ᠵᠢᠦ ᠶᠤᠸᠠᠨ ᠲᠣᠭᠤᠷᠢᠭ ᠤᠨ ᠠᠮᠢ ᠠᠬᠤᠶ ᠶᠢᠨ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠲᠤᠰᠬᠠᠶ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠥᠷᠨᠢᠭᠦᠯᠪᠡ
ᠨᠡᠶᠢᠲᠡᠯᠡᠭᠰᠡᠨ ᠴᠠᠭ᠄
2024/8/14
    ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠵᠢᠷᠤᠮᠵᠢᠭᠰᠠᠨ ᠬᠠᠮᠢᠶᠠᠷᠤᠯᠲᠠ ᠶᠢ ᠴᠢᠩᠭᠠᠳᠬᠠᠵᠤ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠦᠨᠡᠨ ᠬᠦ ᠰᠠᠶᠢᠲᠤᠷ ᠬᠢᠵᠦ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠪᠣᠬᠢᠷᠲᠤᠯ ᠢ ᠰᠡᠷᠭᠡᠶᠢᠯᠡᠨ ᠵᠠᠰᠠᠬᠤ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠤᠯᠠᠮ ᠨᠢᠭᠡ ᠠᠯᠬᠤᠮ ᠪᠠᠶᠢᠭᠤᠯᠤᠨ ᠲᠡᠭᠦᠯᠳᠡᠷᠵᠢᠭᠦᠯᠵᠦ᠂ ᠣᠷᠴᠢᠨ ᠲᠣᠭᠤᠷᠢᠨ ᠤ ᠠᠶᠤᠯ ᠲᠦᠭᠰᠢᠭᠦᠷᠢ ᠶᠢ ᠪᠦᠲᠦᠮᠵᠢᠲᠡᠢ ᠰᠡᠷᠭᠡᠶᠢᠯᠡᠨ ᠡᠵᠡᠮᠳᠡᠬᠦ ᠶᠢᠨ ᠲᠥᠯᠥᠭᠡ᠂ ᠵᠢᠦ ᠶᠤᠸᠠᠨ ᠲᠣᠭᠤᠷᠢᠭ ᠤᠨ ᠠᠮᠢ ᠠᠬᠤᠢ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ ᠪᠦᠬᠦ ᠲᠣᠭᠤᠷᠢᠭ ᠤᠨ ᠬᠡᠪᠴᠢᠶᠡᠨ ᠳᠤ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠲᠤᠰᠬᠠᠢ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢ ᠥᠷᠨᠢᠭᠦᠯᠪᠡ᠃    ᠪᠠᠶᠢᠴᠠᠭᠠᠬᠤ ᠬᠦᠷᠢᠶ᠎ᠡ ᠬᠡᠪᠴᠢᠶ᠎ᠡ ᠨᠢ ᠭᠤᠣᠯᠳᠠᠭᠤ ᠡᠩ ᠤᠨ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠭᠠᠷᠭᠠᠬᠤ ᠨᠢᠭᠡᠴᠡ᠂ ᠠᠶᠤᠯᠲᠠᠢ ᠬᠠᠶᠠᠭᠳᠠᠮᠠᠯ ᠪᠣᠳᠠᠰ ᠭᠠᠷᠭᠠᠬᠤ ᠨᠢᠭᠡᠴᠡ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ᠂ ᠮᠠᠰᠢᠨ ᠲᠡᠷᠭᠡ ᠶᠢ ᠰᠡᠯᠪᠢᠨ ᠵᠠᠰᠠᠬᠤ ᠵᠡᠷᠭᠡ ᠲᠠᠢ ᠬᠤᠯᠪᠣᠭᠳᠠᠨ᠎ᠠ᠃ ᠬᠠᠤᠯᠢ ᠬᠡᠷᠡᠭᠵᠢᠭᠦᠯᠬᠦ ᠠᠵᠢᠯᠲᠠᠨ ᠠᠵᠤ ᠠᠬᠤᠶᠢᠯᠠᠯ ᠳᠤ ᠭᠦᠨᠵᠡᠭᠡᠶᠢᠷᠡᠵᠦ᠂ ᠠᠵᠤ ᠠᠬᠤᠶᠢᠯᠠᠯ ᠤᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠪᠣᠬᠢᠷᠲᠤᠯ ᠢ ᠰᠡᠷᠭᠡᠶᠢᠯᠡᠨ ᠵᠠᠰᠠᠬᠤ ᠲᠥᠬᠦᠭᠡᠷᠦᠮᠵᠢ ᠶᠢᠨ ᠠᠵᠢᠯᠯᠠᠭᠠᠨ ᠤ ᠪᠠᠶᠢᠳᠠᠯ ᠪᠣᠯᠤᠨ ᠬᠠᠮᠢᠶ᠎ᠠ ᠪᠦᠬᠦᠢ ᠠᠵᠢᠯ ᠤᠨ ᠲᠡᠮᠳᠡᠭᠯᠡᠯ ᠤᠨ ᠡᠬᠡ ᠳᠠᠩᠰᠠ ᠶᠢ ᠪᠠᠶᠢᠴᠠᠭᠠᠨ ᠦᠵᠡᠬᠦ ᠶᠢᠨ ᠬᠠᠮᠲᠤ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠡᠭᠦᠰᠦᠭᠰᠡᠨ ᠬᠡᠮᠵᠢᠶ᠎ᠡ᠂ ᠲᠥᠷᠥᠯ ᠢᠯᠭᠠᠯ᠂ ᠬᠠᠳᠠᠭᠠᠯᠠᠭᠰᠠᠨ᠂ ᠲᠦᠷ ᠬᠠᠳᠠᠭᠠᠯᠠᠭᠰᠠᠨ᠂ ᠤᠷᠤᠰᠬᠠᠯ ᠤᠨ ᠴᠢᠭᠯᠡᠯ᠂ ᠲᠡᠭᠡᠭᠡᠪᠦᠷᠢ ᠵᠡᠷᠭᠡ ᠪᠠᠶᠢᠳᠠᠯ ᠢ ᠪᠦᠷᠢᠳᠬᠡᠪᠡ᠃ ᠪᠠᠶᠢᠴᠠᠭᠠᠵᠤ ᠢᠯᠡᠷᠡᠭᠦᠯᠦᠭᠰᠡᠨ ᠠᠰᠠᠭᠤᠳᠠᠯ ᠳᠤ ᠴᠡᠭᠴᠡᠯᠡᠨ ᠰᠠᠶᠢᠵᠢᠷᠠᠭᠤᠯᠬᠤ ᠰᠠᠨᠠᠭᠤᠯᠭ᠎ᠠ ᠳᠤᠷᠠᠳᠴᠤ᠂ ᠡᠯ᠎ᠡ ᠠᠵᠤ ᠠᠬᠤᠶᠢᠯᠠᠯ ᠢ ᠬᠤᠯᠪᠣᠭᠳᠠᠯ ᠪᠦᠬᠦᠢ ᠲᠡᠮᠳᠡᠭᠯᠡᠯ ᠤᠨ ᠡᠬᠡ ᠳᠠᠩᠰᠠ ᠶᠢ ᠲᠡᠭᠦᠯᠳᠡᠷᠵᠢᠭᠦᠯᠵᠦ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠣᠷᠴᠢᠨ ᠲᠣᠭᠤᠷᠢᠨ ᠤ ᠬᠠᠮᠢᠶᠠᠷᠤᠯᠲᠠ ᠶᠢᠨ ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠡᠭᠦᠰᠬᠦ᠂ ᠰᠢᠢᠳᠪᠦᠷᠢᠯᠡᠬᠦ᠂ ᠠᠰᠢᠭᠯᠠᠬᠤ ᠪᠠ ᠰᠢᠯᠵᠢᠭᠦᠯᠬᠦ ᠵᠡᠷᠭᠡ ᠭᠤᠭᠴᠤᠭ᠎ᠠ ᠶᠢᠨ ᠪᠣᠬᠢᠷᠲᠤᠯ ᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠬᠤ ᠬᠡᠷᠡᠭᠲᠡᠢ ᠭᠡᠵᠦ ᠱᠠᠭᠠᠷᠳᠠᠪᠠ᠃
C:\Users\Administrator\Desktop\图片111.jpg
    ᠣᠳᠣᠬᠠᠨ ᠪᠣᠯᠲᠠᠯ᠎ᠠ᠂ ᠬᠠᠷᠢᠶ᠎ᠠ ᠣᠷᠣᠨ ᠤ ᠳᠣᠲᠣᠷᠠᠬᠢ 8 ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠂ ᠫᠦᠯᠠᠲ ᠵᠠᠮ ᠬᠠᠷᠢᠯᠴᠠᠭ᠎ᠠ ᠡᠨᠧᠷᠭᠢ ᠶᠢᠨ ᠬᠢᠵᠠᠭᠠᠷᠲᠤ ᠺᠣᠮᠫᠠᠨᠢ ᠵᠡᠷᠭᠡ 10 ᠠᠵᠤ ᠦᠢᠯᠡᠳᠪᠦᠷᠢ ᠶᠢᠨ ᠠᠵᠤ ᠠᠬᠤᠶᠢᠯᠠᠯ ᠳᠤ ᠲᠤᠰᠬᠠᠶ ᠪᠠᠶᠢᠴᠠᠭᠠᠯᠲᠠ ᠬᠢᠵᠦ᠂ ᠡᠯ᠎ᠡ ᠨᠢᠭᠡᠴᠡ ᠶᠢ ᠵᠢᠯᠣᠭᠤᠳᠤᠨ ᠰᠦᠯᠵᠢᠶᠡᠨ ᠳᠡᠭᠡᠷ᠎ᠡ ᠭᠤᠶᠤᠴᠢᠯᠠᠨ ᠮᠡᠳᠡᠭᠦᠯᠵᠦ ᠳᠠᠩᠰᠠᠯᠠᠬᠤ ᠠᠵᠢᠯ ᠥᠷᠨᠢᠭᠦᠯᠵᠦ᠂ ᠬᠠᠮᠢᠶ᠎ᠠ ᠪᠥᠬᠦᠶ ᠨᠢᠭᠡᠴᠡ ᠶᠢ ᠰᠢᠮᠳᠠᠭᠤᠯᠵᠤ ᠪᠠᠶᠢᠭᠠᠳ ᠠᠶᠤᠯᠲᠠᠶ ᠬᠠᠶᠠᠭᠳᠠᠮᠠᠯ ᠪᠣᠳᠠᠰ ᠤᠨ ᠵᠢᠷᠤᠮᠵᠢᠭᠰᠠᠨ ᠬᠠᠮᠢᠶᠠᠷᠤᠯᠲᠠ ᠶᠢᠨ ᠱᠠᠭᠠᠷᠳᠠᠯᠭ᠎ᠠ ᠶᠣᠰᠣᠭᠠᠷ ᠴᠡᠭᠴᠡᠯᠡᠨ ᠰᠠᠶᠢᠵᠢᠷᠠᠭᠤᠯᠪᠠ᠃ ᠡᠭᠦᠨ ᠤ ᠬᠠᠮᠲᠤ᠂ ᠬᠠᠷᠢᠶ᠎ᠠ ᠣᠷᠣᠨ ᠤ ᠳᠣᠲᠣᠷᠠᠬᠢ ᠬᠠᠶᠠᠭᠳᠠᠮᠠᠯ ᠮᠠᠰᠢᠨ ᠲᠣᠰᠣ ᠭᠠᠷᠭᠠᠬᠤ 20 ᠭᠠᠷᠤᠶ ᠮᠠᠰᠢᠨ ᠲᠡᠷᠭᠡ ᠰᠡᠯᠪᠢᠨ ᠵᠠᠰᠠᠬᠤ ᠳᠡᠯᠭᠡᠭᠦᠷ ᠢ ᠴᠢᠩᠭ᠎ᠠ ᠬᠢᠨᠠᠨ ᠬᠠᠮᠢᠶᠠᠷᠴᠤ᠂ ᠬᠤᠳᠠᠯᠳᠤᠭᠠᠴᠢᠨ ᠢ ᠵᠠᠷᠯᠢᠭᠳᠠᠵᠤ ᠪᠠᠶᠢᠭᠠᠳ ᠵᠢᠷᠤᠮᠵᠢᠭᠤᠯᠤᠨ ᠬᠠᠮᠢᠶᠠᠷᠴᠤ᠂ ᠬᠠᠶᠠᠭᠳᠠᠮᠠᠯ ᠬᠠᠭᠤᠴᠢᠨ ᠮᠠᠰᠢᠨ ᠲᠣᠰᠣ ᠵᠡᠷᠭᠡ ᠠᠶᠤᠯᠲᠠᠶ ᠬᠠᠶᠠᠭᠳᠠᠮᠠᠯ ᠪᠣᠳᠠᠰ ᠢ ᠬᠠᠤᠯᠢ ᠶᠣᠰᠣᠭᠠᠷ ᠰᠢᠯᠵᠢᠭᠦᠯᠬᠦ ᠶᠢ ᠦᠨᠡᠨᠬᠦ ᠪᠠᠲᠤᠯᠠᠵᠤ᠂ ᠣᠷᠴᠢᠨ ᠠᠬᠤᠶ ᠶᠢᠨ ᠪᠣᠬᠢᠷᠲᠤᠯ ᠢ ᠰᠡᠷᠭᠡᠶᠢᠯᠡᠨ ᠬᠤᠷᠢᠭᠯᠠᠨ᠎ᠠ᠃ ᠡᠮᠴᠢᠯᠡᠭᠡᠨ ᠤ ᠬᠤᠭ ᠨᠣᠪᠰᠢ ᠶᠢ ᠪᠣᠶ ᠪᠣᠯᠭᠠᠬᠤ 8 ᠡᠮᠨᠡᠯᠭᠡ ᠶᠢᠨ ᠬᠤᠷᠢᠶ᠎ᠠ ᠶᠢ ᠰᠢᠮᠳᠠᠭᠤᠯᠵᠤ ᠪᠠᠶᠢᠭᠠᠳ ᠮᠡᠳᠡᠭᠡ ᠵᠠᠩᠭᠢ ᠶᠢ ᠮᠡᠳᠡᠭᠦᠯᠬᠦ ᠠᠵᠢᠯ ᠢ ᠥᠷᠨᠢᠭᠦᠯᠵᠦ᠂ ᠰᠦᠯᠵᠢᠶᠡᠨ ᠤ ᠣᠷᠳᠣ ᠬᠤᠭᠤᠴᠠᠭᠠᠨ ᠤ ᠪᠦᠲᠦᠮᠵᠢᠲᠡᠶ ᠬᠠᠮᠢᠶᠠᠷᠤᠯᠲᠠ ᠶᠢ ᠪᠡᠶᠡᠯᠡᠭᠦᠯᠦᠨ᠂ ᠠᠶᠤᠯᠲᠠᠶ ᠬᠠᠶᠠᠭᠳᠠᠮᠠᠯ ᠪᠣᠳᠠᠰ ᠤᠨ ᠠᠮᠤᠷ ᠲᠦᠪᠰᠢᠨ ᠤ ᠳᠠᠯᠳᠠ ᠬᠡᠮ ᠢ ᠪᠦᠲᠦᠮᠵᠢᠲᠡᠶ ᠰᠡᠷᠭᠡᠶᠢᠯᠡᠪᠡ᠃
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号