ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠬᠤᠷᠢᠨᠭᠡᠷ ᠪᠠᠯᠭᠠᠰᠤᠨ ᠤ ᠬᠤᠲᠠ ᠬᠥᠳᠡᠭᠡ ᠶᠢᠨ ᠬᠥᠮᠦᠨ ᠮᠠᠯ ᠤᠨ ᠤᠤᠭᠤᠬᠤ ᠤᠰᠤᠨ ᠤ ᠠᠮᠤᠷ ᠲᠦᠪᠰᠢᠨ ᠤ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2024/7/12
    ᠬᠥᠳᠡᠭᠡ ᠲᠣᠰᠬᠤᠨ ᠤ ᠬᠥᠮᠦᠨ ᠮᠠᠯ ᠤᠨ ᠤᠤᠭᠤᠬᠤ ᠤᠰᠤᠨ ᠤ ᠢᠨᠵᠧᠨᠧᠷᠢᠩ ᠵᠢᠴᠢ ᠠᠵᠢᠯᠯᠠᠭᠠᠨ ᠤ ᠦᠷ᠎ᠡ ᠪᠦᠲᠦᠮᠵᠢ ᠶᠢ ᠪᠠᠬᠢᠵᠢᠭᠦᠯᠦᠨ ᠥᠷᠭᠡᠳᠬᠡᠵᠦ᠂ ᠬᠥᠳᠡᠭᠡ ᠲᠣᠰᠬᠤᠨ ᠤ ᠬᠥᠮᠦᠨ ᠮᠠᠯ ᠤᠨ ᠤᠤᠭᠤᠬᠤ ᠤᠰᠤᠨ ᠤ ᠬᠦᠴᠢᠷᠳᠡᠯ ᠢ ᠪᠦᠲᠦᠮᠵᠢᠲᠡᠶ ᠰᠢᠢᠳᠪᠦᠷᠢᠯᠡᠵᠦ᠂ ᠬᠤᠷᠢᠨᠭᠡᠷ ᠪᠠᠯᠭᠠᠰᠤᠨ ᠤ ᠵᠡᠭᠦᠨ ᠬᠡᠰᠡᠭ ᠤᠨ ᠲᠥᠪᠯᠡᠷᠡᠭᠦᠯᠦᠨ ᠤᠰᠤ ᠬᠠᠩᠭᠠᠬᠤ ᠲᠥᠷᠥᠯ ᠵᠦᠢᠯ ᠤᠨ ᠠᠬᠢᠴᠠ ᠶᠢ ᠠᠬᠢᠭᠤᠯᠬᠤ ᠶᠢᠨ ᠲᠥᠯᠥᠭᠡ᠂ 7 ᠰᠠᠷ᠎ᠠ ᠶᠢᠨ 9 ᠤ ᠡᠳᠦᠷ᠂ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠡᠷᠬᠢᠯᠡᠭᠴᠢ ᠷᠧᠨ ᠰᠢᠤᠢ ᠴᠧᠨ ᠲᠠᠷᠢᠶᠠᠯᠠᠩ ᠮᠠᠯ ᠠᠵᠤ ᠠᠬᠤᠶ ᠶᠢᠨ ᠳᠤᠭᠤᠶᠢᠯᠠᠩ ᠢ ᠳᠠᠭᠠᠭᠤᠯᠤᠨ ᠬᠤᠷᠢᠨᠭᠡᠷ ᠪᠠᠯᠭᠠᠰᠤᠨ ᠳᠤ ᠭᠦᠨᠵᠡᠭᠡᠶᠢᠷᠡᠨ ᠡᠷᠦᠬᠡ ᠳᠤ ᠣᠷᠣᠬᠤ ᠤᠰᠤᠨ ᠤ ᠬᠡᠮᠵᠢᠭᠦᠷ ᠵᠢᠴᠢ ᠤᠰᠤ ᠬᠠᠩᠭᠠᠬᠤ ᠢᠨᠵᠧᠨᠧᠷᠢᠩ ᠤᠨ ᠤᠰᠤ ᠴᠡᠪᠡᠷᠰᠢᠭᠦᠯᠬᠦ ᠥᠷᠲᠡᠭᠡ ᠶᠢᠨ ᠬᠤᠯᠪᠣᠭᠳᠠᠯ ᠪᠦᠬᠦᠢ ᠪᠠᠶᠢᠳᠠᠯ ᠢ ᠪᠠᠶᠢᠴᠠᠭᠠᠨ ᠰᠤᠳᠤᠯᠵᠤ᠂ ᠲᠣᠭᠤᠷᠢᠭ ᠤᠨ ᠤᠰᠤᠨ ᠤ ᠶᠠᠪᠤᠳᠠᠯ ᠤᠨ ᠲᠣᠪᠴᠢᠶ᠎ᠠ ᠶᠢᠨ ᠳᠠᠷᠤᠭ᠎ᠠ ᠡᠤ ᠯᠢ ᠳ᠋ᠦᠩ᠂ ᠪᠠᠯᠭᠠᠰᠤᠨ ᠤ ᠬᠤᠪᠢᠳᠠᠨ ᠬᠠᠮᠢᠶᠠᠷᠬᠤ ᠤᠳᠤᠷᠢᠳᠤᠯᠭ᠎ᠠ ᠵᠢᠶ ᠰᠢᠤᠢ ᠵᠢᠶᠦ᠋ᠨ ᠪᠠᠷ᠎ᠠ ᠪᠣᠯᠪᠠ᠃
