ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠤᠨ ᠥᠪᠡᠰᠦᠪᠡᠨ ᠪᠦᠷᠢᠳᠬᠡᠭᠰᠡᠨ ᠲᠤᠭ᠎ᠠ ᠪᠠᠷᠢᠮᠲᠠ ᠶᠢ | ᠦᠨᠳᠦᠰᠦᠯᠡᠪᠡᠯ᠂ ᠵᠢᠥ ᠶᠤᠸᠠᠨ ᠲᠣᠭᠤᠷᠢᠭ ᠤᠨ 1 - 5 ᠰᠠᠷ᠎ᠠ ᠳᠤ ᠬᠠᠷᠢᠶ᠎ᠠ ᠭᠠᠵᠠᠷ ᠤᠨ ᠠᠵᠤ ᠠᠬᠤᠶᠢᠯᠠᠯ ᠤᠨ | ᠭᠠᠳᠠᠭᠠᠳᠤ ᠠᠷᠠᠯᠵᠢᠶᠠᠨ ᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠲᠤᠭ᠎ᠠ 55743.58 | ᠲᠦᠮᠡᠨ ᠲᠥᠭᠦᠷᠢᠭ ᠬᠦᠷᠴᠦ᠂ ᠪᠥᠬᠦ ᠵᠢᠯ ᠤᠨ ᠡᠭᠦᠷᠭᠡ ᠪᠠᠨ ᠪᠡᠶᠡᠯᠡᠭᠦᠯᠦᠭᠰᠡᠨ ᠨᠣᠷᠮ᠎ᠠ 55.74% ᠪᠠᠶᠢᠵᠤ᠂ | ᠭᠠᠳᠠᠭᠠᠳᠤ ᠠᠴᠠ ᠣᠷᠣᠭᠤᠯᠤᠭᠰᠠᠨ ᠲᠤᠭ᠎ᠠ 10197.969 ᠲᠦᠮᠡᠨ ᠲᠥᠭᠦᠷᠢᠭ᠂ ᠭᠠᠳᠠᠭᠠᠳᠤ ᠳᠤ ᠭᠠᠷᠭᠠᠭᠰᠠᠨ | ᠲᠤᠭ᠎ᠠ 45545.61 ᠲᠦᠮᠡᠨ ᠲᠥᠭᠦᠷᠢᠭ ᠪᠠᠶᠢᠨ᠎ᠠ᠃ ᠡᠭᠦᠨ ᠳᠤ ᠱᠧᠨ ᠬᠤᠸᠠ ᠨᠡᠭᠦᠷᠡᠰᠦ ᠬᠢᠮᠢ ᠶᠢᠨ ᠠᠵᠤ | ᠦᠢᠯᠡᠳᠪᠦᠷᠢ ᠶᠢᠨ ᠬᠢᠵᠠᠭᠠᠷᠲᠤ ᠺᠣᠮᠫᠠᠨᠢ 29751.86 ᠲᠦᠮᠡᠨ ᠲᠥᠭᠦᠷᠢᠭ ᠤᠨ ᠭᠠᠳᠠᠭᠠᠳᠤ ᠭᠠᠷᠭᠠᠯᠲᠠ ᠶᠢᠨ | ᠲᠤᠭ᠎ᠠ ᠶᠢ ᠪᠡᠶᠡᠯᠡᠭᠦᠯᠵᠦ᠂ ᠭᠤᠣᠯ ᠪᠣᠯᠬᠤ ᠯᠠᠲ᠋ᠢᠨ ᠠᠮᠧᠷᠢᠺᠠ᠂ ᠵᠡᠭᠦᠨ ᠡᠮᠦᠨᠡᠲᠦ ᠠᠽᠢᠶ᠎ᠠ ᠵᠡᠷᠭᠡ ᠭᠠᠵᠠᠷ | ᠣᠷᠣᠨ ᠳᠤ ᠭᠠᠷᠴᠦ᠂ ᠠᠳᠠᠯᠢ ᠬᠤᠭᠤᠴᠠᠭᠠᠨ ᠤ ᠬᠢ ᠠᠴᠠ 70.22% ᠨᠡᠮᠡᠭᠳᠡᠪᠡ︔ ᠬᠤᠸᠠ ᠭᠤᠸᠠᠩ | ᠲᠡᠮᠦᠷᠯᠢᠭ ᠤᠨ ᠬᠢᠵᠠᠭᠠᠷᠲᠤ ᠺᠣᠮᠫᠠᠨᠢ 1084.7825 ᠲᠦᠮᠡᠨ ᠲᠥᠭᠦᠷᠢᠭ ᠢ ᠪᠡᠶᠡᠯᠡᠭᠦᠯᠵᠦ᠂ ᠠᠳᠠᠯᠢ | ᠬᠤᠭᠤᠴᠠᠭᠠᠨ ᠤ ᠬᠢ ᠠᠴᠠ 25.28% ᠪᠠᠷ ᠨᠡᠮᠡᠭᠳᠡᠨ᠂ ᠭᠤᠤᠯᠳᠠᠭᠤ ᠲᠠᠶᠢᠸᠠᠨ᠂ ᠺᠣᠷᠢᠶᠠ᠂ ᠡᠨᠡᠳᠬᠡᠭ᠂ | ᠰᠯᠤᠸᠧᠨᠢᠶ᠎ᠠ ᠵᠡᠷᠭᠡ ᠭᠠᠵᠠᠷ ᠣᠷᠣᠨ ᠤ ᠤᠯᠤᠰ ᠤᠳ ᠲᠤ ᠭᠠᠷᠭᠠᠵᠦ ᠪᠠᠶᠢᠨ᠎ᠠ︔ ᠪᠤᠭᠤᠲᠤ ᠬᠤᠲᠠ ᠶᠢᠨ ᠵᠢᠩ | ᠬᠤᠸᠠ ᠲᠡᠮᠦᠷᠯᠢᠭ ᠺᠠᠯᠼ ᠤᠨ ᠦᠢᠯᠡᠰ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ 434 ᠲᠦᠮᠡᠨ | ᠲᠥᠭᠦᠷᠢᠭ ᠤᠨ ᠭᠠᠳᠠᠭᠠᠳᠤ ᠭᠠᠷᠭᠠᠯᠲᠠ ᠶᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 211. | 09% ᠪᠠᠷ ᠨᠡᠮᠡᠭᠳᠡᠨ᠂ ᠭᠤᠤᠯᠳᠠᠭᠤ ᠶᠠᠫᠣᠨ ᠳᠤ ᠭᠠᠷᠭᠠᠵᠤ ᠪᠠᠶᠢᠨ᠎ᠠ᠃ | |