ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠤᠨ ᠥᠪᠡᠷᠲᠡᠭᠡᠨ ᠨᠢᠭᠡᠳᠬᠡᠭᠰᠡᠨ ᠲᠤᠭ᠎ᠠ ᠪᠠᠷᠢᠮᠲᠠ ᠶᠢ | ᠦᠨᠳᠦᠰᠦᠯᠡᠪᠡᠯ᠂ ᠵᠢᠥ ᠶᠤᠸᠠᠨ ᠲᠣᠭᠤᠷᠢᠭ ᠤᠨ 1 - 6 ᠰᠠᠷ᠎ᠠ ᠳᠤ ᠬᠠᠷᠢᠶ᠎ᠠ ᠭᠠᠵᠠᠷ ᠤᠨ ᠠᠵᠤ ᠠᠬᠤᠶᠢᠯᠠᠯ ᠤᠨ | ᠭᠠᠳᠠᠭᠠᠳᠤ ᠠᠷᠠᠯᠵᠢᠶᠠᠨ ᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠲᠤᠭ᠎ᠠ ᠬᠡᠮᠵᠢᠶ᠎ᠡ | 65553.54 ᠲᠦᠮᠡᠨ ᠲᠥᠭᠦᠷᠢᠭ ᠢ ᠪᠡᠶᠡᠯᠡᠭᠦᠯᠵᠦ᠂ ᠪᠥᠬᠦ ᠵᠢᠯ ᠤᠨ ᠡᠭᠦᠷᠭᠡ ᠶᠢᠨ ᠪᠡᠶᠡᠯᠡᠭᠦᠯᠦᠭᠰᠡᠨ ᠨᠣᠷᠮ᠎ᠠ 65. | 55% ᠬᠦᠷᠴᠦ᠂ ᠡᠭᠦᠨ ᠳᠤ ᠭᠠᠳᠠᠭᠠᠳᠤ ᠠᠴᠠ ᠣᠷᠣᠭᠤᠯᠤᠭᠰᠠᠨ ᠲᠤᠭ᠎ᠠ 12532.6641 ᠲᠦᠮᠡᠨ | ᠲᠥᠭᠦᠷᠢᠭ᠂ ᠭᠠᠳᠠᠭᠠᠳᠤ ᠠᠴᠠ ᠣᠷᠣᠭᠤᠯᠤᠭᠰᠠᠨ ᠲᠤᠭ᠎ᠠ 53020.88 ᠲᠦᠮᠡᠨ ᠲᠥᠭᠦᠷᠢᠭ ᠪᠠᠶᠢᠨ᠎ᠠ᠃ | ᠡᠭᠦᠨ ᠳᠤ ᠱᠧᠨ ᠬᠤᠸᠠ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ ᠺᠣᠮᠫᠠᠨᠢ 34328.59 | ᠲᠦᠮᠡᠨ ᠲᠥᠭᠦᠷᠢᠭ ᠤᠨ ᠭᠠᠳᠠᠭᠠᠳᠤ ᠭᠠᠷᠭᠠᠯᠲᠠ ᠶᠢᠨ ᠲᠤᠭ᠎ᠠ ᠶᠢ ᠪᠡᠶᠡᠯᠡᠭᠦᠯᠵᠦ᠂ ᠭᠤᠣᠯ ᠪᠣᠯᠬᠤ ᠯᠠᠲ᠋ᠢᠨ ᠠᠮᠧᠷᠢᠺᠠ | ᠂ ᠵᠡᠭᠦᠨ ᠡᠮᠦᠨᠡᠲᠦ ᠠᠽᠢᠶ᠎ᠠ ᠵᠡᠷᠭᠡ ᠭᠠᠵᠠᠷ ᠣᠷᠣᠨ ᠤ ᠤᠯᠤᠰ ᠤᠳ ᠲᠤ ᠭᠠᠷᠭᠠᠵᠦ᠂ ᠠᠳᠠᠯᠢ | ᠬᠤᠭᠤᠴᠠᠭᠠᠨ ᠤ ᠬᠢ ᠠᠴᠠ 56.5% ᠪᠠᠷ ᠨᠡᠮᠡᠭᠳᠡᠪᠡ︔ ᠬᠤᠸᠠ ᠭᠤᠸᠠᠩ ᠲᠡᠮᠦᠷᠯᠢᠭ ᠤᠨ ᠬᠢᠵᠠᠭᠠᠷᠲᠤ ᠺᠣᠮᠫᠠᠨᠢ | ᠭᠠᠳᠠᠭᠠᠳᠤ ᠭᠠᠷᠭᠠᠯᠲᠠ ᠶᠢᠨ ᠲᠤᠭ᠎ᠠ 1306.909 ᠲᠦᠮᠡᠨ ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 31.41% ᠪᠠᠷ ᠨᠡᠮᠡᠭᠳᠡᠨ᠂ ᠭᠤᠣᠯᠳᠠᠭᠤ ᠲᠠᠶᠢᠸᠠᠨ᠂ ᠺᠣᠷᠢᠶᠠ᠂ ᠡᠨᠡᠳᠬᠡᠭ᠂ | ᠰᠯᠤᠸᠧᠨᠢᠶ᠎ᠠ ᠵᠡᠷᠭᠡ ᠭᠠᠵᠠᠷ ᠣᠷᠣᠨ ᠤ ᠤᠯᠤᠰ ᠤᠳ ᠢᠶᠠᠷ ᠭᠠᠷᠭᠠᠪᠠ︔ ᠪᠤᠭᠤᠲᠤ ᠬᠤᠲᠠ ᠶᠢᠨ ᠵᠢᠩ ᠬᠤᠸᠠ | ᠲᠡᠮᠦᠷᠯᠢᠭ ᠺᠠᠯᠼ ᠤᠨ ᠦᠢᠯᠡᠰ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ 517 ᠲᠦᠮᠡᠨ ᠲᠥᠭᠦᠷᠢᠭ ᠤᠨ | ᠭᠠᠳᠠᠭᠠᠳᠤ ᠭᠠᠷᠭᠠᠯᠲᠠ ᠶᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 270.58% ᠪᠠᠷ ᠨᠡᠮᠡᠭᠳᠡᠵᠦ᠂ | ᠭᠤᠣᠯᠳᠠᠭᠤ ᠶᠠᠫᠣᠨ ᠳᠤ ᠭᠠᠷᠭᠠᠵᠦ ᠪᠠᠶᠢᠨ᠎ᠠ᠃ |