ᠪᠤᠭᠤᠳᠤ ᠵᠢᠦ ᠶᠤᠸᠠᠨ ᠵᠠᠰᠠᠭ ᠠᠯᠪᠠᠨ ᠲᠠᠷᠬᠠᠭᠠᠭᠰᠠᠨ ﹇2024﹈ 40 ᠳ᠋ᠤᠭᠡᠷ ᠲᠣᠭᠠᠲᠤ | | | ︽ᠵᠢᠦ ᠶᠤᠸᠠᠨ ᠲᠣᠭᠤᠷᠢᠭ ᠤᠨ ᠪᠡᠯᠴᠢᠭᠡᠷᠯᠡᠬᠦᠯᠬᠦ ᠶᠢ ᠴᠠᠭᠠᠵᠠᠯᠠᠬᠤ ᠠᠵᠢᠯ ᠤᠨ ᠬᠡᠷᠡᠭᠵᠢᠭᠦᠯᠬᠦ | ᠲᠥᠰᠦᠯ ︾ ᠢ ᠳᠠᠷᠤᠮᠠᠯᠯᠠᠨ ᠶᠠᠪᠤᠭᠤᠯᠬᠤ ᠲᠤᠬᠠᠢ ᠮᠡᠳᠡᠭᠳᠡᠯ | | ᠡᠯ᠎ᠡ ᠰᠤᠮᠤ ᠪᠠᠯᠭᠠᠰᠤ᠂ ᠵᠡᠭᠡᠯᠢ ᠭᠤᠳᠤᠮᠵᠢ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠄ | ᠲᠣᠭᠤᠷᠢᠭ ᠤᠨ ᠵᠠᠰᠠᠭ ᠤᠨ ᠣᠷᠳᠣᠨ ᠤ 2024 ᠣᠨ ᠤ 8 ᠳ᠋ᠤᠭᠠᠷ ᠤᠳᠠᠭᠠᠨ ᠤ ᠵᠠᠰᠠᠭ ᠤᠨ ᠣᠷᠳᠣᠨ ᠤ | ᠪᠠᠶᠢᠩᠭᠤ ᠶᠢᠨ ᠬᠤᠷᠠᠯ ᠢᠶᠠᠷ ᠰᠤᠳᠤᠯᠤᠨ ᠵᠥᠪᠰᠢᠶᠡᠷᠡᠭᠦᠯᠦᠭᠡᠳ᠂ ᠡᠳᠦᠭᠡ ︽ᠵᠢᠦ ᠶᠤᠸᠠᠨ ᠲᠣᠭᠤᠷᠢᠭ ᠤᠨ | ᠪᠡᠯᠴᠢᠭᠡᠷᠯᠡᠬᠦᠯᠬᠦ ᠶᠢ ᠴᠠᠭᠠᠵᠠᠯᠠᠬᠤ ᠠᠵᠢᠯ ᠤᠨ ᠬᠡᠷᠡᠭᠵᠢᠭᠦᠯᠬᠦ ᠲᠥᠰᠦᠯ︾ ᠢ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ | ᠰᠠᠶᠢᠳᠤᠷ ᠲᠤᠤᠱᠯᠠᠭᠤᠯᠤᠨ ᠨᠠᠶᠢᠳᠠᠪᠤᠷᠢᠵᠢᠭᠤᠯᠲᠤᠭᠠᠢ᠃ | | | ᠵᠢᠦ ᠶᠤᠸᠠᠨ ᠲᠣᠭᠤᠷᠢᠭ ᠤᠨ ᠠᠷᠠᠳ ᠶᠢᠨ ᠵᠠᠰᠠᠭ ᠤᠨ ᠣᠷᠳᠣᠨ ᠤ ᠠᠯᠪᠠᠨ ᠭᠡᠷ | 2024 ᠣᠨ ᠤ 7 ᠰᠠᠷ᠎ᠠ ᠶᠢᠨ 16 ᠤ ᠡᠳᠦᠷ | | | ᠵᠢᠦ ᠶᠤᠸᠠᠨ ᠲᠣᠭᠤᠷᠢᠭ ᠤᠨ ᠪᠡᠯᠴᠢᠭᠡᠷᠯᠡᠬᠦᠯᠬᠦ ᠶᠢ ᠴᠠᠭᠠᠵᠠᠯᠠᠬᠤ ᠠᠵᠢᠯ ᠤᠨ ᠬᠡᠷᠡᠭᠵᠢᠭᠦᠯᠬᠦ ᠲᠥᠰᠦᠯ | | ᠪᠦᠬᠦ ᠲᠣᠭᠤᠷᠢᠭ ᠤᠨ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠢ ᠤᠯᠠᠮ ᠨᠢᠭᠡ ᠠᠯᠬᠤᠮ ᠵᠢᠷᠤᠮᠵᠢᠭᠤᠯᠤᠨ | ᠴᠢᠩᠭᠠᠳᠬᠠᠵᠤ᠂ ᠣᠢ ᠰᠢᠭᠤᠢ ᠡᠪᠡᠰᠦ ᠪᠡᠯᠴᠢᠭᠡᠷ ᠤᠨ ᠤᠷᠭᠤᠮᠠᠯ ᠤᠨ ᠬᠤᠴᠢᠯᠭ᠎ᠠ ᠶᠢ ᠠᠮᠠᠷᠠᠭᠤᠯᠤᠨ ᠰᠡᠷᠭᠦᠭᠡᠬᠦ ᠶᠢ | ᠠᠬᠢᠭᠤᠯᠤᠨ᠂ ᠠᠮᠢ ᠠᠬᠤᠢ ᠶᠢᠨ ᠣᠷᠴᠢᠨ ᠲᠣᠭᠤᠷᠢᠨ ᠢ ᠰᠠᠶᠢᠵᠢᠷᠠᠭᠤᠯᠵᠤ᠂ ᠠᠮᠢ ᠠᠬᠤᠢ ᠶᠢᠨ ᠠᠶᠥᠯᠬᠦᠢ ᠶᠢ | ᠬᠠᠮᠠᠭᠠᠯᠠᠨ᠂ ᠠᠵᠤ ᠠᠬᠤᠢ ᠨᠡᠶᠢᠭᠡᠮ ᠤᠨ ᠦᠷᠭᠦᠯᠵᠢᠯᠡᠨ ᠬᠥᠭᠵᠢᠬᠦ ᠶᠢ ᠠᠬᠢᠭᠤᠯᠬᠤ ᠶᠢᠨ ᠲᠤᠰᠠᠳᠠ᠂ ︽ᠪᠦᠭᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠤᠲᠤᠭ ᠪᠡᠯᠴᠢᠭᠡᠷ ᠤᠨ ᠬᠠᠤᠯᠢ︾᠂ ︽ᠪᠦᠭᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠣᠢ ᠰᠢᠭᠤᠢ ᠶᠢᠨ ᠬᠠᠤᠯᠢ︾᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠨᠤᠭᠤ ᠭᠠᠵᠠᠷ ᠢ ᠬᠠᠮᠠᠭᠠᠯᠠᠬᠤ ᠬᠠᠤᠯᠢ︾ ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠴᠠᠭᠠᠵᠠᠯᠠᠵᠤ ᠰᠡᠯᠬᠦᠨ ᠮᠠᠯᠵᠢᠬᠤ | ᠳᠦᠷᠢᠮ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ | ᠠᠯᠪᠠᠨ ᠲᠢᠩᠬᠢᠮ ᠤᠨ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠴᠠᠭᠠᠵᠠᠯᠠᠵᠤ | ᠰᠡᠯᠭᠦᠨ ᠮᠠᠯᠵᠢᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠢ ᠵᠢᠯᠣᠭᠤᠳᠬᠤ ᠰᠠᠨᠠᠯ︾ ᠂ ︽ | ᠪᠤᠭᠤᠲᠤ ᠬᠤᠲᠠ ᠶᠢᠨ ᠪᠡᠯᠴᠢᠭᠡᠷᠯᠡᠭᠦᠯᠬᠦ ᠶᠢ ᠴᠠᠭᠠᠵᠠᠯᠠᠵᠤ ᠰᠡᠯᠭᠦᠨ ᠮᠠᠯᠵᠢᠬᠤ ᠳᠦᠷᠢᠮ︾ ᠪᠣᠯᠤᠨ ︽ᠪᠤᠭᠤᠲᠤ | ᠬᠤᠲᠠ ᠶᠢᠨ ᠪᠡᠯᠴᠢᠭᠡᠷᠯᠡᠭᠦᠯᠬᠦ ᠶᠢ ᠴᠠᠭᠠᠵᠠᠯᠠᠵᠤ ᠰᠡᠯᠬᠦᠨ ᠮᠠᠯᠵᠢᠬᠤ ᠪᠠ ᠮᠠᠯ ᠪᠡᠯᠴᠢᠭᠡᠷ ᠢ ᠲᠡᠩᠴᠡᠭᠦᠷᠢ ᠲᠠᠢ | ᠪᠠᠶᠢᠯᠭᠠᠬᠤ ᠠᠵᠢᠯ ᠢ ᠴᠢᠩᠭᠠᠳᠬᠠᠬᠤ ᠲᠤᠬᠠᠢ ᠬᠡᠷᠡᠭᠵᠢᠭᠦᠯᠬᠦ ᠲᠥᠰᠦᠯ︾ ᠵᠡᠷᠭᠡ ᠬᠠᠮᠢᠶ᠎ᠠ ᠪᠦᠬᠦᠢ ᠬᠠᠤᠯᠢ ᠴᠠᠭᠠᠵᠠ | ᠬᠠᠤᠯᠢ ᠲᠣᠭᠲᠠᠭᠠᠯ ᠤᠨ ᠲᠣᠭᠲᠠᠭᠠᠯ ᠢ ᠦᠨᠳᠦᠰᠦᠯᠡᠨ᠂ ᠮᠠᠨ ᠤ ᠣᠷᠣᠨ ᠤ ᠪᠣᠳᠠᠲᠠᠢ ᠲᠠᠢ ᠪᠠᠨ ᠤᠶᠠᠯᠳᠤᠭᠤᠯᠵᠤ᠂ | ᠲᠤᠰ ᠬᠡᠷᠡᠭᠵᠢᠭᠦᠯᠬᠦ ᠲᠥᠰᠦᠯ ᠢ ᠲᠣᠭᠲᠠᠭᠠᠪᠠ᠃ | ᠨᠢᠭᠡ᠂ ᠵᠢᠯᠥᠭᠤᠳᠬᠤ ᠦᠵᠡᠯ ᠰᠠᠨᠠᠭ᠎ᠠ | ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ | ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ | ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠥᠬᠡᠮᠳᠦᠭ | ᠨᠣᠭᠤᠭᠠᠨ ᠠᠭᠤᠯᠠ ᠤᠰᠤ ᠪᠣᠯ ᠠᠯᠲᠠ ᠮᠥᠩᠭᠦᠨ ᠠᠭᠤᠯᠠ ᠮᠥᠨ ᠭᠡᠬᠦ ᠣᠶᠢᠯᠠᠭᠠᠭᠳᠠᠬᠤᠨ ᠢ ᠪᠠᠲᠤ ᠪᠣᠢ ᠪᠣᠯᠭᠠᠬᠤ | ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠢ | ᠪᠣᠯᠭᠠᠬᠤ ᠪᠠᠷ ᠡᠯ᠎ᠡ ᠵᠦᠢᠯ ᠤᠨ ᠠᠵᠢᠯ ᠤᠨ ᠭᠤᠣᠯ ᠰᠢᠵᠢᠮ ᠪᠣᠯᠭᠠᠬᠤ ᠶᠢ ᠪᠠᠷᠢᠮᠲᠠᠯᠠᠵᠤ᠂ ᠠᠰᠠᠭᠤᠳᠠᠯ ᠢᠶᠠᠷ | ᠤᠳᠤᠷᠢᠳᠤᠮᠵᠢ ᠪᠣᠯᠭᠠᠬᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠣᠳᠣᠬᠠᠨ ᠤ ᠪᠠ ᠠᠯᠤᠰ | ᠬᠡᠳᠦ ᠶᠢᠨ ᠬᠠᠷᠢᠴᠠᠭ᠎ᠠ ᠶᠢ ᠵᠥᠪ ᠢᠶᠠᠷ ᠰᠢᠢᠳᠪᠦᠷᠢᠯᠡᠵᠦ᠂ ᠠᠮᠢ ᠠᠬᠤᠢ ᠶᠢ ᠬᠠᠮᠠᠭᠠᠯᠠᠨ ᠰᠡᠷᠭᠦᠭᠡᠬᠦ ᠪᠠ ᠠᠵᠤ ᠠᠬᠤᠢ | ᠨᠡᠶᠢᠭᠡᠮ ᠤᠨ ᠬᠥᠭᠵᠢᠯᠲᠡ ᠶᠢᠨ ᠬᠠᠷᠢᠴᠠᠭ᠎ᠠ ᠶᠢ ᠵᠥᠪ ᠢᠶᠠᠷ ᠰᠢᠢᠳᠪᠦᠷᠢᠯᠡᠨ᠎ᠡ᠃ ᠪᠡᠯᠴᠢᠭᠡᠷᠯᠡᠭᠦᠯᠬᠦ ᠶᠢ ᠴᠠᠭᠠᠵᠠᠯᠠᠬᠤ | ᠡᠯ᠎ᠡ ᠵᠦᠢᠯ ᠤᠨ ᠳᠦᠷᠢᠮ ᠤᠨ ᠨᠠᠶᠢᠳᠠᠪᠤᠷᠢᠵᠢᠭᠤᠯᠤᠯᠲᠠ ᠶᠢ ᠦᠨᠡᠨᠬᠦ ᠴᠢᠩᠭᠠᠳᠬᠠᠵᠤ᠂ ᠮᠠᠯ ᠠᠵᠤ ᠠᠬᠤᠢ ᠶᠢᠨ | ᠬᠡᠯᠪᠡᠷᠢ ᠪᠠᠨ ᠬᠤᠪᠢᠷᠠᠭᠤᠯᠤᠨ ᠬᠥᠭᠵᠢᠬᠦ ᠶᠢ ᠦᠨᠡᠨᠬᠦ ᠠᠬᠢᠭᠤᠯᠵᠤ᠂ ᠣᠢ ᠰᠢᠭᠤᠢ ᠨᠤᠲᠤᠭ ᠪᠡᠯᠴᠢᠭᠡᠷ ᠤᠨ ᠠᠮᠢ | ᠠᠬᠤᠢ ᠶᠢᠨ ᠰᠢᠰᠲ᠋ᠧᠮ ᠤᠨ ᠣᠯᠠᠨ ᠶᠠᠩᠵᠤᠲᠤ ᠴᠢᠨᠠᠷ᠂ ᠲᠣᠭᠲᠠᠪᠤᠷᠢᠲᠤ ᠴᠢᠨᠠᠷ᠂ ᠦᠷᠭᠦᠯᠵᠢᠯᠡᠬᠦ ᠴᠢᠨᠠᠷ ᠢ | ᠲᠠᠰᠤᠷᠠᠯᠲᠠ ᠦᠭᠡᠢ ᠳᠡᠭᠡᠭᠰᠢᠯᠡᠭᠦᠯᠵᠦ᠂ ᠬᠠᠮᠲᠤ ᠶᠢᠨ ᠪᠣᠬᠢᠷᠲᠤᠯ ᠦᠭᠡᠢ ᠭᠡᠷ ᠣᠷᠣᠨ ᠢᠶᠠᠨ ᠬᠠᠮᠲᠤ ᠪᠠᠷ ᠰᠠᠶᠢᠲᠤᠷ | ᠰᠠᠬᠢᠨ ᠬᠠᠮᠠᠭᠠᠯᠠᠵᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ | ᠬᠠᠯᠬᠠᠪᠴᠢ ᠶᠢ ᠪᠠᠲᠤ ᠴᠣᠭᠴᠠᠯᠠᠬᠤ ᠳᠤ ᠵᠢᠦ ᠶᠤᠸᠠᠨ ᠤ ᠬᠦᠴᠦᠨ ᠴᠢᠳᠠᠯ ᠢᠶᠠᠨ ᠡᠷᠭᠦᠬᠦ ᠪᠠᠷ ᠴᠢᠷᠮᠠᠶᠢᠨ᠎ᠠ᠃ | ᠬᠤᠶᠠᠷ᠂ ᠦᠨᠳᠦᠰᠦᠨ ᠵᠠᠷᠴᠢᠮ | —— ᠨᠢᠭᠡᠳᠦᠯᠳᠡᠢ ᠲᠦᠯᠦᠪᠵᠢᠭᠦᠯᠦᠨ ᠲᠦᠷᠦᠯ ᠬᠤᠪᠢᠶᠠᠨ ᠠᠷᠭ᠎ᠠ ᠪᠣᠳᠤᠯᠭ᠎ᠠ ᠬᠡᠷᠡᠭᠵᠢᠭᠦᠯᠬᠦ ᠶᠢ | ᠪᠠᠷᠢᠮᠲᠠᠯᠠᠨ᠎ᠠ᠃ ︽ᠪᠤᠭᠤᠲᠤ ᠬᠤᠲᠠ ᠶᠢᠨ ᠪᠡᠯᠴᠢᠭᠡᠷᠯᠡᠭᠦᠯᠬᠦ ᠶᠢ ᠴᠠᠭᠠᠵᠠᠯᠠᠵᠤ ᠰᠡᠯᠭᠦᠨ ᠮᠠᠯᠵᠢᠬᠤ ᠳᠦᠷᠢᠮ︾ ᠢ | ᠵᠢᠷᠤᠮᠯᠠᠨ᠂ ᠠᠳᠠᠯᠢ ᠪᠤᠰᠤ ᠭᠠᠵᠠᠷ ᠣᠷᠣᠨ᠂ ᠠᠳᠠᠯᠢ ᠪᠤᠰᠤ ᠤᠯᠠᠷᠢᠯ ᠳᠠᠬᠢ ᠪᠡᠯᠴᠢᠭᠡᠷᠯᠡᠭᠦᠯᠬᠦ ᠶᠢ ᠴᠠᠭᠠᠵᠠᠯᠠᠬᠤ | ᠣᠷᠣᠨ ᠪᠦᠰᠡ ᠶᠢ ᠰᠢᠨᠵᠢᠯᠡᠬᠦ ᠤᠬᠠᠭᠠᠨᠴᠢ ᠪᠠᠷ ᠵᠠᠭᠠᠭᠯᠠᠨ ᠲᠣᠭᠲᠠᠭᠠᠵᠤ᠂ ᠵᠣᠬᠢᠴᠠᠩᠭᠤᠢ ᠬᠠᠮᠢᠶᠠᠷᠤᠯᠲᠠ ᠶᠢᠨ | ᠳᠦᠷᠢᠮ ᠢ ᠪᠠᠶᠢᠭᠤᠯᠤᠨ᠂ ᠨᠤᠲᠤᠭ ᠪᠡᠯᠴᠢᠭᠡᠷ ᠤᠨ ᠬᠡᠲᠦᠷᠭᠡᠢ ᠮᠠᠯᠵᠢᠬᠤ ᠠᠰᠠᠭᠤᠳᠠᠯ ᠢ ᠬᠠᠨᠳᠤᠯᠭᠠᠲᠤ ᠴᠢᠨᠠᠷᠲᠠᠢ ᠪᠠᠷ | ᠰᠢᠢᠳᠪᠦᠷᠢᠯᠡᠵᠦ᠂ ᠮᠠᠨ ᠤ ᠲᠤᠭᠤᠷᠢᠭ ᠤᠨ ᠠᠮᠢ ᠠᠬᠤᠢ ᠶᠢᠨ ᠡᠬᠢ ᠪᠠᠶᠠᠯᠢᠭ ᠦᠷᠭᠦᠯᠵᠢᠯᠡᠨ ᠰᠠᠶᠢᠵᠢᠷᠠᠨ ᠬᠥᠭᠵᠢᠬᠦ | ᠬᠢᠭᠡᠳ ᠲᠡᠵᠢᠭᠡᠨ ᠦᠷᠡᠵᠢᠭᠦᠯᠬᠦ ᠦᠢᠯᠡᠰ ᠤᠨ ᠵᠦᠢ ᠵᠣᠬᠢᠰᠲᠠᠢ ᠪᠠᠶᠢᠷᠢᠰᠢᠭᠤᠯᠤᠭᠰᠠᠨ ᠠᠮᠢ ᠠᠬᠤᠢ ᠶᠢᠨ ᠦᠷ᠎ᠡ | ᠠᠰᠢᠭ ᠪᠠ ᠠᠵᠤ ᠠᠬᠤᠢ ᠶᠢᠨ ᠦᠷ᠎ᠡ ᠠᠰᠢᠭ ᠤᠨ ᠬᠤᠣᠰ ᠠᠮᠵᠢᠯᠲᠠ ᠣᠯᠬᠤ ᠬᠥᠭᠵᠢᠯᠲᠡ ᠶᠢᠨ ᠰᠢᠨ᠎ᠡ ᠪᠠᠶᠢᠳᠠᠯ ᠢ | ᠴᠢᠷᠮᠠᠶᠢᠨ ᠪᠤᠢ ᠪᠣᠯᠭᠠᠨ᠎ᠠ᠃ | —— ᠵᠠᠰᠠᠭ ᠤᠨ ᠣᠷᠳᠣᠨ ᠭᠤᠣᠯᠯᠠᠵᠤ᠂ ᠣᠯᠠᠨ ᠢᠶᠠᠷ ᠢᠶᠠᠨ ᠰᠡᠷᠭᠡᠶᠢᠯᠡᠵᠦ ᠣᠯᠠᠨ ᠢᠶᠠᠷ ᠢᠶᠠᠨ ᠵᠠᠰᠠᠬᠤ ᠶᠢ | ᠪᠠᠷᠢᠮᠲᠠᠯᠠᠨ᠎ᠠ᠃ ᠬᠠᠷᠢᠶ᠎ᠠ ᠭᠠᠵᠠᠷ ᠤᠨ ᠵᠠᠰᠠᠭ ᠤᠨ ᠣᠷᠳᠣᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ | ᠨᠠᠶᠢᠳᠠᠪᠤᠷᠢᠵᠢᠭᠤᠯᠵᠤ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠬᠠᠮᠵᠢᠯᠴᠠᠨ ᠬᠠᠮᠲᠤ ᠪᠠᠷ ᠪᠠᠶᠢᠭᠤᠯᠵᠤ᠂ | ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠷᠠᠭᠤᠯᠤᠨ᠂ ᠤᠬᠠᠭᠤᠯᠵᠤ ᠬᠥᠲᠥᠯᠥᠨ | ᠵᠢᠯᠣᠭᠤᠳᠬᠤ ᠪᠠ ᠬᠢᠨᠠᠯᠲᠠ ᠲᠠᠯᠪᠢᠵᠤ ᠪᠠᠶᠢᠴᠠᠭᠠᠬᠤ ᠪᠠᠨ ᠴᠢᠩᠭᠠᠳᠬᠠᠵᠤ᠂ ᠥᠷᠭᠡᠨ ᠣᠯᠠᠨ ᠮᠠᠯᠴᠢᠨ ᠲᠠᠷᠢᠶᠠᠴᠢᠨ ᠢ | ᠬᠥᠮᠦᠵᠢᠭᠦᠯᠦᠨ ᠬᠥᠲᠥᠯᠥᠨ ᠵᠢᠯᠣᠭᠤᠳᠴᠤ ᠪᠠᠶᠢᠭᠠᠳ ᠬᠠᠤᠯᠢ ᠲᠣᠭᠲᠠᠭᠠᠯ ᠳᠦᠷᠢᠮ ᠢ ᠤᠬᠠᠮᠰᠠᠷ ᠠᠴᠠ ᠪᠠᠨ | ᠨᠠᠶᠢᠳᠠᠪᠤᠷᠢᠵᠢᠭᠤᠯᠵᠤ᠂ ᠣᠢ ᠰᠢᠭᠤᠢ ᠨᠤᠲᠤᠭ ᠪᠡᠯᠴᠢᠭᠡᠷ ᠤᠨ ᠠᠮᠢ ᠠᠬᠤᠢ ᠶᠢ ᠰᠠᠨᠠᠭᠠᠴᠢᠯᠠᠭ᠎ᠠ ᠠᠴᠠ ᠪᠠᠨ | ᠬᠠᠮᠠᠭᠠᠯᠠᠬᠤ ᠬᠡᠷᠡᠭᠲᠡᠢ᠃ | —— ᠨᠡᠪᠲᠡᠷᠡᠭᠦᠯᠬᠦ ᠪᠠ ᠪᠥᠭᠯᠡᠬᠦ ᠶᠢ ᠤᠶᠠᠯᠳᠤᠭᠤᠯᠬᠤ ᠶᠢ ᠪᠠᠷᠢᠮᠲᠠᠯᠠᠵᠤ᠂ ᠨᠢᠭᠡᠳᠦᠯᠲᠡᠢ ᠲᠥᠯᠥᠪᠯᠡᠨ | ᠬᠦᠴᠦᠯᠡᠨ᠎ᠡ᠃ ᠪᠡᠯᠴᠢᠭᠡᠷᠯᠡᠭᠦᠯᠬᠦ ᠶᠢ ᠴᠠᠭᠠᠵᠠᠯᠠᠬᠤ ᠡᠯ᠎ᠡ ᠵᠦᠢᠯ ᠤᠨ ᠲᠣᠭᠲᠠᠭᠠᠯ ᠢ ᠴᠢᠩᠭ᠎ᠠ | ᠨᠠᠶᠢᠳᠠᠪᠤᠷᠢᠵᠢᠭᠤᠯᠬᠤ ᠶᠢᠨ ᠬᠠᠮᠲᠤ᠂ ᠲᠤᠬᠠᠢ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ᠂ ᠲᠥᠷᠥᠯ | ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠦᠨ ᠲᠣᠬᠢᠷᠠᠮᠵᠢᠲᠠᠢ ︽ᠮᠠᠯ ᠲᠡᠵᠢᠭᠡᠬᠦ︾ ᠵᠠᠭᠪᠤᠷ ᠢ ᠬᠠᠶᠢᠨ | ᠰᠦᠪᠡᠭᠴᠢᠯᠡᠵᠦ᠂ ᠪᠡᠯᠴᠢᠭᠡᠷᠯᠡᠭᠦᠯᠬᠦ ᠶᠢ ᠴᠠᠭᠠᠵᠠᠯᠠᠬᠤ ᠪᠣᠯᠪᠠᠴᠦ ᠮᠠᠯᠵᠢᠯ ᠢ ᠴᠠᠭᠠᠵᠠᠯᠠᠬᠤ ᠦᠭᠡᠢ ᠪᠠᠶᠢᠬᠤ ᠶᠢ | ᠪᠡᠶᠡᠯᠡᠭᠦᠯᠦᠨ᠂ ᠮᠠᠯᠴᠢᠨ ᠲᠠᠷᠢᠶᠠᠴᠢᠨ ᠤ ᠮᠠᠯ ᠤᠨᠤᠭ᠎ᠠ ᠶᠢ ᠬᠠᠰᠤᠭᠳᠠᠭᠤᠯᠬᠤ ᠦᠭᠡᠢ ᠪᠠᠶᠢᠬᠤ ᠶᠢ ᠪᠠᠲᠤᠯᠠᠬᠤ | ᠬᠡᠷᠡᠭᠲᠡᠢ᠃ | —— ᠬᠠᠷᠢᠭᠤᠴᠠᠯᠭ᠎ᠠ ᠪᠠ ᠡᠷᠬᠡ ᠶᠢ ᠲᠣᠳᠣᠷᠬᠠᠶᠢᠯᠠᠵᠦ᠂ ᠱᠠᠩᠨᠠᠵᠤ ᠲᠣᠷᠭᠠᠬᠤ ᠶᠢ ᠵᠡᠷᠭᠡ ᠪᠠᠷ | ᠶᠠᠪᠤᠭᠳᠠᠭᠤᠯᠤᠨ᠎ᠠ᠃ ᠪᠡᠯᠴᠢᠭᠡᠷᠯᠡᠭᠦᠯᠬᠦ ᠶᠢ ᠴᠠᠭᠠᠵᠠᠯᠠᠬᠤ ᠠᠮᠢ ᠠᠬᠤᠢ ᠶᠢᠨ ᠨᠥᠬᠦᠪᠥᠷᠢ ᠥᠭᠬᠦ ᠲᠥᠷᠥ ᠶᠢᠨ | ᠪᠣᠳᠣᠯᠭ᠎ᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠨᠤᠲᠤᠭ ᠪᠡᠯᠴᠢᠭᠡᠷ ᠤᠨ ᠠᠮᠢ ᠠᠬᠤᠢ ᠶᠢᠨ | ᠬᠠᠮᠠᠭᠠᠯᠠᠯᠲᠠ ᠶᠢᠨ ᠦᠷ᠎ᠡ ᠪᠦᠲᠦᠮᠵᠢ ᠶᠢ ᠨᠦᠬᠦᠪᠦᠷᠢᠯᠡᠨ ᠱᠠᠩᠨᠠᠬᠤ ᠪᠡᠯᠡ ᠮᠥᠩᠭᠦ ᠶᠢ ᠬᠤᠪᠢᠶᠠᠷᠢᠯᠠᠬᠤ ᠯᠤᠭ᠎ᠠ | ᠬᠤᠯᠪᠣᠭᠳᠠᠭᠤᠯᠤᠨ ᠤᠷᠮᠠᠰᠢᠭᠤᠯᠬᠤ ᠪᠠ ᠬᠢᠵᠠᠭᠠᠷᠯᠠᠬᠤ ᠲᠣᠭᠲᠠᠴᠠ ᠶᠢ ᠬᠡᠷᠡᠭᠵᠢᠭᠦᠯᠵᠦ᠂ ᠨᠤᠲᠤᠭ ᠪᠡᠯᠴᠢᠭᠡᠷ ᠤᠨ | ᠠᠮᠢ ᠠᠬᠤᠢ ᠶᠢ ᠬᠠᠮᠠᠭᠠᠯᠠᠭᠰᠠᠳ ᠲᠤ ᠨᠥᠬᠦᠪᠥᠷᠢ ᠥᠭᠴᠦ᠂ ᠬᠤᠬᠢᠷᠠᠭᠰᠠᠳ ᠲᠤ ᠲᠥᠯᠥᠪᠦᠷᠢ ᠣᠯᠭᠤᠬᠤ ᠶᠢ | ᠬᠡᠷᠡᠭᠵᠢᠭᠦᠯᠦᠨ᠎ᠡ᠃ | —— ᠬᠢᠨᠠᠯᠲᠠ ᠲᠠᠯᠪᠢᠬᠤ ᠶᠢ ᠴᠢᠩᠭᠠᠳᠬᠠᠬᠤ᠂ ᠴᠢᠩᠭ᠎ᠠ ᠬᠢᠨᠠᠨ ᠰᠢᠯᠭᠠᠬᠤ ᠶᠢ ᠪᠠᠷᠢᠮᠲᠠᠯᠠᠨ᠎ᠡ᠃ | ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠣᠢ ᠰᠢᠭᠤᠢ ᠶᠢᠨ ᠳᠠᠭᠠᠭᠠᠮᠠᠯ ᠤᠨ ᠳᠦᠷᠢᠮ ᠤᠨ | ᠰᠢᠯᠭᠠᠨ ᠬᠢᠨᠠᠵᠤ ᠦᠨᠡᠯᠡᠬᠦ ᠲᠣᠭᠲᠠᠴᠠ ᠲᠠᠢ ᠤᠶᠠᠯᠳᠤᠭᠤᠯᠤᠨ᠂ ᠰᠢᠨᠵᠢᠯᠡᠬᠦ ᠤᠬᠠᠭᠠᠨᠴᠢ ᠬᠠᠷᠠᠯᠲᠠ ᠶᠢ ᠰᠢᠯᠭᠠᠨ | ᠬᠢᠨᠠᠵᠤ ᠦᠨᠡᠯᠡᠬᠦ ᠰᠢᠰᠲ᠋ᠧᠮᠵᠢ ᠪᠠ ᠠᠵᠢᠯ ᠤᠨ ᠠᠮᠵᠢᠯᠲᠠ ᠪᠦᠲᠦᠮᠵᠢ ᠶᠢ ᠦᠨᠡᠯᠡᠬᠦ ᠳᠦᠷᠢᠮ ᠢ ᠪᠠᠶᠢᠭᠤᠯᠤᠨ | ᠪᠦᠷᠢᠨᠰᠢᠭᠦᠯᠵᠦ᠂ ᠱᠠᠩᠨᠠᠵᠤ ᠲᠣᠷᠭᠠᠬᠤ ᠶᠢ ᠲᠣᠳᠣᠷᠬᠠᠢ ᠪᠣᠯᠭᠠᠵᠤ᠂ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠢ | ᠨᠠᠶᠢᠳᠠᠪᠤᠷᠢᠵᠢᠭᠤᠯᠤᠨ ᠪᠣᠳᠠᠳᠠᠢ ᠦᠷ᠎ᠡ ᠪᠦᠲᠦᠮᠵᠢ ᠣᠯᠬᠤ ᠶᠢ ᠦᠨᠡᠨᠬᠦ ᠪᠠᠲᠤᠯᠠᠬᠤ ᠬᠡᠷᠡᠭᠲᠡᠢ᠃ | ᠭᠤᠷᠪᠠ᠂ ᠪᠡᠯᠴᠢᠭᠡᠷᠯᠡᠭᠦᠯᠬᠦ ᠶᠢ ᠴᠠᠭᠠᠵᠠᠯᠠᠬᠤ ᠣᠷᠣᠨ ᠪᠦᠰᠡ | ᠪᠦᠬᠦ ᠲᠤᠭᠤᠷᠢᠭ ᠤᠨ ᠬᠢᠯᠢ ᠳᠣᠲᠣᠷᠠᠬᠢ ᠬᠠᠮᠤᠭ ᠤᠨ ᠰᠢᠨ᠎ᠡ ᠤᠯᠤᠰ ᠤᠨ ᠨᠤᠲᠤᠭ ᠳᠡᠪᠢᠰᠬᠡᠷ ᠤᠨ | ᠬᠤᠪᠢᠷᠠᠯᠲᠠ ᠶᠢᠨ ᠪᠠᠶᠢᠴᠠᠭᠠᠯᠲᠠ ᠶᠢᠨ ᠲᠤᠭ᠎ᠠ ᠪᠠᠷᠢᠮᠲᠠ ᠪᠠᠷ ᠣᠢ ᠰᠢᠭᠤᠢ ᠨᠤᠲᠤᠭ ᠪᠡᠯᠴᠢᠭᠡᠷ ᠤᠨ ᠡᠬᠢ | ᠪᠠᠶᠠᠯᠢᠭ ᠤᠨ ᠬᠡᠪᠴᠢᠶ᠎ᠡ ᠶᠢ ᠲᠣᠭᠲᠠᠭᠠᠵᠤ᠂ ᠡᠭᠦᠨ ᠳᠤ ᠭᠤᠣᠯᠳᠠᠯᠭ᠎ᠠ ᠨᠢ᠄ | ︵ᠨᠢᠭᠡ︶ ᠠᠭᠠᠷᠤᠳᠠᠢ ᠰᠤᠮᠤ ᠶᠢᠨ ᠠᠭᠠᠷᠤᠳᠠᠢ ᠭᠠᠴᠠᠭ᠎ᠠ᠂ ᠠᠭᠤᠢ ᠶᠢᠨ ᠭᠤᠣᠯ ᠭᠠᠴᠠᠭ᠎ᠠ᠂ ᠮᠡᠷᠭᠡᠨ | ᠭᠠᠴᠠᠭᠠᠨ ᠤ ᠪᠦᠬᠦ ᠬᠢᠯᠢ︔ | ︵ᠬᠤᠶᠠᠷ︶ ᠬᠤᠷᠢᠨᠭᠡᠷ ᠪᠠᠯᠭᠠᠰᠤ᠂ ᠰᠠᠷᠠᠭᠤᠯ ᠵᠡᠭᠡᠯᠢ ᠭᠤᠳᠤᠮᠵᠢ ᠶᠢᠨ ᠬᠠᠲᠤᠨ ᠭᠤᠣᠯ ᠤᠨ ᠤᠯᠤᠰ ᠤᠨ | ᠨᠤᠭᠤ ᠭᠠᠵᠠᠷ ᠤᠨ ᠴᠡᠴᠡᠷᠯᠢᠭ ᠤᠨ ᠵᠠᠭᠠᠭ ᠳᠣᠲᠣᠷ᠎ᠠ︔ | ︵ᠭᠤᠷᠪᠠ︶ ᠪᠠᠶᠢᠭᠠᠯᠢ ᠶᠢᠨ ᠣᠢ᠂ ᠣᠢ ᠰᠢᠭᠤᠢ ᠶᠢᠨ ᠢᠨᠵᠧᠨᠧᠷᠢᠩ ᠤᠨ ᠲᠥᠷᠥᠯ ᠵᠦᠢᠯ ᠤᠨ ᠣᠷᠣᠨ ᠤ | ᠵᠠᠭᠠᠭ ︔ | ︵ᠳᠥᠷᠪᠡ︶ ᠱᠠ ᠾᠧ ᠵᠡᠭᠡᠯᠢ ᠭᠤᠳᠤᠮᠵᠢ᠂ ᠰᠠᠶᠢᠬᠠᠨ ᠵᠡᠭᠡᠯᠢ ᠭᠤᠳᠤᠮᠵᠢ᠂ ᠪᠠᠶᠠᠨᠰᠢᠯᠢ ᠵᠡᠭᠡᠯᠢ | ᠭᠤᠳᠤᠮᠵᠢ ᠶᠢᠨ ᠬᠤᠲᠠ ᠲᠣᠭᠤᠷᠢᠭ ᠳᠣᠲᠤᠷ᠎ᠠ︔ | ︵ ᠲᠠᠪᠤ︶ ᠲᠦᠮᠡᠨ ᠪᠤᠯᠠᠭ ᠪᠠᠯᠭᠠᠰᠤᠨ ᠤ ᠡᠮᠦᠨ᠎ᠡ ᠲᠣᠭᠤᠷᠢᠯ ᠵᠠᠰᠠᠮᠠᠯ ᠵᠠᠮ ᠤᠨ ᠬᠤᠶᠢᠲᠤ ᠲᠠᠯ᠎ᠠ︔ | ᠪᠡᠯᠴᠢᠭᠡᠷᠯᠡᠭᠦᠯᠬᠦ ᠶᠢ ᠴᠠᠭᠠᠵᠠᠯᠠᠬᠤ ᠣᠷᠣᠨ ᠤ ᠳᠣᠲᠣᠷ᠎ᠠ ᠬᠤᠨᠢ᠂ ᠮᠣᠷᠢ᠂ ᠦᠬᠡᠷ ᠵᠡᠷᠭᠡ ᠡᠪᠡᠰᠦᠨ ᠲᠠᠵᠢᠭᠡᠯᠳᠤ | ᠮᠠᠯ ᠤᠨᠤᠭ᠎ᠠ ᠶᠢ ᠬᠠᠰᠢᠶᠠᠯᠠᠨ ᠲᠡᠵᠢᠭᠡᠵᠦ ᠬᠤᠷᠣᠭᠠᠯᠠᠨ ᠮᠠᠯᠯᠠᠬᠤ ᠬᠡᠷᠡᠭᠲᠡᠢ᠃ | ᠳᠥᠷᠪᠡ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ | ᠮᠠᠨ ᠤ ᠲᠣᠭᠤᠷᠢᠭ ᠤᠨ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠢ ᠦᠨᠡᠨᠬᠦ ᠴᠢᠩᠭᠠᠳᠬᠠᠵᠤ᠂ | ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠤᠨ ᠤᠷᠤᠭᠰᠢᠲᠠᠢ ᠥᠷᠨᠢᠬᠦ ᠶᠢ ᠪᠠᠲᠤᠯᠠᠬᠤ ᠶᠢᠨ ᠲᠤᠰᠠᠳᠠ᠂ ᠵᠢᠦ ᠶᠤᠸᠠᠨ | ᠲᠣᠭᠤᠷᠢᠭ ᠤᠨ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ | ᠪᠦᠷᠢᠯᠳᠦᠬᠦᠨ ᠨᠢ ᠳᠣᠣᠷᠠᠬᠢ ᠮᠡᠲᠦ᠄ | ᠳᠤᠭᠤᠶᠢᠯᠠᠩ ᠤᠨ ᠳᠠᠷᠤᠭ᠎ᠠ᠄ ᠯᠢᠦ ᠰᠢᠶᠣᠤ ᠫᠢᠩ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ | ᠵᠠᠰᠠᠭ ᠤᠨ ᠣᠷᠳᠣᠨ ᠤ ᠲᠣᠭᠤᠷᠢᠭ ᠤᠨ ᠳᠠᠷᠤᠭ᠎ᠠ | ᠳᠤᠭᠤᠶᠢᠯᠠᠩ ᠤᠨ ᠳᠡᠳ᠋ ᠳᠠᠷᠤᠭ᠎ᠠ᠄ ᠸᠠᠩ ᠵᠢᠶᠠᠩ ᠯᠠᠨ ᠲᠣᠭᠤᠷᠢᠭ ᠤᠨ ᠵᠠᠰᠠᠭ ᠤᠨ ᠣᠷᠳᠣᠨ ᠤ ᠳᠡᠳ᠋ | ᠲᠤᠭᠤᠷᠢᠭ ᠤᠨ ᠳᠠᠷᠤᠭ᠎ᠠ | ᠪᠦᠷᠢᠯᠳᠦᠬᠦᠨ᠄ ᠬᠥᠭᠵᠢᠯᠲᠦ ᠬᠤᠷᠢᠨᠭᠡᠷ ᠪᠠᠯᠭᠠᠰᠤᠨ ᠤ ᠪᠠᠯᠭᠠᠰᠤᠨ ᠳᠠᠷᠤᠭ᠎ᠠ | ᠱᠢ ᠵᠦᠩ ᠴᠢᠥᠸᠠᠨ ᠲᠤᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ ᠤᠨ ᠡᠷᠬᠢᠯᠡᠭᠴᠢ | ᠶᠢᠨ ᠴᠢ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ ᠤᠨ ᠳᠡᠳ᠋ ᠡᠷᠬᠢᠯᠡᠭᠴᠢ | ᠶᠠᠩ ᠳ᠋ᠦᠩ ᠱᠠᠨ ᠲᠣᠭᠤᠷᠢᠭ ᠤᠨ ᠣᠢ ᠰᠢᠭᠤᠢ ᠡᠪᠡᠰᠦ ᠪᠡᠯᠴᠢᠭᠡᠷ ᠤᠨ ᠲᠣᠪᠴᠢᠶᠠᠨ ᠤ ᠲᠣᠪᠴᠢᠶᠠᠨ | ᠳᠠᠷᠤᠭ᠎ᠠ | ᠸᠠᠩ ᠳ᠋ᠦᠩ ᠯᠢᠶᠠᠩ ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶᠠᠨ ᠤ ᠲᠣᠪᠴᠢᠶᠠᠨ | ᠳᠠᠷᠤᠭ᠎ᠠ | ᠵᠠᠩ ᠶᠦᠨ ᠱᠧᠩ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶᠠᠨ ᠤ ᠲᠣᠪᠴᠢᠶᠠᠨ ᠳᠠᠷᠤᠭ᠎ᠠ | ᠱᠢ ᠽᠧᠩ ᠫᠢᠩ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶᠠᠨ ᠤ ᠳᠡᠳ᠋ | ᠲᠣᠪᠴᠢᠶᠠᠨ ᠳᠠᠷᠤᠭ᠎ᠠ | ᠯᠢᠦ ᠫᠧᠩ ᠴᠧᠩ ᠠᠭᠠᠷᠤᠲᠠᠢ ᠰᠤᠮᠤ ᠶᠢᠨ ᠰᠤᠮᠤᠨ ᠳᠠᠷᠤᠭ᠎ᠠ | ᠲᠠᠩ ᠹᠧᠢ ᠬᠠ ᠶᠧ ᠬᠤᠳᠳᠤᠭ ᠪᠠᠯᠭᠠᠰᠤᠨ ᠤ ᠪᠠᠯᠭᠠᠰᠤᠨ ᠳᠠᠷᠤᠭ᠎ᠠ | ᠯᠢᠦ ᠵᠢᠶᠠᠨ ᠲᠦᠮᠡᠨ ᠪᠤᠯᠠᠭ ᠪᠠᠯᠭᠠᠰᠤᠨ ᠤ ᠪᠠᠯᠭᠠᠰᠤᠨ ᠳᠠᠷᠤᠭ᠎ᠠ | ᠵᠧᠩ ᠶᠤᠸᠠᠨᠶᠤᠸᠠᠨ ᠱᠠ ᠾᠧ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ | ᠶᠠᠩ ᡁᠢ ᠵᠢᠶᠠᠨ ᠰᠠᠶᠢᠬᠠᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠱᠦᠵᠢ | ᠸᠠᠩ ᠳ᠋ᠠᠢ ᠪᠠᠶᠠᠨᠰᠢᠯᠢ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ | ᠯᠢᠦ ᠭᠧᠨ ᠬᠤ᠋ ᠰᠠᠷᠠᠭᠤᠯ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ | ᠤᠳᠤᠷᠢᠳᠬᠤ ᠳᠤᠭᠤᠶᠢᠯᠠᠩ ᠤᠨ ᠳᠣᠣᠷ᠎ᠠ ᠠᠯᠪᠠᠨ ᠭᠡᠷ ᠭᠠᠷᠭᠠᠵᠤ᠂ ᠠᠯᠪᠠᠨ ᠭᠡᠷ ᠢ ᠲᠣᠭᠤᠷᠢᠭ ᠤᠨ ᠣᠢ | ᠰᠢᠭᠤᠢ ᠡᠪᠡᠰᠦ ᠪᠡᠯᠴᠢᠭᠡᠷ ᠤᠨ ᠲᠣᠪᠴᠢᠶ᠎ᠠ ᠳᠤ ᠭᠠᠷᠭᠠᠵᠤ᠂ ᠠᠯᠪᠠᠨ ᠭᠡᠷ ᠤᠨ ᠡᠷᠬᠢᠯᠡᠭᠴᠢ ᠶᠢᠨ ᠲᠤᠰᠢᠶᠠᠯ ᠢ ᠶᠠᠩ | ᠳ᠋ᠦᠩ ᠱᠠᠨ ᠨᠥᠬᠦᠷ ᠡᠭᠦᠷᠭᠡᠯᠡᠬᠦ ᠶᠢᠨ ᠬᠠᠮᠲᠤ᠂ ᠲᠣᠭᠤᠷᠢᠭ ᠤᠨ ᠣᠢ ᠰᠢᠭᠤᠢ ᠡᠪᠡᠰᠦ ᠪᠡᠯᠴᠢᠭᠡᠷ ᠤᠨ | ᠲᠣᠪᠴᠢᠶ᠎ᠠ ᠠᠴᠠ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠪᠠᠷ ᠳᠤᠭᠤᠶᠢᠯᠠᠩ ᠤᠨ ᠳᠠᠷᠤᠭ᠎ᠠ ᠪᠣᠯᠭᠠᠭᠰᠠᠨ | ᠱᠠᠯᠠᠪᠳᠠᠭᠤᠯᠤᠨ ᠪᠠᠶᠢᠴᠠᠭᠠᠵᠤ ᠲᠣᠭᠤᠷᠢᠨ ᠪᠠᠶᠢᠴᠠᠭᠠᠬᠤ ᠳᠤᠭᠤᠶᠢᠯᠠᠩ ᠢ ᠪᠠᠶᠢᠭᠤᠯᠤᠨ᠎ᠠ᠃ | ᠲᠠᠪᠤ᠂ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠳᠦᠷᠢᠮ ᠢ ᠴᠢᠩᠭ᠎ᠠ ᠬᠡᠷᠡᠭᠵᠢᠭᠦᠯᠬᠦ ᠬᠡᠷᠡᠭᠲᠡᠢ | ︵ᠨᠢᠭᠡ︶ ᠡᠯ᠎ᠡ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ | ᠡᠷᠬᠢᠯᠡᠬᠦ ᠭᠠᠵᠠᠷ᠄ ᠲᠤᠰ ᠬᠠᠷᠢᠶ᠎ᠠ ᠣᠷᠣᠨ ᠤ ᠪᠠᠨ ᠳᠣᠲᠣᠷᠠᠬᠢ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠢ ᠪᠣᠳᠠᠲᠠᠢ | ᠵᠣᠬᠢᠶᠠᠨ ᠪᠠᠶᠢᠭᠤᠯᠤᠨ ᠬᠡᠷᠡᠭᠵᠢᠭᠦᠯᠵᠤ᠂ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠤᠨ ᠬᠠᠷᠢᠭᠤᠴᠠᠯᠭ᠎ᠠ ᠶᠢᠨ ᠭᠤᠣᠯ | ᠴᠣᠭᠴᠠ ᠪᠠ ᠬᠡᠷᠡᠭᠵᠢᠭᠦᠯᠬᠦ ᠭᠤᠣᠯ ᠴᠣᠭᠴᠠ ᠪᠣᠯᠤᠨ᠎ᠠ᠃ ᠰᠤᠮᠤ ᠪᠠᠯᠭᠠᠰᠤ ︵ᠵᠡᠭᠡᠯᠢ ᠭᠤᠳᠤᠮᠵᠢ︶ ᠶᠢᠨ ᠭᠤᠣᠯ | ᠤᠳᠤᠷᠢᠳᠤᠯᠭ᠎ᠠ ᠪᠣᠯ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠤᠨ ᠨᠢᠭᠡᠳᠦᠭᠡᠷ ᠬᠠᠷᠢᠭᠤᠴᠠᠯᠭᠠᠲᠠᠨ᠂ ᠬᠤᠪᠢᠳᠠᠨ | ᠬᠠᠮᠢᠶᠠᠷᠴᠤ ᠪᠦᠬᠦᠢ ᠤᠳᠤᠷᠢᠳᠤᠯᠭ᠎ᠠ ᠪᠣᠯ ᠰᠢᠭᠤᠳ ᠬᠠᠷᠢᠭᠤᠴᠠᠯᠭᠠᠲᠠᠨ ᠪᠣᠯᠤᠨ᠎ᠠ᠃ ᠪᠡᠯᠴᠢᠭᠡᠷᠯᠡᠭᠦᠯᠬᠦ ᠶᠢ | ᠴᠠᠭᠠᠵᠠᠯᠠᠬᠤ ᠣᠷᠣᠨ ᠤ ᠬᠠᠮᠢᠶᠠᠷᠤᠨ ᠬᠠᠮᠠᠭᠠᠯᠠᠬᠤ ᠳᠦᠷᠢᠮ ᠢ ᠪᠠᠶᠢᠭᠤᠯᠵᠤ᠂ ᠲᠤᠰᠬᠠᠢ ᠲᠤᠰᠢᠶᠠᠯ ᠤᠨ ᠪᠤᠶᠤ | ᠲᠤᠰᠢᠶᠠᠯ ᠬᠠᠪᠰᠤᠷᠭᠠᠭᠰᠠᠨ ᠬᠠᠮᠢᠶᠠᠷᠤᠨ ᠬᠠᠮᠠᠭᠠᠯᠠᠭᠴᠢ ᠶᠢ ᠲᠣᠬᠢᠷᠠᠭᠤᠯᠤᠨ᠂ ᠬᠠᠮᠢᠶᠠᠷᠤᠨ ᠬᠠᠮᠠᠭᠠᠯᠠᠬᠤ | ᠬᠠᠷᠢᠭᠤᠴᠠᠯᠭ᠎ᠠ ᠶᠢᠨ ᠣᠷᠣᠨ ᠢ ᠬᠤᠪᠢᠶᠠᠷᠢᠯᠠᠵᠤ᠂ ᠲᠣᠣᠷᠵᠢᠭᠤᠯᠤᠭᠰᠠᠨ ᠬᠠᠮᠢᠶᠠᠷᠤᠯᠲᠠ ᠶᠢ ᠬᠡᠷᠡᠭᠵᠢᠭᠦᠯᠬᠦ ᠬᠡᠷᠡᠭᠲᠡᠢ᠃ | ᠰᠤᠮᠤ ᠪᠠᠯᠭᠠᠰᠤ ︵ᠵᠡᠭᠡᠯᠢ ᠭᠤᠳᠤᠮᠵᠢ︶ ᠶᠢᠨ ᠪᠡᠯᠴᠢᠭᠡᠷᠯᠡᠭᠦᠯᠬᠦ ᠶᠢ ᠴᠠᠭᠠᠵᠠᠯᠠᠬᠤ ᠬᠠᠷᠢᠭᠤᠴᠠᠯᠭ᠎ᠠ ᠶᠢᠨ | ᠰᠢᠰᠲ᠋ᠧᠮᠵᠢ ᠶᠢ ᠪᠠᠶᠢᠭᠤᠯᠤᠨ ᠪᠦᠷᠢᠨᠰᠢᠭᠦᠯᠵᠦ᠂ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠤᠨ ᠬᠠᠷᠢᠭᠤᠴᠠᠯᠭ᠎ᠠ ᠶᠢ | ᠲᠣᠳᠣᠷᠬᠠᠶᠢᠯᠠᠨ᠂ ᠠᠵᠢᠯ ᠤᠨ ᠡᠭᠦᠷᠭᠡ ᠶᠢ ᠨᠠᠷᠢᠯᠢᠬᠵᠢᠭᠤᠯᠵᠤ᠂ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠤᠨ | ᠪᠦᠲᠦᠮᠵᠢᠲᠡᠢ ᠥᠷᠨᠢᠬᠦ ᠶᠢ ᠦᠨᠡᠨᠬᠦ ᠪᠠᠲᠤᠯᠠᠬᠤ ᠬᠡᠷᠡᠭᠲᠡᠢ᠃ ᠪᠡᠯᠴᠢᠭᠡᠷᠯᠡᠭᠦᠯᠬᠦ ᠶᠢ ᠴᠠᠭᠠᠵᠠᠯᠠᠬᠤ ᠡᠳᠦᠷ ᠲᠤᠲᠤᠮ ᠤᠨ | ᠬᠢᠨᠠᠯᠲᠠ ᠲᠠᠯᠪᠢᠵᠤ ᠪᠠᠶᠢᠴᠠᠭᠠᠬᠤ ᠬᠠᠷᠢᠭᠤᠴᠠᠯᠭ᠎ᠠ ᠶᠢᠨ ᠳᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠣᠯᠵᠤ | ᠮᠡᠳᠡᠭᠰᠡᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠴᠠᠭ ᠲᠤᠬᠠᠢ ᠳᠤᠨᠢ ᠬᠢᠨᠠᠨ ᠬᠠᠷᠭᠤᠭᠤᠯᠬᠤ ᠶᠢᠨ | ᠬᠠᠮᠲᠤ ᠬᠠᠤᠯᠢ ᠶᠣᠰᠣᠭᠠᠷ ᠰᠢᠢᠳᠪᠦᠷᠢᠯᠡᠬᠦ ᠬᠡᠷᠡᠭᠲᠡᠢ᠃ | ︵ᠬᠤᠶᠠᠷ︶ ᠲᠤᠭᠤᠷᠢᠭ ᠤᠨ ᠣᠢ ᠰᠢᠭᠤᠢ ᠡᠪᠡᠰᠦ ᠪᠡᠯᠴᠢᠭᠡᠷ ᠤᠨ ᠲᠣᠪᠴᠢᠶ᠎ᠠ᠄ ᠪᠡᠯᠴᠢᠭᠡᠷᠯᠡᠭᠦᠯᠬᠦ ᠶᠢ | ᠴᠠᠭᠠᠵᠠᠯᠠᠬᠤ ᠲᠣᠭᠤᠷᠢᠨ ᠪᠠᠶᠢᠴᠠᠭᠠᠬᠤ ᠳᠦᠷᠢᠮ ᠢ ᠪᠠᠶᠢᠭᠤᠯᠵᠤ᠂ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠤᠨ | ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠢ᠃ ᠪᠡᠯᠴᠢᠭᠡᠷᠯᠡᠭᠦᠯᠬᠦ ᠶᠢ ᠴᠠᠭᠠᠵᠠᠯᠠᠬᠤ ᠣᠷᠣᠨ ᠳᠤ | ᠪᠡᠯᠴᠢᠭᠡᠷᠯᠡᠭᠦᠯᠬᠦ ᠶᠢ ᠴᠠᠭᠠᠵᠠᠯᠠᠬᠤ ᠲᠡᠮᠳᠡᠭ ᠪᠠ ᠵᠠᠭᠠᠭ ᠤᠨ ᠪᠠᠭᠠᠨ᠎ᠠ ᠵᠡᠷᠭᠡ ᠪᠡᠯᠡᠳᠬᠡᠮᠵᠢ ᠪᠠᠶᠢᠭᠤᠯᠵᠤ᠂ | ᠪᠡᠯᠴᠢᠭᠡᠷᠯᠡᠭᠦᠯᠬᠦ ᠶᠢ ᠴᠠᠭᠠᠵᠠᠯᠠᠬᠤ ᠱᠠᠭᠠᠷᠳᠠᠯᠭ᠎ᠠ ᠶᠢ ᠵᠠᠷᠯᠠᠨ ᠨᠡᠶᠢᠲᠡᠯᠡᠨ᠎ᠡ᠃ ᠪᠡᠯᠴᠢᠭᠡᠷᠯᠡᠭᠦᠯᠬᠦ ᠶᠢ ᠴᠠᠭᠠᠵᠠᠯᠠᠬᠤ | ᠣᠷᠣᠨ ᠤ ᠳᠣᠲᠣᠷᠠᠬᠢ ᠨᠤᠲᠤᠭ ᠪᠡᠯᠴᠢᠭᠡᠷ᠂ ᠣᠢ ᠰᠢᠭᠤᠢ ᠶᠢᠨ ᠠᠮᠢ ᠠᠬᠤᠢ ᠶᠢᠨ ᠤᠷᠭᠤᠮᠠᠯ ᠤᠨ ᠬᠤᠴᠢᠯᠭ᠎ᠠ ᠶᠢ | ᠰᠡᠷᠭᠦᠭᠡᠭᠰᠡᠨ ᠦᠷ᠎ᠡ ᠪᠦᠲᠦᠮᠵᠢ ᠶᠢ ᠬᠢᠨᠠᠨ ᠬᠡᠮᠵᠢᠵᠦ ᠤᠷᠢᠳᠴᠢᠯᠠᠨ ᠮᠡᠳᠡᠭᠡᠯᠡᠬᠦ ᠶᠢ ᠴᠢᠩᠭᠠᠳᠬᠠᠬᠤ ᠶᠢᠨ ᠬᠠᠮᠲᠤ | ᠲᠣᠭᠲᠠᠮᠠᠯ ᠬᠤᠭᠤᠴᠠᠭ᠎ᠠ ᠲᠠᠢ ᠪᠠᠷ ᠲᠤᠭᠤᠷᠢᠭ ᠤᠨ ᠵᠠᠰᠠᠭ ᠤᠨ ᠣᠷᠳᠣᠨ ᠳᠤ ᠬᠢᠨᠠᠨ ᠬᠡᠮᠵᠢᠭᠰᠡᠨ ᠦᠷ᠎ᠡ ᠳ᠋ᠦᠩ ᠢ | ᠮᠡᠳᠡᠭᠦᠯᠬᠦ ᠬᠡᠷᠡᠭᠲᠡᠢ᠃ | ︵ᠭᠤᠷᠪᠠ︶ ᠲᠠᠷᠢᠶᠠᠯᠠᠩ ᠮᠠᠯ ᠠᠵᠤ ᠠᠬᠤᠢ᠂ ᠡᠳ᠋ ᠤᠨ ᠵᠠᠰᠠᠭ᠂ ᠳᠣᠲᠣᠭᠠᠳᠤ ᠶᠢ ᠬᠠᠮᠠᠭᠠᠯᠠᠬᠤ ᠵᠡᠷᠭᠡ | ᠰᠠᠯᠠᠭ᠎ᠠ ᠮᠥᠴᠢᠷ᠄ ᠲᠤᠰ ᠰᠠᠯᠠᠭ᠎ᠠ ᠮᠥᠴᠢᠷ ᠤᠨ ᠢᠶᠠᠨ ᠡᠭᠦᠷᠭᠡ ᠴᠢᠳᠠᠪᠤᠷᠢ ᠲᠠᠢ ᠪᠠᠨ ᠤᠶᠠᠯᠳᠤᠭᠤᠯᠤᠨ᠂ | ᠢᠳᠡᠪᠬᠢᠲᠡᠢ ᠣᠷᠣᠯᠴᠠᠵᠤ᠂ ᠨᠢᠭᠲᠠ ᠬᠠᠮᠵᠢᠯᠴᠠᠨ᠂ ᠠᠵᠢᠯ ᠤᠨ ᠨᠡᠶᠢᠯᠡᠮᠡᠯ ᠬᠦᠴᠦᠨ ᠢ ᠪᠦᠷᠢᠯᠳᠦᠭᠦᠯᠦᠨ᠎ᠡ᠃ | ᠡᠳ᠋ ᠤᠨ ᠵᠠᠰᠠᠭ ᠤᠨ ᠰᠠᠯᠠᠭ᠎ᠠ ᠮᠥᠴᠢᠷ ᠨᠢ ᠪᠡᠯᠴᠢᠭᠡᠷᠯᠡᠭᠦᠯᠬᠦ ᠶᠢ ᠴᠠᠭᠠᠵᠠᠯᠠᠬᠤ ᠠᠮᠢ ᠠᠬᠤᠢ ᠶᠢᠨ ᠬᠠᠮᠠᠭᠠᠯᠠᠯᠲᠠ ᠶᠢᠨ | ᠨᠥᠬᠦᠪᠥᠷᠢ ᠱᠠᠩᠨᠠᠯ ᠤᠨ ᠪᠡᠯᠡ ᠮᠥᠩᠭᠦ ᠶᠢᠨ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠢ︔ ᠲᠤᠭᠤᠷᠢᠭ ᠤᠨ | ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠨᠢ ᠮᠠᠯ ᠠᠵᠤ ᠠᠬᠤᠢ ᠶᠢᠨ ᠬᠡᠯᠪᠡᠷᠢ ᠪᠠᠨ ᠬᠤᠪᠢᠷᠠᠭᠤᠯᠤᠨ | ᠬᠥᠭᠵᠢᠬᠦ ᠶᠢ ᠲᠦᠷᠭᠡᠳᠬᠡᠨ ᠠᠬᠢᠭᠤᠯᠬᠤ ᠬᠡᠷᠡᠭᠲᠡᠢ︔ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠨᠢ | ᠲᠣᠭᠲᠠᠭᠠᠯ ᠠᠴᠠ ᠵᠥᠷᠢᠴᠡᠨ ᠮᠠᠯ ᠮᠠᠯᠵᠢᠭᠰᠠᠨ ᠠᠴᠠ ᠪᠣᠯᠵᠤ ᠣᠢ ᠰᠢᠭᠤᠢ ᠡᠪᠡᠰᠦ ᠪᠡᠯᠴᠢᠭᠡᠷ ᠢ ᠬᠦᠨᠳᠦ ᠨᠣᠴᠢᠲᠠᠢ | ᠡᠪᠳᠡᠭᠰᠡᠨ ᠶᠠᠯᠠᠲᠤ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠬᠦ ᠬᠡᠷᠡᠭᠲᠡᠢ᠃ | ︵ᠳᠥᠷᠪᠡ︶ ᠡᠯ᠎ᠡ ᠱᠠᠲᠤᠨ ᠤ ᠣᠢ ᠰᠢᠭᠤᠢ ᠶᠢᠨ ᠳᠠᠭᠠᠭᠠᠮᠠᠯ᠂ ᠣᠢ ᠰᠢᠭᠤᠢ ᠬᠠᠮᠠᠭᠠᠯᠠᠭᠴᠢ᠂ ᠨᠤᠲᠤᠭ | ᠪᠡᠯᠴᠢᠭᠡᠷ ᠤᠨ ᠬᠠᠮᠠᠭᠠᠯᠠᠭᠴᠢ᠄ ᠡᠯ᠎ᠡ ᠱᠠᠲᠤᠨ ᠤ ᠣᠢ ᠰᠢᠭᠤᠢ ᠶᠢᠨ ᠳᠠᠭᠠᠭᠠᠮᠠᠯ ᠨᠢ ᠪᠡᠯᠴᠢᠭᠡᠷᠯᠡᠭᠦᠯᠬᠦ ᠶᠢ | ᠴᠠᠭᠠᠵᠠᠯᠠᠬᠤ ᠶᠢ ᠣᠢ ᠰᠢᠭᠤᠢ ᠶᠢ ᠲᠣᠭᠤᠷᠢᠨ ᠪᠠᠶᠢᠴᠠᠭᠠᠬᠤ ᠠᠵᠢᠯ ᠤᠨ ᠴᠢᠬᠤᠯᠠ ᠠᠭᠤᠯᠭ᠎ᠠ ᠪᠣᠯᠭᠠᠵᠤ᠂ | ᠲᠣᠭᠤᠷᠢᠭ᠂ ᠰᠤᠮᠤ ᠪᠠᠯᠭᠠᠰᠤ ︵ᠵᠡᠭᠡᠯᠢ ᠭᠤᠳᠤᠮᠵᠢ︶᠂ ᠭᠠᠴᠠᠭ᠎ᠠ ᠲᠣᠰᠬᠤᠨ ︵ ᠭᠡᠷ ᠬᠤᠷᠢᠶᠠᠯᠠᠯ︶ ᠭᠤᠷᠪᠠᠨ | ᠱᠠᠲᠤᠨ ᠤ ᠣᠢ ᠰᠢᠭᠤᠢ ᠶᠢᠨ ᠳᠠᠭᠠᠭᠠᠮᠠᠯ ᠠᠴᠠ ᠣᠷᠣᠨ ᠬᠡᠰᠡᠭ ᠢ ᠳᠠᠭᠠᠭᠠᠴᠢᠯᠠᠨ ᠬᠤᠯᠪᠣᠭᠠᠯᠠᠬᠤ ᠶᠢ | ᠬᠡᠷᠡᠭᠵᠢᠭᠦᠯᠵᠦ᠂ ᠲᠤᠭᠤᠷᠢᠭ ᠤᠨ ᠱᠠᠲᠤᠨ ᠤ ᠣᠢ ᠰᠢᠭᠤᠢ ᠶᠢᠨ ᠳᠠᠭᠠᠭᠠᠮᠠᠯ ᠨᠢ ᠰᠤᠮᠤ ᠪᠠᠯᠭᠠᠰᠤ ︵ᠵᠡᠭᠡᠯᠢ | ᠭᠤᠳᠤᠮᠵᠢ︶ ᠶᠢ ᠲᠠᠭᠠᠭᠠᠴᠢᠯᠠᠨ᠂ ᠰᠤᠮᠤ ᠪᠠᠯᠭᠠᠰᠤ ︵ᠵᠡᠭᠡᠯᠢ ᠭᠤᠳᠤᠮᠵᠢ︶ ᠶᠢᠨ ᠣᠢ ᠰᠢᠭᠤᠢ ᠶᠢᠨ | ᠳᠠᠭᠠᠭᠠᠮᠠᠯ ᠨᠢ ᠲᠣᠰᠬᠤᠨ ᠢ ᠳᠠᠭᠠᠭᠠᠴᠢᠯᠠᠬᠤ᠂ ᠲᠣᠰᠬᠤᠨ ᠤ ᠱᠠᠲᠤᠨ ᠤ ᠣᠢ ᠰᠢᠭᠤᠢ ᠶᠢᠨ ᠳᠠᠭᠠᠭᠠᠮᠠᠯ ᠪᠣᠯᠤᠨ | ᠲᠣᠰᠬᠤᠨ ᠳᠤ ᠰᠠᠭᠤᠭ᠎ᠠ ᠺᠠᠳ᠋ᠷ ᠨᠢ ᠡᠷᠦᠬᠡ ᠶᠢ ᠳᠠᠭᠠᠭᠠᠴᠢᠯᠠᠨ᠂ ᠣᠢ ᠰᠢᠭᠤᠢ ᠬᠠᠮᠠᠭᠠᠯᠠᠭᠴᠢ᠂ ᠨᠤᠲᠤᠭ | ᠪᠡᠯᠴᠢᠭᠡᠷ ᠤᠨ ᠬᠠᠮᠠᠭᠠᠯᠠᠭᠴᠢ ᠶᠢᠨ ᠲᠣᠣᠷᠵᠢᠭᠤᠯᠤᠨ ᠬᠢᠨᠠᠨ ᠬᠠᠮᠢᠶᠠᠷᠬᠤ ᠬᠠᠷᠢᠭᠤᠴᠠᠯᠭ᠎ᠠ ᠶᠢᠨ ᠣᠷᠣᠨ ᠢ | ᠬᠤᠪᠢᠶᠠᠷᠢᠯᠠᠨ ᠲᠣᠭᠲᠠᠭᠠᠵᠤ᠂ ᠳᠡᠭᠡᠷ᠎ᠡ ᠠᠴᠠ ᠳᠣᠷᠣᠭᠰᠢ ᠬᠠᠷᠢᠭᠤᠴᠠᠯᠭ᠎ᠠ ᠡᠭᠦᠷᠭᠡᠯᠡᠭᠦᠯᠬᠦ ᠬᠠᠮᠢᠶᠠᠷᠤᠯᠲᠠ ᠶᠢᠨ | ᠰᠢᠰᠲ᠋ᠧᠮᠵᠢ ᠶᠢ ᠪᠣᠢ ᠪᠣᠯᠭᠠᠨ᠎ᠠ᠃ | ᠵᠢᠷᠭᠤᠭ᠎ᠠ᠂ ᠪᠠᠲᠤᠯᠠᠬᠤ ᠠᠷᠭ᠎ᠠ ᠬᠡᠮᠵᠢᠶ᠎ᠡ | ︵ᠨᠢᠭᠡ︶ ᠨᠥᠬᠦᠪᠥᠷᠢᠯᠡᠬᠦ ᠲᠣᠭᠲᠠᠴᠠ ᠶᠢ ᠪᠠᠶᠢᠭᠤᠯᠤᠨ᠎ᠠ᠃ ᠤᠯᠤᠰ᠂ ᠥᠪᠡᠷᠲᠡᠭᠡᠨ ᠵᠠᠰᠠᠬᠤ ᠣᠷᠣᠨ ᠪᠣᠯᠤᠨ | ᠪᠤᠭᠤᠲᠤ ᠬᠤᠲᠠ ᠶᠢᠨ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ᠂ ᠪᠡᠯᠴᠢᠭᠡᠷᠯᠡᠭᠦᠯᠬᠦ ᠶᠢ ᠴᠠᠭᠠᠵᠠᠯᠠᠬᠤ ᠠᠮᠢ | ᠠᠬᠤᠢ ᠶᠢᠨ ᠨᠥᠬᠦᠪᠥᠷᠢ ᠶᠢᠨ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠪᠡᠯᠴᠢᠭᠡᠷᠯᠡᠭᠦᠯᠬᠦ ᠶᠢ | ᠴᠠᠭᠠᠵᠠᠯᠠᠬᠤ ᠠᠮᠢ ᠠᠬᠤᠢ ᠶᠢᠨ ᠨᠥᠬᠦᠪᠥᠷᠢ ᠶᠢᠨ ᠪᠡᠯᠡ ᠮᠥᠩᠭᠦ ᠪᠣᠯᠤᠨ ᠬᠠᠮᠢᠶᠠᠷᠴᠤ ᠬᠠᠮᠠᠭᠠᠯᠠᠬᠤ ᠪᠡᠯᠡ ᠮᠥᠩᠭᠦ ᠶᠢ | ᠲᠤᠰ ᠱᠠᠲᠤᠨ ᠤ ᠲᠥᠰᠦᠪ ᠲᠤ ᠣᠷᠣᠭᠤᠯᠤᠨ᠎ᠠ᠃ ᠪᠡᠯᠴᠢᠭᠡᠷᠯᠡᠭᠦᠯᠬᠦ ᠶᠢ ᠴᠠᠭᠠᠵᠠᠯᠠᠬᠤ ᠠᠮᠢ ᠠᠬᠤᠢ ᠶᠢᠨ | ᠨᠥᠬᠦᠪᠥᠷᠢ ᠶᠢᠨ ᠪᠡᠯᠡ ᠮᠥᠩᠭᠦ ᠪᠠ ᠬᠠᠮᠢᠶᠠᠷᠴᠤ ᠬᠠᠮᠠᠭᠠᠯᠠᠬᠤ ᠪᠡᠯᠡ ᠮᠥᠩᠭᠦ ᠶᠢᠨ ᠪᠣᠳᠠᠲᠠᠢ ᠬᠠᠮᠢᠶᠠᠷᠴᠤ ᠬᠡᠷᠡᠭᠯᠡᠬᠦ | ᠠᠷᠭ᠎ᠠ ᠶᠢ ᠲᠤᠭᠤᠷᠢᠭ ᠤᠨ ᠵᠠᠰᠠᠭ ᠤᠨ ᠣᠷᠳᠣᠨ ᠠᠴᠠ ᠠᠰ ᠲᠤᠨᠢ ᠲᠣᠭᠲᠠᠭᠠᠬᠤ ᠶᠢᠨ ᠬᠠᠮᠲᠤ ᠬᠠᠮᠢᠶ᠎ᠠ ᠪᠦᠬᠦᠢ | ᠬᠠᠮᠢᠶᠠᠷᠤᠯᠲᠠ ᠶᠢᠨ ᠠᠷᠭ᠎ᠠ ᠶᠢ ᠨᠡᠶᠢᠲᠡᠯᠡᠨ᠎ᠡ᠃ | ︵ᠬᠤᠶᠠᠷ︶ ᠬᠠᠰᠢᠶᠠᠯᠠᠨ ᠲᠡᠵᠢᠭᠡᠬᠦ ᠶᠢ ᠬᠡᠷᠡᠭᠵᠢᠭᠦᠯᠬᠦ ᠬᠡᠷᠡᠭᠲᠡᠢ᠃ ᠪᠡᠯᠴᠢᠭᠡᠷᠯᠡᠭᠦᠯᠬᠦ ᠶᠢ ᠴᠠᠭᠠᠵᠠᠯᠠᠬᠤ | ᠣᠷᠣᠨ ᠳᠤ ᠬᠠᠰᠢᠶᠠᠯᠠᠨ ᠲᠡᠵᠢᠭᠡᠵᠦ ᠮᠠᠯᠯᠠᠬᠤ ᠶᠢ ᠬᠡᠷᠡᠭᠵᠢᠭᠦᠯᠦᠭᠰᠡᠨ ᠲᠠᠷᠢᠶᠠᠴᠢᠨ ᠮᠠᠯᠴᠢᠳ ᠲᠤ ᠪᠡᠯᠡ ᠮᠥᠩᠭᠦ | ᠪᠣᠯᠤᠨ ᠮᠡᠷᠭᠡᠵᠢᠯ ᠵᠡᠷᠭᠡ ᠲᠠᠯ᠎ᠠ ᠶᠢᠨ ᠲᠤᠰᠠᠯᠠᠮᠵᠢ ᠪᠣᠯᠤᠨ ᠲᠡᠳᠬᠦᠮᠵᠢ ᠣᠯᠭᠤᠬᠤ ᠬᠡᠷᠡᠭᠲᠡᠢ᠃ ᠲᠠᠷᠢᠶᠠᠯᠠᠩ ᠢ | ᠳᠡᠮᠵᠢᠵᠦ ᠲᠠᠷᠢᠶᠠᠴᠢᠳ ᠲᠤ ᠠᠰᠢᠭ ᠬᠦᠷᠲᠡᠭᠡᠬᠦ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ | ᠂ ᠲᠠᠷᠢᠶᠠᠴᠢᠨ ᠮᠠᠯᠴᠢᠳ ᠤᠨ ᠲᠤᠰ ᠪᠡᠶ᠎ᠡ ᠶᠢᠨ ᠠᠰᠢᠭ ᠲᠤᠰᠠ ᠶᠢ ᠪᠠᠲᠤᠯᠠᠵᠤ᠂ ᠮᠠᠯ ᠠᠵᠤ ᠠᠬᠤᠢ ᠶᠢᠨ | ᠬᠡᠯᠪᠡᠷᠢ ᠪᠠᠨ ᠬᠤᠪᠢᠷᠠᠭᠤᠯᠤᠨ ᠬᠥᠭᠵᠢᠬᠦ ᠶᠢᠨ ᠪᠡᠯᠡ ᠮᠥᠩᠭᠦ ᠶᠢᠨ ᠣᠷᠣᠭᠤᠯᠤᠯᠲᠠ ᠪᠠᠨ ᠨᠡᠮᠡᠭᠳᠡᠭᠦᠯᠬᠦ ᠬᠡᠷᠡᠭᠲᠡᠢ᠃ | ︵ᠭᠤᠷᠪᠠ︶ ᠱᠠᠯᠠᠪᠳᠠᠭᠤᠯᠤᠨ ᠪᠠᠶᠢᠴᠠᠭᠠᠵᠤ ᠲᠣᠭᠤᠷᠢᠨ ᠪᠠᠶᠢᠴᠠᠭᠠᠬᠤ ᠶᠢ ᠴᠢᠩᠭᠠᠳᠬᠠᠨ᠎ᠠ᠃ | ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠢ ᠲᠣᠭᠤᠷᠢᠭ ᠤᠨ ᠵᠠᠰᠠᠭ ᠤᠨ ᠣᠷᠳᠣᠨ ᠤ ᠰᠢᠮᠳᠠᠭᠤᠯᠤᠨ ᠪᠠᠶᠢᠴᠠᠭᠠᠬᠤ | ᠭᠤᠣᠯᠳᠠᠯᠭ᠎ᠠ ᠲᠠᠢ ᠠᠭᠤᠯᠭ᠎ᠠ ᠳᠤ ᠣᠷᠣᠭᠤᠯᠵᠤ᠂ ᠲᠣᠭᠤᠷᠢᠭ ᠤᠨ ᠵᠠᠰᠠᠭ ᠤᠨ ᠣᠷᠳᠣᠨ ᠤ ᠰᠢᠮᠳᠠᠭᠤᠯᠤᠨ | ᠪᠠᠶᠢᠴᠠᠭᠠᠬᠤ ᠲᠠᠰᠤᠭ ᠨᠢ ᠲᠣᠭᠤᠷᠢᠭ ᠤᠨ ᠣᠢ ᠰᠢᠭᠤᠢ ᠡᠪᠡᠰᠦ ᠪᠡᠯᠴᠢᠭᠡᠷ᠂ ᠲᠠᠷᠢᠶᠠᠯᠠᠩ ᠮᠠᠯ ᠠᠵᠤ ᠠᠬᠤᠢ᠂ | ᠡᠳ᠋ ᠤᠨ ᠵᠠᠰᠠᠭ ᠵᠡᠷᠭᠡ ᠰᠠᠯᠠᠭ᠎ᠠ ᠮᠥᠴᠢᠷ ᠲᠠᠢ ᠬᠤᠯᠪᠣᠭᠠᠯᠠᠨ᠂ ᠲᠤᠬᠠᠢ ᠶᠢᠨ ᠭᠠᠵᠠᠷ ᠲᠤᠨᠢ ᠪᠠᠶᠢᠴᠠᠭᠠᠬᠤ᠂ | ᠢᠯᠡ ᠪᠠᠷ ᠪᠠᠶᠢᠴᠠᠭᠠᠵᠤ ᠳᠠᠯᠳᠠᠭᠤᠷ ᠰᠤᠷᠪᠤᠯᠵᠢᠯᠠᠬᠤ ᠵᠡᠷᠭᠡ ᠬᠡᠯᠪᠡᠷᠢ ᠪᠠᠷ ᠳᠠᠮᠵᠢᠭᠤᠯᠤᠨ᠂ ᠶᠡᠷᠦᠩᠬᠡᠶᠢᠯᠡᠭᠰᠡᠨ | ᠴᠢᠨᠠᠷᠲᠠᠢ ᠰᠢᠮᠳᠠᠭᠤᠯᠤᠨ ᠪᠠᠶᠢᠴᠠᠭᠠᠬᠤ ᠶᠢ ᠥᠷᠨᠢᠭᠦᠯᠵᠦ᠂ ᠠᠰᠠᠭᠤᠳᠠᠯ ᠢ ᠢᠯᠡᠷᠡᠭᠦᠯᠵᠦ᠂ ᠡᠬᠡ ᠳᠠᠩᠰᠠ ᠶᠢ | ᠪᠦᠷᠢᠯᠳᠦᠭᠦᠯᠵᠦ᠂ ᠰᠢᠮᠳᠠᠭᠤᠯᠤᠨ ᠵᠢᠯᠣᠭᠤᠳᠴᠤ ᠴᠡᠭᠴᠡᠯᠡᠨ ᠵᠠᠰᠠᠬᠤ ᠬᠡᠷᠡᠭᠲᠡᠢ᠃ ᠲᠣᠭᠤᠷᠢᠭ ᠤᠨ ᠣᠢ ᠰᠢᠭᠤᠢ | ᠡᠪᠡᠰᠦ ᠪᠡᠯᠴᠢᠭᠡᠷ᠂ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠤᠳ ᠡᠳᠦᠷ ᠲᠤᠲᠤᠮ ᠤᠨ ᠲᠣᠭᠤᠷᠢᠨ | ᠪᠠᠶᠢᠴᠠᠭᠠᠬᠤ ᠪᠠᠨ ᠴᠢᠩᠭᠠᠳᠬᠠᠵᠤ᠂ ᠠᠵᠢᠯ ᠤᠨ ᠳᠤᠮᠳᠠ ᠣᠯᠵᠤ ᠮᠡᠳᠡᠭᠰᠡᠨ ᠠᠰᠠᠭᠤᠳᠠᠯ ᠢ ᠴᠠᠭ ᠲᠤᠬᠠᠢ ᠳᠤᠨᠢ | ᠵᠠᠷᠯᠠᠨ ᠮᠡᠳᠡᠭᠳᠡᠵᠦ᠂ ᠬᠤᠭᠤᠴᠠᠭ᠎ᠠ ᠬᠢᠵᠠᠭᠠᠷᠯᠠᠨ ᠴᠡᠭᠴᠡᠯᠡᠨ ᠵᠠᠰᠠᠬᠤ ᠬᠡᠷᠡᠭᠲᠡᠢ︔ ᠲᠣᠭᠲᠠᠭᠠᠯ ᠠᠴᠠ ᠵᠥᠷᠢᠴᠡᠨ ᠮᠠᠯ | ᠬᠠᠷᠢᠭᠤᠯᠬᠤ᠂ ᠳᠠᠭᠠᠭᠠᠴᠠ ᠠᠴᠠ ᠬᠡᠲᠦᠷᠡᠭᠦᠯᠦᠨ ᠮᠠᠯᠵᠢᠬᠤ ᠵᠡᠷᠭᠡ ᠦᠢᠯᠡ ᠠᠵᠢᠯᠯᠠᠭ᠎ᠠ ᠶᠢ ᠣᠯᠵᠤ ᠮᠡᠳᠡᠪᠡᠯ᠂ ᠴᠠᠭ | ᠲᠤᠬᠠᠢ ᠳᠤᠨᠢ ᠬᠠᠷᠢᠶ᠎ᠠ ᠭᠠᠵᠠᠷ ᠤᠨ ᠵᠠᠰᠠᠭ ᠤᠨ ᠣᠷᠳᠣᠨ ᠳᠤ ᠰᠢᠯᠵᠢᠭᠦᠯᠦᠨ ᠲᠤᠰᠢᠶᠠᠵᠤ ᠰᠢᠢᠳᠪᠦᠷᠢᠯᠡᠭᠦᠯᠬᠦ | ᠬᠡᠷᠡᠭᠲᠡᠢ᠃ | ︵ᠳᠥᠷᠪᠡ︶ ᠬᠢᠨᠠᠯᠲᠠ ᠲᠠᠯᠪᠢᠵᠤ ᠰᠢᠯᠭᠠᠨ ᠬᠢᠨᠠᠬᠤ ᠶᠢ ᠴᠢᠩᠭᠠᠳᠬᠠᠬᠤ ᠬᠡᠷᠡᠭᠲᠡᠢ᠃ ᠡᠯ᠎ᠡ ᠰᠤᠮᠤ | ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠴᠤ | ᠵᠠᠭᠠᠯᠳᠤᠵᠤ ᠢᠯᠡᠴᠢᠯᠡᠨ ᠮᠡᠳᠡᠭᠦᠯᠬᠦ ᠤᠲᠠᠰᠤ᠂ ᠵᠠᠬᠢᠳᠠᠯ ᠤᠨ ᠬᠠᠶᠢᠷᠴᠠᠭ ᠢ ᠪᠠᠶᠢᠭᠤᠯᠤᠨ ᠨᠡᠶᠢᠲᠡᠯᠡᠵᠦ᠂ | ᠪᠡᠯᠴᠢᠭᠡᠷᠯᠡᠭᠦᠯᠬᠦ ᠶᠢ ᠴᠠᠭᠠᠵᠠᠯᠠᠬᠤ ᠳᠦᠷᠢᠮ ᠢ ᠵᠥᠷᠢᠴᠡᠭᠰᠡᠨ ᠦᠢᠯᠡ ᠠᠵᠢᠯᠯᠠᠭ᠎ᠠ ᠶᠢ ᠴᠠᠭ ᠲᠤᠬᠠᠢ ᠳᠤᠨᠢ ᠬᠦᠯᠢᠶᠡᠨ | ᠠᠪᠴᠤ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠬᠦ ᠬᠡᠷᠡᠭᠲᠡᠢ᠃ ᠪᠡᠯᠴᠢᠭᠡᠷᠯᠡᠭᠦᠯᠬᠦ ᠶᠢ ᠴᠠᠭᠠᠵᠠᠯᠠᠬᠤ ᠳᠦᠷᠢᠮ ᠢ | ᠨᠠᠶᠢᠳᠠᠪᠤᠷᠢᠵᠢᠭᠤᠯᠤᠭᠠᠳᠤᠢ ᠪᠠᠶᠢᠵᠤ᠂ ᠪᠡᠯᠴᠢᠭᠡᠷᠯᠡᠭᠦᠯᠬᠦ ᠶᠢ ᠴᠠᠭᠠᠵᠠᠯᠠᠬᠤ ᠣᠷᠣᠨ ᠳᠤ ᠲᠣᠭᠲᠠᠭᠠᠯ ᠠᠴᠠ ᠵᠥᠷᠢᠴᠡᠨ | ᠬᠤᠶᠠᠷ ᠤᠳᠠᠭ᠎ᠠ ᠠᠴᠠ ᠳᠡᠭᠡᠭᠰᠢ ᠪᠡᠯᠴᠢᠭᠡᠷᠯᠡᠭᠦᠯᠦᠭᠰᠡᠨ ᠪᠠᠶᠢᠪᠠᠯ᠂ ︽ᠪᠤᠭᠤᠲᠤ ᠬᠤᠲᠠ ᠶᠢᠨ ᠪᠡᠯᠴᠢᠭᠡᠷᠯᠡᠭᠦᠯᠬᠦ ᠶᠢ | ᠴᠠᠭᠠᠵᠠᠯᠠᠵᠤ ᠰᠡᠯᠭᠦᠨ ᠮᠠᠯᠵᠢᠬᠤ ᠳᠦᠷᠢᠮ︾ ᠤᠨ ᠬᠠᠮᠢᠶ᠎ᠠ ᠪᠦᠬᠦᠢ ᠲᠣᠷᠭᠠᠬᠤ ᠳᠦᠷᠢᠮ ᠢ ᠴᠢᠩᠭ᠎ᠠ ᠵᠢᠷᠤᠮᠯᠠᠨ | ᠰᠢᠢᠳᠭᠡᠵᠤ ᠲᠤᠬᠠᠢ ᠶᠢᠨ ᠵᠢᠯ ᠤᠨ ᠪᠡᠯᠴᠢᠭᠡᠷᠯᠡᠭᠦᠯᠬᠦ ᠶᠢ ᠴᠠᠭᠠᠵᠠᠯᠠᠬᠤ ᠨᠥᠬᠦᠪᠥᠷᠢ ᠶᠢᠨ ᠪᠡᠯᠡ ᠮᠥᠩᠭᠦ ᠶᠢ ᠬᠠᠰᠤᠬᠤ | ᠬᠡᠷᠡᠭᠲᠡᠢ᠃ ᠶᠠᠮᠠᠷᠪᠠ ᠵᠣᠬᠢᠶᠠᠨ ᠪᠠᠶᠢᠭᠤᠯᠤᠯᠲᠠ ᠪᠣᠯᠤᠨ ᠬᠤᠪᠢ ᠬᠥᠮᠦᠨ ᠭᠡᠳ ᠪᠡᠯᠴᠢᠭᠡᠷᠯᠡᠭᠦᠯᠬᠦ ᠶᠢ ᠴᠠᠭᠠᠵᠠᠯᠠᠬᠤ | ᠣᠷᠣᠨ ᠳᠤ ᠮᠠᠯ ᠮᠠᠯᠯᠠᠬᠤ ᠦᠢᠯᠡ ᠠᠵᠢᠯᠯᠠᠭ᠎ᠠ ᠶᠢ ᠬᠤᠷᠢᠭᠯᠠᠨ ᠵᠣᠭᠰᠣᠭᠠᠬᠤ ᠪᠠ ᠢᠯᠡᠴᠢᠯᠡᠨ ᠮᠡᠳᠡᠭᠦᠯᠬᠦ ᠡᠷᠬᠡ ᠲᠠᠢ | ᠃ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠢ ᠤᠳᠤᠷᠢᠳᠬᠤ ᠪᠠᠭ ᠪᠣᠯᠤᠨ ᠤᠳᠤᠷᠢᠳᠬᠤ ᠺᠠᠳ᠋ᠷ ᠤᠨ ᠠᠵᠢᠯ ᠤᠨ | ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠠᠭᠤᠯᠭ᠎ᠠ ᠳᠤ ᠣᠷᠣᠭᠤᠯᠵᠤ᠂ ᠬᠠᠷᠢᠶ᠎ᠠ ᠣᠷᠣᠨ ᠤ ᠳᠣᠲᠣᠷ᠎ᠠ ᠪᠦᠬᠦ | ᠵᠢᠯ ᠳᠤ ᠲᠣᠭᠲᠠᠭᠠᠯ ᠠᠴᠠ ᠵᠥᠷᠢᠴᠡᠨ ᠪᠡᠯᠴᠢᠭᠡᠷᠯᠡᠭᠦᠯᠦᠭᠰᠡᠨ ︵10 ᠤᠳᠠᠭ᠎ᠠ ᠪᠠᠭᠲᠠᠨ᠎ᠠ︶ ᠢ ᠨᠡᠶᠢᠲᠡ 10 | ᠤᠳᠠᠭ᠎ᠠ ᠠᠴᠠ ᠳᠡᠭᠡᠭᠰᠢ ᠣᠯᠵᠤ ᠮᠡᠳᠡᠭᠰᠡᠨ ᠭᠠᠵᠠᠷ ᠣᠷᠣᠨ ᠤ ᠣᠨ ᠤ ᠰᠢᠯᠢᠳᠡᠭ ᠢ ᠨᠢ ᠰᠢᠯᠭᠠᠷᠠᠭᠤᠯᠬᠤ ᠬᠢᠷᠢ | ᠭᠡᠮ ᠢ ᠨᠢ ᠬᠦᠴᠦᠨ ᠦᠭᠡᠢ ᠪᠣᠯᠭᠠᠬᠤ ᠶᠢᠨ ᠬᠠᠮᠲᠤ ᠬᠠᠮᠢᠶ᠎ᠠ ᠪᠦᠬᠦᠢ ᠤᠳᠤᠷᠢᠳᠤᠯᠭ᠎ᠠ ᠲᠠᠢ ᠪᠣᠯᠵᠣᠨ ᠶᠠᠷᠢᠯᠴᠠᠨ᠎ᠠ᠃ | ᠣᠢ ᠰᠢᠭᠤᠢ ᠪᠠ ᠨᠤᠲᠤᠭ ᠪᠡᠯᠴᠢᠭᠡᠷ ᠤᠨ ᠰᠠᠯᠠᠭ᠎ᠠ ᠮᠥᠴᠢᠷ᠂ ᠪᠤᠰᠤᠳ ᠬᠠᠮᠢᠶ᠎ᠠ ᠪᠦᠬᠦᠢ ᠰᠠᠯᠠᠭ᠎ᠠ ᠮᠥᠴᠢᠷ ᠪᠠ | ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠵᠢᠴᠢ | ᠲᠡᠭᠦᠨ ᠤ ᠠᠵᠢᠯᠲᠠᠨ ᠬᠡᠷᠪᠡ ᠳᠦᠷᠢᠮ ᠤᠨ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠲᠠᠢ ᠪᠠᠶᠢᠪᠠᠯ᠂ | ᠬᠠᠤᠯᠢ ᠶᠣᠰᠣᠭᠠᠷ ᠰᠢᠳᠬᠡᠯ ᠥᠭᠴᠦ᠂ ᠶᠠᠯ᠎ᠠ ᠳᠤ ᠬᠦᠷᠦᠭᠰᠡᠨ ᠪᠠᠶᠢᠪᠠᠯ ᠬᠠᠤᠯᠢ ᠶᠣᠰᠣᠭᠠᠷ ᠡᠷᠡᠭᠦᠦ ᠶᠢᠨ | ᠬᠠᠷᠢᠭᠤᠴᠠᠯᠭ᠎ᠠ ᠨᠡᠬᠡᠮᠵᠢᠯᠡᠨ᠎ᠡ᠃ | ︵ᠲᠠᠪᠤ︶ ᠤᠬᠠᠭᠤᠯᠵᠤ ᠬᠥᠲᠥᠯᠥᠨ ᠵᠢᠯᠣᠭᠤᠳᠬᠤ ᠶᠢ ᠴᠢᠩᠭᠠᠳᠬᠠᠨ᠎ᠠ᠃ ᠲᠥᠷᠥ ᠶᠢᠨ ᠪᠣᠳᠣᠯᠭ᠎ᠠ ᠶᠢᠨ | ᠤᠬᠠᠭᠤᠯᠭ᠎ᠠ ᠶᠢ ᠪᠡᠯᠴᠢᠭᠡᠷᠯᠡᠭᠦᠯᠬᠦ ᠶᠢ ᠴᠠᠭᠠᠵᠠᠯᠠᠬᠤ ᠲᠣᠭᠲᠠᠭᠠᠯ ᠢ ᠨᠠᠶᠢᠳᠠᠪᠤᠷᠢᠵᠢᠭᠤᠯᠬᠤ ᠴᠢᠬᠤᠯᠠ ᠠᠷᠭ᠎ᠠ ᠪᠠᠷᠢᠯ | ᠪᠣᠯᠭᠠᠵᠤ᠂ ᠭᠤᠣᠯᠳᠠᠯᠭ᠎ᠠ ᠲᠠᠢ ᠴᠠᠭ ᠬᠤᠭᠤᠴᠠᠭ᠎ᠠ ᠶᠢ ᠲᠣᠪᠤᠶᠢᠯᠭᠠᠨ᠂ ᠭᠤᠣᠯᠳᠠᠯᠭ᠎ᠠ ᠲᠠᠢ ᠭᠠᠵᠠᠷ ᠣᠷᠣᠨ ᠢ | ᠠᠩᠬᠠᠷᠴᠤ᠂ ᠤᠬᠠᠭᠤᠯᠬᠤ ᠠᠷᠭ᠎ᠠ ᠮᠠᠶ᠋ᠢᠭ ᠤᠨ ᠲᠠᠯ᠎ᠠ ᠪᠠᠷ ᠰᠢᠨ᠎ᠡ ᠶᠢ ᠡᠭᠦᠳᠴᠦ᠂ ᠤᠬᠠᠭᠤᠯᠭ᠎ᠠ ᠶᠢᠨ ᠮᠠᠲ᠋ᠧᠷᠢᠶᠠᠯ | ᠲᠠᠷᠬᠠᠭᠠᠬᠤ᠂ ᠤᠬᠠᠭᠤᠯᠭ᠎ᠠ ᠶᠢᠨ ᠸᠢᠳᠢᠣ᠋ ᠨᠡᠪᠲᠡᠷᠡᠭᠦᠯᠬᠦ᠂ ᠡᠷᠦᠬᠡ ᠳᠤ ᠬᠦᠷᠴᠦ ᠤᠬᠠᠭᠤᠯᠤᠨ ᠲᠠᠶᠢᠯᠪᠤᠷᠢᠯᠠᠬᠤ᠂ | ᠬᠡᠷᠡᠭ ᠢᠶᠠᠷ ᠬᠠᠤᠯᠢ ᠶᠢ ᠲᠠᠶᠢᠯᠪᠤᠷᠢᠯᠠᠬᠤ ᠵᠡᠷᠭᠡ ᠬᠡᠯᠪᠡᠷᠢ ᠪᠠᠷ ᠳᠠᠮᠵᠢᠭᠤᠯᠤᠨ᠂ ᠤᠬᠠᠭᠤᠯᠭ᠎ᠠ ᠬᠥᠮᠦᠵᠢᠯ ᠢ | ᠥᠷᠭᠡᠨ ᠢᠶᠠᠷ ᠥᠷᠨᠢᠭᠦᠯᠵᠦ᠂ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠢ ᠨᠠᠶᠢᠳᠠᠪᠤᠷᠢᠵᠢᠭᠤᠯᠬᠤ ᠳᠤ ᠰᠠᠶᠢᠨ | ᠰᠠᠶᠢᠬᠠᠨ ᠨᠡᠶᠢᠭᠡᠮ ᠤᠨ ᠠᠬᠤᠢ ᠪᠠᠶᠢᠳᠠᠯ ᠢ ᠪᠣᠢ ᠪᠣᠯᠭᠠᠬᠤ ᠬᠡᠷᠡᠭᠲᠡᠢ᠃ | ᠳᠠᠭᠠᠯᠳᠤᠭᠤᠯᠤᠯ᠄ 1. ᠨᠡᠷ᠎ᠡ ᠦᠭᠡ ᠶᠢᠨ ᠲᠠᠶᠢᠯᠪᠤᠷᠢ | 2. ᠵᠢᠥ ᠶᠤᠸᠠᠨ ᠲᠣᠭᠤᠷᠢᠭ ᠤᠨ ᠪᠡᠯᠴᠢᠭᠡᠷᠯᠡᠭᠦᠯᠬᠦ ᠶᠢ ᠴᠠᠭᠠᠵᠠᠯᠠᠬᠤ ᠣᠷᠣᠨ ᠤ ᠣᠳᠣᠬᠢ | ᠪᠠᠶᠢᠳᠠᠯ ᠤᠨ ᠵᠢᠷᠤᠭ | | ᠳᠠᠭᠠᠯᠳᠤᠭᠤᠯᠤᠯ 1 | ᠨᠡᠷ᠎ᠡ ᠦᠭᠡ ᠶᠢᠨ ᠲᠠᠶᠢᠯᠪᠤᠷᠢ | 1. ᠪᠡᠯᠴᠢᠭᠡᠷᠯᠡᠭᠦᠯᠬᠦ ᠶᠢ ᠴᠠᠭᠠᠵᠠᠯᠠᠬᠤ ᠲᠣᠳᠣᠷᠬᠠᠶᠢᠯᠠᠯᠲᠠ ᠶᠢᠨ ᠲᠤᠬᠠᠢ᠃ ︽ᠪᠤᠭᠤᠲᠤ ᠬᠤᠲᠠ ᠶᠢᠨ | ᠪᠡᠯᠴᠢᠭᠡᠷᠯᠡᠭᠦᠯᠬᠦ ᠶᠢ ᠴᠠᠭᠠᠵᠠᠯᠠᠵᠦ ᠰᠡᠯᠭᠦᠨ ᠮᠠᠯᠵᠢᠬᠤ ᠳᠦᠷᠢᠮ︾ ᠤᠨ ᠬᠤᠶᠠᠳᠤᠭᠠᠷ ᠵᠦᠢᠯ ᠤᠨ ᠲᠣᠭᠲᠠᠭᠠᠯ | ᠶᠣᠰᠣᠭᠠᠷ᠂ ᠲᠤᠰ ᠲᠥᠰᠦᠯ ᠳᠤ ᠬᠡᠯᠡᠵᠦ ᠪᠠᠶᠢᠭ᠎ᠠ ᠪᠡᠯᠴᠢᠭᠡᠷᠯᠡᠭᠦᠯᠬᠦ ᠶᠢ ᠴᠠᠭᠠᠵᠠᠯᠠᠬᠤ ᠭᠡᠳᠡᠭ ᠨᠢ ᠬᠤᠪᠢᠶᠠᠷᠢᠯᠠᠨ | ᠲᠣᠭᠲᠠᠭᠠᠭᠰᠠᠨ ᠣᠷᠣᠨ ᠪᠦᠰᠡ ᠶᠢᠨ ᠳᠣᠲᠣᠷ᠎ᠠ ᠨᠢᠭᠡ ᠵᠢᠯ ᠠᠴᠠ ᠳᠡᠭᠡᠭᠰᠢ ᠬᠤᠨᠢ ᠮᠠᠯ᠂ ᠮᠣᠷᠢ᠂ ᠦᠬᠡᠷ ᠵᠡᠷᠭᠡ | ᠡᠪᠡᠰᠦᠨ ᠲᠠᠵᠢᠭᠡᠯᠳᠤ ᠮᠠᠯ ᠠᠮᠢᠳᠠᠨ ᠢ ᠬᠠᠷᠢᠭᠤᠯᠬᠤ ᠶᠢ ᠪᠦᠬᠦ ᠲᠠᠯ᠎ᠠ ᠪᠠᠷ ᠴᠠᠭᠠᠵᠠᠯᠠᠬᠤ ᠠᠮᠢ ᠠᠬᠤᠢ ᠶᠢᠨ | ᠬᠠᠮᠢᠶᠠᠷᠤᠯᠲᠠ ᠬᠠᠮᠠᠭᠠᠯᠠᠯᠲᠠ ᠶᠢᠨ ᠠᠷᠭ᠎ᠠ ᠬᠡᠮᠵᠢᠶ᠎ᠡ ᠶᠢ ᠵᠢᠭᠠᠵᠤ ᠪᠤᠢ᠃ | 2. ᠪᠡᠯᠴᠢᠭᠡᠷᠯᠡᠭᠦᠯᠬᠦ ᠶᠢ ᠴᠠᠭᠠᠵᠠᠯᠠᠬᠤ ᠣᠷᠣᠨ ᠤ ᠲᠤᠬᠠᠢ᠃ ︽ᠪᠤᠭᠤᠲᠤ ᠬᠤᠲᠠ ᠶᠢᠨ ᠪᠡᠯᠴᠢᠭᠡᠷᠯᠡᠭᠦᠯᠬᠦ ᠶᠢ | ᠴᠠᠭᠠᠵᠠᠯᠠᠵᠦ ᠰᠡᠯᠭᠦᠨ ᠮᠠᠯᠵᠢᠬᠤ ᠳᠦᠷᠢᠮ︾ ᠤᠨ ᠵᠢᠷᠭᠤᠳᠤᠭᠠᠷ ᠵᠦᠢᠯ ᠤᠨ ᠲᠣᠭᠲᠠᠭᠠᠯ ᠶᠣᠰᠣᠭᠠᠷ᠂ ︽ᠳᠣᠣᠷ᠎ᠠ | ᠵᠢᠭᠰᠠᠭᠠᠭᠰᠠᠨ ᠣᠷᠣᠨ ᠪᠦᠰᠡ ᠳᠤ ᠪᠡᠯᠴᠢᠭᠡᠷᠯᠡᠭᠦᠯᠬᠦ ᠶᠢ ᠴᠠᠭᠠᠵᠠᠯᠠᠬᠤ ᠶᠢ ᠬᠡᠷᠡᠭᠵᠢᠭᠦᠯᠦᠨ᠎ᠡ᠄ ︵ᠨᠢᠭᠡ︶ | ᠤᠯᠤᠰ ᠤᠨ ᠪᠤᠶᠤ ᠣᠷᠣᠨ ᠨᠤᠲᠤᠭ ᠤᠨ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ | ᠪᠡᠯᠴᠢᠭᠡᠷᠯᠡᠭᠦᠯᠬᠦ ᠶᠢ ᠴᠠᠭᠠᠵᠠᠯᠠᠬᠤ ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢ ᠬᠦᠷᠲᠡᠭᠰᠡᠨ ᠨᠤᠲᠤᠭ ᠪᠡᠯᠴᠢᠭᠡᠷ ᠤᠨ | ᠣᠷᠣᠨ︔ ︵ᠬᠤᠶᠠᠷ︶ ᠪᠠᠶᠢᠭᠠᠯᠢ ᠶᠢᠨ ᠣᠢ᠂ ᠣᠢ ᠰᠢᠭᠤᠢ ᠶᠢᠨ ᠢᠨᠵᠧᠨᠧᠷᠢᠩ ᠤᠨ ᠲᠥᠷᠥᠯ ᠵᠦᠢᠯ ᠤᠨ ᠣᠷᠣᠨ︔ | ︵ᠭᠤᠷᠪᠠ︶ ᠬᠦᠨᠳᠦ ᠨᠣᠴᠢᠳᠠᠢ ᠡᠪᠳᠡᠭᠳᠡᠨ ᠮᠠᠭᠤᠵᠢᠷᠠᠭᠰᠠᠨ᠂ ᠡᠯᠡᠰᠦᠷᠬᠡᠭᠵᠢᠭᠰᠡᠨ ᠣᠷᠣᠨ ᠪᠦᠰᠡ︔ ︵ᠳᠥᠷᠪᠡ | ︶ ᠮᠠᠯ ᠬᠠᠷᠢᠭᠤᠯᠵᠤ ᠠᠰᠢᠭᠯᠠᠬᠤ ᠳᠤ ᠲᠣᠬᠢᠷᠠᠬᠤ ᠦᠭᠡᠢ ᠳᠤᠮᠳᠠ ᠵᠡᠷᠭᠡ ᠶᠢᠨ ᠮᠠᠭᠤᠵᠢᠷᠠᠭᠰᠠᠨ᠂ | ᠡᠯᠡᠰᠦᠷᠬᠡᠭᠵᠢᠭᠰᠡᠨ ᠣᠷᠣᠨ ᠪᠦᠰᠡ︔ ︵ᠲᠠᠪᠤ︶ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠪᠠ ᠴᠢᠬᠤᠯᠠ ᠨᠤᠭᠤ | ᠭᠠᠵᠠᠷ ᠤᠨ ᠨᠤᠲᠤᠭ ᠪᠡᠯᠴᠢᠭᠡᠷ︔ ︵ᠵᠢᠷᠭᠤᠭ᠎ᠠ︶ ᠪᠤᠰᠤᠳ ᠪᠡᠯᠴᠢᠭᠡᠷᠯᠡᠭᠦᠯᠬᠦ ᠶᠢ ᠴᠠᠭᠠᠵᠠᠯᠠᠬᠤ ᠴᠢᠬᠤᠯᠠᠲᠠᠢ | ᠣᠷᠣᠨ ᠪᠦᠰᠡ︔ | 3. ᠬᠠᠤᠯᠢ ᠠᠴᠠ ᠵᠥᠷᠢᠴᠡᠨ ᠪᠡᠯᠴᠢᠭᠡᠷᠯᠡᠭᠦᠯᠦᠭᠰᠡᠨ ᠢ ᠵᠣᠭᠤᠰ ᠢᠶᠠᠷ ᠲᠣᠷᠭᠠᠬᠤ ᠲᠤᠬᠠᠢ ᠲᠣᠭᠲᠠᠭᠠᠯ᠃ ︽ | ᠪᠤᠭᠤᠲᠤ ᠬᠤᠲᠠ ᠶᠢᠨ ᠪᠡᠯᠴᠢᠭᠡᠷᠯᠡᠭᠦᠯᠬᠦ ᠶᠢ ᠴᠠᠭᠠᠵᠠᠯᠠᠵᠤ ᠰᠡᠯᠭᠦᠨ ᠮᠠᠯᠵᠢᠬᠤ ᠳᠦᠷᠢᠮ︾ ᠤᠨ ᠠᠷᠪᠠᠨ ᠳᠣᠯᠣᠳᠤᠭᠠᠷ | ᠵᠦᠢᠯ ᠤᠨ ᠲᠣᠭᠲᠠᠭᠠᠯ ᠶᠣᠰᠣᠭᠠᠷ᠂ ᠪᠡᠯᠴᠢᠭᠡᠷᠯᠡᠭᠦᠯᠬᠦ ᠶᠢ ᠴᠠᠭᠠᠵᠠᠯᠠᠬᠤ ᠣᠷᠣᠨ᠂ ᠰᠡᠯᠭᠦᠨ ᠮᠠᠯᠵᠢᠬᠤ | ᠬᠤᠭᠤᠴᠠᠭᠠᠨ ᠳᠠᠬᠢ ᠰᠡᠯᠭᠦᠨ ᠮᠠᠯᠵᠢᠬᠤ ᠣᠷᠣᠨ ᠳᠤ ᠮᠠᠯ ᠬᠠᠷᠢᠭᠤᠯᠤᠭᠰᠠᠨ ᠪᠠᠶᠢᠪᠠᠯ᠂ ᠰᠤᠮᠤ ᠰᠢᠶᠠᠩ | ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠪᠤᠶᠤ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠠᠴᠠ | ᠵᠠᠷᠯᠢᠭᠳᠠᠨ ᠵᠠᠯᠠᠷᠠᠭᠤᠯᠵᠤ᠂ ᠬᠠᠤᠯᠢ ᠠᠴᠠ ᠵᠥᠷᠢᠴᠡᠨ ᠪᠡᠯᠴᠢᠭᠡᠷᠯᠡᠭᠦᠯᠦᠭᠰᠡᠨ ᠬᠤᠨᠢ ᠨᠢᠭᠡᠴᠢ ᠨᠢᠭᠡᠪᠦᠷᠢ ᠶᠢ 120 | ᠲᠥᠭᠦᠷᠢᠭ ᠵᠣᠭᠤᠰ ᠢᠶᠠᠷ ᠲᠣᠷᠭᠠᠨ᠎ᠠ᠃ | 4. ᠬᠤᠨᠢ ᠨᠢᠭᠡᠴᠢ ᠶᠢᠨ ᠲᠣᠳᠣᠷᠬᠠᠶᠢᠯᠠᠯᠲᠠ᠃ ︽ᠪᠤᠭᠤᠲᠤ ᠬᠤᠲᠠ ᠶᠢᠨ ᠪᠡᠯᠴᠢᠭᠡᠷᠯᠡᠭᠦᠯᠬᠦ ᠶᠢ ᠴᠠᠭᠠᠵᠠᠯᠠᠵᠤ | ᠰᠡᠯᠭᠦᠨ ᠮᠠᠯᠵᠢᠬᠤ ᠳᠦᠷᠢᠮ︾ ᠤᠨ ᠠᠷᠪᠠᠨ ᠳᠣᠯᠣᠳᠤᠭᠠᠷ ᠵᠦᠢᠯ ᠤᠨ ᠲᠣᠭᠲᠠᠭᠠᠯ ᠶᠣᠰᠣᠭᠠᠷ᠂ ᠲᠤᠰ ᠲᠥᠰᠦᠯ ᠳᠤ | ᠬᠡᠯᠡᠵᠦ ᠪᠠᠶᠢᠭ᠎ᠠ ᠬᠤᠨᠢ ᠨᠢᠭᠡᠴᠢ ᠭᠡᠳᠡᠭ ᠨᠢ ᠮᠠᠯ ᠤᠨᠤᠭ᠎ᠠ ᠶᠢ ᠪᠣᠳᠣᠬᠤ ᠨᠢᠭᠡᠴᠡ ᠶᠢ ᠵᠢᠭᠠᠵᠤ ᠪᠤᠢ᠃ ᠨᠢᠭᠡ | ᠬᠤᠨᠢ ᠨᠢ ᠨᠢᠭᠡ ᠬᠤᠨᠢ ᠨᠢᠭᠡᠴᠢ ᠲᠠᠢ ᠲᠡᠩᠴᠡᠨ᠎ᠡ᠂ ᠨᠢᠭᠡ ᠦᠬᠡᠷ ᠨᠢ ᠲᠠᠪᠤᠨ ᠬᠤᠨᠢ ᠨᠢᠭᠡᠴᠢ ᠲᠠᠢ ᠲᠡᠩᠴᠡᠨ᠎ᠡ᠂ | ᠨᠢᠭᠡ ᠮᠣᠷᠢ ᠨᠢ ᠵᠢᠷᠭᠤᠭᠠᠨ ᠬᠤᠨᠢ ᠨᠢᠭᠡᠴᠢ ᠲᠠᠢ ᠲᠡᠩᠴᠡᠨ᠎ᠡ᠂ ᠨᠢᠭᠡ ᠡᠯᠵᠢᠭᠡ ᠨᠢ ᠭᠤᠷᠪᠠᠨ ᠬᠤᠨᠢ ᠨᠢᠭᠡᠴᠢ ᠲᠠᠢ | ᠲᠡᠩᠴᠡᠨ᠎ᠡ᠂ ᠨᠢᠭᠡ ᠯᠠᠭᠤᠰᠠ ᠨᠢ ᠲᠠᠪᠤᠨ ᠬᠤᠨᠢ ᠨᠢᠭᠡᠴᠢ ᠲᠠᠢ ᠲᠡᠩᠴᠡᠨ᠎ᠡ᠂ ᠨᠢᠭᠡ ᠲᠡᠮᠡᠭᠡ ᠨᠢ ᠳᠣᠯᠣᠭᠠᠨ | ᠬᠤᠨᠢ ᠨᠢᠭᠡᠴᠢ ᠲᠠᠢ ᠲᠡᠩᠴᠡᠨ᠎ᠡ᠃ | 5. ᠳᠦᠷᠢᠮ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠬᠢᠭᠡᠳ ᠲᠡᠭᠦᠨ ᠢ ᠰᠢᠳᠬᠡᠨ ᠲᠣᠷᠭᠤᠬᠤ | ᠲᠣᠬᠠᠢ᠃ ︽ᠪᠤᠭᠤᠲᠤ ᠬᠤᠲᠠ ᠶᠢᠨ ᠪᠡᠯᠴᠢᠭᠡᠷᠯᠡᠭᠦᠯᠬᠦ ᠶᠢ ᠴᠠᠭᠠᠵᠠᠯᠠᠵᠤ ᠰᠡᠯᠭᠦᠨ ᠮᠠᠯᠵᠢᠬᠤ ᠳᠦᠷᠢᠮ︾ ᠤᠨ ᠠᠷᠪᠠᠨ | ᠨᠠᠢᠮᠠᠳᠤᠭᠠᠷ ᠵᠦᠢᠯ ᠤᠨ ᠲᠣᠭᠲᠠᠭᠠᠯ ᠶᠣᠰᠣᠭᠠᠷ᠂ ᠬᠤᠲᠠ ᠪᠠ ᠬᠤᠰᠢᠭᠤ ᠰᠢᠶᠠᠨ ᠲᠣᠭᠤᠷᠢᠭ ᠤᠨ ᠠᠷᠠᠳ ᠤᠨ | ᠵᠠᠰᠠᠭ ᠤᠨ ᠣᠷᠳᠣᠨ ᠤ ᠣᠢ ᠰᠢᠭᠤᠢ ᠪᠠ ᠨᠤᠲᠤᠭ ᠪᠡᠯᠴᠢᠭᠡᠷ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠂ | ᠪᠤᠰᠤᠳ ᠬᠠᠮᠢᠶ᠎ᠠ ᠪᠦᠬᠦᠢ ᠰᠠᠯᠠᠭ᠎ᠠ ᠮᠥᠴᠢᠷ᠂ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ | ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠵᠢᠴᠢ ᠠᠵᠢᠯᠲᠠᠨ ᠳᠤ ᠳᠣᠣᠷᠠᠬᠢ ᠮᠡᠲᠦ ᠦᠢᠯᠡ ᠠᠵᠢᠯᠯᠠᠭ᠎ᠠ ᠶᠢᠨ | ᠨᠢᠭᠡ ᠪᠠᠶᠢᠪᠠᠯ᠂ ᠰᠢᠭᠤᠳ ᠬᠠᠷᠢᠭᠤᠴᠠᠵᠤ ᠪᠠᠶᠢᠭ᠎ᠠ ᠭᠤᠣᠯᠴᠢᠯᠠᠨ ᠬᠠᠮᠢᠶᠠᠷᠬᠤ ᠬᠥᠮᠦᠰ ᠪᠠ ᠪᠤᠰᠤᠳ ᠰᠢᠭᠤᠳ | ᠬᠠᠷᠢᠭᠤᠴᠠᠯᠭᠠᠲᠠᠨ ᠳᠤ ᠬᠠᠤᠯᠢ ᠶᠣᠰᠣᠭᠠᠷ ᠰᠢᠢᠳᠭᠡᠯ ᠥᠭᠭᠦᠨ᠎ᠡ︔ ᠶᠠᠯ᠎ᠠ ᠲᠤᠯᠭᠠᠬᠤ ᠳᠤ ᠭᠦᠢᠴᠡᠭᠰᠡᠨ ᠪᠠᠶᠢᠪᠠᠯ | ᠂ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠄ | ︵1︶ ᠪᠡᠯᠴᠢᠭᠡᠷᠯᠡᠭᠦᠯᠬᠦ ᠶᠢ ᠴᠠᠭᠠᠵᠠᠯᠠᠬᠤ᠂ ᠰᠡᠯᠭᠦᠨ ᠮᠠᠯᠵᠢᠬᠤ ᠠᠵᠢᠯ ᠤᠨ ᠡᠭᠦᠷᠭᠡ ᠬᠠᠷᠢᠭᠤᠴᠠᠯᠭ᠎ᠠ ᠪᠠᠨ | ᠲᠣᠭᠲᠠᠭᠠᠯ ᠶᠣᠰᠣᠭᠠᠷ ᠭᠦᠢᠴᠡᠳᠬᠡᠬᠦ ᠦᠭᠡᠢ︔ | ︵2︶ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠭᠰᠡᠨ ᠦᠭᠡᠢ ᠪᠤᠶᠤ | ᠪᠠᠶᠢᠴᠠᠭᠠᠨ ᠰᠢᠢᠳᠪᠦᠷᠢᠯᠡᠭᠰᠡᠨ ᠨᠢ ᠢᠯᠡᠷᠬᠡᠢ ᠵᠤᠬᠢᠮᠵᠢ ᠦᠭᠡᠢ ︔ | ︵3︶ ᠠᠯᠪᠠᠨ ᠲᠤᠰᠢᠶᠠᠯ ᠳᠤ ᠪᠠᠨ ᠠᠯᠮᠠᠶᠢᠷᠠᠨ ᠣᠰᠣᠯᠳᠠᠭᠰᠠᠨ᠂ ᠡᠷᠬᠡ ᠲᠤᠰᠢᠶᠠᠯ ᠢᠶᠠᠨ ᠳᠤᠷ᠎ᠠ ᠪᠠᠷ | ᠬᠡᠷᠡᠭᠯᠡᠭᠰᠡᠨ᠂ ᠬᠤᠪᠢ ᠶᠢᠨ ᠨᠠᠶᠢᠷ ᠢᠶᠠᠷ ᠬᠠᠤᠯᠢ ᠶᠣᠰᠣ ᠶᠢ ᠵᠥᠷᠢᠴᠡᠭᠰᠡᠨ ᠠᠵᠢᠯᠯᠠᠭ᠎ᠠ ᠬᠢᠭᠰᠡᠨ᠃ | ᠳᠠᠭᠠᠯᠳᠤᠭᠤᠯᠤᠯ 2 | | |