ᠪᠤᠭᠤᠳᠤ ᠵᠢᠦ ᠶᠤᠸᠠᠨ ᠵᠠᠰᠠᠭ ᠠᠯᠪᠠᠨ ᠲᠠᠷᠬᠠᠭᠠᠭᠰᠠᠨ ︹2024︺45 ᠳ᠋ᠤᠭᠠᠷ ᠲᠣᠭᠠᠲᠤ | | ︽ᠵᠢᠦ ᠶᠤᠸᠠᠨ ᠲᠣᠭᠤᠷᠢᠭ ᠤᠨ 2024 ᠣᠨᠤ ᠪᠷᠦ᠋ᠼᠧᠯ ᠡᠪᠡᠳᠴᠢᠨ ᠢ ᠰᠡᠷᠭᠡᠶᠢᠯᠡᠨ ᠡᠵᠡᠮᠳᠡᠬᠦ | ᠠᠵᠢᠯ ᠤᠨ ᠲᠥᠰᠦᠯ ︾ ᠢ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ | | ᠡᠯ᠎ᠡ ᠰᠤᠮᠤ ᠪᠠᠯᠭᠠᠰᠤ᠂ ᠵᠡᠭᠡᠯᠢ ᠭᠤᠳᠤᠮᠵᠢ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠄ | ᠲᠣᠭᠤᠷᠢᠭ ᠤᠨ ᠵᠠᠰᠠᠭ ᠤᠨ ᠣᠷᠳᠣᠨ ᠤ 2024 ᠣᠨ ᠤ 8 ᠳ᠋ᠤᠭᠠᠷ ᠤᠳᠠᠭᠠᠨ ᠤ ᠵᠠᠰᠠᠭ ᠤᠨ | ᠣᠷᠳᠣᠨ ᠤ ᠪᠠᠶᠢᠩᠭᠤ ᠶᠢᠨ ᠬᠤᠷᠠᠯ ᠢᠶᠠᠷ ᠰᠤᠳᠤᠯᠤᠨ ᠵᠥᠪᠰᠢᠶᠡᠷᠡᠭᠦᠯᠦᠭᠡᠳ᠂ ᠡᠳᠦᠭᠡ ︽ᠵᠢᠦ ᠶᠤᠸᠠᠨ | ᠲᠣᠭᠤᠷᠢᠭ ᠤᠨ 2024 ᠣᠨ ᠤ ᠪᠷᠦ᠋ᠼᠧᠯ ᠡᠪᠡᠳᠴᠢᠨ ᠢ ᠰᠡᠷᠭᠡᠶᠢᠯᠡᠨ ᠡᠵᠡᠮᠳᠡᠬᠦ ᠠᠵᠢᠯ ᠤᠨ ᠲᠥᠰᠦᠯ︾ ᠢ | ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ ᠲᠠᠢ ᠪᠠᠨ ᠤᠶᠠᠯᠳᠤᠭᠤᠯᠤᠨ ᠬᠢᠨᠠᠮᠠᠭᠠᠢ ᠵᠣᠬᠢᠶᠠᠨ ᠪᠠᠶᠢᠭᠤᠯᠤᠨ | ᠬᠡᠷᠡᠭᠵᠢᠭᠦᠯᠲᠦᠭᠡᠢ᠃ | | | ᠪᠤᠭᠤᠲᠤ ᠬᠤᠲᠠ ᠶᠢᠨ ᠵᠢᠦ ᠶᠤᠸᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ | 2024 ᠣᠨ ᠤ 7 ᠰᠠᠷ᠎ᠠ ᠶᠢᠨ 29 ᠤ ᠡᠳᠦᠷ | | | ᠵᠢᠦ ᠶᠤᠸᠠᠨ ᠲᠣᠭᠤᠷᠢᠭ ᠤᠨ 2024 ᠣᠨ ᠤ ᠪᠷᠦ᠋ᠼᠧᠯ ᠡᠪᠡᠳᠴᠢᠨ ᠢ ᠰᠡᠷᠭᠡᠶᠢᠯᠡᠨ ᠡᠵᠡᠮᠳᠡᠬᠦ | ᠠᠵᠢᠯ ᠤᠨ ᠲᠥᠰᠦᠯ | | ᠪᠷᠦ᠋ᠼᠧᠯ ᠪᠠᠺᠲ᠋ᠧᠷᠢ ᠵᠢᠨᠡᠪᠡᠳᠴᠢᠨ ︵ᠳᠣᠷᠣᠭᠰᠢ ︽ᠪᠷᠦ᠋ᠼᠧᠯ ᠡᠪᠡᠳᠴᠢᠨ︾ ᠭᠡᠵᠦ ᠲᠣᠪᠴᠢᠯᠠᠨ᠎ᠠ︶ ᠨᠢ | ᠠᠷᠠᠳ ᠲᠦᠮᠡᠨ ᠤ ᠡᠷᠡᠭᠦᠯ ᠮᠡᠨᠳᠦ ᠪᠠ ᠮᠠᠯ ᠠᠵᠤ ᠠᠬᠤᠢ ᠶᠢᠨ ᠬᠥᠭᠵᠢᠯᠲᠡ ᠳᠤ ᠬᠦᠨᠳᠦ ᠨᠣᠴᠢᠲᠠᠢ ᠬᠤᠣᠷ | ᠬᠥᠨᠥᠭᠡᠯ ᠤᠴᠠᠷᠠᠭᠤᠯᠵᠤ᠂ ᠣᠳᠣᠬᠠᠨ ᠤ ᠮᠠᠨ ᠤ ᠲᠤᠭᠤᠷᠢᠭ ᠤᠨ ᠭᠤᠣᠯᠳᠠᠯᠭ᠎ᠠ ᠲᠠᠢ ᠰᠡᠷᠭᠡᠶᠢᠯᠡᠨ ᠡᠵᠡᠮᠳᠡᠬᠦ | ᠪᠦᠬᠦᠢ ᠬᠥᠮᠦᠨ ᠮᠠᠯ ᠳᠤ ᠴᠥᠮ ᠲᠤᠰᠳᠠᠭ ᠬᠠᠯᠳᠠᠪᠤᠷᠢᠲᠤ ᠡᠪᠡᠳᠴᠢᠨ ᠪᠣᠯᠤᠨ᠎ᠠ᠃ ᠪᠷᠦ᠋ᠼᠧᠯ ᠡᠪᠡᠳᠴᠢᠨ ᠢ | ᠰᠡᠷᠭᠡᠶᠢᠯᠡᠨ ᠡᠵᠡᠮᠳᠡᠬᠦ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠶᠢᠨ ᠲᠥᠯᠥᠭᠡ᠂ ︽ᠪᠦᠭᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠠᠮᠢᠲᠠᠨ ᠤ ᠬᠢᠵᠢᠭ ᠰᠡᠷᠭᠡᠶᠢᠯᠡᠬᠦ ᠬᠠᠤᠯᠢ︾᠂ ︽ᠪᠦᠭᠦᠳᠡ ᠨᠠᠶᠢᠷᠠᠮᠳᠠᠬᠤ ᠳᠤᠮᠳᠠᠳᠤ | ᠠᠷᠠᠳ ᠤᠯᠤᠰ ᠤᠨ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠡᠵᠡᠮᠳᠡᠬᠦ ᠬᠠᠤᠯᠢ︾ ᠵᠡᠷᠭᠡ ᠬᠠᠤᠯᠢ ᠴᠠᠭᠠᠵᠠ ᠬᠠᠤᠯᠢ | ᠲᠣᠭᠲᠠᠭᠠᠯ ᠪᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠷᠦ᠋ᠼᠧᠯ ᠡᠪᠡᠳᠴᠢᠨ ᠢ ᠰᠡᠷᠭᠡᠶᠢᠯᠡᠨ | ᠡᠵᠡᠮᠳᠡᠬᠦ ᠶᠢᠰᠦᠨ ᠵᠦᠢᠯ ᠤᠨ ᠠᠷᠭ᠎ᠠ ᠬᠡᠮᠵᠢᠶ᠎ᠡ︾ ︵ᠥᠪᠥᠷ ᠲᠠᠷᠢᠶᠠᠯᠠᠩ ᠮᠠᠯ ᠠᠵᠤ ᠠᠬᠤᠢ ᠡᠮᠴᠢᠯᠡᠭᠡ | ᠲᠠᠷᠬᠠᠭᠠᠭᠰᠠᠨ ﹇2023﹈ 76 ᠳ᠋ᠤᠭᠠᠷ ᠲᠣᠭᠠᠲᠤ︶ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠪᠷᠦ᠋ᠼᠧᠯ ᠡᠪᠡᠳᠴᠢᠨ ᠢ ᠰᠡᠷᠭᠡᠶᠢᠯᠡᠨ ᠡᠵᠡᠮᠳᠡᠬᠦ ᠭᠤᠷᠪᠠᠨ ᠵᠢᠯ ᠤᠨ ᠠᠵᠢᠯᠯᠠᠭᠠᠨ ᠤ ᠲᠥᠰᠦᠯ ︵2024 - | 2026 ᠣᠨ︶︾ ︵ᠥᠪᠥᠷ ᠲᠠᠷᠢᠶᠠᠯᠠᠩ ᠮᠠᠯ ᠠᠵᠤ ᠠᠬᠤᠢ ᠡᠮᠴᠢᠯᠡᠭᠡ ᠲᠠᠷᠬᠠᠭᠠᠭᠰᠠᠨ ﹇2024﹈ 97 | ᠳ᠋ᠤᠭᠠᠷ ᠲᠣᠭᠠᠲᠤ︶ ︽ᠪᠤᠭᠤᠲᠤ ᠬᠤᠲᠠ ᠶᠢᠨ ᠪᠷᠦ᠋ᠼᠧᠯ ᠡᠪᠡᠳᠴᠢᠨ ᠢ ᠰᠡᠷᠭᠡᠶᠢᠯᠡᠨ ᠡᠵᠡᠮᠳᠡᠬᠦ ᠭᠤᠷᠪᠠᠨ ᠵᠢᠯ ᠤᠨ | ᠠᠵᠢᠯᠯᠠᠭᠠᠨ ᠤ ᠲᠥᠰᠦᠯ ︵2024 - 2026 ᠣᠨ︶︾ ︵ ᠪᠤᠭᠤᠳᠤ ᠲᠠᠷᠢᠶᠠᠯᠠᠩ ᠲᠠᠷᠬᠠᠭᠠᠭᠰᠠᠨ ﹇2024﹈ | 97 ᠳ᠋ᠤᠭᠠᠷ ᠲᠣᠭᠠᠲᠤ︶ ᠤᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠦᠨᠳᠦᠰᠦᠯᠡᠨ᠂ ᠵᠢᠥ ᠶᠤᠸᠠᠨ | ᠲᠣᠭᠤᠷᠢᠭ ᠤᠨ ᠣᠳᠣᠬᠠᠨ ᠤ ᠪᠷᠦ᠋ᠼᠧᠯ ᠡᠪᠡᠳᠴᠢᠨ ᠢ ᠰᠡᠷᠭᠡᠶᠢᠯᠡᠨ ᠡᠵᠡᠮᠳᠡᠬᠦ ᠠᠵᠢᠯ ᠤᠨ ᠪᠣᠳᠠᠲᠤ ᠪᠠᠶᠢᠳᠠᠯ ᠲᠠᠢ | ᠤᠶᠠᠯᠳᠤᠭᠤᠯᠤᠨ᠂ ᠵᠢᠥ ᠶᠤᠸᠠᠨ ᠲᠣᠭᠤᠷᠢᠭ ᠤᠨ 2024 ᠣᠨ ᠤ ᠪᠷᠦ᠋ᠼᠧᠯ ᠡᠪᠡᠳᠴᠢᠨ ᠢ ᠰᠡᠷᠭᠡᠶᠢᠯᠡᠨ ᠡᠵᠡᠮᠳᠡᠬᠦ | ᠠᠵᠢᠯ ᠤᠨ ᠲᠥᠰᠦᠯ ᠢ ᠲᠣᠭᠲᠠᠭᠠᠪᠠ᠃ | ᠨᠢᠭᠡ᠂ ᠪᠷᠦ᠋ᠼᠧᠯ ᠡᠪᠡᠳᠴᠢᠨ ᠢ ᠰᠡᠷᠭᠡᠶᠢᠯᠡᠨ ᠡᠵᠡᠮᠳᠡᠬᠦ ᠬᠠᠷᠠᠯᠲᠠ ᠶᠢᠨ ᠡᠭᠦᠷᠭᠡ | 2024 ᠣᠨ ᠳᠤ᠂ ᠮᠠᠨ ᠤ ᠲᠣᠭᠤᠷᠢᠭ ᠤᠨ ᠮᠠᠯ ᠤᠨ ᠬᠤᠭᠤᠷᠣᠨᠳᠣᠬᠢ ᠪᠷᠦ᠋ᠼᠧᠯ ᠡᠪᠡᠳᠴᠢᠨ ᠢ ᠰᠡᠷᠭᠡᠶᠢᠯᠡᠨ | ᠡᠵᠡᠮᠳᠡᠬᠦ ᠬᠠᠷᠠᠯᠲᠠ ᠪᠣᠯ ᠮᠠᠯ ᠤᠨ ᠬᠤᠭᠤᠷᠣᠨᠳᠣᠬᠢ ᠪᠣᠳᠠᠭᠠᠯᠢ ᠪᠡᠶ᠎ᠡ ᠶᠢᠨ ᠠᠷᠭ᠎ᠠ ᠴᠢᠨᠠᠷ ᠤᠨ ᠨᠣᠷᠮ᠎ᠠ ᠶᠢ 0. | 4% ᠠᠴᠠ ᠳᠣᠷᠣᠭᠰᠢ ᠪᠠᠶᠢᠯᠭᠠᠵᠤ᠂ ᠮᠠᠯ ᠤᠨ ᠬᠤᠭᠤᠷᠣᠨᠳᠣᠬᠢ ᠰᠦᠷᠦᠭᠯᠡᠯ ᠤᠨ ᠠᠷᠭ᠎ᠠ ᠴᠢᠨᠠᠷ ᠤᠨ ᠨᠣᠷᠮ᠎ᠠ ᠶᠢ | 10% ᠠᠴᠠ ᠳᠣᠷᠣᠭᠰᠢ ᠪᠠᠶᠢᠯᠭᠠᠨ᠎ᠠ᠃ | ᠬᠤᠶᠠᠷ᠂ ᠪᠣᠳᠠᠲᠠᠢ ᠠᠵᠢᠯ ᠬᠢᠭᠡᠳ ᠠᠷᠭ᠎ᠠ ᠬᠡᠮᠵᠢᠶ᠎ᠡ | ᠦᠷᠭᠦᠯᠵᠢᠯᠡᠨ ᠡᠭᠡᠯᠢᠯᠡᠬᠦ᠂ ᠬᠢᠨᠠᠨ ᠬᠡᠮᠵᠢᠬᠦ᠂ ᠲᠤᠰᠠᠭᠠᠷᠯᠠᠬᠤ᠂ ᠠᠯᠠᠬᠤ᠂ ᠬᠤᠣᠷ ᠦᠭᠡᠢ ᠪᠣᠯᠭᠠᠨ | ᠰᠢᠢᠳᠪᠦᠷᠢᠯᠡᠬᠦ᠂ ᠴᠡᠪᠡᠷᠰᠢᠭᠦᠯᠬᠦ᠂ ᠠᠷᠢᠭᠤᠳᠬᠠᠬᠤ᠂ ᠤᠬᠠᠭᠤᠯᠬᠤ ᠵᠡᠷᠭᠡ ᠶᠡᠷᠦᠩᠬᠡᠶᠢᠯᠡᠭᠰᠡᠨ ᠴᠢᠨᠠᠷᠲᠠᠢ ᠰᠡᠷᠭᠡᠶᠢᠯᠡᠨ | ᠡᠵᠡᠮᠳᠡᠬᠦ ᠠᠷᠭ᠎ᠠ ᠬᠡᠮᠵᠢᠶ᠎ᠡ ᠶᠢ ᠠᠪᠤᠨ᠎ᠠ᠃ | ︵ᠨᠢᠭᠡ︶ ᠪᠷᠦ᠋ᠼᠧᠯ ᠡᠪᠡᠳᠴᠢᠨ ᠤ ᠡᠭᠡᠯᠢᠯᠡᠭᠡ ᠶᠢ ᠳᠡᠭᠡᠭᠰᠢᠯᠡᠭᠦᠯᠬᠦ ᠠᠵᠢᠯᠯᠠᠭ᠎ᠠ | 2023 ᠣᠨ ᠤ ᠪᠷᠦ᠋ᠼᠧᠯ ᠡᠪᠡᠳᠴᠢᠨ ᠤ ᠭᠧᠨ ᠳᠤᠲᠠᠭᠳᠠᠭᠰᠠᠨ ᠠᠮᠢᠳᠤ ᠸᠠᠺᠼᠢᠨ ︵M5-90△26 | ᠰᠠᠭᠤᠷᠢ︶ ᠤ ᠡᠮᠴᠢᠯᠡᠭᠡᠨ ᠤ ᠲᠤᠷᠰᠢᠯᠲᠠ ᠶᠢᠨ ᠵᠢᠱᠢᠶ᠎ᠡ ᠦᠵᠡᠭᠦᠯᠬᠦ ᠪᠠ ᠳᠡᠯᠭᠡᠷᠡᠭᠦᠯᠦᠨ ᠬᠡᠷᠡᠭᠯᠡᠬᠦ ᠪᠠᠷ ᠳᠠᠮᠵᠢᠨ᠂ | ᠲᠤᠰ ᠸᠠᠺᠼᠢᠨ ᠨᠢ S2 ᠸᠠᠺᠼᠢᠨ ᠠᠴᠠ ᠡᠭᠡᠯᠢᠯᠡᠭᠡ ᠶᠢᠨ ᠦᠷ᠎ᠡ ᠪᠦᠲᠦᠮᠵᠢ ᠪᠠᠷ ᠰᠠᠶᠢᠨ᠂ ᠡᠭᠡᠯᠢᠯᠡᠭᠡ ᠶᠢᠨ | ᠬᠠᠮᠠᠭᠠᠯᠠᠯᠲᠠ ᠶᠢᠨ ᠨᠣᠷᠮ᠎ᠠ ᠪᠠᠷ ᠥᠨᠳᠥᠷ ᠪᠠᠶᠢᠳᠠᠭ᠃ ᠡᠭᠦᠨ ᠤ ᠬᠠᠮᠲᠤ ᠠᠷᠠᠰᠤᠨ ᠳᠣᠣᠷ᠎ᠠ ᠲᠠᠷᠢᠯᠭ᠎ᠠ ᠬᠢᠵᠦ᠂ | ᠸᠠᠺᠼᠢᠨ ᠢ ᠪᠦᠬᠦᠨ ᠢ ᠪᠢᠲᠡᠭᠦᠮᠵᠢᠯᠡᠨ ᠰᠢᠩᠭᠡᠷᠡᠭᠦᠯᠵᠦ᠂ ᠬᠢᠵᠢᠭ ᠢ ᠰᠡᠷᠭᠡᠶᠢᠯᠡᠬᠦ ᠬᠥᠮᠦᠰ ᠪᠣᠯᠤᠨ ᠮᠠᠯ ᠤᠨ ᠡᠵᠡᠨ | ᠸᠠᠺᠼᠢᠨ ᠲᠠᠢ ᠣᠶᠢᠷᠠᠲᠤᠬᠤ ᠲᠣᠬᠢᠶᠠᠯ ᠬᠠᠷᠢᠴᠠᠩᠭᠤᠢ ᠪᠠᠷ ᠪᠠᠭᠠᠰᠴᠤ᠂ ᠸᠠᠺᠼᠢᠨ ᠤ ᠬᠠᠯᠳᠠᠪᠤᠷᠢᠯᠠᠯ ᠠᠴᠠ ᠪᠣᠯᠵᠣ | ᠪᠷᠦ᠋ᠼᠧᠯ ᠡᠪᠡᠳᠴᠢᠨ ᠳᠤ ᠨᠡᠷᠪᠡᠭᠳᠡᠬᠦ ᠲᠦᠭᠰᠢᠭᠦᠷᠢ ᠶᠢ ᠪᠠᠭᠠᠰᠬᠠᠪᠠ᠃ ᠡᠨᠡ ᠵᠢᠯ ᠡᠭᠡᠯᠢᠯᠡᠭᠡ ᠶᠢᠨ ᠡᠷᠴᠢᠮ ᠪᠠ | ᠡᠭᠡᠯᠢᠯᠡᠭᠡ ᠶᠢᠨ ᠡᠲᠡᠭᠡᠳ ᠢ ᠨᠡᠮᠡᠭᠳᠡᠭᠦᠯᠦᠨ᠎ᠡ᠂ ᠠᠷᠭ᠎ᠠ ᠭᠡᠮᠵᠢᠶ᠎ᠡ ᠨᠢ ᠳᠣᠣᠷᠠᠬᠢ ᠮᠡᠲᠦ᠄ | 1.2024 ᠣᠨ ᠳᠤ ᠮᠠᠨ ᠤ ᠲᠣᠭᠤᠷᠢᠭ ᠤᠨ ᠮᠠᠯ ᠤᠨ ᠬᠤᠭᠤᠷᠣᠨᠳᠣᠬᠢ ᠪᠷᠦ᠋ᠼᠧᠯ ᠡᠪᠡᠳᠴᠢᠨ ᠢ ᠰᠡᠷᠭᠡᠶᠢᠯᠡᠨ | ᠡᠵᠡᠮᠳᠡᠬᠦ ᠠᠵᠢᠯ ᠳᠤ ᠠᠯᠪᠠᠳᠠᠯᠭ᠎ᠠ ᠪᠠᠷ ᠡᠭᠡᠯᠢᠯᠡᠭᠡ ᠶᠢᠨ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠬᠡᠷᠡᠭᠵᠢᠭᠦᠯᠦᠨ᠎ᠡ | ᠃ ᠨᠠᠮᠤᠷ ᠤᠨ ᠰᠡᠷᠭᠡᠶᠢᠯᠡᠯᠲᠡ ᠶᠢᠨ ᠦᠶ᠎ᠡ ᠳᠤ 3 ᠰᠠᠷ᠎ᠠ ᠠᠴᠠ ᠳᠡᠭᠡᠭᠰᠢ ᠪᠣᠯᠤᠭᠰᠠᠨ ᠬᠤᠷᠠᠭ᠎ᠠ ᠳᠤ | M5-90△26 ᠸᠠᠺᠼᠢᠨ ᠢᠶᠠᠷ ᠲᠥᠪᠯᠡᠷᠡᠭᠦᠯᠦᠨ ᠲᠠᠷᠢᠯᠭ᠎ᠠ ᠬᠢᠵᠦ᠂ ᠨᠥᠬᠦᠴᠡᠯ ᠲᠠᠢ ᠪᠣᠯ ᠬᠡᠭᠡᠯᠲᠦᠭᠦᠯᠬᠦ ᠠᠴᠠ | ᠡᠮᠦᠨᠡᠬᠢ ᠡᠭᠡᠯᠢᠯᠡᠭᠡ ᠬᠢᠵᠦ ᠪᠣᠯᠤᠨ᠎ᠠ᠃ 3-8 ᠰᠠᠷ᠎ᠠ ᠶᠢᠨ ᠲᠤᠭᠤᠯ ᠳᠤ A19 ᠸᠠᠺᠼᠢᠨ ᠢ ᠲᠠᠷᠢᠨ᠎ᠠ᠃ ᠨᠢᠷᠠᠢ | ᠬᠤᠷᠠᠭ᠎ᠠ ᠲᠤᠭᠤᠯ ᠪᠠ ᠨᠦᠬᠦᠪᠥᠷᠢᠯᠠᠨ ᠣᠷᠤᠭᠤᠯᠤᠭᠰᠠᠨ ᠦᠬᠡᠷ ᠬᠤᠨᠢ ᠶᠢ ᠴᠠᠭ ᠲᠤᠬᠠᠢ ᠳᠤᠨᠢ ᠨᠥᠬᠦᠵᠦ | ᠲᠠᠷᠢᠯᠭ᠎ᠠ ᠬᠢᠨ᠎ᠡ᠂ ᠵᠢᠷᠮᠦᠰᠦᠯᠡᠭᠰᠡᠨ ᠮᠠᠯ᠂ ᠡᠭᠦᠯᠳᠡᠷ ᠤᠨ ᠮᠠᠯ ᠳᠤ ᠡᠭᠡᠯᠢᠯᠡᠭᠡ ᠬᠢᠬᠦ ᠶᠢ ᠴᠠᠭᠠᠵᠠᠯᠠᠨ᠎ᠠ᠃ | 2. ᠰᠠᠭᠠᠯᠢ ᠶᠢᠨ ᠦᠨᠢᠶ᠎ᠡ ᠶᠢᠨ ᠪᠷᠦ᠋ᠼᠧᠯ ᠡᠪᠡᠳᠴᠢᠨ ᠤ ᠡᠭᠡᠯᠢᠯᠡᠭᠡ ᠶᠢ ︽ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠠᠮᠢᠲᠠᠨ ᠤ ᠬᠢᠵᠢᠭ ᠡᠪᠡᠳᠴᠢᠨ ᠤ ᠡᠭᠡᠯᠢᠯᠡᠭᠡ ᠶᠢᠨ ᠲᠥᠯᠥᠪᠯᠡᠭᠡ︾ ᠶᠢᠨ ᠱᠠᠭᠠᠷᠳᠠᠯᠭ᠎ᠠ | ᠶᠣᠰᠣᠭᠠᠷ ᠳᠠᠩᠰᠠᠯᠠᠭᠤᠯᠬᠤ ᠳᠦᠷᠢᠮ ᠢ ᠬᠡᠷᠡᠭᠵᠢᠭᠦᠯᠵᠦ᠂ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠲᠠᠯᠠᠪᠠᠢ ︵ | ᠡᠷᠦᠬᠡ︶ ᠠᠴᠠ ᠲᠡᠵᠢᠭᠡᠨ ᠦᠷᠡᠵᠢᠭᠦᠯᠦᠭᠰᠡᠨ ᠪᠠᠶᠢᠳᠠᠯ ᠢ ᠦᠨᠳᠦᠰᠦᠯᠡᠨ ᠰᠠᠭᠠᠯᠢ ᠶᠢᠨ ᠦᠨᠢᠶ᠎ᠡ ᠶᠢᠨ ᠪᠷᠦ᠋ᠼᠧᠯ | ᠡᠪᠡᠳᠴᠢᠨ ᠤ A19 ᠸᠠᠺᠼᠢᠨ ᠢ ᠭᠤᠶᠤᠴᠢᠯᠠᠨ ᠠᠪᠬᠤ ᠳᠠᠩᠰᠠᠯᠠᠯᠲᠠ ᠶᠢᠨ ᠬᠦᠰᠦᠨᠦᠭᠲᠦ ᠶᠢ ᠲᠠᠭᠯᠠᠨ ᠮᠡᠳᠡᠭᠦᠯᠵᠦ᠂ | ᠲᠤᠭᠤᠷᠢᠭ ᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠳᠤ ᠮᠡᠳᠡᠭᠦᠯᠦᠨ ᠳᠠᠩᠰᠠᠯᠠᠭᠤᠯᠬᠤ ᠬᠡᠷᠡᠭᠲᠡᠢ᠃ | 3. ᠡᠭᠡᠯᠢᠯᠡᠭᠡ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠲᠤᠭᠤᠷᠢᠭ ᠤᠨ ᠲᠠᠷᠢᠶᠠᠯᠠᠩ ᠮᠠᠯ ᠠᠵᠤ | ᠠᠬᠤᠢ ᠶᠢᠨ ᠲᠣᠪᠴᠢᠶ᠎ᠠ ᠨᠢ ᠮᠠᠯ ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢᠨ | ᠪᠷᠦ᠋ᠼᠧᠯ ᠡᠪᠡᠳᠴᠢᠨ ᠤ ᠡᠭᠡᠯᠢᠯᠡᠭᠡ ᠬᠢᠬᠦ ᠠᠵᠢᠯ ᠳᠤ ᠬᠢᠨᠠᠯᠲᠠ ᠲᠠᠯᠪᠢᠬᠤ ᠶᠢ ᠴᠢᠩᠭᠠᠳᠬᠠᠬᠤ ᠶᠢᠨ ᠬᠠᠮᠲᠤ | ᠢᠯᠡᠴᠢᠯᠡᠨ ᠮᠡᠳᠡᠭᠦᠯᠬᠦ ᠲᠣᠭᠲᠠᠴᠠ ᠶᠢ ᠪᠠᠶᠢᠭᠤᠯᠵᠤ᠂ ᠲᠡᠵᠢᠭᠡᠨ ᠦᠷᠡᠵᠢᠭᠦᠯᠬᠦ ᠡᠷᠦᠬᠡ ᠶᠢᠨ ᠢᠯᠡᠴᠢᠯᠡᠨ | ᠮᠡᠳᠡᠭᠦᠯᠦᠭᠰᠡᠨ ᠢᠶᠠᠷ ᠬᠢᠵᠢᠭ ᠰᠡᠷᠭᠡᠶᠢᠯᠡᠭᠴᠢ ᠠᠴᠠ ᠪᠷᠦ᠋ᠼᠧᠯ ᠡᠪᠡᠳᠴᠢᠨ ᠤ ᠡᠭᠡᠯᠢᠯᠡᠭᠡ ᠶᠢ ᠦᠯᠦ ᠬᠢᠭᠰᠡᠨ ᠪᠤᠶᠤ | ᠣᠷᠬᠢᠭᠳᠠᠭᠤᠯᠤᠭᠰᠠᠨ ᠪᠠᠶᠢᠳᠠᠯ ᠪᠠᠶᠢᠪᠠᠯ᠂ ᠬᠢᠨᠠᠨ ᠬᠠᠷᠭᠤᠭᠤᠯᠵᠤ᠂ ᠮᠠᠯ ᠡᠮᠨᠡᠯᠭᠡ ᠶᠢᠨ ᠨᠡᠶᠢᠭᠡᠮᠴᠢᠯᠡᠭᠰᠡᠨ | ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢ ᠵᠠᠷᠯᠢᠭᠳᠠᠨ ᠬᠢᠵᠢᠭ ᠰᠡᠷᠭᠡᠶᠢᠯᠡᠭᠴᠢ ᠶᠢ ᠰᠢᠢᠳᠬᠡᠬᠦ ᠶᠢᠨ ᠬᠠᠮᠲᠤ ᠮᠠᠯ | ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢ ᠬᠢᠨᠠᠨ ᠰᠢᠯᠭᠠᠬᠤ ᠳᠤ | ᠵᠣᠬᠢᠴᠠᠩᠭᠤᠢ ᠪᠠᠷ ᠬᠤᠪᠢ ᠶᠢ ᠬᠠᠰᠤᠨ᠎ᠠ᠃ | ︵ᠬᠤᠶᠠᠷ︶ ᠮᠠᠯ ᠤᠨ ᠬᠤᠭᠤᠷᠣᠨᠳᠣᠬᠢ ᠪᠷᠦ᠋ᠼᠧᠯ ᠡᠪᠡᠳᠴᠢᠨ ᠢ ᠲᠤᠰᠬᠠᠶᠢᠯᠠᠨ ᠬᠢᠨᠠᠨ ᠬᠡᠮᠵᠢᠬᠦ ᠪᠠ ᠠᠷᠭ᠎ᠠ | ᠴᠢᠨᠠᠷᠲᠠᠢ ᠬᠤᠨᠢ ᠶᠢ ᠠᠯᠠᠵᠤ ᠨᠢᠲᠤᠯᠬᠤ ᠠᠵᠢᠯ ᠢ ᠰᠠᠶᠢᠲᠤᠷ ᠬᠢᠨ᠎ᠡ᠃ | 2023 ᠣᠨ ᠤ ᠪᠷᠦ᠋ᠼᠧᠯ ᠡᠪᠡᠳᠴᠢᠨ ᠲᠠᠢ ᠬᠤᠨᠢ ᠶᠢ ᠠᠯᠠᠵᠤ ᠨᠢᠲᠤᠯᠬᠤ ᠶᠢᠨ ᠨᠥᠬᠦᠪᠥᠷᠢ ᠶᠢᠨ ᠪᠠᠷᠢᠮᠵᠢᠶ᠎ᠠ | ᠪᠣᠯᠤᠨ 2024 ᠣᠨ ᠤ ᠠᠮᠢᠳᠤ ᠮᠠᠯ ᠤᠨ ᠵᠠᠬ᠎ᠠ ᠳᠡᠯᠭᠡᠭᠦᠷ ᠤᠨ ᠬᠤᠨᠢᠨ ᠤ ᠦᠨ᠎ᠡ ᠬᠠᠩᠰᠢ ᠶᠢᠨ ᠪᠠᠶᠢᠳᠠᠯ ᠢ | ᠦᠨᠳᠦᠰᠦᠯᠡᠨ᠂ ᠡᠨᠡ ᠵᠢᠯ ᠤᠨ ᠪᠷᠦ᠋ᠼᠧᠯ ᠡᠪᠡᠳᠴᠢᠨ ᠲᠠᠢ ᠮᠠᠯ ᠢ ᠠᠯᠠᠵᠤ ᠤᠰᠠᠳᠬᠠᠬᠤ ᠨᠥᠬᠦᠪᠥᠷᠢ ᠶᠢᠨ | ᠪᠠᠷᠢᠮᠵᠢᠶ᠎ᠠ ᠶᠢᠨ ᠳᠡᠭᠡᠳᠦ ᠬᠢᠵᠠᠭᠠᠷ ᠨᠢ᠄ ᠬᠤᠴᠠ ᠨᠢᠭᠡᠪᠦᠷᠢ1600 ᠲᠥᠭᠦᠷᠢᠭ᠂ ᠨᠠᠰᠤ ᠭᠦᠢᠴᠡᠭᠰᠡᠨ ᠡᠮ᠎ᠡ ᠬᠤᠨᠢ | ᠨᠢᠭᠡᠪᠦᠷᠢ 1000 ᠲᠥᠭᠦᠷᠢᠭ᠂ ᠬᠤᠷᠠᠭ᠎ᠠ ᠨᠢᠭᠡᠪᠦᠷᠢ 500 ᠲᠥᠭᠦᠷᠢᠭ ︵ᠨᠥᠬᠦᠪᠥᠷᠢ ᠶᠢᠨ ᠪᠠᠷᠢᠮᠵᠢᠶ᠎ᠠ ᠶᠢ | ᠵᠠᠷᠴᠢᠮ ᠳᠡᠭᠡᠷ᠎ᠡ ᠪᠠᠨ ᠲᠤᠬᠠᠢ ᠶᠢᠨ ᠭᠠᠵᠠᠷ ᠤᠨ ᠵᠠᠬ᠎ᠠ ᠳᠡᠯᠭᠡᠭᠦᠷ ᠤᠨ ᠦᠨ᠎ᠡ ᠠᠴᠠ ᠳᠣᠣᠷ᠎ᠠ ᠪᠠᠶᠢᠯᠭᠠᠨ᠎ᠠ︶᠃ | 1. ᠬᠢᠨᠠᠨ ᠬᠡᠮᠵᠢᠬᠦ ᠬᠡᠪᠴᠢᠶ᠎ᠡ᠄ ᠦᠯᠢᠭᠡᠷ ᠠᠪᠴᠤ ᠬᠢᠨᠠᠨ ᠬᠡᠮᠵᠢᠬᠦ ᠳᠤ ᠲᠦᠷᠪᠡᠨ 100% ᠶᠢᠨ | ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ ᠶᠠᠪᠤᠭᠳᠠᠭᠤᠯᠬᠤ ᠬᠡᠷᠡᠭᠲᠡᠢ᠂ ᠲᠠᠷᠤᠢ ᠮᠠᠯ ᠤᠨ ᠬᠤᠭᠤᠷᠣᠨᠳᠣᠬᠢ | ᠦᠩᠭᠡᠷᠡᠭᠰᠡᠨ ᠵᠢᠯ ᠤᠨ ᠬᠢᠵᠢᠭ ᠤᠨ ᠴᠡᠭ 100%᠂ ᠪᠷᠦ᠋ᠼᠧᠯ ᠡᠪᠡᠳᠴᠢᠨ ᠲᠠᠢ ᠡᠪᠡᠳᠴᠢᠲᠡᠨ ᠤ ᠲᠡᠵᠢᠭᠡᠭᠰᠡᠨ | ᠮᠠᠯ 100%᠂ ᠦᠷ᠎ᠡ ᠶᠢᠨ ᠮᠠᠯ 100%᠂ ᠬᠡᠭᠡᠯ ᠬᠠᠶᠠᠭᠰᠠᠨ ᠮᠠᠯ 100% ᠪᠣᠯᠤᠨ᠎ᠠ᠃ | 2. ᠰᠠᠨᠠᠭᠠᠴᠢᠯᠠᠭ᠎ᠠ ᠠᠴᠠ ᠪᠠᠨ ᠬᠢᠨᠠᠨ ᠬᠡᠮᠵᠢᠬᠦ᠄ ᠡᠬᠢ ᠡᠭᠦᠰᠦᠯ ᠢ ᠨᠢ ᠬᠢᠨᠠᠨ ᠬᠡᠮᠵᠢᠬᠦ ᠠᠴᠠ ᠭᠠᠳᠠᠨ᠎ᠠ᠂ | ᠰᠠᠨᠠᠭᠠᠴᠢᠯᠠᠭ᠎ᠠ ᠠᠴᠠ ᠪᠠᠨ ᠬᠢᠨᠠᠨ ᠬᠡᠮᠵᠢᠬᠦ ᠶᠢ ᠢᠳᠡᠪᠬᠢᠲᠡᠢ ᠥᠷᠨᠢᠭᠦᠯᠵᠦ᠂ ᠬᠢᠨᠠᠨ ᠬᠡᠮᠵᠢᠬᠦ ᠬᠡᠪᠴᠢᠶ᠎ᠡ ᠨᠢ ᠬᠤᠨᠢᠨ ᠤ | ᠦᠷ᠎ᠡ ᠶᠢᠨ ᠮᠠᠯ ᠤᠨ ᠲᠠᠯᠠᠪᠠᠢ᠂ ᠬᠡᠪᠴᠢᠶᠡᠲᠦ ᠲᠡᠵᠢᠭᠡᠨ ᠦᠷᠡᠵᠢᠭᠦᠯᠬᠦ ᠲᠠᠯᠠᠪᠠᠢ᠂ ᠰᠤᠯᠠ ᠲᠡᠵᠢᠭᠡᠵᠦ ᠪᠠᠶᠢᠭ᠎ᠠ | ᠡᠷᠦᠬᠡ ᠵᠡᠷᠭᠡ᠃ ᠲᠠᠷᠠᠬᠠᠢ ᠲᠡᠵᠢᠭᠡᠵᠦ ᠪᠠᠶᠢᠭ᠎ᠠ ᠡᠷᠦᠬᠡ ᠨᠢ ᠨᠢᠭᠡ ᠠᠶᠢᠯ ᠲᠣᠰᠬᠤᠨ ᠢᠶᠠᠷ ᠨᠢᠭᠡ ᠬᠢᠨᠠᠨ ᠬᠡᠮᠵᠢᠬᠦ | ᠦᠯᠢᠭᠡᠷ ᠠᠪᠬᠤ ᠲᠠᠬᠤᠯ ᠡᠪᠡᠳᠴᠢᠨ ᠤ ᠰᠤᠳᠤᠯᠤᠯ ᠤᠨ ᠨᠢᠭᠡᠴᠢ ᠪᠣᠯᠭᠠᠨ᠎ᠠ᠃ ᠲᠠᠬᠤᠯ ᠡᠪᠡᠳᠴᠢᠨ ᠤ ᠤᠬᠠᠭᠠᠨ ᠤ | ᠪᠠᠶᠢᠴᠠᠭᠠᠯᠲᠠ ᠪᠠᠷ ᠳᠠᠮᠵᠢᠨ ᠣᠯᠵᠤ ᠮᠡᠳᠡᠭᠰᠡᠨ ᠭᠤᠣᠯᠳᠠᠯᠭ᠎ᠠ ᠲᠠᠢ ᠭᠠᠵᠠᠷ ᠣᠷᠣᠨ᠂ ᠲᠡᠵᠢᠭᠡᠨ ᠦᠷᠡᠵᠢᠭᠦᠯᠬᠦ | ᠨᠢᠭᠲᠠᠷᠠᠭᠰᠠᠨ ᠭᠠᠵᠠᠷ ᠣᠷᠣᠨ᠂ ᠮᠠᠯ ᠤᠨ ᠬᠥᠳᠡᠯᠦᠩᠭᠦᠢ ᠴᠢᠨᠠᠷ ᠢᠶᠠᠷ ᠶᠡᠭᠡ ᠭᠠᠵᠠᠷ ᠣᠷᠣᠨ ᠵᠢᠴᠢ ᠣᠶᠢᠷ᠎ᠠ ᠶᠢᠨ | ᠵᠢᠯ ᠳᠤ ᠬᠢᠨᠠᠨ ᠬᠡᠮᠵᠢᠯᠲᠡ ᠬᠢᠭᠰᠡᠨ ᠦᠭᠡᠢ ᠪᠤᠶᠤ ᠬᠢᠨᠠᠨ ᠬᠡᠮᠵᠢᠭᠰᠡᠨ ᠤᠳᠠᠭ᠎ᠠ ᠨᠢ ᠴᠥᠭᠡᠨ ᠪᠠᠶᠢᠭ᠎ᠠ ᠭᠠᠵᠠᠷ | ᠣᠷᠣᠨ ᠢᠶᠠᠷ ᠭᠤᠣᠯᠳᠠᠯᠭ᠎ᠠ ᠪᠣᠯᠭᠠᠨ᠎ᠠ᠃ | ᠰᠤᠮᠤ ᠪᠠᠯᠭᠠᠰᠤ᠂ ᠵᠡᠭᠡᠯᠢ ᠭᠤᠳᠤᠮᠵᠢ ᠨᠢᠭᠡᠪᠦᠷᠢ ᠨᠢ 50% ᠠᠴᠠ ᠳᠤᠲᠠᠭᠤ ᠦᠭᠡᠢ ᠭᠠᠴᠠᠭ᠎ᠠ ︵ᠲᠣᠰᠬᠤᠨ︶ | ᠂ ᠭᠠᠴᠠᠭ᠎ᠠ ︵ᠲᠣᠰᠬᠤᠨ︶ ᠨᠢᠭᠡᠪᠦᠷᠢ ᠨᠢ 50% ᠠᠴᠠ ᠳᠤᠲᠠᠭᠤ ᠦᠭᠡᠢ ᠮᠠᠯ ᠰᠦᠷᠦᠭ ᠂ ᠪᠣᠳᠠᠭᠠᠯᠢ ᠪᠡᠶ᠎ᠡ ᠶᠢᠨ | ᠬᠢᠨᠠᠨ ᠰᠢᠨᠵᠢᠬᠦ ᠨᠢᠭᠲᠠᠴᠠ ︵ᠪᠠᠶᠢᠴᠠᠭᠠᠨ ᠰᠢᠯᠭᠠᠬᠤ ᠳᠤ ᠡᠵᠡᠯᠡᠵᠦ ᠪᠠᠶᠢᠭ᠎ᠠ ᠮᠠᠯ ᠤᠨ ᠲᠣᠭᠠᠨ ᠤ ᠵᠠᠭᠤᠨ ᠤ | ᠬᠠᠷᠢᠴᠠᠯ︶ ᠨᠢ 1% ᠠᠴᠠ ᠳᠣᠣᠷ᠎ᠠ ᠪᠠᠶᠢᠯᠭᠠᠵᠤ ᠪᠣᠯᠬᠤ ᠦᠭᠡᠢ︔ ᠡᠭᠦᠯᠳᠡᠷ ᠤᠨ ᠮᠠᠯ ᠢ 100% ᠪᠠᠷ | ᠪᠠᠶᠢᠴᠠᠭᠠᠨ ᠰᠢᠯᠭᠠᠨ᠎ᠠ᠃ ᠬᠢᠨᠠᠨ ᠬᠡᠮᠵᠢᠭᠰᠡᠨ ᠬᠤᠨᠢ ᠠᠴᠠ ᠦᠯᠢᠭᠡᠷ ᠠᠪᠬᠤ ᠳᠠᠭᠠᠨ ᠡᠭᠡᠯᠢᠯᠡᠭᠰᠡᠨ ᠦᠭᠡᠢ | ᠠᠮᠢᠲᠠᠨ ᠪᠠ S2 ᠸᠠᠺᠼᠢᠨ ᠤ ᠤᠰᠤᠯᠠᠯᠲᠠ ᠬᠢᠵᠦ 6 ᠰᠠᠷ᠎ᠠ ᠶᠢᠨ ᠳᠠᠷᠠᠭᠠᠬᠢ ᠬᠤᠨᠢ᠂ M5 - 90△26 | ᠸᠠᠺᠼᠢᠨ ᠤ ᠲᠠᠷᠢᠯᠭ᠎ᠠ ᠬᠢᠵᠦ 12 ᠰᠠᠷ᠎ᠠ ᠶᠢᠨ ᠳᠠᠷᠠᠭᠠᠬᠢ ᠬᠤᠨᠢ ᠵᠡᠷᠭᠡ ᠶᠢᠨ ᠭᠤᠷᠪᠠᠨ ᠲᠥᠷᠥᠯ ᠬᠡᠯᠪᠡᠷᠢ ᠶᠢᠨ | 1/3 ᠶᠢᠨ ᠬᠠᠷᠢᠴᠠᠯ ᠢᠶᠠᠷ ᠲᠣᠭᠲᠠᠭᠠᠨ᠎ᠠ᠃ ᠰᠠᠨᠠᠭᠠᠴᠢᠯᠭ᠎ᠠ ᠠᠴᠠ ᠪᠠᠨ ᠬᠢᠨᠠᠨ ᠬᠡᠮᠵᠢᠭᠰᠡᠨ ᠲᠤᠭ᠎ᠠ ᠬᠡᠮᠵᠢᠶ᠎ᠡ ᠨᠢ | ᠠᠷᠠᠴᠢᠯᠠᠨ ᠲᠡᠵᠢᠭᠡᠬᠦ ᠬᠡᠮᠵᠢᠶᠡᠨ ᠤ 1% ᠠᠴᠠ ᠪᠠᠭ᠎ᠠ ᠪᠠᠶᠢᠵᠤ ᠪᠣᠯᠬᠤ ᠦᠭᠡᠢ᠃ | 3. ᠬᠢᠵᠢᠭ ᠤᠨ ᠴᠡᠭ ᠢ ᠬᠠᠷᠢᠭᠤ ᠰᠤᠷᠪᠤᠯᠵᠢᠯᠠᠬᠤ᠄ 2022 ᠣᠨ᠂ 2023 ᠣᠨ ᠤ ᠬᠠᠭᠤᠴᠢᠨ | ᠬᠢᠵᠢᠭ ᠤᠨ ᠴᠡᠭ ᠵᠢᠴᠢ ᠲᠡᠭᠦᠨ ᠤ ᠬᠤᠯᠢᠯᠳᠤᠭᠤᠯᠤᠨ ᠲᠡᠵᠢᠭᠡᠭᠰᠡᠨ ︵ᠪᠤᠶᠤ ᠪᠡᠯᠴᠢᠭᠡᠷᠯᠡᠨ ᠲᠡᠵᠢᠭᠡᠭᠰᠡᠨ︶ | ᠬᠤᠨᠢ ᠶᠢ 100% ᠪᠠᠷ ᠴᠢᠰᠤ ᠠᠪᠴᠦ ᠬᠢᠨᠠᠨ ᠬᠡᠮᠵᠢᠯᠲᠡ ᠬᠢᠨ᠎ᠡ᠃ | 4. ᠭᠠᠳᠠᠨ᠎ᠠ ᠠᠴᠠ ᠣᠷᠣᠭᠤᠯᠬᠤ ᠮᠠᠯ ᠤᠨ ᠲᠤᠰᠬᠠᠢ ᠬᠢᠨᠠᠨ ᠬᠡᠮᠵᠢᠯᠲᠡ᠄ ᠬᠤᠶᠠᠷᠬᠤᠳᠳᠤᠭ ᠪᠠᠯᠭᠠᠰᠤ᠂ | ᠬᠤᠷᠢᠨᠭᠡᠷ ᠪᠠᠯᠭᠠᠰᠤ ᠵᠢᠴᠢ ᠰᠠᠷᠠᠭᠤᠯ ᠵᠡᠭᠡᠯᠢ ᠭᠤᠳᠤᠮᠵᠢ ᠳᠤ ᠮᠠᠯ ᠣᠯᠠᠨ᠂ ᠨᠡᠭᠦᠳᠡᠯ ᠴᠢᠨᠠᠷ ᠢᠶᠠᠷ ᠶᠡᠭᠡ | ᠭᠠᠵᠠᠷ ᠲᠤ ᠂ ᠨᠡᠭᠦᠳᠡᠯ ᠮᠠᠯ ᠤᠨ ᠪᠷᠦ᠋ᠼᠧᠯ ᠡᠪᠡᠳᠴᠢᠨ ᠤ ᠲᠤᠰᠬᠠᠢ ᠬᠢᠨᠠᠨ ᠬᠡᠮᠵᠢᠯᠲᠡ ᠶᠢᠨ ᠠᠵᠢᠯ ᠢ ᠥᠷᠨᠢᠭᠦᠯᠵᠦ | ᠂ ᠬᠢᠨᠠᠨ ᠬᠡᠮᠵᠢᠯᠲᠡ ᠶᠢᠨ ᠲᠤᠭ᠎ᠠ ᠬᠡᠮᠵᠢᠶ᠎ᠡ ᠨᠢ 300 ᠬᠤᠪᠢ ᠠᠴᠠ ᠳᠤᠲᠠᠭᠤ ᠪᠠᠶᠢᠵᠤ ᠪᠣᠯᠬᠤ ᠦᠭᠡᠢ᠃ | 5. ᠠᠯᠠᠵᠤ ᠨᠢᠲᠤᠯᠬᠤ ᠮᠠᠯ ᠤᠨᠬᠢᠨᠠᠨ ᠬᠡᠮᠵᠢᠵᠦ ᠦᠯᠢᠭᠡᠷ ᠠᠪᠬᠤ ᠴᠠᠭ᠄ 5 ᠳ᠋ᠤᠭᠠᠷ ᠰᠠᠷ᠎ᠠ ᠶᠢᠨ 30 ᠤ | ᠡᠳᠦᠷ ᠠᠴᠠ ᠡᠬᠢᠯᠡᠨ 7 ᠳ᠋ᠤᠭᠠᠷ ᠰᠠᠷ᠎ᠠ ᠶᠢᠨ 31 ᠤ ᠡᠳᠦᠷ ᠪᠣᠯᠲᠠᠯ᠎ᠠ ᠳᠠᠭᠤᠰᠬᠠᠨ᠎ᠠ᠃ ᠦᠯᠢᠭᠡᠷ ᠠᠪᠬᠤ | ᠡᠭᠦᠷᠭᠡ ᠶᠢᠨ ᠬᠤᠪᠢᠶᠠᠷᠢᠯᠠᠯᠲᠠ ᠶᠢ ᠳᠠᠭᠠᠯᠳᠤᠭᠤᠯᠤᠯ 3 ᠳᠤ ᠦᠵᠡᠭᠡᠷᠡᠢ᠃ | 6. ᠦᠯᠢᠭᠡᠷ ᠠᠪᠬᠤ ᠨᠥᠬᠦᠪᠥᠷᠢ ᠶᠢᠨ ᠬᠡᠷᠡᠭᠰᠡᠬᠦ ᠵᠠᠷᠤᠳᠠᠯ᠃ ᠬᠤᠨᠢᠨ ᠤ ᠪᠷᠦ᠋ᠼᠧᠯ ᠡᠪᠡᠳᠴᠢᠨ ᠤ ᠦᠯᠢᠭᠡᠷ | ᠶᠠᠩᠵᠤ ᠠᠪᠬᠤ ᠳᠤ ᠴᠢᠰᠤᠨ ᠤ ᠴᠠᠶᠢᠪᠠᠩ ᠤᠨ ᠥᠯᠢᠭᠡᠷ ᠡᠳ᠋ ᠨᠢᠭᠡᠪᠦᠷᠢ ᠳᠤ 3 ᠲᠥᠭᠦᠷᠢᠭ ᠤᠨ ᠨᠥᠬᠦᠪᠥᠷᠢ | ᠥᠭᠴᠦ᠂ ᠦᠬᠡᠷ ᠤᠨ ᠪᠷᠦ᠋ᠼᠧᠯ ᠡᠪᠡᠳᠴᠢᠨ ᠤ ᠦᠯᠢᠭᠡᠷ ᠡᠳ᠋ ᠨᠢᠭᠡᠪᠦᠷᠢ ᠳᠤ ᠴᠢᠰᠤᠨ ᠴᠠᠶᠢᠪᠠᠩ ᠤᠨ ᠦᠯᠢᠭᠡᠷ | ᠡᠳ᠋ ᠠᠪᠬᠤ ᠳᠤ 10 ᠲᠥᠭᠦᠷᠢᠭ ᠤᠨ ᠨᠥᠬᠦᠪᠥᠷᠢ ᠥᠭᠭᠦᠨ᠎ᠡ᠃ ᠴᠢᠰᠤᠨ ᠤ ᠴᠠᠶᠢᠪᠠᠩ ᠤᠨ ᠦᠯᠢᠭᠡᠷ ᠪᠦᠷᠢ ᠶᠢ | ᠬᠢᠨᠠᠨ ᠬᠡᠮᠵᠢᠬᠦ ᠨᠥᠬᠦᠪᠥᠷᠢ 1 ᠲᠥᠭᠦᠷᠢᠭ᠃ | ︵ᠭᠤᠷᠪᠠ︶ ᠲᠥᠪᠯᠡᠷᠡᠭᠦᠯᠦᠨ ᠠᠷᠢᠭᠤᠳᠬᠠᠵᠤ ᠡᠬᠢ ᠰᠤᠷᠪᠤᠯᠵᠢ ᠠᠴᠠ ᠨᠢ ᠤᠰᠠᠳᠬᠠᠬᠤ ᠠᠵᠢᠯ ᠢ ᠰᠠᠶᠢᠲᠤᠷ | ᠬᠢᠨ᠎ᠡ ᠃ | 1. ᠬᠠᠪᠤᠷ ᠤᠨ ᠤᠯᠠᠷᠢᠯ ᠤᠨ ᠲᠥᠪᠯᠡᠷᠡᠭᠦᠯᠦᠨ ᠠᠷᠢᠭᠤᠳᠬᠠᠬᠤ ᠴᠠᠭ ᠨᠢ 4 ᠰᠠᠷ᠎ᠠ ᠶᠢᠨ 1 ᠤ ᠡᠳᠦᠷ ᠠᠴᠠ 5 | ᠰᠠᠷ᠎ᠠ ᠶᠢᠨ 31 ᠤ ᠡᠳᠦᠷ ᠪᠣᠯᠲᠠᠯ᠎ᠠ᠂ 2022 ᠣᠨ ᠠᠴᠠ ᠨᠠᠰᠢ ᠲᠣᠭᠲᠠᠭᠠᠭᠰᠠᠨ ᠪᠤᠢ ᠪᠦᠬᠦᠢ ᠪᠷᠦ᠋ᠼᠧᠯ | ᠡᠪᠡᠳᠴᠢᠨ ᠤ ᠬᠢᠵᠢᠭ ᠤᠨ ᠴᠡᠭ᠂ ᠬᠡᠪᠴᠢᠶᠡᠲᠦ ᠲᠡᠵᠢᠭᠡᠨ ᠦᠷᠡᠵᠢᠭᠦᠯᠬᠦ ᠲᠠᠯᠠᠪᠠᠢ ︵ ᠬᠤᠷᠢᠶᠠᠯᠠᠯ︶ ᠵᠢᠴᠢ ᠲᠠᠬᠤᠯ | ᠡᠪᠡᠳᠴᠢᠨ ᠤ ᠰᠤᠳᠤᠯᠤᠯ ᠤᠨ ᠪᠠᠶᠢᠴᠠᠭᠠᠯᠲᠠ ᠪᠠᠷ ᠳᠠᠮᠵᠢᠨ ᠣᠯᠵᠤ ᠮᠡᠳᠡᠭᠰᠡᠨ ᠭᠤᠣᠯᠳᠠᠯᠭ᠎ᠠ ᠲᠠᠢ ᠭᠠᠵᠠᠷ | ᠣᠷᠣᠨ ᠢᠶᠠᠷ ᠭᠤᠣᠯ ᠪᠣᠯᠭᠠᠵᠤ᠂ ᠬᠠᠰᠢᠶ᠎ᠠ ᠰᠠᠷᠠᠪᠴᠢ᠂ ᠪᠠᠭᠠᠵᠢ ᠬᠡᠷᠡᠭᠰᠡᠯ᠂ ᠬᠦᠷᠢᠶ᠎ᠡ ᠬᠠᠰᠢᠶ᠎ᠠ᠂ ᠬᠤᠲᠠ | ᠬᠤᠷᠤᠭ᠎ᠠ ᠵᠢᠴᠢ ᠠᠵᠢᠯᠯᠠᠭᠠᠨ ᠤ ᠲᠠᠯᠠᠪᠤᠷ ᠵᠡᠷᠭᠡ ᠶᠢ ᠲᠦᠢᠯᠪᠤᠷᠢᠲᠠᠢ ᠠᠷᠢᠭᠤᠳᠬᠠᠨ᠎ᠠ᠃ | 2. ᠨᠠᠮᠤᠷ ᠤᠨ ᠤᠯᠠᠷᠢᠯ ᠤᠨ ᠲᠥᠪᠯᠡᠷᠡᠭᠦᠯᠦᠨ ᠠᠷᠢᠭᠤᠳᠬᠠᠬᠤ ᠴᠠᠭ ᠨᠢ 9 ᠰᠠᠷ᠎ᠠ ᠶᠢᠨ 1 ᠤ ᠡᠳᠦᠷ ᠠᠴᠠ | 10 ᠰᠠᠷ᠎ᠠ ᠶᠢᠨ 31 ᠤ ᠡᠳᠦᠷ ᠪᠣᠯᠲᠠᠯ᠎ᠠ᠂ 2024 ᠣᠨ ᠤ ᠰᠢᠨ᠎ᠡ ᠪᠠᠷ ᠢᠯᠡᠷᠡᠭᠦᠯᠦᠭᠰᠡᠨ ᠬᠢᠵᠢᠭ ᠤᠨ ᠴᠡᠭ᠂ | ᠣᠶᠢᠷ᠎ᠠ ᠶᠢᠨ ᠵᠢᠯ ᠳᠤ ᠳᠠᠬᠢᠨᠲᠠ ᠢᠯᠡᠷᠡᠭᠦᠯᠦᠭᠰᠡᠨ ᠬᠢᠵᠢᠭ ᠤᠨ ᠴᠡᠭ᠂ ᠬᠡᠪᠴᠢᠶᠡᠲᠦ ᠲᠡᠵᠢᠭᠡᠨ ᠦᠷᠡᠵᠢᠭᠦᠯᠬᠦ | ᠲᠠᠯᠠᠪᠠᠢ ᠵᠢᠴᠢ ᠲᠠᠬᠤᠯ ᠡᠪᠡᠳᠴᠢᠨ ᠤ ᠰᠤᠳᠤᠯᠤᠯ ᠤᠨ ᠪᠠᠶᠢᠴᠠᠭᠠᠯᠲᠠ ᠪᠠᠷ ᠳᠠᠮᠵᠢᠨ ᠢᠯᠡᠷᠡᠭᠦᠯᠦᠭᠰᠡᠨ | ᠭᠤᠣᠯᠳᠠᠯᠭ᠎ᠠ ᠲᠠᠢ ᠭᠠᠵᠠᠷ ᠣᠷᠣᠨ ᠢᠶᠠᠷ ᠭᠤᠣᠯ ᠪᠣᠯᠭᠠᠵᠤ᠂ ᠬᠠᠰᠢᠶ᠎ᠠ ᠰᠠᠷᠠᠪᠴᠢ᠂ ᠪᠠᠭᠠᠵᠢ ᠬᠡᠷᠡᠭᠰᠡᠯ᠂ ᠬᠦᠷᠢᠶ᠎ᠡ | ᠬᠠᠰᠢᠶ᠎ᠠ᠂ ᠬᠤᠲᠠ ᠬᠤᠷᠤᠭ᠎ᠠ ᠵᠢᠴᠢ ᠠᠵᠢᠯᠯᠠᠭᠠᠨ ᠤ ᠲᠠᠯᠠᠪᠤᠷ ᠵᠡᠷᠭᠡ ᠶᠢ ᠲᠦᠢᠯᠪᠤᠷᠢᠲᠠᠢ ᠠᠷᠢᠭᠤᠳᠬᠠᠨ᠎ᠠ᠃ | 3. ᠠᠷᠢᠭᠤᠳᠬᠠᠬᠤ ᠳᠤ ᠬᠠᠷᠢᠭᠤᠴᠠᠯᠭᠠᠲᠠᠨ ᠢ ᠲᠣᠳᠣᠷᠬᠠᠶᠢᠯᠠᠵᠤ᠂ ᠲᠣᠮᠣ ᠬᠡᠯᠪᠡᠷᠢ ᠶᠢᠨ ᠲᠡᠷᠭᠡ ᠬᠥᠰᠬᠡ | ᠪᠣᠯᠤᠨ ᠥᠨᠳᠥᠷ ᠳᠠᠷᠤᠯᠲᠠᠲᠤ ᠮᠠᠰᠢᠨ ᠲᠥᠬᠦᠭᠡᠷᠦᠮᠵᠢ ᠪᠠᠷ ᠭᠤᠣᠯ ᠪᠣᠯᠭᠠᠬᠤ ᠶᠢᠨ ᠬᠠᠮᠲᠤ ᠵᠢᠵᠢᠭ ᠬᠡᠯᠪᠡᠷᠢ ᠶᠢᠨ | ᠥᠨᠳᠥᠷ ᠳᠠᠷᠤᠯᠲᠠᠲᠤ ᠮᠠᠰᠢᠨ ᠲᠥᠬᠦᠭᠡᠷᠦᠮᠵᠢ ᠶᠢ ᠬᠠᠮᠵᠢᠯᠴᠠᠨ ᠬᠡᠷᠡᠭᠯᠡᠵᠦ᠂ ᠠᠷᠢᠭᠤᠳᠬᠠᠬᠤ ᠮᠡᠷᠭᠡᠵᠢᠯ ᠤᠨ ᠳᠦᠷᠢᠮ | ᠲᠣᠭᠲᠠᠭᠠᠯ ᠢ ᠴᠢᠩᠭ᠎ᠠ ᠵᠢᠷᠤᠮᠯᠠᠨ᠂ ᠠᠷᠢᠭᠤᠳᠬᠠᠬᠤ ᠡᠮ ᠢ ᠬᠡᠷᠡᠭᠯᠡᠬᠦ ᠲᠤᠬᠠᠢ ᠲᠣᠳᠣᠷᠬᠠᠶᠢᠯᠠᠯᠲᠠ᠂ ᠪᠠᠷᠢᠮᠵᠢᠶ᠎ᠠ᠂ | ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠰᠢᠨᠵᠢᠯᠡᠬᠦ ᠤᠬᠠᠭᠠᠨᠴᠢ ᠪᠠᠷ ᠵᠢᠷᠤᠮᠵᠢᠭᠤᠯᠤᠨ ᠠᠷᠢᠭᠤᠳᠬᠠᠵᠤ᠂ | ᠬᠠᠲᠠᠭᠤᠷᠠᠭᠤᠯᠤᠭᠰᠠᠨ ᠪᠤᠰᠤ ᠭᠠᠵᠠᠷ ᠤᠨ ᠭᠠᠳᠠᠷᠭᠤ ᠶᠢ 3 ᠰᠠᠨᠲ᠋ᠢᠮᠧᠳ᠋ᠷ ᠠᠴᠠ ᠳᠤᠲᠠᠭᠤ ᠪᠠᠶᠢᠯᠭᠠᠵᠤ ᠪᠣᠯᠬᠤ ᠦᠭᠡᠢ | ᠂ ᠠᠷᠢᠭᠤᠳᠬᠠᠬᠤ ᠦᠷ᠎ᠡ ᠪᠦᠲᠦᠮᠵᠢ ᠶᠢ ᠦᠨᠡᠨᠬᠦ ᠪᠠᠲᠤᠯᠠᠬᠤ ᠬᠡᠷᠡᠭᠲᠡᠢ᠃ | ︵ᠳᠥᠷᠪᠡ︶ ᠬᠥᠮᠦᠨ ᠤ ᠬᠤᠭᠤᠷᠣᠨᠳᠣᠬᠢ ᠪᠷᠦ᠋ᠼᠧᠯ ᠡᠪᠡᠳᠴᠢᠨ ᠢ ᠬᠢᠨᠠᠨ ᠰᠢᠨᠵᠢᠬᠦ ᠪᠠ ᠰᠢᠢᠳᠪᠦᠷᠢᠯᠡᠬᠦ ᠶᠢ | ᠰᠠᠶᠢᠲᠤᠷ ᠬᠢᠨ᠎ᠡ᠃ | 1. ︽ᠪᠦᠬᠦ ᠤᠯᠤᠰ ᠤᠨ ᠪᠷᠦ᠋ᠼᠧᠯ ᠡᠪᠡᠳᠴᠢᠨ ᠢ ᠬᠢᠨᠠᠨ ᠬᠡᠮᠵᠢᠬᠦ ᠲᠥᠰᠦᠯ︾ ᠤᠨ ᠱᠠᠭᠠᠷᠳᠠᠯᠭ᠎ᠠ ᠶᠣᠰᠣᠭᠠᠷ᠂ | ᠬᠢᠨᠠᠨ ᠬᠡᠮᠵᠢᠬᠦ ᠶᠠᠰᠤ ᠴᠢᠨᠠᠷ ᠢᠶᠠᠨ ᠳᠡᠭᠡᠭᠰᠢᠯᠡᠭᠦᠯᠵᠦ᠂ ᠰᠠᠨᠠᠭᠠᠴᠢᠯᠠᠭ᠎ᠠ ᠠᠴᠠ ᠪᠠᠨ ᠬᠢᠨᠠᠨ ᠬᠡᠮᠵᠢᠬᠦ ᠪᠠᠨ | ᠴᠢᠩᠭᠠᠳᠬᠠᠵᠤ᠂ ᠡᠪᠡᠳᠴᠢᠨ ᠤ ᠵᠢᠱᠢᠶ᠎ᠡ ᠶᠢ ᠴᠠᠭ ᠲᠤᠬᠠᠢ ᠳᠤᠨᠢ ᠢᠯᠡᠷᠡᠭᠦᠯᠬᠦ ᠬᠡᠷᠡᠭᠲᠡᠢ᠃ ᠪᠦᠬᠦ ᠲᠤᠭᠤᠷᠢᠭ ᠲᠤ | 800 ᠬᠥᠮᠦᠨ ᠠᠴᠠ ᠳᠣᠣᠷ᠎ᠠ ᠦᠭᠡᠢ ᠠᠶᠤᠯ ᠶᠡᠬᠡᠲᠡᠢ ᠬᠥᠮᠦᠰ ᠤᠨ ᠴᠢᠰᠤᠨ ᠴᠠᠶᠢᠪᠠᠩ ᠤᠨ ᠤᠬᠠᠭᠠᠨ ᠤ | ᠪᠠᠶᠢᠴᠠᠭᠠᠨ ᠰᠢᠯᠭᠠᠬᠤ ᠡᠭᠦᠷᠭᠡ ᠶᠢ ᠪᠡᠶᠡᠯᠡᠭᠦᠯᠦᠨ᠎ᠡ ︵ᠠᠶᠤᠯ ᠶᠡᠬᠡᠲᠡᠢ ᠬᠥᠮᠦᠰ 800 ᠬᠦᠷᠬᠦ ᠦᠭᠡᠢ ᠪᠣᠯ | ᠨᠥᠬᠦᠵᠦ ᠭᠦᠢᠴᠡᠭᠦᠯᠬᠦ ᠵᠠᠷᠴᠢᠮ ᠢ ᠠᠪᠴᠤ᠂ ᠡᠩ ᠤᠨ ᠬᠥᠮᠦᠰ ᠲᠤ ᠴᠢᠰᠤᠨ ᠤ ᠪᠠᠶᠢᠴᠠᠭᠠᠯᠲᠠ ᠬᠢᠵᠦ ᠪᠣᠯᠤᠨ᠎ᠠ︶ | ᠂ ᠴᠢᠰᠤᠨ ᠤ ᠪᠠᠶᠢᠴᠠᠭᠠᠯᠲᠠ ᠶᠢᠨ ᠠᠷᠭ᠎ᠠ ᠴᠢᠨᠠᠷ ᠲᠠᠢ ᠪᠦᠭᠦᠶᠢᠯᠠ ᠬᠥᠮᠦᠰ ᠲᠤ ᠪᠤᠳᠠᠭᠠᠯᠢ ᠪᠡᠶ᠎ᠡ ᠶᠢᠨ ᠬᠡᠷᠡᠭ ᠤᠨ | ᠪᠠᠶᠢᠴᠠᠭᠠᠯᠲᠠ ᠬᠢᠵᠦ᠂ ᠪᠡᠶᠡᠯᠡᠭᠦᠯᠦᠭᠰᠡᠨ ᠨᠣᠷᠮ᠎ᠠ ᠨᠢ 100% ᠲᠤ ᠬᠦᠷᠬᠦ ᠬᠡᠷᠡᠭᠲᠡᠢ᠃ | 2. ᠬᠥᠮᠦᠨ ᠤ ᠬᠢᠵᠢᠭ ᠤᠨ ᠪᠠᠶᠢᠳᠠᠯ ᠭᠠᠷᠤᠭᠰᠠᠨ ᠤ ᠳᠠᠷᠠᠭ᠎ᠠ᠂ ᠲᠣᠭᠤᠷᠢᠭ ᠤᠨ ᠡᠪᠡᠳᠴᠢᠨ ᠡᠮᠭᠡᠭ ᠢ | ᠰᠡᠷᠭᠡᠶᠢᠯᠡᠨ ᠡᠵᠡᠮᠳᠡᠬᠦ ᠲᠥᠪ ᠠᠴᠠ ᠲᠡᠷᠡ ᠳᠠᠷᠤᠢ ᠳᠤᠨᠢ ᠲᠠᠬᠤᠯ ᠡᠪᠡᠳᠴᠢᠨ ᠤ ᠰᠤᠳᠤᠯᠤᠯ ᠤᠨ ᠪᠠᠶᠢᠴᠠᠭᠠᠯᠲᠠ | ᠬᠢᠵᠦ᠂ ᠬᠠᠯᠳᠠᠪᠤᠷᠢᠯᠠᠬᠤ ᠢᠷᠡᠯᠲᠡ ᠪᠠ ᠠᠶᠤᠯ ᠲᠦᠭᠰᠢᠭᠦᠷᠢ ᠶᠢᠨ ᠡᠯᠧᠮᠧᠨ᠋ᠲ ᠢ ᠲᠣᠳᠣᠷᠬᠠᠶᠢᠯᠠᠵᠤ᠂ ᠲᠦᠭᠰᠢᠭᠦᠷᠢᠲᠦ | ᠬᠥᠮᠦᠰ ᠤᠨ ᠡᠷᠡᠭᠦᠯ ᠮᠡᠨᠳᠦ ᠶᠢ ᠬᠢᠨᠠᠨ ᠬᠡᠮᠵᠢᠬᠦ ᠪᠠ ᠤᠬᠠᠭᠤᠯᠤᠨ ᠬᠠᠮᠢᠶᠠᠷᠬᠤ ᠶᠢ ᠴᠢᠩᠭᠠᠳᠬᠠᠬᠤ ᠶᠢᠨ ᠬᠠᠮᠲᠤ | ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠪᠠ ᠲᠣᠭᠤᠷᠢᠭ ᠤᠨ ᠵᠠᠬ᠎ᠠ ᠳᠡᠯᠭᠡᠭᠦᠷ ᠤᠨ | ᠲᠣᠪᠴᠢᠶ᠎ᠠ ᠳᠤ ᠴᠠᠭ ᠲᠤᠬᠠᠢ ᠳᠤᠨᠢ ᠮᠡᠳᠡᠭᠳᠡᠵᠦ᠂ ᠬᠠᠮᠲᠤᠷᠠᠨ ᠪᠠᠶᠢᠴᠠᠭᠠᠨ ᠰᠢᠢᠳᠪᠦᠷᠢᠯᠡᠬᠦ ᠠᠵᠢᠯ ᠢ ᠥᠷᠨᠢᠭᠦᠯᠬᠦ | ᠬᠡᠷᠡᠭᠲᠡᠢ᠃ ᠲᠦᠪᠯᠡᠷᠡᠯ ᠤᠨ ᠴᠢᠨᠠᠷᠲᠠᠢ ᠬᠢᠵᠢᠭ ᠤᠨ ᠪᠠᠶᠢᠳᠠᠯ ᠡᠭᠦᠰᠬᠦ ᠦᠶ᠎ᠡ ᠳᠤ᠂ ᠡᠯ᠎ᠡ ᠰᠠᠯᠠᠭ᠎ᠠ ᠮᠥᠴᠢᠷ ᠤᠨ | ᠠᠵᠢᠯᠲᠠᠳ ᠲᠤᠬᠠᠢ ᠶᠢᠨ ᠲᠠᠯᠠᠪᠤᠷ ᠲᠤ ᠵᠡᠷᠭᠡᠪᠡᠷ ᠬᠦᠷᠴᠦ᠂ ᠲᠠᠬᠤᠯ ᠡᠪᠡᠳᠴᠢᠨ ᠤ ᠰᠤᠳᠤᠯᠤᠯ ᠤᠨ ᠪᠠᠶᠢᠴᠠᠭᠠᠯᠲᠠ | ᠵᠢᠴᠢ ᠲᠤᠷᠰᠢᠯᠲᠠ ᠶᠢᠨ ᠲᠠᠰᠤᠭ ᠢ ᠪᠠᠶᠢᠴᠠᠭᠠᠨ ᠬᠡᠮᠵᠢᠬᠦ᠂ ᠪᠡᠯᠡᠨ ᠡᠪᠡᠳᠴᠢᠲᠡᠨ ᠢ ᠡᠮᠨᠡᠨ ᠵᠠᠰᠠᠬᠤ ᠵᠢᠴᠢ | ᠡᠪᠡᠳᠴᠢᠨ ᠲᠠᠢ ᠮᠠᠯ ᠢ ᠠᠯᠠᠵᠤ ᠨᠢᠲᠤᠯᠬᠤ᠂ ᠠᠶᠤᠯ ᠦᠭᠡᠢ ᠪᠣᠯᠭᠠᠨ ᠰᠢᠢᠳᠪᠦᠷᠢᠯᠡᠬᠦ᠂ ᠪᠠᠴᠢᠮ ᠡᠭᠡᠯᠢᠯᠡᠭᠡ᠂ | ᠠᠷᠢᠭᠤᠳᠬᠠᠯ ᠬᠢᠬᠦ ᠵᠡᠷᠭᠡ ᠶᠡᠷᠦᠩᠬᠡᠶᠢᠯᠡᠭᠰᠡᠨ ᠴᠢᠨᠠᠷᠲᠠᠢ ᠠᠷᠭ᠎ᠠ ᠬᠡᠮᠵᠢᠶ᠎ᠡ ᠠᠪᠴᠤ᠂ ᠡᠬᠢ ᠡᠭᠦᠰᠦᠯ ᠢ ᠨᠢ ᠡᠷᠢᠵᠤ | ᠤᠰᠠᠳᠬᠠᠬᠤ᠂ ᠬᠢᠵᠢᠭ ᠤᠨ ᠥᠷᠭᠡᠵᠢᠨ ᠳᠡᠯᠭᠡᠷᠡᠬᠦ ᠶᠢ ᠬᠢᠵᠠᠭᠠᠷᠯᠠᠬᠤ ᠬᠡᠷᠡᠭᠲᠡᠢ᠃ ᠣᠯᠠᠨ ᠨᠡᠶᠢᠲᠡ ᠶᠢᠨ ᠡᠷᠡᠭᠦᠯ | ᠬᠠᠮᠠᠭᠠᠯᠠᠯ ᠤᠨ ᠭᠡᠨᠡᠳᠲᠡ ᠶᠢᠨ ᠬᠡᠷᠡᠭ ᠭᠠᠷᠤᠭᠰᠠᠨ ᠪᠠᠶᠢᠪᠠᠯ᠂ ᠬᠠᠮᠢᠶ᠎ᠠ ᠪᠦᠬᠦᠢ ᠱᠠᠭᠠᠷᠳᠠᠯᠭ᠎ᠠ ᠶᠣᠰᠣᠭᠠᠷ | ᠮᠡᠳᠡᠭᠦᠯᠦᠯᠲᠡ ᠬᠢᠨ᠎ᠡ᠃ | 3. ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠪᠠᠶᠢᠭᠤᠯᠤᠮᠵᠢ᠂ ᠲᠣᠭᠲᠠᠭᠰᠠᠨ ᠡᠮᠴᠢᠯᠡᠭᠡᠨ ᠤ ᠪᠠᠶᠢᠭᠤᠯᠤᠮᠵᠢ | ᠪᠠ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠵᠡᠷᠭᠡ ᠭᠤᠷᠪᠠᠨ ᠱᠠᠲᠤᠨ ᠤ | ᠰᠡᠷᠭᠡᠶᠢᠯᠡᠨ ᠵᠠᠰᠠᠬᠤ ᠰᠦᠯᠵᠢᠶᠡᠨ ᠤ ᠳᠠᠪᠠᠭᠤᠯᠢᠭ ᠢ ᠭᠦᠢᠴᠡᠳ ᠪᠠᠳᠠᠷᠠᠭᠤᠯᠵᠤ᠂ ︽ᠰᠡᠷᠭᠡᠶᠢᠯᠡᠬᠦ᠂ ᠡᠮᠨᠡᠬᠦ᠂ | ᠬᠠᠮᠢᠶᠠᠷᠬᠤ︾ ᠭᠤᠷᠪᠠ ᠶᠢ ᠨᠢᠭᠡ ᠴᠣᠭᠴᠠᠵᠢᠭᠤᠯᠤᠨ ᠵᠠᠪᠰᠠᠷ ᠦᠭᠡᠢ ᠣᠶᠠᠯᠳᠤᠭᠤᠯᠬᠤ ᠶᠢ ᠠᠬᠢᠭᠤᠯᠤᠨ᠎ᠠ᠃ ᠡᠯ᠎ᠡ | ᠱᠠᠲᠤᠨ ᠤ ᠡᠯ᠎ᠡ ᠲᠥᠷᠥᠯ ᠤᠨ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠨᠢ ᠤᠯᠤᠰ ᠤᠨ ︽ᠪᠷᠦ᠋ᠼᠧᠯ | ᠡᠪᠡᠳᠴᠢᠨ ᠢ ᠣᠨᠣᠰᠢᠯᠠᠬᠤ ᠪᠠᠷᠢᠮᠵᠢᠶ᠎ᠠ ︵WS269 - 2019︶︾ ᠶᠢᠨ ᠶᠣᠰᠣᠭᠠᠷ ᠡᠪᠡᠳᠴᠢᠨ ᠤ ᠵᠢᠱᠢᠶ᠎ᠡ ᠶᠢ | ᠣᠨᠣᠰᠢᠯᠠᠵᠤ᠂ ᠡᠪᠡᠳᠴᠢᠨ ᠤ ᠵᠢᠱᠢᠶ᠎ᠡ ︵ᠰᠡᠵᠢᠭᠯᠡᠯᠲᠡᠢ ᠡᠪᠡᠳᠴᠢᠨ ᠤ ᠵᠢᠱᠢᠶ᠎ᠡ᠂ ᠡᠮᠴᠢᠯᠡᠭᠡᠨ ᠤ ᠡᠪᠡᠳᠴᠢᠨ ᠤ | ᠵᠢᠱᠢᠶ᠎ᠡ ᠪᠠ ᠲᠤᠷᠰᠢᠯᠲᠠ ᠶᠢᠨ ᠲᠠᠰᠤᠭ ᠤᠨ ᠣᠨᠣᠰᠢᠯᠠᠭᠰᠠᠨ ᠡᠪᠡᠳᠴᠢᠨ ᠤ ᠵᠢᠱᠢᠶ᠎ᠡ ᠪᠠᠭᠲᠠᠨ᠎ᠠ︶ ᠶᠢ ᠣᠯᠵᠤ | ᠮᠡᠳᠡᠪᠡᠯ᠂ 24 ᠴᠠᠭ ᠤᠨ ᠳᠣᠲᠣᠷ᠎ᠠ ᠰᠦᠯᠵᠢᠶ᠎ᠡ ᠪᠠᠷ ᠰᠢᠭᠤᠳ ᠮᠡᠳᠡᠭᠦᠯᠬᠦ ᠬᠡᠷᠡᠭᠲᠡᠢ᠂ ᠮᠡᠳᠡᠭᠦᠯᠬᠦ ᠦᠭᠡᠢ ᠨᠢᠭᠤᠬᠤ᠂ | ᠤᠳᠠᠭᠠᠰᠢᠷᠠᠭᠤᠯᠤᠨ ᠮᠡᠳᠡᠭᠦᠯᠬᠦ᠂ ᠣᠷᠬᠢᠭᠳᠠᠭᠤᠯᠤᠨ ᠮᠡᠳᠡᠭᠦᠯᠬᠦ᠂ ᠳᠠᠬᠢᠨᠲᠠ ᠮᠡᠳᠡᠭᠦᠯᠬᠦ ᠪᠠᠶᠢᠳᠠᠯ ᠪᠠᠶᠢᠵᠤ ᠪᠣᠯᠬᠤ | ᠦᠭᠡᠢ᠃ ᠲᠣᠭᠲᠠᠭᠰᠠᠨ ᠡᠮᠴᠢᠯᠡᠭᠡᠨ ᠤ ᠪᠠᠶᠢᠭᠤᠯᠤᠮᠵᠢ ᠨᠢ ᠣᠨᠣᠰᠢᠯᠠᠭᠰᠠᠨ ᠪᠷᠦ᠋ᠼᠧᠯ ᠡᠪᠡᠳᠴᠢᠲᠡᠨ ᠢ ︽ᠪᠷᠦ᠋ᠼᠧᠯ | ᠡᠪᠡᠳᠴᠢᠨ ᠢ ᠣᠨᠣᠰᠢᠯᠠᠨ ᠡᠮᠨᠡᠬᠦ ᠲᠥᠰᠦᠯ ︵2023 ᠣᠨ ᠤ ᠬᠡᠪᠯᠡᠯ︶︾ ᠤᠨ ᠶᠣᠰᠣᠭᠠᠷ ᠵᠢᠷᠤᠮᠵᠢᠭᠤᠯᠤᠨ | ᠵᠠᠰᠠᠵᠤ᠂ ᠡᠮᠨᠡᠨ ᠵᠠᠰᠠᠬᠤ ᠨᠣᠷᠮ᠎ᠠ ᠶᠢ ᠳᠡᠭᠡᠭᠰᠢᠯᠡᠭᠦᠯᠦᠨ᠂ ᠤᠳᠠᠭᠠᠨ ᠴᠢᠨᠠᠷᠲᠠᠢ ᠪᠣᠯᠭᠠᠬᠤ ᠨᠣᠷᠮ᠎ᠠ ᠶᠢ | ᠪᠠᠭᠤᠷᠠᠭᠤᠯᠤᠨ᠎ᠠ᠃ ᠡᠯ᠎ᠡ ᠦᠨᠳᠦᠰᠦᠨ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ | ᠡᠪᠡᠳᠴᠢᠲᠡᠨ ᠤ ᠭᠡᠷ ᠲᠤ ᠪᠠᠨ ᠰᠠᠭᠤᠵᠤ ᠡᠮᠨᠡᠨ ᠵᠠᠰᠠᠬᠤ ᠬᠤᠭᠤᠴᠠᠭᠠᠨ ᠳᠤ ᠮᠥᠷᠳᠡᠨ ᠳᠠᠭᠠᠵᠤ ᠰᠤᠷᠪᠤᠯᠵᠢᠯᠠᠬᠤ ᠪᠠ | ᠡᠮ ᠬᠡᠷᠡᠭᠯᠡᠬᠦ ᠶᠢ ᠬᠢᠨᠠᠨ ᠵᠢᠯᠣᠭᠤᠳᠬᠤ ᠵᠡᠷᠭᠡ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠡᠪᠡᠳᠴᠢᠨ ᠡᠮᠭᠡᠭ ᠢ | ᠰᠡᠷᠭᠡᠶᠢᠯᠡᠨ ᠡᠵᠡᠮᠳᠡᠬᠦ ᠲᠥᠪ ᠠᠴᠠ ᠮᠡᠷᠭᠡᠵᠢᠯ ᠤᠨ ᠵᠢᠯᠥᠭᠤᠳᠤᠯᠭ᠎ᠠ ᠶᠢ ᠰᠠᠶᠢᠲᠤᠷ ᠬᠢᠨ᠎ᠡ᠃ | ︵ᠲᠠᠪᠤ︶ ᠮᠠᠯ ᠤᠨ ᠬᠤᠭᠤᠷᠣᠨᠳᠣᠬᠢ ᠪᠷᠦ᠋ᠼᠧᠯ ᠡᠪᠡᠳᠴᠢᠨ ᠳᠤ ᠲᠠᠬᠤᠯ ᠡᠪᠡᠳᠴᠢᠨ ᠤ ᠰᠤᠳᠤᠯᠤᠯ ᠤᠨ | ᠪᠠᠶᠢᠴᠠᠭᠠᠯᠲᠠ ᠶᠢ ᠥᠷᠨᠢᠭᠦᠯᠦᠨ᠎ᠡ᠃ | 1. ᠰᠠᠷ᠎ᠠ ᠪᠦᠷᠢ ᠢᠯᠡᠷᠡᠭᠰᠡᠨ ᠰᠢᠨ᠎ᠡ ᠪᠠᠷ ᠮᠡᠳᠡᠭᠦᠯᠦᠭᠰᠡᠨ ᠬᠦᠮᠦᠨ ᠤ ᠡᠪᠡᠳᠴᠢᠨ ᠤ ᠵᠢᠱᠢᠶ᠎ᠡ ᠶᠢ | ᠦᠨᠳᠦᠰᠦᠯᠡᠨ᠂ ᠮᠠᠯ ᠤᠨ ᠬᠤᠭᠤᠷᠣᠨᠳᠣᠬᠢ ᠪᠷᠦ᠋ᠼᠧᠯ ᠡᠪᠡᠳᠴᠢᠨ ᠳᠤ ᠲᠠᠬᠤᠯ ᠡᠪᠡᠳᠴᠢᠨ ᠤ ᠰᠤᠳᠤᠯᠤᠯ ᠤᠨ | ᠪᠠᠶᠢᠴᠠᠭᠠᠯᠲᠠ ᠬᠢᠬᠦ ᠶᠢ ᠴᠠᠭ ᠲᠤᠬᠠᠢ ᠳᠤᠨᠢ ᠪᠡᠶᠡᠯᠡᠭᠦᠯᠦᠨ᠎ᠡ᠃ | 2. ᠬᠠᠪᠤᠷ ᠨᠠᠮᠤᠷ ᠬᠤᠶᠠᠷ ᠤᠳᠠᠭ᠎ᠠ ᠠᠮᠢᠲᠠᠨ ᠤ ᠬᠦᠨᠳᠦ ᠶᠡᠭᠡ ᠬᠢᠵᠢᠭ ᠡᠪᠡᠳᠴᠢᠨ ᠢ ᠲᠥᠪᠯᠡᠷᠡᠭᠦᠯᠦᠨ | ᠡᠭᠡᠯᠢᠯᠡᠵᠤ᠂ ᠵᠢᠯ ᠲᠤᠷᠰᠢ ᠲᠠᠷᠢᠯᠭ᠎ᠠ ᠨᠦᠬᠦᠪᠦᠷᠢᠯᠡᠬᠦ ᠪᠠ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠲᠠᠢ | ᠤᠶᠠᠯᠳᠤᠭᠤᠯᠤᠨ᠂ ᠬᠠᠷᠢᠶ᠎ᠠ ᠣᠷᠣᠨ ᠤ ᠪᠦᠭᠦᠶᠢᠯᠠ ᠲᠡᠵᠢᠭᠡᠵᠦ ᠪᠠᠶᠢᠭ᠎ᠠ ᠦᠬᠡᠷ ᠬᠤᠨᠢᠨ ᠳᠤ ᠲᠠᠬᠤᠯ ᠡᠪᠡᠳᠴᠢᠨ ᠤ | ᠰᠤᠳᠤᠯᠤᠯ ᠤᠨ ᠪᠠᠶᠢᠴᠠᠭᠠᠯᠲᠠ ᠬᠢᠵᠦ᠂ ᠲᠤᠰ ᠬᠠᠷᠢᠶ᠎ᠠ ᠣᠷᠣᠨ ᠤ ᠪᠠᠨ ᠮᠠᠯ ᠤᠨ ᠬᠤᠭᠤᠷᠣᠨᠳᠣᠬᠢ ᠪᠷᠦ᠋ᠼᠧᠯ | ᠡᠪᠡᠳᠴᠢᠨ ᠤ ᠳᠡᠯᠭᠡᠷᠡᠵᠦ ᠪᠠᠶᠢᠭ᠎ᠠ ᠪᠠᠶᠢᠳᠠᠯ ᠢ ᠪᠦᠬᠦ ᠲᠠᠯ᠎ᠠ ᠪᠠᠷ ᠡᠵᠡᠮᠰᠢᠬᠦ ᠬᠡᠷᠡᠭᠲᠡᠢ᠃ | 3. ᠦᠬᠡᠷ ᠬᠤᠨᠢ ᠶᠢ ᠣᠷᠣᠭᠤᠯᠤᠨ ᠠᠪᠴᠢᠷᠠᠬᠤ ᠳᠤ᠂ ᠮᠠᠯ ᠤᠨ ᠬᠤᠭᠤᠷᠣᠨᠳᠣᠬᠢ ᠪᠷᠦ᠋ᠼᠧᠯ ᠡᠪᠡᠳᠴᠢᠨ ᠤ | ᠲᠠᠬᠤᠯ ᠡᠪᠡᠳᠴᠢᠨ ᠤ ᠰᠤᠳᠤᠯᠤᠯ ᠤᠨ ᠪᠠᠶᠢᠴᠠᠭᠠᠯᠲᠠ ᠶᠢ ᠴᠠᠭ ᠲᠤᠬᠠᠢ ᠳᠤᠨᠢ ᠥᠷᠨᠢᠭᠦᠯᠵᠦ᠂ ᠬᠢᠵᠢᠭ ᠤᠨ | ᠪᠠᠶᠢᠴᠠᠭᠠᠯᠲᠠ ᠵᠢᠴᠢ ᠬᠠᠮᠢᠶ᠎ᠠ ᠪᠦᠬᠦᠢ ᠪᠠᠶᠢᠴᠠᠭᠠᠨ ᠬᠡᠮᠵᠢᠭᠰᠡᠨ ᠭᠡᠷᠡᠴᠢ ᠶᠢ ᠪᠠᠶᠢᠴᠠᠭᠠᠨ ᠦᠵᠡᠵᠦ᠂ ᠢᠷᠠᠯᠲᠡ | ᠭᠠᠵᠠᠷ ᠤᠨ ᠪᠷᠦ᠋ᠼᠧᠯ ᠡᠪᠡᠳᠴᠢᠨ ᠤ ᠬᠢᠵᠢᠭ ᠤᠨ ᠪᠠᠶᠢᠳᠠᠯ᠂ ᠡᠭᠡᠯᠢᠯᠡᠬᠦ ᠪᠠᠶᠢᠳᠠᠯ ᠵᠡᠷᠭᠡ ᠶᠢ ᠣᠶᠢᠯᠠᠭᠠᠬᠤ ᠬᠡᠷᠡᠭᠲᠡᠢ | ᠃ | ᠮᠠᠯ ᠤᠨ ᠬᠤᠭᠤᠷᠣᠨᠳᠣᠬᠢ ᠪᠷᠦ᠋ᠼᠧᠯ ᠡᠪᠡᠳᠴᠢᠨ ᠤ ᠲᠠᠬᠤᠯ ᠡᠪᠡᠳᠴᠢᠨ ᠤ ᠰᠤᠳᠤᠯᠤᠯ ᠤᠨ ᠪᠠᠶᠢᠴᠠᠭᠠᠯᠲᠠ ᠪᠣᠯ | ᠪᠦᠬᠦ ᠵᠢᠯ ᠤᠨ ᠦᠷᠭᠦᠯᠵᠢ ᠶᠢᠨ ᠴᠢᠨᠠᠷᠲᠠᠢ ᠠᠵᠢᠯ ᠪᠣᠯᠤᠨ᠎ᠠ᠃ ᠪᠠᠶᠢᠴᠠᠭᠠᠯᠲᠠ ᠳᠤ ᠪᠠᠶᠢᠴᠠᠭᠠᠭᠳᠠᠬᠤ ᠡᠲᠡᠭᠡᠳ ᠤᠨ | ᠦᠨᠳᠦᠰᠦᠨ ᠮᠠᠲ᠋ᠧᠷᠢᠶᠠᠯ᠂ ᠲᠤᠭ᠎ᠠ ᠪᠠᠷᠢᠮᠲᠠ ᠶᠢ ᠨᠠᠷᠢᠨ ᠲᠡᠮᠳᠡᠭᠯᠡᠵᠦ᠂ ᠵᠢᠷᠤᠮᠵᠢᠯ ᠲᠠᠢ ᠪᠠᠷ ᠳᠠᠩᠰᠠ ᠡᠪᠬᠡᠮᠡᠯ | ᠪᠠᠶᠢᠭᠤᠯᠬᠤ ᠬᠡᠷᠡᠭᠲᠡᠢ᠃ | ︵ᠵᠢᠷᠭᠤᠭ᠎ᠠ︶ ᠠᠶᠤᠯ ᠲᠦᠭᠰᠢᠭᠦᠷᠢ ᠶᠢ ᠦᠨᠡᠯᠡᠨ ᠵᠢᠱᠢᠬᠦ ᠠᠵᠢᠯ ᠢ ᠥᠷᠨᠢᠭᠦᠯᠦᠨ᠎ᠡ᠃ | ᠲᠥᠪᠯᠡᠷᠡᠭᠦᠯᠦᠨ ᠬᠢᠨᠠᠨ ᠬᠡᠮᠵᠢᠵᠦ ᠳᠠᠭᠤᠰᠤᠭᠰᠠᠨ ᠤ ᠳᠠᠷᠠᠭ᠎ᠠ᠂ ᠲᠣᠭᠤᠷᠢᠭ ᠤᠨ ᠲᠠᠷᠢᠶᠠᠯᠠᠩ ᠮᠠᠯ ᠠᠵᠤ | ᠠᠬᠤᠢ ᠶᠢᠨ ᠲᠣᠪᠴᠢᠶ᠎ᠠ ᠠᠴᠠ ᠲᠣᠭᠤᠷᠢᠭ ᠤᠨ ᠲᠠᠰ ᠤᠨ ᠲᠤᠰᠬᠠᠢ ᠮᠡᠷᠭᠡᠵᠢᠯᠲᠡᠨ ᠤ ᠳᠤᠭᠤᠶᠢᠯᠠᠩ ︵ᠨᠠᠭᠠᠳᠤ | ᠵᠠᠬ᠎ᠠ ᠳᠠᠭᠠᠨ 3 ᠬᠥᠮᠦᠨ︶ ᠢ ᠪᠠᠶᠢᠭᠤᠯᠵᠤ᠂ ᠲᠤᠰ ᠵᠢᠯ ᠤᠨ ᠪᠦᠬᠦᠶᠢᠯᠡ ᠬᠢᠵᠢᠭ ᠤᠨ ᠴᠡᠭ ᠢ ᠰᠢᠢᠳᠪᠦᠷᠢᠯᠡᠬᠦ | ᠵᠢᠷᠤᠮᠵᠢᠯ ᠢ ᠴᠢᠩᠭ᠎ᠠ ᠵᠢᠷᠤᠮᠯᠠᠨ ᠪᠦᠷᠢᠳᠬᠡᠨ ᠪᠠᠶᠢᠴᠠᠭᠠᠵᠤ᠂ ᠵᠠᠳᠠᠯᠤᠨ ᠰᠢᠨᠵᠢᠯᠡᠵᠦ᠂ ᠬᠢᠵᠢᠭ ᠤᠨ ᠴᠡᠭ ᠤᠨ ᠳᠠᠬᠢᠨ | ᠡᠭᠦᠰᠬᠦ ᠨᠣᠷᠮ᠎ᠠ ᠶᠢ ᠪᠣᠳᠤᠵᠤ᠂ ᠰᠢᠢᠳᠪᠦᠷᠢᠯᠡᠬᠦ ᠨᠣᠷᠮ᠎ᠠ ᠶᠢ ᠵᠢᠷᠤᠮᠵᠢᠭᠤᠯᠵᠤ᠂ ᠬᠢᠵᠢᠭ ᠤᠨ ᠴᠡᠭ ᠤᠨ ᠳᠠᠬᠢᠨ | ᠡᠭᠦᠰᠦᠭᠰᠡᠨ ᠰᠢᠯᠲᠠᠭᠠᠨ ᠢ ᠵᠠᠳᠠᠯᠤᠨ᠂ ᠲᠦᠭᠰᠢᠭᠦᠷᠢ ᠶᠢᠨ ᠬᠦᠴᠦᠨ ᠵᠦᠢᠯ ᠢ ᠡᠵᠡᠮᠳᠡᠵᠦ᠂ ᠳᠠᠷᠠᠭᠠᠴᠢ ᠶᠢᠨ | ᠠᠯᠬᠤᠮ ᠤᠨ ᠠᠵᠢᠯ ᠤᠨ ᠰᠠᠨᠠᠭᠤᠯᠭ᠎ᠠ ᠶᠢ ᠳᠤᠷᠠᠳᠬᠤ ᠶᠢᠨ ᠬᠠᠮᠲᠤ ᠂ ᠲᠤᠰᠬᠠᠢ ᠰᠡᠳᠦᠪᠲᠦ ᠮᠡᠳᠡᠭᠦᠯᠦᠯᠲᠡ ᠪᠠᠨ | ᠬᠤᠲᠠ ᠶᠢᠨ ᠠᠮᠢᠲᠠᠨ ᠤᠷᠭᠤᠮᠠᠯ ᠤᠨ ᠬᠢᠵᠢᠭ ᠤᠨ ᠪᠠᠶᠢᠴᠠᠭᠠᠯᠲᠠ ᠪᠠ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ | ᠡᠵᠡᠮᠳᠡᠬᠦ ᠲᠥᠪ ᠲᠤ ᠳᠡᠭᠡᠭᠰᠢ ᠮᠡᠳᠡᠭᠦᠯᠬᠦ ᠬᠡᠷᠡᠭᠲᠡᠢ᠃ | ᠲᠤᠰᠬᠠᠢ ᠮᠡᠷᠭᠡᠵᠢᠯᠲᠡᠨ ᠤ ᠳᠤᠭᠤᠶᠢᠯᠠᠩ ᠠᠴᠠ ᠪᠦᠬᠦ ᠲᠣᠭᠤᠷᠢᠭ ᠤᠨ ᠮᠠᠯ ᠤᠨ ᠬᠤᠭᠤᠷᠣᠨᠳᠣᠬᠢ ᠪᠷᠦ᠋ᠼᠧᠯ | ᠡᠪᠡᠳᠴᠢᠨ ᠢ ᠰᠡᠷᠭᠡᠶᠢᠯᠡᠨ ᠡᠵᠡᠮᠳᠡᠵᠦ ᠪᠠᠶᠢᠭ᠎ᠠ ᠪᠠᠶᠢᠳᠠᠯ ᠳᠤ ᠲᠦᠭᠰᠢᠭᠦᠷᠢ ᠶᠢᠨ ᠦᠨᠡᠯᠡᠯᠲᠡ ᠬᠢᠨ᠎ᠡ᠃ | ᠲᠦᠭᠰᠢᠭᠦᠷᠢ ᠶᠢᠨ ᠬᠦᠴᠦᠨ ᠵᠦᠢᠯ ᠳᠤ ᠭᠤᠣᠯᠳᠠᠭᠤ᠄ ᠬᠢᠵᠢᠭ ᠤᠨ ᠪᠠᠶᠢᠳᠠᠯ ᠢ ᠬᠢᠨᠠᠨ ᠰᠢᠯᠭᠠᠬᠤ᠂ ᠲᠠᠬᠤᠯ | ᠡᠪᠡᠳᠴᠢᠨ ᠤ ᠤᠬᠠᠭᠠᠨ ᠤ ᠪᠠᠶᠢᠴᠠᠭᠠᠯᠲᠠ ᠬᠢᠬᠦ᠂ ᠬᠢᠵᠢᠭ ᠤᠨ ᠴᠢᠭ ᠢ ᠰᠢᠢᠳᠪᠦᠷᠢᠯᠡᠬᠦ᠂ ᠠᠮᠢᠲᠠᠨ ᠤ ᠬᠢᠵᠢᠭ | ᠰᠡᠷᠭᠡᠶᠢᠯᠡᠬᠦ ᠨᠥᠬᠦᠴᠡᠯ᠂ ᠪᠡᠯᠡᠳᠬᠡᠮᠵᠢ ᠲᠥᠬᠦᠭᠡᠷᠦᠮᠵᠢ᠂ ᠳᠦᠷᠢᠮ ᠤᠨ ᠨᠠᠶᠢᠳᠠᠪᠤᠷᠢᠵᠢᠭᠤᠯᠤᠯᠳᠠ᠂ ᠬᠢᠵᠢᠭ | ᠪᠠᠶᠢᠴᠠᠭᠠᠵᠤ ᠬᠢᠨᠠᠨ ᠬᠠᠮᠢᠶᠠᠷᠬᠤ᠂ ᠳᠠᠩᠰᠠ ᠡᠪᠬᠡᠮᠡᠯ ᠤᠨ ᠲᠡᠮᠳᠡᠭᠯᠡᠭᠰᠡᠨ ᠲᠡᠮᠳᠡᠭᠯᠡᠯ ᠵᠡᠷᠭᠡ ᠬᠦᠴᠦᠨ ᠵᠦᠢᠯ ᠪᠣᠯᠤᠨ | ᠰᠡᠷᠭᠡᠶᠢᠯᠡᠨ ᠬᠠᠮᠠᠭᠠᠯᠠᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠵᠡᠷᠭᠡ ᠪᠠᠭᠲᠠᠭᠳᠠᠨ᠎ᠠ᠃ ᠡᠯ᠎ᠡ | ᠰᠤᠮᠤ ᠪᠠᠯᠭᠠᠰᠤ᠂ ᠵᠡᠭᠡᠯᠢ ᠭᠤᠳᠤᠮᠵᠢ ᠶᠢᠨ ᠬᠢᠨ ᠲᠤᠰ ᠲᠤᠰ ᠤᠨ ᠮᠠᠯ ᠤᠨ ᠬᠤᠭᠤᠷᠣᠨᠳᠣᠬᠢ ᠪᠷᠦ᠋ᠼᠧᠯ | ᠡᠪᠡᠳᠴᠢᠨ ᠤ ᠪᠠᠶᠢᠳᠠᠯ ᠢ ᠲᠣᠳᠣᠷᠬᠠᠢ ᠡᠵᠡᠮᠰᠢᠵᠦ᠂ ᠬᠢᠵᠢᠭ ᠤᠨ ᠪᠠᠶᠢᠳᠠᠯ ᠤᠨ ᠲᠦᠭᠰᠢᠭᠦᠷᠢ ᠶᠢ ᠦᠨᠡᠯᠡᠨ ᠵᠢᠱᠢᠬᠦ | ᠡᠯ᠎ᠡ ᠵᠦᠢᠯ ᠤᠨ ᠠᠵᠢᠯ ᠢ ᠬᠠᠮᠵᠢᠯᠴᠠᠨ ᠰᠠᠶᠢᠲᠤᠷ ᠬᠢᠬᠦ ᠬᠡᠷᠡᠭᠲᠡᠢ᠃ | ︵ᠳᠤᠯᠤᠭ᠎ᠠ︶ ᠬᠢᠵᠢᠭ ᠪᠠᠶᠢᠴᠠᠭᠠᠵᠤ ᠬᠢᠨᠠᠨ ᠬᠠᠮᠢᠶᠠᠷᠬᠤ ᠠᠵᠢᠯ ᠢ ᠴᠢᠩᠭᠠᠳᠬᠠᠨ᠎ᠠ᠃ | 1. ᠮᠠᠯ ᠤᠨᠤᠭ᠎ᠠ ᠶᠢ ᠰᠢᠯᠵᠢᠭᠦᠯᠦᠨ ᠲᠡᠭᠡᠭᠡᠪᠦᠷᠢᠯᠡᠬᠦ ᠶᠢᠨ ᠬᠠᠷᠢᠶ᠎ᠠ ᠭᠠᠵᠠᠷ ᠤᠨ ᠬᠢᠨᠠᠯᠲᠠ ᠬᠠᠮᠢᠶᠠᠷᠤᠯᠲᠠ ᠶᠢ | ᠴᠢᠩᠭᠠᠳᠬᠠᠨ᠎ᠠ᠃ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠢᠲᠠᠨ ᠤ ᠬᠢᠵᠢᠭ ᠰᠡᠷᠭᠡᠶᠢᠯᠡᠬᠦ | ᠬᠠᠤᠯᠢ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠮᠢᠲᠠᠨ ᠤ ᠬᠢᠵᠢᠭ ᠰᠡᠷᠭᠡᠶᠢᠯᠡᠬᠦ ᠳᠦᠷᠢᠮ︾ | ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠤᠨ ᠶᠣᠰᠣᠭᠠᠷ᠂ ᠬᠢᠵᠢᠭ ᠰᠡᠷᠭᠡᠶᠢᠯᠡᠬᠦ ᠬᠢᠵᠢᠭ ᠪᠠᠶᠢᠴᠠᠭᠠᠬᠤ | ᠠᠵᠢᠯ ᠤᠨ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠵᠤ᠂ ᠬᠢᠨᠠᠨ ᠬᠡᠮᠵᠢᠵᠦ ᠵᠢᠭᠰᠠᠭᠠᠨ ᠪᠠᠶᠢᠴᠠᠭᠠᠬᠤ᠂ | ᠠᠯᠪᠠᠳᠠᠯᠭ᠎ᠠ ᠪᠠᠷ ᠡᠭᠡᠯᠢᠯᠡᠬᠦ ᠵᠡᠷᠭᠡ ᠪᠠᠶᠢᠳᠠᠯ ᠬᠢᠭᠡᠳ ᠬᠢᠵᠢᠭ ᠪᠠᠶᠢᠴᠠᠭᠠᠵᠤ ᠭᠤᠶᠤᠴᠢᠯᠠᠨ ᠮᠡᠳᠡᠭᠦᠯᠬᠦ ᠶᠢ | ᠪᠦᠲᠦᠮᠵᠢᠲᠡᠢ ᠵᠣᠯᠭᠠᠭᠤᠯᠬᠤ ᠶᠢ ᠠᠬᠢᠭᠤᠯᠬᠤ ᠬᠡᠷᠡᠭᠲᠡᠢ᠃ ᠡᠯ᠎ᠡ ᠰᠤᠮᠤ ᠪᠠᠯᠭᠠᠰᠤ᠂ ᠵᠡᠭᠡᠯᠢ ᠭᠤᠳᠤᠮᠵᠢ ᠬᠠᠷᠢᠶ᠎ᠠ | ᠣᠷᠣᠨ ᠤ ᠬᠠᠮᠢᠶᠠᠷᠤᠯᠲᠠ ᠶᠢᠨ ᠬᠠᠷᠢᠭᠤᠴᠠᠯᠭ᠎ᠠ ᠪᠠᠨ ᠴᠢᠩᠭᠠᠳᠬᠠᠵᠤ᠂ ᠬᠠᠷᠢᠭᠤᠴᠠᠯᠭ᠎ᠠ ᠶᠢ ᠭᠠᠴᠠᠭ᠎ᠠ ᠲᠣᠰᠬᠤᠨ ᠤ | ᠱᠠᠲᠤᠨ ᠳᠤ ᠬᠦᠷᠲᠡᠯ᠎ᠡ ᠨᠠᠶᠢᠳᠠᠪᠤᠷᠢᠵᠢᠭᠤᠯᠤᠨ᠂ ᠲᠣᠰᠬᠤᠨ ᠤ ᠺᠠᠳ᠋ᠷ ᠤᠨ ᠬᠢᠨᠠᠯᠲᠠ ᠬᠠᠮᠢᠶᠠᠷᠤᠯᠲᠠ ᠶᠢᠨ ᠡᠭᠦᠷᠭᠡ | ᠬᠠᠷᠢᠭᠤᠴᠠᠯᠭ᠎ᠠ ᠶᠢ ᠰᠠᠶᠢᠲᠤᠷ ᠪᠠᠳᠠᠷᠠᠭᠤᠯᠵᠤ᠂ ᠲᠤᠰ ᠬᠠᠷᠢᠶ᠎ᠠ ᠣᠷᠣᠨ ᠤ ᠪᠠᠨ ᠦᠬᠡᠷ ᠬᠤᠨᠢ ᠶᠢ ᠰᠢᠯᠵᠢᠭᠦᠯᠦᠨ | ᠲᠡᠭᠡᠭᠡᠪᠦᠷᠢᠯᠡᠵᠦ ᠪᠠᠶᠢᠭ᠎ᠠ ᠪᠠᠶᠢᠳᠠᠯ ᠢ ᠴᠠᠭ ᠲᠤᠬᠠᠢ ᠳᠤᠨᠢ ᠡᠵᠡᠮᠰᠢᠵᠦ᠂ ᠦᠬᠡᠷ ᠬᠤᠨᠢ ᠶᠢ ᠰᠢᠯᠵᠢᠭᠦᠯᠦᠨ ᠭᠠᠷᠭᠠᠬᠤ | ᠣᠷᠤᠭᠤᠯᠬᠤ ᠶᠢᠨ ᠬᠢᠨᠠᠨ ᠵᠥᠪᠰᠢᠶᠡᠷᠡᠭᠦᠯᠬᠦ ᠭᠠᠷ ᠭᠦᠢᠴᠡᠳᠬᠡᠯ ᠢ ᠴᠢᠩᠭ᠎ᠠ ᠬᠡᠷᠡᠭᠵᠢᠭᠦᠯᠵᠦ᠂ ᠬᠢᠵᠢᠭ ᠢ ᠬᠢᠨᠠᠨ | ᠪᠠᠶᠢᠴᠠᠭᠠᠬᠤ ᠪᠥᠬᠦ ᠬᠡᠯᠬᠢᠶ᠎ᠡ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠶᠢ ᠪᠡᠶᠡᠯᠡᠭᠦᠯᠪᠡ᠃ ᠬᠡᠷᠪᠡ ᠦᠬᠡᠷ ᠬᠤᠨᠢ ᠶᠢ | ᠰᠢᠯᠵᠢᠭᠦᠯᠦᠨ ᠭᠠᠷᠭᠠᠬᠤ ᠳᠤ ᠬᠢᠵᠢᠭ ᠤᠨ ᠪᠠᠶᠢᠴᠠᠭᠠᠯᠲᠠ ᠬᠢᠭᠰᠡᠨ ᠦᠭᠡᠢ ᠪᠤᠶᠤ ᠦᠬᠡᠷ ᠬᠤᠨᠢ ᠳᠤ ᠰᠢᠯᠵᠢᠭᠦᠯᠦᠨ | ᠣᠷᠤᠭᠤᠯᠤᠭᠠᠳ ᠮᠡᠳᠡᠭᠦᠯᠦᠭᠰᠡᠨ ᠦᠭᠡᠢ ᠪᠠᠶᠢᠳᠠᠯ ᠢ ᠣᠯᠵᠤ ᠮᠡᠳᠡᠪᠡᠯ᠂ ᠲᠤᠬᠠᠢ ᠶᠢᠨ ᠭᠠᠵᠠᠷ ᠤᠨ ᠵᠠᠰᠠᠭ ᠤᠨ | ᠣᠷᠳᠣᠨ ᠵᠢᠴᠢ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠲᠤ ᠴᠠᠭ ᠲᠤᠬᠠᠢ ᠳᠤᠨᠢ ᠮᠡᠳᠡᠭᠦᠯᠬᠦ ᠬᠡᠷᠡᠭᠲᠡᠢ | ᠃ ᠮᠠᠯ ᠤᠨ ᠡᠵᠡᠨ ᠬᠡᠷᠪᠡ ᠣᠷᠭᠢᠭᠳᠠᠭᠤᠯᠤᠨ ᠮᠡᠳᠡᠭᠦᠯᠬᠦ ᠪᠤᠶᠤ ᠮᠡᠳᠡᠭᠦᠯᠬᠦ ᠦᠭᠡᠢ ᠪᠠᠶᠢᠭᠠᠳ ᠬᠢᠵᠢᠭ ᠭᠠᠷᠤᠭᠰᠠᠨ | ᠪᠣᠯ ᠬᠤᠯᠪᠣᠭᠳᠠᠯ ᠪᠦᠬᠦᠢ ᠬᠠᠤᠯᠢ ᠴᠠᠭᠠᠵᠠ ᠶᠢᠨ ᠶᠣᠰᠣᠭᠠᠷ ᠰᠢᠢᠳᠪᠦᠷᠢᠯᠡᠬᠦ ᠬᠡᠷᠡᠭᠲᠡᠢ᠃ | 2.ᠰᠢᠯᠵᠢᠭᠦᠯᠦᠨ ᠲᠡᠭᠡᠭᠡᠪᠦᠷᠢᠯᠡᠬᠦ ᠬᠢᠵᠢᠭ ᠤᠨ ᠪᠠᠶᠢᠴᠠᠭᠠᠯᠳᠠ ᠶᠢᠨ ᠱᠠᠭᠠᠷᠳᠠᠯᠭ᠎ᠠ ᠶᠢ ᠴᠢᠩᠭ᠎ᠠ | ᠨᠠᠶᠢᠳᠠᠪᠤᠷᠢᠵᠢᠭᠤᠯᠬᠤ ᠬᠡᠷᠡᠭᠲᠡᠢ᠃ ᠬᠢᠵᠢᠭ ᠪᠠᠶᠢᠴᠠᠭᠠᠵᠤ ᠭᠡᠷᠡᠴᠢ ᠭᠠᠷᠭᠠᠬᠤ ᠶᠢ ᠵᠢᠷᠤᠮᠵᠢᠭᠤᠯᠵᠤ᠂ ᠬᠢᠵᠢᠭ | ᠪᠠᠶᠢᠴᠠᠭᠠᠵᠤ ᠬᠢᠨᠠᠨ ᠬᠠᠮᠢᠶᠠᠷᠬᠤ ᠶᠢ ᠴᠢᠩᠭᠠᠷᠠᠭᠤᠯᠤᠨ᠂ ᠠᠮᠢᠲᠠᠨ ᠤ ᠬᠢᠵᠢᠭ ᠪᠠᠶᠢᠴᠠᠭᠠᠬᠤ ᠶᠢ ᠭᠤᠶᠤᠴᠢᠯᠠᠨ | ᠮᠡᠳᠡᠭᠦᠯᠬᠦ᠂ ᠮᠡᠳᠡᠭᠦᠯᠬᠦ ᠳᠦᠷᠢᠮ ᠢ ᠪᠣᠳᠠᠲᠠᠶᠢᠵᠢᠭᠤᠯᠬᠤ ᠶᠢ ᠴᠢᠩᠭ᠎ᠠ ᠨᠠᠶᠢᠳᠠᠪᠤᠷᠢᠵᠢᠭᠤᠯᠵᠤ᠂ ᠠᠮᠢᠲᠠᠨ ᠢ | ᠰᠢᠯᠵᠢᠭᠦᠯᠦᠨ ᠲᠡᠭᠡᠭᠡᠪᠦᠷᠢᠯᠡᠬᠦ ᠪᠦᠬᠦ ᠶᠠᠪᠤᠴᠠ ᠶᠢ ᠮᠥᠷᠳᠡᠬᠦ ᠶᠢ ᠪᠡᠶᠡᠯᠡᠭᠦᠯᠬᠦ ᠬᠡᠷᠡᠭᠲᠡᠢ᠃ ᠦᠬᠡᠷ ᠬᠤᠨᠢ | ᠣᠷᠤᠭᠤᠯᠤᠭᠰᠠᠨ ᠲᠡᠵᠢᠭᠡᠨ ᠦᠷᠡᠵᠢᠭᠦᠯᠬᠦ ᠲᠠᠯᠠᠪᠠᠢ ︵ᠡᠷᠦᠬᠡ︶ ᠨᠢ 24 ᠴᠠᠭ ᠤᠨ ᠳᠣᠲᠣᠷ᠎ᠠ ᠲᠣᠰᠬᠤᠨ ᠤ | ᠵᠥᠪᠯᠡᠯ᠂ ᠠᠯᠪᠠᠨ ᠤ ᠮᠠᠯ ᠡᠮᠨᠡᠯᠭᠡ ᠪᠤᠶᠤ ᠬᠠᠮᠵᠢᠨ ᠪᠠᠶᠢᠴᠠᠭᠠᠭᠴᠢ ᠳᠤ ᠰᠠᠨᠠᠭᠠᠴᠢᠯᠠᠭ᠎ᠠ ᠠᠴᠠ ᠪᠠᠨ ᠮᠡᠳᠡᠭᠦᠯᠵᠤ᠂ | ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠠᠴᠠ ᠠᠯᠪᠠᠨ ᠤ ᠮᠠᠯ ᠡᠮᠨᠡᠯᠭᠡ ᠪᠤᠶᠤ ᠬᠠᠮᠵᠢᠨ | ᠪᠠᠶᠢᠴᠠᠭᠠᠭᠴᠢ ᠲᠣᠮᠢᠯᠠᠨ ᠡᠳᠡᠭᠡᠷ ᠦᠬᠡᠷ ᠬᠤᠨᠢᠨ ᠳᠤ ᠰᠢᠯᠵᠢᠬᠦ ᠶᠢ ᠬᠢᠵᠠᠭᠠᠷᠯᠠᠬᠤ ᠠᠷᠭ᠎ᠠ ᠬᠡᠮᠵᠢᠶ᠎ᠡ ᠠᠪᠴᠤ᠂ | ᠭᠡᠷᠡᠴᠢ ᠪᠣᠳᠠᠰ ᠨᠢ ᠬᠠᠷᠢᠯᠴᠠᠨ ᠨᠡᠶᠢᠴᠡᠭᠰᠡᠨ ᠡᠰᠡᠬᠦ ᠶᠢ ᠪᠠᠶᠢᠴᠠᠭᠠᠨ ᠬᠠᠷᠭᠤᠭᠤᠯᠵᠤ᠂ ᠣᠯᠠᠨ ᠨᠡᠶᠢᠲᠡ ᠶᠢᠨ ᠪᠠ | ᠬᠤᠪᠢ ᠬᠥᠮᠦᠨ ᠤ ᠡᠷᠡᠭᠦᠯ ᠴᠢᠭᠢᠷᠠᠭ ᠪᠠᠶᠢᠬᠤ ᠡᠰᠡᠬᠦ ᠶᠢ ᠪᠠᠶᠢᠴᠠᠭᠠᠵᠤ᠂ ᠬᠡᠷᠡᠭᠴᠡᠭᠡ ᠪᠠᠨ ᠦᠨᠳᠦᠰᠦᠯᠡᠨ ᠨᠥᠬᠦᠵᠦ | ᠡᠭᠡᠯᠢᠯᠡᠬᠦ᠂ ᠪᠠᠶᠢᠴᠠᠭᠠᠨ ᠰᠢᠯᠭᠠᠬᠤ ᠠᠵᠢᠯ ᠢ ᠰᠠᠶᠢᠲᠤᠷ ᠬᠢᠬᠦ ᠬᠡᠷᠡᠭᠲᠡᠢ᠃ ᠬᠢᠵᠢᠭ ᠤᠨ ᠪᠠᠶᠢᠴᠠᠭᠠᠯᠲᠠ ᠶᠢᠨ ᠭᠡᠷᠡᠴᠢ | ᠦᠭᠡᠢ ᠪᠠᠷ ᠦᠬᠡᠷ ᠬᠤᠨᠢ ᠶᠢ ᠰᠢᠯᠵᠢᠭᠦᠯᠦᠨ ᠣᠷᠤᠭᠤᠯᠤᠭᠰᠠᠨ ᠪᠠᠶᠢᠳᠠᠯ ᠢ ᠣᠯᠵᠤ ᠮᠡᠳᠡᠪᠡᠯ᠂ ᠪᠤᠭᠤᠲᠤ | ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ | ᠰᠠᠯᠪᠤᠷᠢ ᠠᠩᠭᠢ ᠳᠤ ᠮᠡᠳᠡᠭᠦᠯᠵᠦ ᠰᠢᠳᠬᠡᠨ ᠲᠣᠷᠭᠠᠨ᠎ᠠ᠃ ᠮᠠᠯ ᠤᠨᠤᠭ᠎ᠠ ᠲᠡᠵᠢᠭᠡᠪᠦᠷᠢ ᠵᠢᠭᠦᠷᠲᠡᠨ ᠲᠡᠭᠡᠭᠡᠪᠦᠷᠢᠯᠡᠬᠦ | ᠲᠡᠷᠭᠡ ᠬᠥᠰᠬᠡ ᠪᠣᠯᠤᠨ ᠬᠥᠮᠦᠰ ᠢ ᠳᠠᠩᠰᠠᠯᠠᠬᠤ ᠳᠦᠷᠢᠮ ᠢ ᠦᠷᠭᠦᠯᠵᠢᠯᠡᠨ ᠲᠦᠯᠬᠢᠨ ᠠᠬᠢᠭᠤᠯᠵᠤ᠂ ᠠᠮᠢᠳᠤ ᠮᠠᠯ ᠢ | ᠣᠷᠣᠨ ᠪᠦᠰᠡ ᠠᠯᠤᠰᠯᠠᠨ ᠲᠣᠬᠢᠷᠠᠭᠤᠯᠤᠨ ᠲᠡᠭᠡᠭᠡᠪᠦᠷᠢᠯᠡᠬᠦ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ | ᠮᠠᠯ ᠤᠨ ᠬᠤᠭᠤᠷᠣᠨᠳᠣᠬᠢ ᠪᠷᠦ᠋ᠼᠧᠯ ᠡᠪᠡᠳᠴᠢᠨ ᠤ ᠣᠷᠣᠨ ᠪᠦᠰᠡ ᠠᠯᠤᠰᠯᠠᠨ ᠬᠠᠯᠳᠠᠪᠤᠷᠢᠯᠠᠬᠤ ᠶᠢ ᠰᠡᠷᠭᠡᠶᠢᠯᠡᠨ | ᠬᠤᠷᠢᠭᠯᠠᠬᠤ ᠬᠡᠷᠡᠭᠲᠡᠢ᠃ ᠮᠤᠵᠢ ᠠᠯᠤᠰᠯᠠᠨ ᠰᠢᠯᠵᠢᠭᠦᠯᠦᠨ ᠲᠡᠭᠡᠭᠡᠪᠦᠷᠢᠯᠡᠬᠦ ᠶᠢ ᠬᠢᠨᠠᠨ ᠬᠠᠮᠢᠶᠠᠷᠬᠤ ᠡᠷᠴᠢᠮ ᠢᠶᠠᠨ | ᠴᠢᠩᠭᠠᠷᠠᠭᠤᠯᠵᠤ᠂ ᠪᠷᠦ᠋ᠼᠧᠯ ᠡᠪᠡᠳᠴᠢᠨ ᠳᠤ ᠠᠮᠠᠷᠬᠠᠨ ᠨᠡᠷᠪᠡᠭᠳᠡᠳᠡᠭ ᠠᠮᠢᠳᠠᠨ ᠢ ᠲᠦᠭᠰᠢᠬᠦᠷᠢ ᠶᠡᠭᠡ ᠣᠷᠣᠨ | ᠪᠦᠰᠡ ︵ ᠡᠭᠡᠯᠢᠯᠡᠬᠦ ᠣᠷᠣᠨ︶ ᠠᠴᠠ ᠲᠦᠭᠰᠢᠭᠦᠷᠢ ᠪᠠᠭᠠᠲᠠᠢ ᠣᠷᠣᠨ ︵ᠦᠯᠦ ᠡᠭᠡᠯᠢᠯᠡᠬᠦ ᠣᠷᠣᠨ︶ ᠲᠡᠰᠢ | ᠰᠢᠯᠵᠢᠭᠦᠯᠦᠨ ᠲᠡᠭᠡᠭᠡᠪᠦᠷᠢᠯᠡᠬᠦ ᠶᠢ ᠴᠠᠭᠠᠵᠠᠯᠠᠨ᠎ᠠ᠃ | 3. ᠨᠡᠶᠢᠭᠡᠮ ᠤᠨ ᠬᠦᠴᠦᠨ ᠢ ᠪᠠᠳᠠᠷᠠᠭᠤᠯᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠢ᠃ ᠮᠠᠯ ᠤᠨ | ᠬᠤᠭᠤᠷᠣᠨᠳᠣᠬᠢ ᠪᠷᠦ᠋ᠼᠧᠯ ᠡᠪᠡᠳᠴᠢᠨ ᠢ ᠲᠣᠭᠤᠷᠢᠨ ᠪᠠᠶᠢᠴᠠᠭᠠᠬᠤ ᠪᠠ ᠱᠠᠩᠨᠠᠬᠤ ᠳᠦᠷᠢᠮ ᠢ ᠪᠠᠶᠢᠭᠤᠯᠵᠤ᠂ | ᠲᠣᠰᠬᠤᠨ ᠤ ᠺᠠᠳ᠋ᠷ᠂ ᠦᠨᠳᠦᠰᠦᠨ ᠱᠠᠲᠤᠨ ᠤ ᠬᠢᠵᠢᠭ ᠢ ᠰᠡᠷᠭᠡᠶᠢᠯᠡᠬᠦ ᠠᠵᠢᠯᠲᠠᠨ ᠲᠣᠭᠤᠷᠢᠨ ᠪᠠᠶᠢᠴᠠᠭᠠᠨ᠎ᠠ ︵ᠦᠬᠡᠷ | ᠬᠤᠨᠢ ᠠᠷᠠᠯᠵᠢᠶᠠᠯᠠᠨ ᠲᠡᠭᠡᠭᠡᠪᠦᠷᠢᠯᠡᠬᠦ᠂ ᠰᠢᠯᠵᠢᠭᠦᠯᠦᠨ ᠲᠡᠭᠡᠭᠡᠪᠦᠷᠢᠯᠡᠬᠦ᠂ ᠠᠷᠠᠴᠢᠯᠠᠨ ᠬᠠᠮᠢᠶᠠᠷᠬᠤ ᠵᠡᠷᠭᠡ ᠳᠤ | ᠭᠤᠣᠯᠳᠠᠯᠭ᠎ᠠ ᠲᠠᠢ ᠴᠢᠭᠯᠡᠭᠦᠯᠦᠨ᠎ᠡ︶ ᠃ ᠬᠠᠷᠢᠶ᠎ᠠ ᠣᠷᠣᠨ ᠤ ᠳᠣᠲᠣᠷᠠᠬᠢ ᠪᠦᠭᠦᠶᠢᠯᠠ ᠨᠢᠭᠡᠴᠡ ᠪᠠ ᠬᠤᠪᠢ | ᠬᠥᠮᠦᠨ ᠦᠨᠡᠮᠯᠡᠯ ᠦᠭᠡᠢ ᠪᠠᠷ ᠰᠢᠯᠵᠢᠭᠦᠯᠦᠨ ᠣᠷᠣᠭᠤᠯᠬᠤ᠂ ᠰᠢᠯᠵᠢᠭᠦᠯᠦᠨ ᠭᠠᠷᠭᠠᠬᠤ ᠵᠢᠴᠢ ᠣᠷᠤᠭᠤᠯᠤᠭᠠᠳ | ᠮᠡᠳᠡᠭᠦᠯᠬᠦ ᠦᠭᠡᠢ ᠵᠡᠷᠭᠡ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠣᠯᠵᠤ ᠮᠡᠳᠡᠪᠡᠯ ᠰᠤᠮᠤ | ᠪᠠᠯᠭᠠᠰᠤ᠂ ᠵᠡᠭᠡᠯᠢ ᠭᠤᠳᠤᠮᠵᠢ ᠂ ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠪᠤᠶᠤ ᠪᠤᠭᠤᠲᠤ | ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ | ᠰᠠᠯᠪᠤᠷᠢ ᠠᠩᠭᠢ ᠳᠤ ᠢᠯᠡᠴᠢᠯᠡᠨ ᠮᠡᠳᠡᠭᠦᠯᠵᠦ ᠪᠣᠯᠤᠨ᠎ᠠ᠃ ᠢᠯᠡᠴᠢᠯᠡᠨ ᠮᠡᠳᠡᠭᠦᠯᠦᠭᠰᠡᠨ ᠢ ᠬᠠᠷᠭᠤᠭᠤᠯᠤᠨ | ᠪᠠᠶᠢᠴᠠᠭᠠᠬᠤ ᠪᠠᠷ ᠳᠠᠮᠵᠢᠨ ᠪᠦᠲᠦᠮᠵᠢᠲᠡᠢ ᠢᠯᠡᠴᠢᠯᠡᠨ ᠮᠡᠳᠡᠭᠦᠯᠦᠭᠰᠡᠨ ᠪᠠᠶᠢᠪᠠᠯ᠂ 500 ᠲᠥᠭᠦᠷᠢᠭ ᠱᠠᠩᠨᠠᠬᠤ ᠶᠢᠨ | ᠬᠠᠮᠲᠤ ᠢᠯᠡᠴᠢᠯᠡᠨ ᠮᠡᠳᠡᠭᠦᠯᠦᠭᠴᠢ ᠳᠤ ᠨᠢᠭᠤᠴᠠ ᠶᠢ ᠬᠠᠮᠠᠭᠠᠯᠠᠬᠤ ᠠᠵᠢᠯ ᠢ ᠰᠠᠶᠢᠲᠤᠷ ᠬᠢᠬᠦ ᠬᠡᠷᠡᠭᠲᠡᠢ᠃ | ︵ᠨᠠᠢᠮᠠ︶ ᠪᠷᠦ᠋ᠼᠧᠯ ᠡᠪᠡᠳᠴᠢᠨ ᠢ ᠰᠡᠷᠭᠡᠶᠢᠯᠡᠨ ᠡᠵᠡᠮᠳᠡᠬᠦ ᠤᠬᠠᠭᠤᠯᠭ᠎ᠠ ᠶᠢᠨ ᠪᠣᠯᠪᠠᠰᠤᠷᠠᠯ ᠢ ᠦᠷᠭᠦᠯᠵᠢᠯᠡᠨ | ᠰᠠᠶᠢᠲᠤᠷ ᠬᠢᠨ᠎ᠡ᠃ | ᠤᠬᠠᠭᠤᠯᠭ᠎ᠠ ᠶᠢᠨ ᠬᠠᠭᠤᠳᠠᠰᠤ ᠲᠠᠷᠬᠠᠭᠠᠬᠤ᠂ ᠤᠬᠠᠭᠤᠯᠭ᠎ᠠ ᠶᠢᠨ ᠵᠢᠷᠤᠭ ᠨᠠᠭᠠᠬᠤ᠂ ᠪᠣᠯᠪᠠᠰᠤᠷᠠᠯ ᠤᠨ ᠠᠩᠭᠢ | ᠡᠷᠬᠢᠯᠡᠬᠦ ᠵᠡᠷᠭᠡ ᠣᠯᠠᠨ ᠵᠦᠢᠯ ᠤᠨ ᠠᠷᠭ᠎ᠠ ᠪᠠᠷᠢᠯ ᠢᠶᠠᠷ ᠳᠠᠮᠵᠢᠭᠤᠯᠤᠨ ᠲᠣᠰᠬᠤᠨ ᠳᠤ ᠬᠦᠷᠴᠦ ᠪᠷᠦ᠋ᠼᠧᠯ | ᠡᠪᠡᠳᠴᠢᠨ ᠢ ᠰᠡᠷᠭᠡᠶᠢᠯᠡᠨ ᠵᠠᠰᠠᠬᠤ ᠲᠥᠷᠥ ᠶᠢᠨ ᠪᠣᠳᠣᠯᠭ᠎ᠠ ᠪᠠ ᠠᠷᠭ᠎ᠠ ᠬᠡᠮᠵᠢᠶ᠎ᠡ ᠶᠢᠨ ᠤᠬᠠᠭᠤᠯᠭ᠎ᠠ ᠶᠢ | ᠦᠷᠭᠦᠯᠵᠢᠯᠡᠨ ᠬᠢᠵᠦ᠂ ᠪᠷᠦ᠋ᠼᠧᠯ ᠡᠪᠡᠳᠴᠢᠨ ᠢ ᠰᠡᠷᠭᠡᠶᠢᠯᠡᠨ ᠵᠠᠰᠠᠬᠤ ᠮᠡᠳᠡᠯᠭᠡ ᠶᠢ ᠲᠦᠭᠡᠮᠡᠯᠵᠢᠭᠦᠯᠦᠨ᠎ᠡ᠃ ᠡᠷᠡᠭᠦᠯ | ᠮᠡᠨᠳᠦ ᠢᠳᠡᠭᠡᠨ ᠤᠮᠳᠠᠭᠠᠨ ᠤ ᠳᠠᠳᠬᠠᠯ ᠲᠠᠢ ᠪᠣᠯᠬᠤ ᠶᠢ ᠰᠠᠨᠠᠭᠠᠴᠢᠯᠠᠵᠤ᠂ ᠪᠤᠯᠭᠤᠭᠰᠠᠨ ᠦᠭᠡᠢ ᠦᠬᠡᠷ ᠬᠤᠨᠢᠨ | ᠮᠢᠬ᠎ᠠ ᠢᠳᠡᠬᠦ ᠦᠭᠡᠢ᠂ ᠪᠠᠺᠲ᠋ᠧᠷᠢ ᠠᠯᠠᠵᠤ ᠠᠷᠢᠭᠤᠳᠬᠠᠭᠰᠠᠨ ᠦᠭᠡᠢ ᠲᠦᠭᠦᠬᠡᠢ ᠰᠦ ᠤᠤᠭᠤᠬᠤ ᠦᠭᠡᠢ᠃ | ᠭᠤᠣᠯᠳᠠᠯᠭ᠎ᠠ ᠲᠠᠢ ᠬᠥᠮᠦᠰ ᠲᠤ ᠲᠤᠰᠬᠠᠢ ᠤᠬᠠᠭᠤᠯᠭ᠎ᠠ ᠬᠢᠵᠦ᠂ ᠰᠡᠷᠭᠡᠶᠢᠯᠡᠬᠦ ᠦᠵᠡᠯ ᠤᠬᠠᠮᠰᠠᠷ ᠢᠶᠠᠨ | ᠴᠢᠩᠭᠠᠷᠠᠭᠤᠯᠤᠨ᠂ ᠠᠷᠢᠭᠤᠳᠬᠠᠬᠤ᠂ ᠲᠤᠰᠠᠭᠠᠷᠯᠠᠬᠤ ᠵᠡᠷᠭᠡ ᠰᠡᠷᠭᠡᠶᠢᠯᠡᠨ ᠬᠠᠮᠠᠭᠠᠯᠠᠬᠤ ᠠᠷᠭ᠎ᠠ ᠬᠡᠮᠵᠢᠶ᠎ᠡ ᠶᠢ | ᠵᠢᠯᠣᠭᠤᠳᠤᠨ ᠰᠠᠶᠢᠲᠤᠷ ᠬᠢᠬᠦ ᠬᠡᠷᠡᠭᠲᠡᠢ᠃ ᠠᠮᠢᠲᠠᠨ ᠤ ᠬᠢᠵᠢᠭ ᠰᠡᠷᠭᠡᠶᠢᠯᠡᠬᠦ ᠬᠢᠵᠢᠭ ᠪᠠᠶᠢᠴᠠᠭᠠᠬᠤ ᠠᠵᠢᠯᠲᠠᠨ ᠤ | ᠲᠥᠪᠯᠡᠷᠡᠩᠭᠦᠢ ᠪᠣᠯᠪᠠᠰᠤᠷᠠᠭᠤᠯᠤᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠠᠵᠢᠯᠯᠠᠭᠠᠨ ᠤ ᠵᠢᠷᠤᠮᠵᠢᠯ᠂ | ᠰᠡᠷᠭᠡᠶᠢᠯᠡᠯᠲᠡ ᠬᠠᠮᠠᠭᠠᠯᠠᠯᠲᠠ ᠶᠢ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠢ᠃ | ︵ᠶᠢᠰᠦ︶ ᠬᠢᠨᠠᠠ ᠪᠠᠶᠢᠴᠠᠭᠠᠬᠤ ᠠᠵᠢᠯ ᠢ ᠰᠠᠶᠢᠲᠤᠷ ᠬᠢᠬᠦ ᠭᠡᠷᠡᠭᠳᠡᠢ᠃ | ᠲᠣᠭᠲᠠᠮᠠᠯ ᠬᠤᠭᠤᠴᠠᠭ᠎ᠠ ᠲᠠᠢ ᠪᠤᠶᠤ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠪᠷᠦ᠋ᠼᠧᠯ ᠡᠪᠡᠳᠴᠢᠨ ᠢ | ᠰᠡᠷᠭᠡᠶᠢᠯᠡᠨ ᠡᠵᠡᠮᠳᠡᠬᠦ ᠠᠵᠢᠯ ᠪᠠ ᠬᠢᠨᠠᠨ ᠵᠢᠯᠣᠭᠤᠳᠴᠤ ᠪᠠᠶᠢᠴᠠᠭᠠᠬᠤ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ | ᠪᠠᠶᠢᠴᠠᠭᠠᠬᠤ ᠠᠭᠤᠯᠭ᠎ᠠ ᠳᠤ ᠪᠷᠦ᠋ᠼᠧᠯ ᠡᠪᠡᠳᠴᠢᠨ ᠤ ᠠᠵᠢᠯ ᠤᠨ ᠲᠣᠬᠢᠷᠠᠭᠤᠯᠤᠯᠲᠠ᠂ ᠡᠭᠡᠯᠢᠯᠡᠭᠡ ᠶᠢᠨ ᠨᠢᠭᠲᠠᠴᠠ᠂ | ᠲᠡᠮᠳᠡᠭ ᠵᠡᠭᠦᠬᠦ ᠨᠣᠷᠮ᠎ᠠ᠂ ᠡᠭᠡᠯᠢᠯᠡᠭᠡ ᠶᠢᠨ ᠦᠷ᠎ᠡ ᠪᠦᠲᠦᠮᠵᠢ᠂ ᠡᠬᠢ ᠡᠭᠦᠰᠦᠯ ᠠᠴᠠ ᠨᠢ ᠠᠷᠢᠭᠤᠳᠬᠠᠬᠤ᠂ | ᠭᠠᠷᠤᠯᠲᠠ ᠶᠢᠨ ᠣᠷᠣᠨ ᠤ ᠬᠢᠵᠢᠭ ᠤᠨ ᠪᠠᠶᠢᠴᠠᠭᠠᠯᠲᠠ᠂ ᠡᠭᠡᠯᠢᠯᠡᠭᠡ ᠶᠢᠨ ᠳᠠᠩᠰᠠ ᠡᠪᠬᠡᠮᠡᠯ ᠪᠠᠶᠢᠭᠤᠯᠬᠤ ᠵᠡᠷᠭᠡ ᠶᠢ | ᠪᠠᠭᠲᠠᠭᠠᠵᠤ᠂ ᠢᠯᠡᠷᠡᠭᠦᠯᠦᠭᠰᠡᠨ ᠠᠰᠠᠭᠤᠳᠠᠯ ᠢ ᠪᠦᠬᠦ ᠲᠤᠭᠤᠷᠢᠭ ᠲᠤ ᠵᠠᠷᠯᠠᠨ ᠮᠡᠳᠡᠭᠳᠡᠨ᠎ᠡ᠃ ᠡᠭᠦᠨ ᠤ ᠬᠠᠮᠲᠤ | ᠵᠢᠯ ᠲᠤᠷᠰᠢᠳᠠ ᠡᠭᠡᠯᠢᠯᠡᠭᠡ ᠶᠢᠨ ᠨᠢᠭᠲᠠᠴᠠ 90% ᠳᠤ ᠬᠦᠷᠬᠦ ᠦᠭᠡᠢ᠂ ᠴᠢᠰᠤ ᠲᠠᠲᠠᠵᠤ ᠬᠢᠨᠠᠨ ᠬᠡᠮᠵᠢᠭᠡᠳ | ᠠᠷᠭ᠎ᠠ ᠶᠢᠨ ᠰᠢᠯᠵᠢᠯᠲᠡ ᠶᠢᠨ ᠨᠤᠷᠮ᠎ᠠ 80% ᠠᠴᠠ ᠳᠡᠭᠡᠭᠰᠢ ᠳᠤ ᠬᠦᠷᠦᠭᠰᠡᠨ ᠦᠭᠡᠢ ᠪᠠᠶᠢᠪᠠᠯ᠂ ᠲᠣᠭᠤᠷᠢᠭ ᠤᠨ | ᠵᠠᠰᠠᠭ ᠤᠨ ᠣᠷᠳᠣᠨ ᠤ ᠤᠳᠤᠷᠢᠳᠤᠯᠭ᠎ᠠ ᠠᠴᠠ ᠲᠤᠬᠠᠢ ᠶᠢᠨ ᠭᠠᠵᠠᠷ ᠤᠨ ᠭᠤᠣᠯ ᠤᠳᠤᠷᠢᠳᠤᠯᠭ᠎ᠠ ᠳᠤ ᠲᠤᠰᠬᠠᠢ | ᠵᠦᠢᠯ ᠤᠨ ᠪᠣᠯᠵᠣᠨ ᠶᠠᠷᠢᠯᠴᠠᠭ᠎ᠠ ᠬᠢᠨ᠎ᠡ᠃ | ᠭᠤᠷᠪᠠ᠂ ᠠᠵᠢᠯ ᠤᠨ ᠱᠠᠭᠠᠷᠳᠠᠯᠭ᠎ᠠ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠬᠤ ᠬᠡᠷᠡᠭᠲᠡᠢ᠃ | ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠢᠲᠠᠨ ᠤ ᠬᠢᠵᠢᠭ ᠰᠡᠷᠭᠡᠶᠢᠯᠡᠬᠦ ᠬᠠᠤᠯᠢ︾ ᠶᠢᠨ | ᠭᠤᠷᠪᠠᠳᠤᠭᠠᠷ ᠵᠦᠢᠯ᠂ ᠨᠠᠶ᠋ᠮᠠᠳᠤᠭᠠᠷ ᠵᠦᠢᠯ ᠪᠣᠯᠤᠨ ︽ᠪᠤᠭᠤᠲᠤ ᠬᠤᠲᠠ ᠶᠢᠨ ᠦᠨᠳᠦᠰᠦᠨ ᠱᠠᠲᠤᠨ ᠤ ᠠᠮᠢᠲᠠᠨ ᠤ | ᠬᠢᠵᠢᠭ ᠰᠡᠷᠭᠡᠶᠢᠯᠡᠭᠴᠢ ᠶᠢᠨ ᠬᠠᠮᠢᠶᠠᠷᠤᠯᠲᠠ ᠶᠢᠨ ᠠᠷᠭ᠎ᠠ︾ ᠶᠢᠨ ᠠᠷᠪᠠᠨ ᠭᠤᠷᠪᠠᠳᠤᠭᠠᠷ ᠵᠦᠢᠯ ᠤᠨ ᠲᠣᠭᠲᠠᠭᠠᠯ᠂ ︽ | ᠣᠷᠣᠨ ᠨᠤᠲᠤᠭ ᠤᠨ ᠡᠯ᠎ᠡ ᠱᠠᠲᠤᠨ ᠤ ᠵᠠᠰᠠᠭ ᠤᠨ ᠣᠷᠳᠣᠨ ᠨᠢ ᠠᠮᠢᠲᠠᠨ ᠤ ᠬᠢᠵᠢᠭ ᠰᠡᠷᠭᠡᠶᠢᠯᠡᠬᠦ ᠠᠵᠢᠯ ᠳᠤ | ᠶᠡᠷᠦᠩᠬᠡᠢ ᠬᠠᠷᠢᠭᠤᠴᠠᠯᠭ᠎ᠠ ᠶᠢ ᠡᠭᠦᠷᠭᠡᠯᠡᠬᠦ᠂ ᠵᠠᠰᠠᠭ ᠤᠨ ᠣᠷᠳᠣᠨ ᠤ ᠭᠤᠣᠯ ᠤᠳᠤᠷᠢᠳᠤᠯᠭ᠎ᠠ ᠨᠢ ᠨᠢᠭᠡᠳᠦᠭᠡᠷ | ᠬᠠᠷᠢᠭᠤᠴᠠᠯᠭ᠎ᠠ ᠡᠭᠦᠷᠭᠡᠯᠡᠭᠴᠢ ᠪᠣᠯᠬᠤ᠂ ᠬᠤᠪᠢᠳᠠᠨ ᠬᠠᠮᠢᠶᠠᠷᠬᠤ ᠤᠳᠤᠷᠢᠳᠤᠯᠭ᠎ᠠ ᠨᠢ ᠭᠤᠣᠯ ᠬᠠᠷᠢᠭᠤᠴᠠᠯᠭᠠᠲᠠᠨ | ᠪᠣᠯᠬᠤ︾ ᠶᠡᠷᠦᠩᠬᠡᠢ ᠱᠠᠭᠠᠷᠳᠠᠯᠭ᠎ᠠ ᠪᠣᠯᠤᠨ ︽ᠬᠠᠷᠢᠶ᠎ᠠ ᠭᠠᠵᠠᠷ ᠲᠤᠨᠢ ᠬᠠᠮᠢᠶᠠᠷᠤᠭᠤᠯᠬᠤ᠂ ᠱᠠᠲᠤ ᠬᠤᠪᠢᠶᠠᠨ | ᠬᠠᠷᠢᠭᠤᠴᠠᠬᠤ︾ ᠵᠠᠷᠴᠢᠮ ᠤᠨ ᠶᠣᠰᠣᠭᠠᠷ᠂ ᠪᠠᠯᠭᠠᠰᠤᠨ ᠤ ᠵᠠᠰᠠᠭ ᠤᠨ ᠣᠷᠳᠣᠨ ᠤ ᠬᠠᠷᠢᠶ᠎ᠠ ᠭᠠᠵᠠᠷ ᠤᠨ | ᠬᠠᠮᠢᠶᠠᠷᠤᠯᠲᠠ ᠶᠢᠨ ᠬᠠᠷᠢᠭᠤᠴᠠᠯᠭ᠎ᠠ᠂ ᠰᠠᠯᠠᠭ᠎ᠠ ᠮᠥᠴᠢᠷ ᠤᠨ ᠬᠢᠨᠠᠨ ᠬᠠᠮᠢᠶᠠᠷᠬᠤ ᠬᠠᠷᠢᠭᠤᠴᠠᠯᠭ᠎ᠠ ᠪᠣᠯᠤᠨ | ᠠᠵᠢᠯᠯᠠᠭᠰᠠᠳ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠦᠨᠡᠨᠬᠦ ᠨᠠᠶᠢᠳᠠᠪᠤᠷᠢᠵᠢᠭᠤᠯᠵᠤ᠂ ᠬᠠᠷᠢᠶ᠎ᠠ | ᠣᠷᠣᠨ ᠤ ᠪᠠᠨ ᠳᠣᠲᠣᠷᠠᠬᠢ ᠮᠠᠯ ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠳᠤ | ᠬᠠᠷᠠᠯᠲᠠᠲᠤ ᠬᠢᠨᠠᠨ ᠰᠢᠯᠭᠠᠬᠤ ᠬᠠᠮᠢᠶᠠᠷᠤᠯᠲᠠ ᠶᠢ ᠬᠡᠷᠡᠭᠵᠢᠭᠦᠯᠵᠦ᠂ ᠦᠨᠳᠦᠰᠦᠨ ᠱᠠᠲᠤᠨ ᠤ ᠡᠩᠨᠡᠭᠡᠨ ᠤ | ᠪᠠᠶᠢᠭᠤᠯᠤᠯᠲᠠ ᠶᠢ ᠪᠠᠬᠢᠵᠢᠭᠦᠯᠦᠨ ᠴᠢᠩᠭᠠᠳᠬᠠᠬᠤ ᠬᠡᠷᠡᠭᠲᠡᠢ᠃ ᠲᠣᠭᠤᠷᠢᠭ ᠤᠨ ᠵᠠᠰᠠᠭ ᠤᠨ ᠣᠷᠳᠣᠨ ᠪᠷᠦ᠋ᠼᠧᠯ | ᠡᠪᠡᠳᠴᠢᠨ ᠢ ᠰᠡᠷᠭᠡᠶᠢᠯᠡᠨ ᠡᠵᠡᠮᠳᠡᠬᠦ ᠠᠵᠢᠯ ᠤᠨ ᠤᠳᠤᠷᠢᠳᠬᠤ ᠳᠤᠭᠤᠶᠢᠯᠠᠩ ︵ᠳᠠᠭᠠᠯᠳᠤᠭᠤᠯᠤᠯ 2 ᠢ ᠦᠵᠡᠭᠡᠷᠡᠢ | ︶ ᠢ ᠪᠠᠶᠢᠭᠤᠯᠵᠤ᠂ ᠪᠷᠦ᠋ᠼᠧᠯ ᠡᠪᠡᠳᠴᠢᠨ ᠢ ᠰᠡᠷᠭᠡᠶᠢᠯᠡᠨ ᠡᠵᠡᠮᠳᠡᠬᠦ ᠠᠵᠢᠯ ᠤᠨ ᠵᠣᠬᠢᠶᠠᠨ ᠪᠠᠶᠢᠭᠤᠯᠤᠯᠲᠠ ᠶᠢᠨ | ᠤᠳᠤᠷᠢᠳᠤᠯᠭ᠎ᠠ ᠪᠠᠨ ᠴᠢᠩᠭᠠᠳᠬᠠᠨ᠎ᠠ᠃ ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠠᠴᠠ | ᠮᠡᠷᠭᠡᠵᠢᠯ ᠤᠨ ᠦᠢᠯᠡᠴᠢᠯᠡᠭᠡᠨ ᠤ ᠵᠢᠯᠣᠭᠤᠳᠬᠤ ᠳᠤᠭᠤᠶᠢᠯᠠᠩ ︵ᠳᠠᠭᠠᠯᠳᠤᠭᠤᠯᠤᠯ 3 ᠶᠢ ᠦᠵᠡᠭᠡᠷᠡᠢ︶ ᠪᠠᠶᠢᠭᠤᠯᠵᠤ | ᠂ ᠮᠡᠷᠭᠡᠵᠢᠯ ᠤᠨ ᠵᠢᠯᠣᠭᠤᠳᠣᠯᠭ᠎ᠠ᠂ ᠰᠢᠮᠳᠠᠭᠤᠯᠤᠨ ᠪᠠᠶᠢᠴᠠᠭᠠᠵᠤ ᠮᠡᠳᠡᠭᠡᠯᠡᠬᠦ᠂ ᠰᠢᠯᠭᠠᠨ ᠬᠢᠨᠠᠵᠤ ᠦᠨᠡᠯᠡᠨ ᠵᠢᠱᠢᠬᠦ | ᠵᠡᠷᠭᠡ ᠬᠠᠮᠢᠶᠠᠷᠤᠯᠲᠠ ᠶᠢᠨ ᠠᠵᠢᠯ ᠢ ᠦᠨᠡᠨᠬᠦ ᠰᠠᠶᠢᠲᠤᠷ ᠬᠢᠨ᠎ᠡ᠃ ᠪᠠᠯᠭᠠᠰᠤᠨ ᠤ ᠵᠠᠰᠠᠭ ᠤᠨ ᠣᠷᠳᠣᠨ ᠨᠢ | ᠲᠣᠰᠬᠤᠨ ᠤ ᠠᠷᠠᠳ ᠤᠨ ᠵᠥᠪᠯᠡᠯ ᠵᠢᠴᠢ ᠬᠠᠮᠢᠶ᠎ᠠ ᠪᠦᠬᠦᠢ ᠥᠷᠲᠡᠭᠡ ᠭᠠᠵᠠᠷ ᠢ ᠢᠳᠡᠪᠬᠢᠲᠡᠢ ᠵᠣᠬᠢᠴᠠᠭᠤᠯᠵᠤ᠂ | ᠬᠠᠮᠵᠢᠯᠴᠠᠬᠤ ᠶᠢᠨ ᠬᠠᠮᠲᠤ ᠲᠤᠰ ᠣᠷᠣᠨ ᠪᠦᠰᠡ ᠶᠢᠨ ᠳᠣᠲᠣᠷᠠᠬᠢ ᠲᠡᠵᠢᠭᠡᠨ ᠦᠷᠡᠵᠢᠭᠦᠯᠬᠦ ᠲᠠᠯᠠᠪᠠᠢ ︵ᠡᠷᠦᠬᠡ︶ | ᠶᠢ ᠵᠣᠬᠢᠶᠠᠨ ᠪᠠᠶᠢᠭᠤᠯᠵᠤ ᠡᠭᠡᠯᠢᠯᠡᠭᠡ᠂ ᠬᠢᠨᠠᠨ ᠬᠡᠮᠵᠢᠬᠦ᠂ ᠠᠷᠢᠭᠤᠳᠬᠠᠬᠤ᠂ ᠰᠢᠯᠵᠢᠭᠦᠯᠦᠨ ᠲᠡᠭᠡᠭᠡᠪᠦᠷᠢᠯᠡᠬᠦ ᠶᠢ | ᠬᠢᠨᠠᠨ ᠬᠠᠮᠢᠶᠠᠷᠬᠤ ᠵᠡᠷᠭᠡ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠵᠦ᠂ ᠠᠵᠢᠯ ᠤᠨ ᠨᠡᠶᠢᠯᠡᠮᠡᠯ | ᠬᠦᠴᠦᠨ ᠢ ᠪᠣᠢ ᠪᠣᠯᠭᠠᠵᠤ᠂ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ | ᠦᠷ᠎ᠡ ᠪᠦᠲᠦᠮᠵᠢ ᠣᠯᠬᠤ ᠶᠢ ᠦᠨᠡᠨᠬᠦ ᠪᠠᠲᠤᠯᠠᠬᠤ ᠬᠡᠷᠡᠭᠲᠡᠢ᠃ | ︵ᠬᠤᠶᠠᠷ︶ ᠵᠠᠷᠤᠳᠠᠯ ᠤᠨ ᠣᠷᠣᠭᠤᠯᠤᠯᠲᠠ ᠶᠢ ᠪᠠᠲᠤᠯᠠᠬᠤ ᠭᠡᠷᠡᠭᠳᠡᠢ᠃ | ᠤᠯᠤᠰ᠂ ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠲᠠ ᠶᠢᠨ ᠡᠳ᠋ ᠤᠨ ᠵᠠᠰᠠᠭ ᠤᠨ ᠣᠷᠣᠭᠤᠯᠤᠯᠲᠠ ᠶᠢᠨ | ᠰᠠᠭᠤᠷᠢᠨ ᠳᠡᠭᠡᠷ᠎ᠡ᠂ ᠱᠠᠲᠤ ᠬᠤᠪᠢᠶᠠᠨ ᠬᠠᠷᠢᠭᠤᠴᠠᠬᠤ ᠵᠠᠷᠴᠢᠮ ᠶᠣᠰᠣᠭᠠᠷ᠂ ᠲᠣᠭᠤᠷᠢᠭ ᠤᠨ ᠡᠳ᠋ ᠤᠨ ᠵᠠᠰᠠᠭ ᠤᠨ | ᠲᠣᠪᠴᠢᠶ᠎ᠠ ᠬᠢᠵᠢᠭ ᠤᠨ ᠪᠠᠶᠢᠳᠠᠯ ᠪᠠ ᠰᠡᠷᠭᠡᠶᠢᠯᠡᠨ ᠵᠠᠰᠠᠬᠤ ᠠᠵᠢᠯ ᠤᠨ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ᠂ | ᠪᠷᠦ᠋ᠼᠧᠯ ᠡᠪᠡᠳᠴᠢᠨ ᠢ ᠰᠡᠷᠭᠡᠶᠢᠯᠡᠨ ᠡᠵᠡᠮᠳᠡᠬᠦ ᠪᠡᠯᠡ ᠮᠥᠩᠭᠦ ᠶᠢ ᠴᠠᠭ ᠲᠤᠬᠠᠢ ᠳᠤᠨᠢ ᠭᠦᠢᠴᠡᠳ ᠲᠤᠭ᠎ᠠ ᠪᠠᠷ | ᠲᠣᠬᠢᠷᠠᠭᠤᠯᠵᠤ ᠂ ᠪᠷᠦ᠋ᠼᠧᠯ ᠡᠪᠡᠳᠴᠢᠨ ᠢ ᠠᠯᠪᠠᠳᠠᠯᠭ᠎ᠠ ᠪᠠᠷ ᠡᠭᠡᠯᠢᠯᠡᠬᠦ᠂ ᠣᠷᠤᠭᠤᠯᠤᠨ ᠭᠠᠷᠭᠠᠬᠤ ᠶᠢ ᠬᠢᠨᠠᠨ | ᠬᠡᠮᠵᠢᠬᠦ᠂ ᠬᠢᠵᠢᠭ ᠤᠨ ᠪᠠᠶᠢᠳᠠᠯ ᠢ ᠰᠢᠢᠳᠪᠦᠷᠢᠯᠡᠬᠦ᠂ ᠡᠬᠢ ᠡᠭᠦᠰᠦᠯ ᠠᠴᠠ ᠨᠢ ᠠᠷᠢᠭᠤᠳᠬᠠᠵᠤ ᠠᠷᠢᠯᠭᠠᠬᠤ᠂ | ᠭᠠᠷᠤᠯᠲᠠ ᠶᠢᠨ ᠣᠷᠣᠨ ᠤ ᠬᠢᠵᠢᠭ ᠤᠨ ᠪᠠᠶᠢᠴᠠᠭᠠᠯᠲᠠ᠂ ᠠᠵᠢᠯᠲᠠᠨ ᠢ ᠪᠣᠯᠪᠠᠰᠤᠷᠠᠭᠤᠯᠬᠤ᠂ ᠲᠤᠷᠰᠢᠯᠲᠠ ᠶᠢᠨ | ᠲᠠᠰᠤᠭ ᠤᠨ ᠲᠥᠬᠦᠭᠡᠷᠦᠮᠵᠢ ᠲᠤᠷᠰᠢᠯᠲᠠ ᠶᠢᠨ ᠡᠮ ᠵᠢᠴᠢ ᠰᠡᠷᠭᠡᠶᠢᠯᠡᠨ ᠬᠠᠮᠠᠭᠠᠯᠠᠬᠤ ᠬᠡᠷᠡᠭᠰᠡᠯ ᠢ ᠨᠥᠬᠦᠪᠥᠷᠢᠯᠡᠬᠦ | ᠵᠡᠷᠭᠡ ᠠᠵᠢᠯ ᠢ ᠪᠠᠲᠤᠯᠠᠨ᠎ᠠ᠃ | ᠡᠭᠦᠨ ᠤ ᠬᠠᠮᠲᠤ ᠭᠠᠷᠤᠯᠲᠠ ᠶᠢᠨ ᠣᠷᠣᠨ ᠤ ᠬᠢᠵᠢᠭ ᠤᠨ ᠪᠠᠶᠢᠴᠠᠭᠠᠯᠲᠠ ᠶᠢᠨ ᠵᠠᠷᠤᠳᠠᠯ ᠢ ᠲᠥᠰᠦᠪ ᠲᠤ | ᠣᠷᠣᠭᠤᠯᠵᠤ᠂ ᠭᠠᠷᠤᠯᠲᠠ ᠶᠢᠨ ᠣᠷᠣᠨ ᠤ ᠬᠢᠵᠢᠭ ᠤᠨ ᠪᠠᠶᠢᠴᠠᠭᠠᠯᠲᠠ᠂ ᠰᠢᠯᠵᠢᠭᠦᠯᠦᠨ ᠲᠡᠭᠡᠭᠡᠪᠦᠷᠢᠯᠡᠬᠦ ᠶᠢ ᠬᠢᠨᠠᠨ | ᠬᠠᠮᠢᠶᠠᠷᠬᠤ ᠠᠵᠢᠯ ᠤᠨ ᠲᠤᠰᠬᠠᠢ ᠵᠠᠷᠤᠳᠠᠯ ᠤᠨ ᠣᠷᠣᠭᠤᠯᠤᠯᠲᠠ ᠶᠢ ᠨᠡᠮᠡᠭᠳᠡᠭᠦᠯᠬᠦ ᠬᠡᠷᠡᠭᠲᠡᠢ᠃ | ︵ᠭᠤᠷᠪᠠ︶ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠶᠢ ᠴᠢᠩᠭᠠᠳᠬᠠᠨ᠎ᠠ᠃ | ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠨᠢ ᠲᠣᠭᠤᠷᠢᠭ ᠤᠨ ᠡᠷᠡᠭᠦᠯ ᠬᠠᠮᠠᠭᠠᠯᠠᠯ | ᠡᠷᠡᠭᠦᠯ ᠮᠡᠨᠳᠦ ᠶᠢᠨ ᠵᠥᠪᠯᠡᠯ ᠲᠠᠢ ᠢᠳᠡᠪᠬᠢᠲᠡᠢ ᠪᠠᠷ ᠬᠠᠷᠢᠯᠴᠠᠵᠤ᠂ ᠲᠣᠭᠲᠠᠮᠠᠯ ᠪᠤᠰᠤ ᠬᠤᠭᠤᠴᠠᠭ᠎ᠠ ᠲᠠᠢ ᠪᠠᠷ | ᠬᠠᠮᠲᠤᠷᠠᠭᠰᠠᠨ ᠬᠤᠷᠠᠯ ᠬᠤᠷᠠᠯᠳᠤᠭᠤᠯᠤᠨ᠎ᠠ᠃ ᠮᠡᠳᠡᠭᠡ ᠵᠠᠩᠭᠢ ᠶᠢᠨ ᠰᠢᠰᠲ᠋ᠧᠮ ᠤᠨ ᠬᠠᠮᠲᠤ ᠪᠠᠷ ᠡᠳ᠋ᠯᠡᠬᠦ ᠶᠢ | ᠴᠢᠩᠭᠠᠳᠬᠠᠵᠤ᠂ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠬᠠᠮᠲᠤ ᠪᠠᠷ ᠰᠤᠳᠤᠯᠵᠤ᠂ ᠮᠡᠳᠡᠭᠡ ᠵᠠᠩᠭᠢᠵᠢᠯᠲᠠ᠂ | ᠣᠶᠤᠨᠴᠢᠯᠠᠯᠲᠠ᠂ ᠲᠣᠮᠣ ᠳ᠋ᠠᠶᠢᠲ᠋ᠠ ᠵᠡᠷᠭᠡ ᠠᠷᠭ᠎ᠠ ᠪᠠᠷᠢᠯ ᠢᠶᠠᠷ ᠬᠢᠨᠠᠨ ᠬᠠᠮᠢᠶᠠᠷᠬᠤ ᠦᠷ᠎ᠡ ᠪᠦᠲᠦᠮᠵᠢ ᠪᠠ ᠬᠢᠷᠢ | ᠲᠦᠪᠰᠢᠨ ᠢ ᠳᠡᠭᠡᠭᠰᠢᠯᠡᠭᠦᠯᠦᠨ᠎ᠡ᠃ ᠪᠷᠦ᠋ᠼᠧᠯ ᠡᠪᠡᠳᠴᠢᠨ ᠢ ᠰᠡᠷᠭᠡᠶᠢᠯᠡᠨ ᠡᠵᠡᠮᠳᠡᠬᠦ ᠤᠬᠠᠭᠤᠯᠭ᠎ᠠ᠂ ᠬᠢᠨᠠᠨ | ᠵᠢᠯᠣᠭᠤᠳᠴᠤ ᠪᠠᠶᠢᠴᠠᠭᠠᠨ ᠰᠤᠳᠤᠯᠬᠤ᠂ ᠦᠨᠡᠯᠡᠨ ᠵᠢᠱᠢᠬᠦ ᠵᠡᠷᠭᠡ ᠠᠵᠢᠯ ᠢ ᠨᠢᠭᠡᠳᠦᠯᠲᠡᠢ ᠲᠥᠯᠥᠪᠯᠡᠨ ᠠᠬᠢᠭᠤᠯᠬᠤ | ᠪᠠ ᠬᠠᠮᠲᠤ ᠪᠠᠷ ᠥᠷᠨᠢᠭᠦᠯᠵᠦ᠂ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ ᠶᠢᠨ ᠦᠢᠯᠡᠳᠦᠯ ᠢ | ᠭᠦᠢᠴᠡᠳ ᠪᠠᠳᠠᠷᠠᠭᠤᠯᠤᠨ᠎ᠠ᠃ ᠡᠭᠦᠨ ᠤ ᠬᠠᠮᠲᠤ ᠡᠯ᠎ᠡ ᠰᠤᠮᠤ ᠪᠠᠯᠭᠠᠰᠤ ᠵᠡᠭᠡᠯᠢ ᠭᠤᠳᠤᠮᠵᠢ᠂ ᠡᠯ᠎ᠡ ᠬᠠᠮᠢᠶ᠎ᠠ ᠪᠦᠬᠦᠢ | ᠰᠠᠯᠠᠭ᠎ᠠ ᠮᠥᠴᠢᠷ ᠤᠳ ᠲᠤᠰ ᠲᠤᠰ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠨᠢᠭᠲᠠ ᠬᠠᠮᠵᠢᠯᠴᠠᠨ᠂ | ᠪᠷᠦ᠋ᠼᠧᠯ ᠡᠪᠡᠳᠴᠢᠨ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠲᠡᠷᠡ ᠶᠣᠰᠣᠭᠠᠷ ᠨᠢ | ᠪᠣᠳᠠᠲᠠᠢ ᠳᠤ ᠨᠠᠶᠢᠳᠠᠪᠤᠷᠢᠵᠢᠭᠤᠯᠬᠤ ᠬᠡᠷᠡᠭᠲᠡᠢ᠃ | ︵ᠲᠦᠷᠪᠡ︶ ᠡᠮᠬᠢᠯᠡᠵᠦ ᠳᠠᠩᠰᠠᠯᠠᠬᠤ ᠠᠵᠢᠯ ᠢ ᠰᠠᠶᠢᠲᠤᠷ ᠬᠢᠬᠦ ᠬᠢᠨ᠎ᠡ᠃ | ᠲᠣᠭᠤᠷᠢᠭ ᠪᠠᠯᠭᠠᠰᠤ ᠬᠤᠶᠠᠷ ᠱᠠᠲᠤᠨ ᠤ ᠮᠡᠷᠭᠡᠵᠢᠯ ᠤᠨ ᠠᠵᠢᠯᠲᠠᠨ ᠢ ᠵᠣᠬᠢᠶᠠᠨ ᠪᠠᠶᠢᠭᠤᠯᠤᠨ ᠪᠷᠦ᠋ᠼᠧᠯ | ᠡᠪᠡᠳᠴᠢᠨ ᠢ ᠰᠡᠷᠭᠡᠶᠢᠯᠡᠨ ᠡᠵᠡᠮᠳᠡᠬᠦ ᠮᠡᠳᠡᠯᠭᠡ ᠶᠢ ᠤᠬᠠᠭᠤᠯᠬᠤ᠂ ᠰᠢᠯᠵᠢᠭᠦᠯᠦᠨ ᠲᠣᠬᠢᠷᠠᠭᠤᠯᠬᠤ᠂ ᠬᠢᠨᠠᠨ ᠬᠡᠮᠵᠢᠬᠦ᠂ | ᠡᠭᠡᠯᠢᠯᠡᠬᠦ᠂ ᠠᠷᠢᠭᠤᠳᠬᠠᠬᠤ᠂ ᠬᠢᠵᠢᠭ ᠢ ᠪᠠᠶᠢᠴᠠᠭᠠᠵᠤ ᠬᠢᠨᠠᠨ ᠬᠠᠮᠢᠶᠠᠷᠬᠤ ᠵᠡᠷᠭᠡ ᠬᠠᠮᠢᠶ᠎ᠠ ᠪᠦᠬᠦᠢ ᠪᠢᠴᠢᠭ | ᠮᠠᠲ᠋ᠧᠷᠢᠶᠠᠯ᠂ ᠠᠩᠬᠠᠨ ᠤ ᠲᠤᠭ᠎ᠠ ᠪᠠᠷᠢᠮᠲᠠ᠂ ᠮᠡᠳᠡᠭᠦᠯᠬᠦ ᠬᠦᠰᠦᠨᠦᠭᠲᠦ ᠵᠢᠴᠢ ᠭᠡᠷᠡᠯ ᠵᠢᠷᠤᠭ ᠤᠨ ᠮᠠᠲ᠋ᠧᠷᠢᠶᠠᠯ ᠢ ᠴᠠᠭ | ᠲᠤᠬᠠᠢ ᠳᠤᠨᠢ ᠲᠥᠷᠥᠯ ᠬᠤᠪᠢᠶᠠᠨ ᠡᠮᠬᠢᠯᠡᠵᠦ᠂ ᠳᠠᠩᠰᠠ ᠡᠪᠬᠡᠮᠡᠯ ᠳᠤ ᠣᠷᠣᠭᠤᠯᠤᠨ᠎ᠠ᠃ | | | |