ᠳᠤᠮᠳᠠ ᠵᠢᠵᠢᠭ ᠠᠵᠤ ᠠᠬᠤᠶᠢᠯᠠᠯ ᠤᠨ ᠰᠢᠨ᠎ᠡ ᠶᠢ ᠡᠭᠦᠳᠦᠨ ᠬᠥᠭᠵᠢᠬᠦ ᠶᠢ ᠳᠡᠮᠵᠢᠬᠦ᠂ ᠴᠢᠨᠠᠷ ᠰᠠᠶᠢᠲᠠᠶ ᠳᠤᠮᠳᠠ | ᠵᠢᠵᠢᠭ ᠠᠵᠤ ᠠᠬᠤᠶᠢᠯᠠᠯ ᠤᠨ ᠪᠣᠯᠪᠠᠰᠤᠷᠠᠭᠤᠯᠤᠯ ᠤᠨ ᠡᠷᠴᠢᠮ ᠢ ᠲᠦᠷᠭᠡᠳᠬᠡᠨ ᠠᠬᠢᠭᠤᠯᠬᠤ ᠲᠤᠬᠠᠶ ᠨᠠᠮ ᠤᠨ ᠲᠥᠪ | ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠥᠬᠦ | ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠣᠶᠢᠷ᠎ᠠ ᠳᠤ ᠵᠢᠦ ᠶᠤᠸᠠᠨ ᠲᠣᠭᠤᠷᠢᠭ ᠤᠨ | ᠠᠵᠤ ᠦᠢᠯᠡᠳᠪᠦᠷᠢ ᠶᠢᠨ ᠰᠢᠨᠵᠢᠯᠡᠬᠦ ᠤᠬᠠᠭᠠᠨ ᠤ ᠲᠣᠪᠴᠢᠶ᠎ᠠ ᠶᠢᠨ ᠠᠵᠤ ᠠᠬᠤᠶᠢᠯᠠᠯ ᠤᠨ ᠬᠥᠭᠵᠢᠯᠲᠡ | ᠦᠢᠯᠡᠴᠢᠯᠡᠭᠡ ᠶᠢᠨ ᠲᠥᠪ ᠪᠥᠬᠦ ᠲᠣᠭᠤᠷᠢᠭ ᠤᠨ ᠰᠢᠨ᠎ᠡ ᠶᠢ ᠡᠭᠦᠳᠬᠦ ᠬᠡᠯᠪᠡᠷᠢ ᠶᠢᠨ 16 ᠠᠵᠤ ᠠᠬᠤᠶᠢᠯᠠᠯ᠂ | ᠲᠤᠰᠬᠠᠶ ᠨᠠᠷᠢᠯᠢᠭ ᠣᠨᠴᠠ ᠰᠢᠨ᠎ᠡ ᠠᠵᠤ ᠠᠬᠤᠶᠢᠯᠠᠯ 11᠂ ᠨᠡᠶᠢᠲᠡ 27 ᠳᠤᠮᠳᠠ ᠵᠢᠵᠢᠭ ᠬᠡᠯᠪᠡᠷᠢ ᠶᠢᠨ ᠠᠵᠤ | ᠠᠬᠤᠶᠢᠯᠠᠯ ᠢ ᠵᠣᠬᠢᠶᠠᠨ ᠪᠠᠶᠢᠭᠤᠯᠵᠤ᠂ ᠬᠤᠲᠠ ᠶᠢᠨ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠶᠢᠨ | ᠲᠣᠪᠴᠢᠶ᠎ᠠ ᠶᠢᠨ ᠳᠤᠮᠳᠠ ᠵᠢᠵᠢᠭ ᠠᠵᠤ ᠠᠬᠤᠶᠢᠯᠠᠯ ᠤᠨ ᠦᠢᠯᠡᠴᠢᠯᠡᠭᠡᠨ ᠤ ᠰᠠᠯᠠᠭ᠎ᠠ ᠬᠢᠭᠡᠳ ᠬᠤᠲᠠ ᠶᠢᠨ ᠳᠤᠮᠳᠠ | ᠵᠢᠵᠢᠭ ᠠᠵᠤ ᠠᠬᠤᠶᠢᠯᠠᠯ ᠤᠨ ᠣᠯᠠᠨ ᠨᠡᠶᠢᠲᠡ ᠶᠢᠨ ᠦᠢᠯᠡᠴᠢᠯᠡᠭᠡ ᠶᠢᠨ ᠲᠥᠪ ᠬᠠᠮᠲᠤ ᠪᠠᠷ ᠪᠥᠬᠦ ᠬᠤᠲᠠ ᠶᠢᠨ | ᠴᠢᠨᠠᠷ ᠰᠠᠶᠢᠲᠠᠶ ᠳᠤᠮᠳᠠ ᠵᠢᠵᠢᠭ ᠠᠵᠤ ᠠᠬᠤᠶᠢᠯᠠᠯ ᠤᠨ ᠪᠣᠯᠪᠠᠰᠤᠷᠠᠭᠤᠯᠤᠯ ᠤᠨ ᠬᠤᠷᠠᠯ ᠢ ᠵᠣᠬᠢᠶᠠᠨ ᠪᠠᠶᠢᠭᠤᠯᠵᠤ | ᠥᠷᠨᠢᠭᠦᠯᠪᠡ᠃ | ᠪᠣᠯᠪᠠᠰᠤᠷᠠᠭᠤᠯᠤᠯ ᠳᠤ ᠳᠤᠮᠳᠠᠳᠤ ᠤᠯᠤᠰ ᠤᠨ ᠠᠷᠠᠳ ᠤᠨ ᠡᠵᠡᠩᠨᠡᠯᠲᠡ ᠶᠢᠨ ᠰᠢᠨᠵᠢᠯᠡᠬᠦ ᠤᠬᠠᠭᠠᠨ ᠮᠡᠷᠭᠡᠵᠢᠯ ᠢ | ᠠᠬᠢᠭᠤᠯᠬᠤ ᠨᠡᠶᠢᠭᠡᠮᠯᠢᠭ᠂ ᠪᠣᠬᠢᠷᠲᠤᠯ ᠥᠬᠡᠶ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠲᠤᠰᠬᠠᠶ ᠵᠥᠪᠯᠡᠯ ᠤᠨ | ᠨᠠᠷᠢᠨ ᠪᠢᠴᠢᠭ ᠤᠨ ᠳᠠᠷᠤᠭ᠎ᠠ᠂ ᠳᠤᠮᠳᠠᠳᠤ ᠤᠯᠤᠰ ᠤᠨ ᠦᠢᠯᠡᠴᠢᠯᠡᠭᠡᠨ ᠤ ᠠᠷᠠᠯᠵᠢᠶ᠎ᠠ ᠶᠢᠨ ᠨᠡᠶᠢᠭᠡᠮᠯᠢᠭ ᠤᠨ | ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠤᠨ ᠳᠡᠳ᠋ ᠡᠷᠬᠢᠯᠡᠭᠴᠢ ︵ᠫᠤᠰᠲ ᠳ᠋ᠣᠺᠲ᠋ᠣᠷ︶ | ᠰᠢᠤᠢ ᠹᠧᠩ ᠢ ᠤᠷᠢᠵᠤ ᠬᠢᠴᠢᠶᠡᠯ ᠣᠷᠣᠭᠤᠯᠪᠠ᠂ ᠰᠢᠤᠢ ᠪᠠᠭᠰᠢ ᠭᠤᠤᠯᠳᠠᠭᠤ ᠳᠤᠮᠳᠠ ᠵᠢᠵᠢᠭ ᠬᠡᠯᠪᠡᠷᠢ ᠶᠢᠨ ᠠᠵᠤ | ᠠᠬᠤᠶᠢᠯᠠᠯ ᠤᠨ ᠬᠤᠯᠪᠣᠭᠳᠠᠯ ᠪᠥᠬᠦᠶ ᠬᠥᠭᠵᠢᠯᠲᠡ ᠶᠢᠨ ᠲᠥᠷᠥ ᠶᠢᠨ ᠪᠣᠳᠣᠯᠭ᠎ᠠ ᠶᠢᠨ ᠲᠣᠭᠤᠷᠢᠨ ᠳᠤ ᠵᠠᠳᠠᠯᠤᠯᠲᠠ | ᠬᠢᠵᠦ᠂ ᠲᠤᠰᠬᠠᠶ ᠨᠠᠷᠢᠯᠢᠭ ᠣᠨᠴᠠ ᠰᠢᠨ᠎ᠡ ᠪᠠ ᠵᠢᠵᠢᠭ ᠠᠪᠤᠷᠭᠤ ᠬᠥᠮᠦᠨ ᠤ ᠠᠵᠤ ᠠᠬᠤᠶᠢᠯᠠᠯ ᠤᠨ ᠲᠦᠢᠮᠣ | ᠪᠠᠶᠢᠳᠠᠯ᠂ ᠣᠳᠣᠬᠢ ᠪᠠᠶᠢᠳᠠᠯ᠂ ᠠᠴᠢ ᠬᠤᠯᠪᠣᠭᠳᠠᠯ ᠤᠨ ᠲᠤᠬᠠᠶ ᠲᠠᠶᠢᠯᠤᠮᠵᠢ ᠬᠢᠵᠦ᠂ ᠲᠠᠷᠠᠭᠠᠴᠢ ᠶᠢᠨ ᠠᠯᠬᠤᠮ ᠤᠨ | ᠮᠡᠳᠡᠭᠦᠯᠬᠦ ᠭᠤᠤᠯᠳᠠᠯᠭ᠎ᠠ ᠵᠢᠴᠢ ᠮᠡᠳᠡᠭᠦᠯᠬᠦ ᠶᠠᠪᠤᠴᠠ ᠳᠠᠬᠢ ᠪᠠᠶᠢᠩᠭᠤ ᠲᠣᠬᠢᠶᠠᠯᠳᠤᠬᠤ ᠠᠰᠠᠭᠤᠳᠠᠯ ᠪᠠ | ᠰᠢᠢᠳᠪᠦᠷᠢᠯᠡᠬᠦ ᠲᠥᠰᠦᠯ ᠵᠡᠷᠭᠡ ᠠᠭᠤᠯᠭ᠎ᠠ ᠳᠤ ᠭᠤᠤᠯᠳᠠᠯᠭ᠎ᠠ ᠲᠠᠢ ᠲᠠᠶᠢᠯᠤᠮᠵᠢ ᠬᠢᠪᠠ᠃ ᠬᠤᠷᠠᠯ ᠤᠨ ᠶᠠᠪᠤᠴᠠ ᠳᠤ᠂ | ᠲᠤᠰᠬᠠᠶ ᠮᠡᠷᠭᠡᠵᠢᠯᠲᠡᠨ ᠠᠴᠠ ᠠᠵᠤ ᠠᠬᠤᠶᠢᠯᠠᠯ ᠤᠨ ᠲᠥᠯᠥᠭᠡᠯᠡᠭᠴᠢᠳ ᠤᠨ ᠠᠰᠠᠭᠤᠳᠠᠯ ᠳᠤ ᠴᠢᠭᠯᠡᠭᠦᠯᠦᠨ ᠨᠠᠷᠢᠨ | ᠨᠢᠭᠲᠠ ᠵᠠᠳᠠᠯᠤᠯᠲᠠ ᠪᠠ ᠬᠠᠷᠢᠭᠤᠯᠲᠠ ᠬᠢᠭᠰᠡᠨ ᠪᠥᠭᠡᠳ ᠮᠠᠰᠢ ᠤᠯᠠᠨ ᠬᠠᠨᠳᠤᠯᠭᠠᠲᠤ ᠴᠢᠨᠠᠷᠲᠠᠶ ᠠᠷᠭ᠎ᠠ ᠬᠡᠮᠵᠢᠶ᠎ᠡ ᠶᠢ | ᠳᠤᠷᠠᠳᠤᠨ ᠭᠠᠷᠭᠠᠵᠠᠶ᠃ ᠲᠣᠰ ᠤᠳᠠᠭᠠᠨ ᠤ ᠪᠣᠯᠪᠠᠰᠤᠷᠠᠭᠤᠯᠤᠯ ᠨᠢ ᠮᠠᠨ ᠤ ᠲᠣᠭᠤᠷᠢᠭ ᠤᠨᠲ᠋ᠤᠮᠳᠠ ᠵᠢᠵᠢᠭ ᠠᠵᠤ | ᠠᠬᠤᠶᠢᠯᠠᠯ ᠤᠨ ᠰᠢᠨ᠎ᠡ ᠶᠢ ᠡᠭᠦᠳᠦᠨ ᠬᠥᠭᠵᠢᠬᠦ ᠶᠢ ᠬᠠᠪᠰᠤᠷᠤᠨ᠂ ᠴᠢᠨᠠᠷ ᠰᠠᠶᠢᠲᠠᠶ ᠳᠤᠮᠳᠠ ᠵᠢᠵᠢᠭ ᠠᠵᠤ | ᠠᠬᠤᠶᠢᠯᠠᠯ ᠤᠨ ᠪᠣᠯᠪᠠᠰᠤᠷᠠᠭᠤᠯᠤᠯ ᠤᠨ ᠡᠷᠴᠢᠮ ᠢ ᠲᠦᠷᠭᠡᠳᠬᠡᠨ ᠠᠬᠢᠭᠤᠯᠵᠤ᠂ ︽ᠰᠢᠨ᠎ᠡ ᠶᠢ ᠡᠭᠦᠳᠬᠦ ᠬᠡᠯᠪᠡᠷᠢ︾ | ᠶᠢᠨ ᠳᠤᠮᠳᠠ ᠵᠢᠵᠢᠭ ᠠᠵᠤ ᠠᠬᠤᠶᠢᠯᠠᠯ᠂ ︽ᠲᠤᠰᠬᠠᠶ ᠨᠠᠷᠢᠯᠢᠭ ᠣᠨᠴᠠ ᠰᠢᠨ᠎ᠡ︾ ᠳᠤᠮᠳᠠ ᠵᠢᠵᠢᠭ ᠠᠵᠤ | ᠠᠬᠤᠶᠢᠯᠠᠯ ᠪᠠ ︽ᠵᠢᠵᠢᠭ ᠠᠪᠤᠷᠭᠤ ᠬᠥᠮᠦᠨ︾ ᠤ ᠠᠵᠤ ᠠᠬᠤᠶᠢᠯᠠᠯ ᠤᠨ ᠰᠠᠭᠤᠷᠢ ᠶᠢ ᠪᠠᠬᠢᠵᠢᠭᠦᠯᠵᠦ᠂ ᠥᠨᠳᠥᠷ | ᠬᠢᠷᠢ ᠲᠦᠪᠰᠢᠨ ᠪᠥᠬᠦᠶ ᠦᠢᠯᠡᠴᠢᠯᠡᠭᠡ ᠪᠠᠷ ᠪᠥᠬᠦ ᠲᠣᠭᠤᠷᠢᠭ ᠤᠨ ᠳᠤᠮᠳᠠ ᠵᠢᠵᠢᠭ ᠠᠵᠤ ᠠᠬᠤᠶᠢᠯᠠᠯ ᠤᠨ ᠲᠤᠰᠬᠠᠶ | ᠨᠠᠷᠢᠯᠢᠭ ᠣᠨᠴᠠ ᠰᠢᠨ᠎ᠡ ᠬᠥᠭᠵᠢᠯᠲᠡ ᠶᠢ ᠠᠬᠢᠭᠤᠯᠬᠤ ᠳᠤ ᠢᠳᠡᠪᠬᠢᠲᠡᠶ ᠦᠢᠯᠡᠳᠦᠯ ᠦᠵᠡᠭᠦᠯᠪᠡ᠃ | ᠲᠣᠰ ᠤᠳᠠᠭᠠᠨ ᠤ ᠪᠣᠯᠪᠠᠰᠤᠷᠠᠭᠤᠯᠤᠯ ᠨᠢ ᠮᠠᠨ ᠤ ᠲᠣᠭᠤᠷᠢᠭ ᠤᠨ ᠳᠤᠮᠳᠠ ᠵᠢᠵᠢᠭ ᠠᠵᠤ ᠠᠬᠤᠶᠢᠯᠠᠯ ᠤᠨ | ᠴᠢᠨᠠᠷ ᠰᠠᠶᠢᠲᠠᠶ ᠳᠤᠮᠳᠠ ᠵᠢᠵᠢᠭ ᠠᠵᠤ ᠠᠬᠤᠶᠢᠯᠠᠯ ᠤᠨ ᠲᠥᠷᠥ ᠶᠢᠨ ᠪᠣᠳᠣᠯᠭ᠎ᠠ ᠵᠢᠴᠢ ᠮᠡᠳᠡᠭᠦᠯᠬᠦ ᠭᠤᠤᠯᠳᠠᠯᠭ᠎ᠠ ᠳᠤ | ᠨᠠᠩ ᠭᠦᠨᠵᠡᠭᠡᠶ᠂ ᠨᠠᠩ ᠪᠥᠬᠦ ᠲᠠᠯ᠎ᠠ ᠶᠢᠨ ᠲᠠᠨᠢᠯᠲᠠ ᠲᠠᠢ ᠪᠣᠯᠵᠣ᠂ ᠠᠵᠤ ᠠᠬᠤᠶᠢᠯᠠᠯ ᠤᠨ ᠮᠡᠳᠡᠭᠦᠯᠬᠦ ᠶᠠᠪᠤᠴᠠ ᠳᠤ | ᠲᠤᠯᠭᠠᠷᠠᠭᠰᠠᠨ ᠠᠰᠠᠭᠤᠳᠠᠯ ᠢ ᠤᠯᠠᠮ ᠨᠢᠭᠡ ᠠᠯᠬᠤᠮ ᠰᠢᠢᠳᠪᠦᠷᠢᠯᠡᠭᠰᠡᠨ ᠪᠠᠶᠢᠨ᠎ᠠ᠃ ᠵᠢᠤ ᠶᠤᠸᠠᠨ ᠲᠣᠭᠤᠷᠢᠭ ᠤᠨ | ᠠᠵᠤ ᠦᠢᠯᠡᠳᠪᠦᠷᠢ ᠶᠢᠨ ᠰᠢᠨᠵᠢᠯᠡᠬᠦ ᠤᠬᠠᠭᠠᠨ ᠤ ᠲᠣᠪᠴᠢᠶ᠎ᠠ ᠶᠢᠨ ᠠᠵᠤ ᠠᠬᠤᠶᠢᠯᠠᠯ ᠤᠨ ᠬᠥᠭᠵᠢᠯᠲᠡ ᠶᠢᠨ | ᠦᠢᠯᠡᠴᠢᠯᠡᠭᠡ ᠶᠢᠨ ᠲᠥᠪ ᠦᠷᠭᠦᠯᠵᠢᠯᠡᠨ ᠮᠠᠨ ᠤ ᠲᠣᠭᠤᠷᠢᠭ ᠤᠨ ᠳᠤᠮᠳᠠ ᠪᠠᠭ᠎ᠠ ᠠᠵᠤ ᠠᠬᠤᠶᠢᠯᠠᠯ ᠳᠤ ᠰᠢᠯᠢᠳᠡᠭ | ᠦᠢᠯᠡᠴᠢᠯᠡᠭᠡ ᠬᠠᠩᠭᠠᠵᠤ᠂ ᠨᠡᠩ ᠤᠯᠠᠨ ᠠᠵᠤ ᠠᠬᠤᠶᠢᠯᠠᠯ ᠢ ᠱᠠᠳᠤ ᠪᠠᠷ ᠪᠤᠶᠢᠵᠢᠭᠤᠯᠤᠨ ᠰᠢᠨ᠎ᠡ ᠶᠢ ᠡᠭᠦᠳᠬᠦ | ᠬᠡᠯᠪᠡᠷᠢ ᠶᠢᠨ᠂ ᠲᠤᠰᠬᠠᠢ ᠨᠠᠷᠢᠯᠢᠭ ᠣᠨᠴᠠ ᠰᠢᠨ᠎ᠡ ᠵᠠᠮ ᠢᠶᠠᠷ ᠵᠠᠮᠨᠠᠭᠤᠯᠤᠨ᠎ᠠ᠃ |