ᠲᠥᠷᠥ ᠶᠢᠨ ᠪᠣᠳᠣᠯᠭ᠎ᠠ ᠶᠢᠨ ᠲᠠᠶᠢᠯᠤᠮᠵᠢ᠄ ︽ᠵᠢᠥ ᠶᠤᠸᠠᠨ ᠲᠣᠭᠤᠷᠢᠭ ᠤᠨ ᠮᠠᠯᠵᠢᠬᠤ ᠲᠠᠷᠢᠶᠠᠯᠠᠬᠤ ᠣᠷᠣᠨ ᠤ ᠤᠰᠤ ᠬᠠᠩᠭᠠᠬᠤ ᠰᠢᠶᠠᠨ ᠤ ᠬᠡᠪᠴᠢᠶ᠎ᠡ ᠶᠢ ᠨᠢᠭᠡᠳᠦᠯᠲᠡᠶ ᠬᠠᠮᠢᠶᠠᠷᠬᠤ ᠶᠢᠨ ᠬᠡᠷᠡᠭᠵᠢᠭᠦᠯᠬᠦ ᠲᠥᠰᠦᠯ︾
ᠨᠡᠶᠢᠲᠡᠯᠡᠭᠰᠡᠨ ᠴᠠᠭ᠄
2024/7/22
          ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠄ ︽ᠵᠢᠥ ᠶᠤᠸᠠᠨ ᠲᠣᠭᠤᠷᠢᠭ ᠤᠨ ᠮᠠᠯᠵᠢᠬᠤ ᠲᠠᠷᠢᠶᠠᠯᠠᠬᠤ          ᠣᠷᠣᠨ ᠤ ᠤᠰᠤ ᠬᠠᠩᠭᠠᠬᠤ ᠰᠢᠶᠠᠨ ᠤ ᠬᠡᠪᠴᠢᠶ᠎ᠡ ᠶᠢ ᠨᠢᠭᠡᠳᠦᠯᠲᠡᠶ ᠬᠠᠮᠢᠶᠠᠷᠬᠤ ᠶᠢᠨ ᠬᠡᠷᠡᠭᠵᠢᠭᠦᠯᠬᠦ          ᠲᠥᠰᠦᠯ︾    ᠨᠢᠭᠡ᠂ ᠲᠥᠷᠥ ᠶᠢᠨ ᠪᠣᠳᠣᠯᠭ᠎ᠠ ᠶᠢᠨ ᠠᠬᠤᠢ ᠪᠠᠶᠢᠳᠠᠯ    ᠶᠡᠷᠦᠩᠬᠡᠶ ᠱᠦᠵᠢ ᠰᠢ  ᠶᠢᠨ ᠫᠢᠩ ᠤᠨ ᠬᠥᠳᠡᠭᠡ ᠲᠣᠰᠬᠤᠨ ᠤ ᠤᠤᠭᠤᠬᠤ ᠤᠰᠤᠨ ᠤ ᠠᠮᠤᠷ ᠲᠦᠪᠰᠢᠨ ᠢ ᠪᠠᠲᠤᠯᠠᠬᠤ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠵᠢᠦ ᠶᠤᠸᠠᠨ ᠲᠣᠭᠤᠷᠢᠭ ᠤᠨ ᠮᠠᠯᠵᠢᠬᠤ ᠲᠠᠷᠢᠶᠠᠯᠠᠬᠤ ᠣᠷᠣᠨ ᠤ ᠤᠰᠤ ᠬᠠᠩᠭᠠᠬᠤ ᠰᠢᠶᠠᠨ ᠤ ᠬᠡᠪᠴᠢᠶᠡᠨ ᠳᠤ ᠨᠢᠭᠡᠳᠦᠯᠲᠡᠶ ᠬᠠᠮᠢᠶᠠᠷᠬᠤ ᠠᠵᠢᠯ ᠢ ᠯᠠᠪᠳᠠᠭᠤᠨ ᠪᠠᠲᠤᠲᠠᠶ ᠠᠬᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠣᠯᠠᠨ ᠲᠦᠮᠡᠨ ᠤ ᠤᠤᠭᠤᠬᠤ ᠤᠰᠤᠨ ᠤ ᠠᠮᠤᠷ ᠲᠦᠪᠰᠢᠨ ᠢ ᠦᠨᠡᠨ ᠬᠦ ᠪᠠᠲᠤᠯᠠᠨ᠂ ︽ᠭᠤᠷᠪᠠᠨ ᠪᠦᠷᠢᠨ ᠭᠤᠷᠪᠠᠨ ᠨᠢᠭᠡᠳᠬᠡᠬᠦ︾ ︵ᠪᠥᠬᠦ ᠠᠵᠢᠯᠲᠠᠨ ᠪᠥᠬᠦ ᠴᠠᠷᠠᠭ᠎ᠠ ᠪᠦᠷᠢᠨ ᠪᠥᠷᠬᠦᠭᠦᠯᠬᠦ᠂ ᠨᠢᠭᠡᠳᠦᠯᠲᠡᠶ ᠲᠥᠯᠥᠪᠵᠢᠭᠦᠯᠬᠦ᠂ ᠨᠢᠭᠡᠳᠦᠯᠲᠡᠶ ᠲᠥᠯᠥᠪᠯᠡᠨ ᠪᠥᠲᠥᠭᠡᠨ ᠪᠠᠶᠢᠭᠤᠯᠬᠤ᠂ ᠨᠢᠭᠡᠳᠦᠯᠲᠡᠶ ᠦᠢᠯᠡᠴᠢᠯᠡᠬᠦ ︶ ᠬᠠᠷᠠᠯᠲᠠ ᠶᠢ ᠪᠡᠶᠡᠯᠡᠭᠦᠯᠬᠦ ᠶᠢᠨ ᠲᠤᠰᠠᠳᠠ᠂ ︽ᠬᠥᠳᠡᠭᠡ ᠲᠣᠰᠬᠤᠨ ᠤ ᠤᠰᠤ ᠬᠠᠩᠭᠠᠬᠤ ᠰᠢᠶᠠᠨ ᠤ ᠬᠡᠪᠴᠢᠶ᠎ᠡ ᠶᠢ ᠨᠢᠭᠡᠳᠦᠯᠲᠡᠶ ᠬᠠᠮᠢᠶᠠᠷᠬᠤ ᠠᠵᠢᠯ ᠢ ᠲᠦᠷᠭᠡᠳᠬᠡᠨ ᠠᠬᠢᠭᠤᠯᠬᠤ ᠲᠤᠬᠠᠶ ᠤᠰᠤᠨ ᠠᠰᠢᠭᠯᠠᠯᠲᠠ ᠶᠢᠨ ᠶᠠᠮᠤᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ ᠤᠰᠤ ᠲᠠᠷᠢᠶᠠᠯᠠᠩ ﹇2024 ﹈ 107 ᠳ᠋ᠤᠭᠠᠷ ᠲᠣᠭᠠᠲᠤ︶ ᠤᠨ ᠪᠢᠴᠢᠭ ᠮᠠᠲ᠋ᠧᠷᠢᠶᠠᠯ ᠵᠢᠴᠢ ᠡᠯ᠎ᠡ ᠱᠠᠲᠤᠨ ᠤ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠬᠤᠯᠪᠣᠭᠳᠠᠯ ᠪᠥᠬᠦᠶ ᠱᠠᠭᠠᠷᠳᠠᠯᠭ᠎ᠠ ᠶᠣᠰᠣᠭᠠᠷ᠂ ᠵᠢᠥ ᠶᠤᠸᠠᠨ ᠲᠣᠭᠤᠷᠢᠭ ᠤᠨ ᠪᠣᠳᠠᠲᠠᠶ ᠲᠠᠢ ᠪᠠᠨ ᠤᠶᠠᠯᠳᠤᠭᠤᠯᠤᠨ᠂ ᠲᠣᠰ ᠬᠡᠷᠡᠭᠵᠢᠭᠦᠯᠬᠦ ᠲᠥᠰᠦᠯ ᠢ ᠲᠣᠭᠲᠠᠭᠠᠪᠠ᠃    ᠬᠤᠶᠠᠷ᠂ ᠠᠵᠢᠯ ᠤᠨ ᠠᠷᠭ᠎ᠠ ᠬᠡᠮᠵᠢᠶ᠎ᠡ ᠵᠢᠴᠢ ᠬᠠᠷᠠᠯᠲᠠ    ︽1 + N︾ ᠢ ᠬᠡᠷᠡᠭᠵᠢᠭᠦᠯᠬᠦ ᠠᠷᠭ᠎ᠠ ᠬᠡᠯᠪᠡᠷᠢ    ᠰᠢᠶᠠᠨ ᠤ ᠬᠡᠪᠴᠢᠶ᠎ᠡ ᠶᠢ ᠨᠢᠭᠡᠳᠦᠯᠲᠡᠶ ᠬᠠᠮᠢᠶᠠᠷᠬᠤ ᠶᠢ ᠬᠡᠷᠡᠭᠵᠢᠭᠦᠯᠬᠦ ᠭᠤᠤᠯ ᠴᠣᠭᠴᠠ ᠶᠢ ᠲᠣᠳᠣᠷᠬᠠᠶᠢᠯᠠᠵᠤ᠂ ᠣᠷᠣᠨ ᠤ ᠲᠠᠰ ᠤᠨ ᠲᠤᠰᠬᠠᠶᠢᠵᠢᠭᠰᠠᠨ ᠬᠠᠮᠢᠶᠠᠷᠤᠨ ᠬᠠᠮᠠᠭᠠᠯᠠᠬᠤ ᠲᠠᠪᠴᠠᠩ ᠢ ᠪᠠᠶᠢᠭᠤᠯᠤᠨ᠂ ᠲᠤᠰᠬᠠᠶᠢᠵᠢᠭᠰᠠᠨ ᠬᠠᠮᠢᠶᠠᠷᠤᠯᠲᠠ᠂ ᠵᠠᠬ᠎ᠠ ᠳᠡᠯᠭᠡᠭᠦᠷᠴᠢᠯᠡᠨ ᠡᠵᠡᠩᠨᠡᠬᠦ᠂ ᠮᠡᠳᠡᠭᠡ ᠵᠠᠩᠬᠢᠴᠢᠯᠠᠬᠤ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠤᠰᠤ ᠬᠠᠩᠭᠠᠬᠤ ᠢᠨᠵᠧᠨᠧᠷᠢᠩ ᠤᠨ ᠨᠢᠭᠡᠳᠦᠯᠲᠡᠶ ᠪᠡᠯᠡᠳᠬᠡᠮᠵᠢ ᠶᠢᠨ ᠬᠠᠮᠢᠶᠠᠷᠤᠯᠲᠠ᠂ ᠨᠢᠭᠡᠳᠦᠯᠲᠡᠶ ᠠᠵᠢᠯᠯᠠᠭᠠᠨ ᠤ ᠬᠠᠮᠢᠶᠠᠷᠤᠯᠲᠠ᠂ ᠤᠰᠤᠨ ᠤ ᠴᠢᠨᠠᠷ ᠤᠨ ᠨᠢᠭᠡᠳᠦᠯᠲᠡᠶ ᠬᠠᠮᠢᠶᠠᠷᠤᠯᠲᠠ᠂ ᠨᠢᠭᠡᠳᠦᠯᠲᠡᠶ ᠰᠡᠯᠪᠢᠨ ᠵᠠᠰᠠᠵᠤ ᠠᠷᠠᠴᠢᠯᠠᠨ ᠬᠠᠮᠠᠭᠠᠯᠠᠬᠤ ᠶᠢ ᠠᠯᠬᠤᠮ ᠠᠯᠬᠤᠮ ᠢᠶᠠᠷ ᠪᠡᠶᠡᠯᠡᠭᠦᠯᠵᠦ᠂ ᠤᠰᠤ ᠬᠠᠩᠭᠠᠬᠤ ᠢᠨᠵᠧᠨᠧᠷᠢᠩ ᠤᠨ ᠰᠠᠶᠢᠨ ᠠᠵᠢᠯᠯᠠᠭᠠᠨ ᠢ ᠦᠨᠡᠨ ᠬᠦ ᠪᠠᠲᠤᠯᠠᠨ᠎ᠠ ᠃    ᠲᠣᠭᠤᠷᠢᠭ ᠤᠨ ᠵᠠᠰᠠᠭ ᠤᠨ ᠣᠷᠳᠣᠨ ᠲᠦᠷᠦᠭᠦᠯᠡᠨ ᠲᠣᠭᠤᠷᠢᠭ ᠤᠨ ᠮᠠᠯᠵᠢᠬᠤ ᠲᠠᠷᠢᠶᠠᠯᠠᠬᠤ ᠣᠷᠣᠨ ᠤ ᠤᠰᠤ ᠬᠠᠩᠭᠠᠬᠤ ᠶᠢ ᠬᠠᠮᠢᠶᠠᠷᠴᠤ ᠬᠠᠮᠠᠭᠠᠯᠠᠬᠤ ᠦᠢᠯᠡᠴᠢᠯᠡᠭᠡᠨ ᠤ ᠲᠥᠪ ᠢ ᠪᠠᠶᠢᠭᠤᠯᠵᠤ᠂ ᠲᠣᠭᠤᠷᠢᠭ ᠤᠨ ᠮᠠᠯᠵᠢᠬᠤ ᠲᠠᠷᠢᠶᠠᠯᠠᠬᠤ ᠣᠷᠣᠨ ᠤ ᠤᠰᠤ ᠬᠠᠩᠭᠠᠬᠤ ᠶᠢ ᠬᠠᠮᠢᠶᠠᠷᠴᠤ ᠬᠠᠮᠠᠭᠠᠯᠠᠬᠤ ᠦᠢᠯᠡᠴᠢᠯᠡᠭᠡᠨ ᠤ ᠲᠥᠪ ᠠᠴᠠ ᠡᠯ᠎ᠡ ᠰᠤᠮᠤ ᠵᠡᠭᠡᠯᠢ ᠪᠠᠯᠭᠠᠰᠤ᠂ ᠲᠤᠰᠬᠠᠶ ᠬᠠᠮᠢᠶᠠᠷᠴᠤ ᠬᠠᠮᠠᠭᠠᠯᠠᠬᠤ ᠪᠠᠶᠢᠭᠤᠯᠤᠮᠵᠢ ᠳᠤ ᠬᠢᠨᠠᠯᠲᠠ ᠲᠠᠯᠪᠢᠬᠤ ᠪᠠ ᠵᠢᠯᠣᠭᠤᠳᠬᠤ ᠶᠢ ᠬᠠᠷᠢᠭᠤᠴᠠᠨ᠎ᠠ᠃    ᠡᠯ᠎ᠡ ᠰᠤᠮᠤ ᠵᠡᠭᠡᠯᠢ ᠪᠠᠯᠭᠠᠰᠤ ᠨᠢ ᠣᠲᠣ ᠶᠢᠨ ᠪᠠᠶᠢᠭ᠎ᠠ ᠤᠰᠤ ᠬᠠᠩᠭᠠᠬᠤ ᠺᠣᠮᠫᠠᠨᠢ ᠶᠢ ᠲᠦᠰᠢᠭᠯᠡᠨ ᠵᠣᠬᠢᠶᠠᠨ ᠪᠠᠶᠢᠭᠤᠯᠬᠤ ᠪᠤᠶᠤ ᠲᠤᠰᠬᠠᠶ ᠠᠵᠢᠯ ᠤᠨ ᠮᠠᠯᠵᠢᠬᠤ ᠲᠠᠷᠢᠶᠠᠯᠠᠬᠤ ᠣᠷᠣᠨ ᠤ ᠤᠰᠤ ᠬᠠᠩᠭᠠᠬᠤ ᠺᠣᠮᠫᠠᠨᠢ ᠶᠢ ᠵᠣᠬᠢᠶᠠᠨ ᠪᠠᠶᠢᠭᠤᠯᠵᠤ᠂ ᠨᠠᠶᠢᠳᠠᠵᠤ᠂ ᠺᠣᠮᠫᠠᠨᠢᠴᠢᠯᠠᠭᠰᠠᠨ ᠡᠵᠡᠩᠨᠡᠯᠲᠡ ᠶᠢᠨ ᠬᠠᠮᠢᠶᠠᠷᠤᠯᠲᠠ ᠶᠢᠨ ᠨᠥᠬᠦᠴᠡᠯ ᠢ ᠲᠦᠷ ᠪᠦᠷᠢᠯᠳᠦᠭᠦᠯᠦᠭᠰᠡᠨ ᠥᠬᠡᠶ ᠰᠢᠶᠠᠩ ᠪᠠᠯᠭᠠᠰᠤᠨ ᠤ ᠱᠠᠲᠤᠨ ᠤ ᠮᠠᠯᠵᠢᠬᠤ ᠲᠠᠷᠢᠶᠠᠯᠠᠬᠤ ᠣᠷᠣᠨ ᠤ ᠤᠰᠤ ᠬᠠᠩᠭᠠᠬᠤ ᠲᠤᠰᠬᠠᠶ ᠬᠠᠮᠢᠶᠠᠷᠤᠯᠲᠠ ᠶᠢᠨ ᠪᠠᠶᠢᠭᠤᠯᠤᠮᠵᠢ ᠶᠢ ᠪᠠᠶᠢᠭᠤᠯᠵᠤ᠂ ᠣᠷᠣᠨ ᠪᠦᠰᠡ ᠶᠢᠨ ᠳᠣᠲᠣᠷᠠᠬᠢ ᠲᠥᠪᠯᠡᠷᠡᠭᠦᠯᠦᠨ ᠤᠰᠤ ᠬᠠᠩᠭᠠᠬᠤ ᠢᠨᠵᠧᠨᠧᠷᠢᠩ ᠪᠠ ᠭᠠᠭᠴᠠ ᠲᠣᠰᠬᠤᠨ ᠤ ᠤᠰᠤ ᠬᠠᠩᠭᠠᠬᠤ ᠢᠨᠵᠧᠨᠧᠷᠢᠩ ᠳᠤ ᠨᠢᠭᠡᠳᠦᠯᠲᠡᠶ ᠠᠵᠢᠯᠯᠠᠭᠠᠨ ᠤ ᠬᠠᠮᠢᠶᠠᠷᠤᠯᠲᠠ᠂ ᠤᠰᠤᠨ ᠤ ᠴᠢᠨᠠᠷ ᠤᠨ ᠬᠠᠮᠢᠶᠠᠷᠤᠯᠲᠠ᠂ ᠨᠢᠭᠡᠳᠦᠯᠲᠡᠶ ᠤᠰᠤᠨ ᠤ ᠬᠡᠮᠵᠢᠶ᠎ᠡ ᠶᠢ ᠨᠢᠭᠡᠳᠦᠯᠲᠡᠶ ᠲᠣᠬᠢᠷᠠᠭᠤᠯᠤᠨ᠎ᠠ᠃ ᠪᠤᠶ ᠪᠦᠬᠦᠢ ᠤᠰᠤ ᠬᠠᠩᠭᠠᠬᠤ ᠪᠡᠯᠡᠳᠬᠡᠮᠵᠢ ᠶᠢ ᠰᠡᠯᠪᠢᠨ ᠵᠠᠰᠠᠵᠤ ᠠᠷᠠᠴᠢᠯᠠᠨ ᠬᠠᠮᠠᠭᠠᠯᠠᠬᠤ ᠪᠠ ᠪᠠᠴᠢᠮ ᠪᠠᠶᠢᠳᠠᠯ ᠢ ᠠᠷᠭᠠᠴᠠᠭᠠᠨ ᠵᠠᠰᠠᠬᠤ ᠶᠢ ᠤᠰᠤ ᠬᠠᠩᠭᠠᠬᠤ ᠺᠣᠮᠫᠠᠨᠢ ᠪᠤᠶᠤ ᠲᠤᠰᠬᠠᠶ ᠬᠠᠮᠢᠶᠠᠷᠬᠤ ᠪᠠᠶᠢᠭᠤᠯᠤᠮᠵᠢ ᠠᠴᠠ ᠬᠠᠷᠢᠭᠤᠴᠠᠨ᠎ᠠ᠃    ᠨᠥᠬᠦᠴᠡᠯ ᠲᠠᠢ ᠭᠠᠵᠠᠷ ᠣᠷᠣᠨ ᠨᠢ ᠤᠰᠤ ᠴᠡᠪᠡᠷᠰᠢᠭᠦᠯᠬᠦ ᠵᠢᠵᠢᠭ ᠥᠷᠲᠡᠭᠡ ᠶᠢ ᠬᠠᠮᠲᠤ ᠳᠤ ᠨᠢ ᠰᠢᠶᠠᠨ ᠤ ᠬᠡᠪᠴᠢᠶᠡᠨ ᠤ ᠨᠢᠭᠡᠳᠦᠯᠲᠡᠶ ᠬᠠᠮᠢᠶᠠᠷᠬᠤ ᠤᠰᠤ ᠬᠠᠩᠭᠠᠬᠤ ᠬᠡᠪᠴᠢᠶᠡᠨ ᠳᠤ ᠣᠷᠣᠭᠤᠯᠵᠤ ᠪᠣᠯᠬᠤ ᠪᠥᠭᠡᠳ ᠤᠰᠤ ᠬᠠᠩᠭᠠᠬᠤ ᠺᠣᠮᠫᠠᠨᠢ ᠠᠴᠠ ᠨᠢᠭᠡᠳᠦᠯᠲᠡᠶ ᠠᠵᠢᠯᠯᠠᠭᠤᠯᠤᠨ ᠬᠠᠮᠢᠶᠠᠷᠴᠤ ᠪᠣᠯᠤᠨ᠎ᠠ᠃    ᠭᠤᠷᠪᠠ᠂ ᠪᠢᠴᠢᠭ ᠮᠠᠲ᠋ᠧᠷᠢᠶᠠᠯ ᠢ ᠭᠦᠢᠴᠡᠳᠬᠡᠬᠦ ᠬᠡᠪᠴᠢᠶ᠎ᠡ ᠪᠠ ᠴᠠᠭ    ᠲᠣᠰ ᠲᠥᠰᠥᠯ ᠢ ᠬᠡᠷᠡᠭᠵᠢᠭᠦᠯᠬᠦ ᠬᠡᠪᠴᠢᠶ᠎ᠡ ᠨᠢ ᠵᠢᠦ ᠶᠤᠸᠠᠨ ᠲᠣᠭᠤᠷᠢᠭ ᠪᠠᠶᠢᠵᠤ᠂ ᠬᠡᠷᠡᠭᠵᠢᠭᠦᠯᠬᠦ ᠴᠠᠭ ᠨᠢ 2024 ᠣᠨ ᠤ 7 ᠳ᠋ᠤᠭᠠᠷ ᠰᠠᠷ᠎ᠠ ᠶᠢᠨ 22 ᠤᠨ ᠡᠳᠦᠷ ᠪᠣᠯᠣᠨ᠎ᠠ ᠃    ᠳᠥᠷᠪᠡ᠂ ᠬᠡᠷᠡᠭᠵᠢᠭᠦᠯᠬᠦ ᠠᠯᠬᠤᠮ ᠳᠠᠷᠠᠭ᠎ᠠ    ᠨᠢᠭᠡᠳᠦᠭᠡᠷ ᠱᠠᠲᠤ ᠦᠶ᠎ᠡ ︵2024 ᠣᠨ ᠤ 5 ᠳ᠋ᠤᠭᠠᠷ ᠰᠠᠷ᠎ᠠ ᠠᠴᠠ 7 ᠳ᠋ᠤᠭᠠᠷ ᠰᠠᠷ᠎ᠠ ᠪᠣᠯᠲᠠᠯ᠎ᠠ ︶ ᠄ ᠪᠠᠶᠢᠭᠤᠯᠤᠮᠵᠢ ᠪᠠᠶᠢᠭᠤᠯᠬᠤ᠂ ᠳᠦᠷᠢᠮ ᠪᠠᠶᠢᠭᠤᠯᠬᠤ ᠱᠠᠲᠤ ᠦᠶ᠎ᠡ ︔    ᠬᠤᠶᠠᠳᠤᠭᠠᠷ ᠱᠠᠲᠤ ᠦᠶ᠎ᠡ ︵2024 ᠣᠨ ᠤ 8 ᠳ᠋ᠤᠭᠠᠷ ᠰᠠᠷ᠎ᠠ ᠠᠴᠠ 10 ᠳ᠋ᠤᠭᠠᠷ ᠰᠠᠷ᠎ᠠ ᠪᠣᠯᠲᠠᠯ᠎ᠠ ︶᠄ ᠵᠥᠪᠳᠡᠯᠴᠡᠨ ᠦᠨ᠎ᠡ ᠲᠣᠭᠲᠠᠭᠠᠬᠤ ᠱᠠᠲᠤ ᠦᠶ᠎ᠡ ︔    ᠭᠤᠷᠪᠠᠳᠤᠭᠠᠷ ᠱᠠᠲᠤ ᠦᠶ᠎ᠡ ︵2024 ᠣᠨ ᠤ 11 ᠳ᠋ᠦ᠋ᠭᠡᠷ ᠰᠠᠷ᠎ᠠ ᠠᠴᠠ 12 ᠳ᠋ᠤᠭᠠᠷ ᠰᠠᠷ᠎ᠠ ᠪᠣᠯᠲᠠᠯ᠎ᠠ ︶᠄ ᠥᠭᠡᠷᠡᠴᠢᠯᠡᠯᠲᠡ ᠶᠢᠨ ᠦᠷ᠎ᠡ ᠪᠦᠲᠦᠭᠡᠯ ᠢ ᠪᠠᠬᠢᠵᠢᠭᠦᠯᠬᠦ ᠱᠠᠲᠤ ᠦᠶ᠎ᠡ ᠃    ᠲᠠᠪᠤ᠂ ᠬᠡᠰᠡᠭ ᠵᠠᠩᠭᠢᠯᠠᠭ᠎ᠠ ᠶᠢᠨ ᠦᠭᠡ ᠶᠢᠨ ᠲᠠᠶᠢᠯᠪᠤᠷᠢ    ︽ᠭᠤᠷᠪᠠᠨ 10︾ ᠶᠢᠨ ᠡᠭᠦᠳᠦᠨ ᠪᠠᠶᠢᠭᠤᠯᠤᠯᠲᠠ ᠭᠡᠳᠡᠭ ᠨᠢ ᠤᠰᠤᠨ ᠠᠰᠢᠭᠯᠠᠯᠲᠠ ᠶᠢᠨ ᠲᠢᠩᠬᠢᠮ ᠠᠴᠠ ᠪᠥᠬᠦ ᠣᠷᠣᠨ ᠤ ᠬᠡᠪᠴᠢᠶᠡᠨ ᠳᠤ ᠮᠠᠯᠵᠢᠬᠤ ᠲᠠᠷᠢᠶᠠᠯᠠᠬᠤ ᠣᠷᠣᠨ ᠤ ᠤᠰᠤ ᠬᠠᠩᠭᠠᠬᠤ ᠰᠢᠶᠠᠨ ᠤ ᠬᠡᠪᠴᠢᠶᠡᠨ ᠤ ᠨᠢᠭᠡᠳᠦᠯᠲᠡᠢ ᠬᠠᠮᠢᠶᠠᠷᠬᠤ ᠵᠢᠱᠢᠶ᠎ᠡ ᠦᠵᠡᠭᠦᠯᠬᠦ 10 ᠬᠤᠰᠢᠭᠤ ᠰᠢᠶᠠᠨ᠂ ᠮᠠᠯᠵᠢᠬᠤ ᠲᠠᠷᠢᠶᠠᠯᠠᠬᠤ ᠣᠷᠣᠨ ᠤ ᠤᠰᠤ ᠬᠠᠩᠭᠠᠬᠤ ᠲᠣᠰᠬᠤᠨ ᠤ ᠠᠮᠠ ᠶᠢᠨ ᠬᠥᠳᠡᠯᠦᠩᠭᠦᠢ ᠬᠢᠨᠠᠨ ᠬᠡᠮᠵᠢᠯᠲᠡ ᠶᠢ ᠪᠦᠷᠢᠨ ᠪᠦᠷᠬᠦᠭᠦᠯᠬᠦ 10 ᠵᠢᠱᠢᠶ᠎ᠡ ᠦᠵᠡᠭᠦᠯᠬᠦ ᠬᠤᠰᠢᠭᠤ ᠰᠢᠶᠠᠨ ᠪᠠ ᠪᠠᠷᠢᠮᠵᠢᠶᠠᠵᠢᠭᠰᠠᠨ ᠵᠢᠱᠢᠶ᠎ᠡ ᠦᠵᠡᠭᠦᠯᠬᠦ 10 ᠤᠰᠤᠨ ᠤ ᠦᠢᠯᠡᠳᠪᠦᠷᠢ ᠶᠢ ᠡᠭᠦᠳᠦᠨ ᠪᠠᠶᠢᠭᠤᠯᠬᠤ ᠪᠠᠷ ᠲᠣᠭᠲᠠᠭᠰᠠᠨ ᠢ ᠵᠢᠭᠠᠵᠤ ᠪᠣᠶ ᠃    ︽ᠭᠤᠷᠪᠠᠨ ᠪᠦᠷᠢᠨ ᠭᠤᠷᠪᠠᠨ ᠨᠢᠭᠡᠳᠬᠡᠬᠦ ︾ ᠭᠡᠳᠡᠭ ᠨᠢ ᠪᠥᠬᠦ ᠠᠵᠢᠯᠲᠠᠨ ᠢ ᠪᠥᠬᠦ ᠬᠡᠪᠴᠢᠶᠡᠨ ᠳᠤ ᠬᠠᠮᠤᠷᠤᠭᠤᠯᠬᠤ᠂ ᠨᠢᠭᠡᠳᠦᠯᠲᠡᠢ ᠲᠥᠯᠥᠪᠵᠢᠭᠦᠯᠬᠦ᠂ ᠨᠢᠭᠡᠳᠦᠯᠲᠡᠢ ᠲᠥᠯᠥᠪᠯᠡᠨ ᠪᠦᠲᠦᠭᠡᠨ ᠪᠠᠶᠢᠭᠤᠯᠬᠤ᠂ ᠨᠢᠭᠡᠳᠦᠯᠲᠡᠢ ᠦᠢᠯᠡᠴᠢᠯᠡᠬᠦ ᠶᠢ ᠵᠢᠭᠠᠵᠤ ᠪᠣᠶ ᠃    ︽1 + N︾ ᠭᠡᠳᠡᠭ ᠨᠢ ᠲᠤᠰᠬᠠᠶᠢᠵᠢᠭᠰᠠᠨ ᠺᠣᠮᠫᠠᠨᠢ ᠪᠤᠶᠤ ᠲᠤᠰᠬᠠᠢ ᠬᠠᠮᠢᠶᠠᠷᠬᠤ ᠪᠠᠶᠢᠭᠤᠯᠤᠮᠵᠢ + ᠤᠰᠤ ᠬᠡᠷᠡᠭᠯᠡᠬᠦ ᠬᠤᠷᠰᠢᠶᠠᠯᠠᠯ ᠤᠨ ᠵᠣᠬᠢᠶᠠᠨ ᠪᠠᠶᠢᠭᠤᠯᠤᠯᠲᠠ᠂ ᠭᠠᠴᠠᠭᠠᠨ ᠤ ᠠᠷᠠᠳ ᠤᠨ ᠵᠥᠪᠯᠡᠯ᠂ ᠤᠰᠤ ᠬᠠᠮᠢᠶᠠᠷᠤᠭᠴᠢ ᠵᠡᠷᠭᠡ ᠪᠠᠯᠭᠠᠰᠤᠨ ᠤ ᠬᠡᠪᠴᠢᠶ᠎ᠡ ᠶᠢ ᠵᠢᠭᠠᠵᠤ ᠪᠣᠢ ᠃  
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号