C:\Users\Administrator\Desktop\图片111.jpg
    ᠬᠤᠷᠢᠨᠭᠡᠷ ᠪᠠᠯᠭᠠᠰᠤᠨ ᠤ ᠵᠡᠭᠦᠨ ᠬᠡᠰᠡᠭ ᠤᠨ ᠲᠥᠪᠯᠡᠷᠡᠭᠦᠯᠦᠨ ᠤᠰᠤ ᠬᠠᠩᠭᠠᠬᠤ ᠢᠨᠵᠧᠨᠧᠷᠢᠩ ᠤᠨ ᠲᠦᠷᠦᠯ ᠵᠦᠢᠯ ᠪᠣᠯ ᠵᠢᠥ ᠶᠤᠸᠠᠨ ᠲᠣᠭᠤᠷᠢᠭ ᠤᠨ 2024 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠪᠣᠯᠤᠨ᠎ᠠ᠂ ᠲᠦᠷᠦᠯ ᠵᠦᠢᠯ ᠤᠨ ᠪᠠᠶᠢᠭᠤᠯᠤᠭᠳᠠᠭᠰᠠᠨ ᠨᠢ ᠰᠢᠨ ᠾᠧ ᠲᠣᠰᠬᠤᠨ᠂ ᠴᠢᠶᠣᠤ ᠭᠧ ᠳ᠋ᠦ᠋ ᠲᠣᠰᠬᠤᠨ᠂ ᠯᠠᠨ ᠬᠦᠢ ᠲᠣᠰᠬᠤᠨ ᠵᠡᠷᠭᠡ ᠬᠠᠳᠤᠨ ᠭᠤᠣᠯ᠂ ᠺᠦᠨᠾᠧ ᠭᠤᠣᠯ ᠳᠠᠭᠠᠤ ᠶᠢᠨ ᠤᠰᠤᠨ ᠤ ᠴᠢᠨᠠᠷ ᠢᠶᠠᠷ ᠨᠡᠯᠢᠶᠡᠳ ᠠᠨᠠᠢ 14 ᠲᠣᠰᠬᠤᠨ ᠤ ᠬᠥᠮᠦᠨ ᠠᠮᠠ ᠶᠢᠨ ᠤᠤᠭᠤᠬᠤ ᠤᠰᠤᠨ ᠤ ᠴᠢᠨᠠᠷ ᠤᠨ ᠣᠳᠣᠬᠢ ᠪᠠᠶᠢᠳᠠᠯ ᠢ ᠰᠠᠶᠢᠵᠢᠷᠠᠭᠤᠯᠵᠤ᠂ ᠡᠭᠦᠨ ᠤ ᠤᠯᠠᠮ ᠢᠶᠠᠷ ᠪᠦᠬᠦᠨ ᠢᠶᠠᠷ ᠢᠶᠠᠨ ᠲᠥᠪᠯᠡᠷᠡᠭᠦᠯᠦᠨ ᠤᠰᠤ ᠬᠠᠩᠭᠠᠬᠤ ᠶᠢ ᠬᠡᠷᠡᠭᠵᠢᠭᠦᠯᠬᠦ ᠪᠣᠯᠤᠨ᠎ᠠ᠃ ᠡᠭᠦᠨ ᠤ ᠬᠠᠮᠲᠤ᠂ 2022 ᠤᠨ - 2023 ᠤᠨ ᠪᠣᠯᠲᠠᠯ᠎ᠠ᠂ ᠮᠠᠨ ᠤ ᠪᠠᠯᠭᠠᠰᠤ 35 ᠤᠰᠤ ᠴᠡᠪᠡᠷᠰᠢᠭᠦᠯᠬᠦ ᠵᠢᠵᠢᠭ ᠥᠷᠲᠡᠭᠡ ᠶᠢ ᠬᠠᠮᠲᠤᠪᠠᠷ ᠪᠠᠶᠢᠭᠤᠯᠵᠤ᠂ 10 ᠲᠣᠰᠬᠤᠨ ᠤ ᠠᠷᠠᠳ ᠤᠨ ᠵᠥᠪᠯᠡᠯ ᠤᠨ 30 ᠭᠠᠷᠤᠶ ᠲᠣᠰᠬᠤᠨ ᠤ ᠳᠤᠭᠤᠶᠢᠯᠠᠩ ᠢ ᠬᠠᠮᠤᠷᠴᠤ᠂ ᠤᠰᠤ ᠴᠡᠪᠡᠷᠰᠢᠭᠦᠯᠬᠦ ᠵᠢᠵᠢᠭ ᠥᠷᠲᠡᠭᠡ ᠶᠢᠨ ᠬᠡᠰᠡᠭ ᠲᠠᠯ᠎ᠠ ᠶᠢ ᠴᠡᠪᠡᠷᠰᠢᠭᠦᠯᠬᠦ ᠪᠠᠷ ᠳᠠᠮᠵᠢᠨ᠂ ᠪᠦᠬᠦ ᠲᠣᠰᠬᠤᠨ ᠢ ᠨᠥᠯᠥᠭᠡᠯᠡᠨ᠂ ᠪᠦᠬᠦ ᠲᠣᠰᠬᠤᠨ ᠤ ᠬᠥᠮᠦᠰ ᠲᠤ ᠡᠷᠡᠭᠦᠯ ᠮᠡᠨᠳᠦ ᠤᠰᠤ᠂ ᠰᠠᠨᠠᠭ᠎ᠠ ᠠᠮᠤᠷ ᠤᠰᠤ ᠤᠤᠭᠤᠯᠭᠠᠪᠠ᠃    ᠲᠠᠷᠠᠭᠠᠴᠢ ᠶᠢᠨ ᠠᠯᠬᠤᠮ ᠳᠤ᠂ ᠬᠤᠷᠢᠨᠭᠡᠷ ᠪᠠᠯᠭᠠᠰᠤ ᠪᠡᠶᠡᠴᠢ ᠴᠢᠳᠠᠮᠠᠭᠠᠶ ᠴᠢᠨᠠᠷ ᠢᠶᠠᠨ ᠦᠷᠭᠦᠯᠵᠢᠯᠡᠨ ᠭᠦᠢᠴᠡᠳ ᠪᠠᠳᠠᠷᠠᠭᠤᠯᠵᠤ᠂ ᠲᠥᠷᠥᠯ ᠵᠦᠢᠯ ᠢ ᠠᠬᠢᠭᠤᠯᠬᠤ ᠶᠢ ᠲᠦᠷᠭᠡᠳᠬᠡᠬᠦ ᠶᠢᠨ ᠬᠠᠮᠲᠤ ᠬᠥᠳᠡᠭᠡ ᠲᠣᠰᠬᠤᠨ ᠤ ᠬᠥᠮᠦᠨ ᠮᠠᠯ ᠤᠨ ᠤᠤᠭᠤᠬᠤ ᠤᠰᠤᠨ ᠤ ᠠᠮᠤᠷ ᠲᠦᠪᠰᠢᠨ ᠤ ᠠᠰᠠᠭᠤᠳᠠᠯ ᠢ ᠵᠢᠭᠰᠠᠭᠠᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠳᠡᠭᠡᠳᠦ ᠱᠠᠲᠤᠨ ᠤ ᠰᠠᠯᠠᠭ᠎ᠠ ᠮᠥᠴᠢᠷ ᠲᠠᠢ ᠬᠠᠮᠵᠢᠯᠴᠠᠨ ᠤᠰᠤᠨ ᠤ ᠴᠢᠨᠠᠷ ᠢ ᠪᠠᠶᠢᠴᠠᠭᠠᠨ ᠰᠢᠯᠭᠠᠬᠤ ᠠᠵᠢᠯ ᠢ ᠰᠠᠶᠢᠲᠤᠷ ᠬᠢᠵᠦ᠂ ᠬᠠᠷᠢᠶ᠎ᠠ ᠣᠷᠣᠨ ᠳᠤ ᠠᠰᠠᠭᠤᠳᠠᠯ ᠭᠠᠷᠤᠭᠰᠠᠨ ᠤᠰᠤ ᠬᠠᠩᠭᠠᠬᠤ ᠲᠥᠬᠦᠭᠡᠷᠦᠮᠵᠢ ᠶᠢ ᠴᠠᠭ ᠲᠤᠬᠠᠶ ᠳᠤᠨᠢ ᠰᠡᠯᠪᠢᠨ ᠵᠠᠰᠠᠵᠤ᠂ ᠪᠠᠯᠭᠠᠰᠤᠨ ᠤ ᠬᠡᠪᠴᠢᠶᠡᠨ ᠳᠠᠬᠢ ᠤᠰᠤ ᠬᠠᠩᠭᠠᠬᠤ ᠪᠠᠲᠤᠯᠠᠭ᠎ᠠ ᠶᠢᠨ ᠬᠠᠮᠢᠶᠠᠷᠤᠯᠲᠠ ᠶᠢᠨ ᠬᠢᠷᠢ ᠲᠦᠪᠰᠢᠨ ᠪᠠ ᠦᠢᠯᠡᠴᠢᠯᠡᠭᠡᠨ ᠤ ᠶᠠᠰᠤ ᠴᠢᠨᠠᠷ ᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠠᠷᠠᠳ ᠣᠯᠠᠨ ᠤ ᠠᠮᠢᠳᠤᠷᠠᠯ ᠳᠤ ᠬᠡᠷᠡᠭᠯᠡᠬᠦ ᠤᠰᠤᠨ ᠳᠤ ᠴᠢᠩᠭ᠎ᠠ ᠬᠦᠴᠦᠲᠡᠶ ᠪᠠᠲᠤᠯᠠᠭ᠎ᠠ ᠬᠠᠩᠭᠠᠨ᠎ᠠ᠃
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号