠᠭᠠᠷᠳᠠᠯᠭ᠎ᠠ ᠳᠤ ᠨᠡᠶᠢᠴᠡᠭᠰᠡᠨ ᠭᠤᠷᠪᠠᠳᠠᠬᠢ ᠡᠲᠡᠭᠡᠳ ᠤᠨ ᠪᠠᠶᠢᠴᠠᠭᠠᠨ ᠰᠢᠯᠭᠠᠬᠤ ᠺᠣᠮᠫᠠᠨᠢ ᠳᠤ ᠨᠠᠶᠢᠳᠠᠵᠤ᠂ ᠤᠤᠯ | ᠶᠠᠩᠵᠤ ᠪᠠᠷ ᠨᠢ ᠰᠡᠷᠭᠦᠭᠡᠨ ᠪᠠᠷᠢᠭᠰᠠᠨ ᠪᠤᠶᠤ ᠪᠠᠬᠢᠯᠡᠨ ᠪᠠᠷᠢᠭᠰᠠᠨ ᠤ ᠳᠠᠷᠠᠭᠠᠬᠢ ᠪᠠᠷᠢᠯᠭ᠎ᠠ ᠶᠢᠨ ᠶᠠᠰᠤ ᠴᠢᠨᠠᠷ ᠲᠤ | ᠴᠢᠭᠯᠡᠭᠦᠯᠦᠨ ᠪᠠᠶᠢᠴᠠᠭᠠᠨ ᠬᠡᠮᠵᠢᠯᠲᠡ ᠬᠢᠬᠦ ᠬᠡᠷᠡᠭᠲᠡᠶ᠃ | ᠵᠢᠷᠭᠤᠳᠤᠭᠠᠷ ᠪᠦᠯᠦᠭ ᠳᠠᠭᠠᠯᠳᠣᠭᠤᠯᠣᠭᠰᠠᠨ ᠲᠦᠷᠢᠮ | ᠬᠤᠷᠢᠨ ᠨᠢᠭᠡᠳᠦᠭᠡᠷ ᠵᠦᠢᠯ ᠲᠣᠰ ᠠᠷᠭ᠎ᠠ ᠶᠢ ᠵᠢᠦ ᠶᠣᠸᠠᠨ ᠲᠣᠭᠤᠷᠢᠭ ᠤᠨ ᠣᠷᠣᠨ ᠰᠠᠭᠤᠴᠠ ᠪᠠ ᠬᠤᠲᠠ | ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠠᠴᠠ ᠬᠠᠷᠢᠭᠤᠴᠠᠨ ᠲᠠᠶᠢᠯᠪᠤᠷᠢᠯᠠᠨ᠎ᠠ᠃ | ᠬᠤᠷᠢᠨ ᠬᠤᠶᠠᠳᠤᠭᠠᠷ ᠵᠦᠢᠯ ᠲᠤᠰ ᠠᠷᠭ᠎ᠠ ᠶᠢ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ |