ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠭᠦᠨᠵᠡᠭᠡᠢ ᠲᠤᠤᠱᠯᠠᠭᠤᠯᠵᠤ᠂ | ᠮᠠᠯᠵᠢᠬᠤ ᠲᠠᠷᠢᠶᠠᠯᠠᠬᠤ ᠣᠷᠣᠨ ᠤ ︽ᠪᠠᠯᠠ ᠮᠥᠩᠭᠦ᠂ ᠡᠳ᠋ ᠬᠥᠷᠥᠩᠭᠡ᠂ ᠡᠬᠢ ᠪᠠᠶᠠᠯᠢᠭ︾ ᠤᠨ ᠠᠵᠢᠯ ᠤᠨ ᠴᠢᠨᠠᠷ | ᠰᠠᠶᠢᠲᠠᠢ ᠬᠥᠭᠵᠢᠯᠲᠡ ᠶᠢ ᠴᠢᠨᠠᠭᠰᠢᠳᠠ ᠠᠬᠢᠭᠤᠯᠵᠤ᠂ ᠠᠵᠢᠯ ᠤᠨ ᠬᠠᠷᠠᠭ᠎ᠠ ᠪᠠᠨ ᠥᠷᠭᠡᠳᠬᠡᠵᠦ᠂ ᠲᠤᠷᠰᠢᠯᠭ᠎ᠠ ᠪᠠᠨ | ᠰᠤᠷᠤᠯᠴᠠᠨ ᠰᠣᠯᠢᠯᠴᠠᠨ᠎ᠠ᠃ 8 ᠳ᠋ᠤᠭᠠᠷ ᠰᠠᠷ᠎ᠠ ᠶᠢᠨ 12 ᠤᠨ ᠡᠳᠦᠷ᠂ ᠤᠯᠠᠭᠠᠨᠬᠠᠳᠠ ᠬᠤᠲᠠ ᠶᠢᠨ ᠲᠠᠷᠢᠶᠠᠯᠠᠩ | ᠮᠠᠯ ᠠᠵᠤ ᠠᠬᠤᠶ ᠶᠢᠨ ᠲᠣᠪᠴᠢᠶ᠎ᠠ ᠶᠢᠨ ᠳᠡᠳ᠋ ᠳᠠᠷᠤᠭ᠎ᠠ ᠮᠠᠶᠢᠯᠠᠰᠤ ᠨᠠᠷ ᠵᠢᠤ ᠶᠤᠸᠠᠨ ᠲᠣᠭᠤᠷᠢᠭ ᠤᠨ ᠪᠠᠶᠠᠨᠰᠢᠯᠢ | ᠵᠡᠭᠡᠯᠢ ᠭᠤᠳᠤᠮᠵᠢ ᠳᠤ ᠭᠦᠨᠵᠡᠭᠡᠶᠢᠷᠡᠨ᠂ ᠮᠠᠯᠵᠢᠬᠤ ᠲᠠᠷᠢᠶᠠᠯᠠᠬᠤ ᠣᠷᠣᠨ ᠤ ︽ᠪᠠᠯᠠ ᠮᠥᠩᠭᠦ᠂ ᠡᠳ᠋ ᠬᠥᠷᠥᠩᠭᠡ᠂ | ᠡᠬᠢ ᠪᠠᠶᠠᠯᠢᠭ︾ ᠤᠨ ᠬᠠᠮᠢᠶᠠᠷᠤᠯᠲᠠ ᠶᠢᠨ ᠠᠵᠢᠯ ᠢ ᠲᠤᠬᠠᠶ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠵᠤ | ᠰᠤᠷᠤᠯᠴᠠᠪᠠ᠂ ᠪᠤᠭᠤᠲᠤ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠶᠢᠨ ᠥᠭᠡᠷᠡᠴᠢᠯᠡᠯᠲᠡ | ᠬᠢᠭᠡᠳ ᠬᠤᠷᠰᠢᠭᠰᠠᠨ ᠠᠵᠤ ᠠᠬᠤᠶ ᠶᠢᠨ ᠵᠢᠭᠠᠨ ᠵᠢᠯᠣᠭᠤᠳᠬᠤ ᠰᠠᠯᠠᠭ᠎ᠠ ᠶᠢᠨ ᠰᠠᠯᠠᠭᠠᠨ ᠳᠠᠷᠤᠭ᠎ᠠ ᠸᠧᠶ ᠴᠢᠶᠠᠩ᠂ | ᠬᠤᠲᠠ ᠶᠢᠨ ᠮᠠᠯᠵᠢᠬᠤ ᠲᠠᠷᠢᠶᠠᠯᠠᠬᠤ ᠣᠷᠣᠨ ᠤ ᠡᠵᠡᠩᠨᠡᠯᠲᠡ ᠬᠠᠮᠢᠶᠠᠷᠤᠯᠲᠠ ᠪᠠ ᠮᠡᠳᠡᠭᠡ ᠵᠠᠩᠭᠢ ᠶᠢᠨ | ᠦᠢᠯᠡᠴᠢᠯᠡᠭᠡ ᠶᠢᠨ ᠲᠥᠪ ᠡᠷᠬᠢᠯᠡᠭᠴᠢ ᠬᠤᠶ ᠯᠢᠨ᠂ ᠵᠢᠤ ᠶᠤᠸᠠᠨ ᠲᠣᠭᠤᠷᠢᠭ ᠤᠨ ᠲᠠᠷᠢᠶᠠᠯᠠᠩ ᠮᠠᠯ ᠠᠵᠤ | ᠠᠬᠤᠶ ᠶᠢᠨ ᠲᠣᠪᠴᠢᠶ᠎ᠠ ᠶᠢᠨ ᠳᠡᠳ᠋ ᠳᠠᠷᠤᠭ᠎ᠠ ᠯᠢᠦᠶ ᠴᠦᠨ ᠷᠦᠩ ᠵᠢᠴᠢ ᠲᠠᠷᠢᠶᠠᠯᠠᠩ ᠮᠠᠯ ᠠᠵᠤ ᠠᠬᠤᠶ ᠶᠢᠨ | ᠦᠢᠯᠡᠴᠢᠯᠡᠭᠡ ᠶᠢᠨ ᠲᠥᠪ ᠵᠡᠷᠭᠡ ᠬᠠᠮᠢᠶ᠎ᠠ ᠪᠥᠬᠦᠶ ᠠᠵᠢᠯᠲᠠᠳ ᠪᠠᠶᠢᠨ᠎ᠠ᠃ | | | | | | ᠰᠢᠨᠵᠢᠯᠡᠨ ᠪᠠᠶᠢᠴᠠᠭᠠᠵᠤ ᠰᠤᠷᠤᠯᠴᠠᠬᠤ ᠬᠤᠭᠤᠴᠠᠭᠠᠨ ᠳᠤ᠂ ᠤᠯᠠᠭᠠᠨᠬᠠᠳᠠ ᠬᠤᠳᠠ ᠶᠢᠨ ᠲᠠᠷᠢᠶᠠᠯᠠᠩ ᠮᠠᠯ ᠠᠵᠤ | ᠠᠬᠤᠢ ᠶᠢᠨ ᠲᠣᠪᠴᠢᠶ᠎ᠠ ᠶᠢᠨ ᠰᠢᠨᠵᠢᠯᠡᠨ ᠪᠠᠶᠢᠴᠠᠭᠠᠵᠤ ᠰᠤᠷᠤᠯᠴᠠᠬᠤ ᠪᠦᠯᠬᠦᠮ ᠤᠨ ᠬᠢᠨ ᠵᠢᠤ ᠶᠤᠸᠠᠨ | ᠲᠣᠭᠤᠷᠢᠭ ᠤᠨ ᠪᠠᠶᠠᠨᠰᠢᠯᠢ ᠵᠡᠭᠡᠯᠢ ᠭᠤᠳᠤᠮᠵᠢ ᠳᠤ ᠭᠦᠨᠵᠡᠭᠡᠶᠢᠷᠡᠵᠦ᠂ ᠲᠤᠬᠠᠢ ᠶᠢᠨ ᠭᠠᠵᠠᠷ ᠲᠤᠨᠢ ᠪᠠᠶᠢᠴᠠᠭᠠᠨ | ᠦᠵᠡᠬᠦ᠂ ᠮᠠᠲ᠋ᠧᠷᠢᠶᠠᠯ ᠪᠠᠶᠢᠴᠠᠭᠠᠨ ᠦᠵᠡᠬᠦ᠂ ᠲᠤᠷᠰᠢᠯᠭ᠎ᠠ ᠪᠠᠨ ᠶᠠᠷᠢᠯᠴᠠᠨ ᠰᠣᠯᠢᠯᠴᠠᠬᠤ ᠵᠡᠷᠭᠡ ᠠᠷᠭ᠎ᠠ ᠬᠡᠯᠪᠡᠷᠢ ᠪᠠᠷ | ᠳᠠᠮᠵᠢᠭᠤᠯᠤᠨ᠂ ᠵᠢᠤ ᠶᠤᠸᠠᠨ ᠲᠣᠭᠤᠷᠢᠭ ᠵᠢᠴᠢ ᠪᠠᠶᠠᠨᠰᠢᠯᠢ ᠵᠡᠭᠡᠯᠢ ᠭᠤᠳᠤᠮᠵᠢ ᠶᠢᠨ ᠮᠠᠯᠵᠢᠬᠤ ᠲᠠᠷᠢᠶᠠᠯᠠᠬᠤ | ᠣᠷᠣᠨ ᠤ ᠡᠬᠢ ᠪᠠᠶᠠᠯᠢᠭ᠂ ᠪᠡᠯᠡ ᠮᠥᠩᠭᠦ᠂ ᠡᠳ᠋ ᠬᠦᠷᠦᠩᠭᠡ ᠶᠢᠨ ᠬᠠᠮᠢᠶᠠᠷᠤᠯᠲᠠ ᠶᠢᠨ ᠠᠵᠢᠯ ᠤᠨ ᠲᠠᠯ᠎ᠠ ᠪᠠᠷ ᠬᠢ | ᠪᠣᠳᠠᠲᠠᠢ ᠠᠷᠭ᠎ᠠ ᠬᠢᠳᠡᠯ ᠪᠣᠯᠤᠨ ᠦᠷ᠎ᠡ ᠪᠦᠲᠦᠮᠵᠢ ᠶᠢ ᠪᠦᠬᠦ ᠲᠠᠯ᠎ᠠ ᠪᠠᠷ ᠤᠢᠢᠯᠠᠭᠠᠭᠰᠠᠨ ᠪᠥᠭᠡᠳ ︽ᠪᠠᠯᠠ ᠮᠥᠩᠭᠦ᠂ | ᠡᠳ᠋ ᠬᠥᠷᠥᠩᠭᠡ᠂ ᠡᠬᠢ ᠪᠠᠶᠠᠯᠢᠭ︾ ᠤᠨ ᠬᠠᠮᠢᠶᠠᠷᠤᠯᠲᠠ᠂ ᠲᠦᠷᠢᠮ ᠤᠨ ᠪᠠᠶᠢᠭᠤᠯᠤᠯᠲᠠ᠂ ᠲᠠᠪᠴᠠᠩ ᠤᠨ ᠬᠢᠨᠠᠯᠲᠠ | ᠬᠠᠮᠢᠶᠠᠷᠤᠯᠲᠠ᠂ ᠪᠣᠯᠪᠠᠰᠤᠷᠠᠯ ᠤᠬᠠᠭᠤᠯᠭ᠎ᠠ ᠵᠡᠷᠭᠡ ᠲᠠᠯ᠎ᠠ ᠶᠢᠨ ᠠᠵᠢᠯ ᠤᠨ ᠲᠠᠯ᠎ᠠ ᠪᠠᠷ ᠭᠦᠨᠵᠡᠭᠡᠢ ᠰᠣᠯᠢᠯᠴᠠᠵᠠᠢ᠃ | ᠲᠣᠰ ᠤᠳᠠᠭᠠᠨ ᠤ ᠪᠠᠶᠢᠴᠠᠭᠠᠨ ᠰᠤᠷᠤᠯᠴᠠᠯᠭ᠎ᠠ ᠨᠢ ᠮᠠᠯᠵᠢᠬᠤ ᠲᠠᠷᠢᠶᠠᠯᠠᠬᠤ ᠣᠷᠣᠨ ᠤ ︽ᠪᠠᠯᠠ ᠮᠥᠩᠭᠦ ᠡᠳ᠋ | ᠬᠥᠷᠥᠩᠭᠡ᠂ ᠡᠬᠢ ᠪᠠᠶᠠᠯᠢᠭ︾ ᠵᠡᠷᠭᠡ ᠲᠠᠯ᠎ᠠ ᠶᠢᠨ ᠲᠤᠷᠰᠢᠯᠭ᠎ᠠ ᠶᠢ ᠭᠦᠨᠵᠡᠭᠡᠶ ᠰᠣᠯᠢᠯᠴᠠᠵᠤ᠂ ᠲᠠᠷᠢᠶᠠᠯᠠᠩ ᠮᠠᠯ ᠠᠵᠤ | ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠠᠷᠭ᠎ᠠ ᠵᠠᠮ ᠢ ᠬᠠᠮᠲᠤ ᠪᠠᠷ ᠰᠦᠪᠡᠭᠴᠢᠯᠡᠬᠦ ᠶᠢᠨ ᠲᠥᠯᠥᠭᠡ | ᠶᠤᠮ᠃ ᠲᠤᠰ ᠤᠳᠠᠭ᠎ᠠ ᠶᠢᠨ ᠰᠢᠨᠵᠢᠯᠡᠨ ᠪᠠᠶᠢᠴᠠᠭᠠᠵᠤ ᠰᠤᠷᠤᠯᠴᠠᠬᠤ ᠪᠠᠷ ᠲᠠᠮᠵᠢᠨ᠂ ᠤᠯᠠᠭᠠᠨᠬᠠᠳᠠ ᠬᠤᠳᠠ ᠶᠢᠨ | ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠰᠢᠨᠵᠢᠯᠡᠨ ᠪᠠᠶᠢᠴᠠᠭᠠᠬᠤ ᠪᠦᠯᠬᠦᠮ ᠤᠨ ᠬᠢᠨ ᠵᠢᠤ ᠶᠤᠸᠠᠨ | ᠲᠣᠭᠤᠷᠢᠭ ᠤᠨ ︽ᠪᠠᠯᠠ ᠮᠥᠩᠭᠦ᠂ ᠡᠳ᠋ ᠬᠥᠷᠥᠩᠭᠡ᠂ ᠡᠬᠢ ᠪᠠᠶᠠᠯᠢᠭ︾ ᠤᠨ ᠬᠠᠮᠢᠶᠠᠷᠤᠯᠲᠠ ᠶᠢᠨ ᠠᠵᠢᠯ ᠳᠠᠬᠢ | ᠰᠢᠨ᠎ᠡ ᠶᠢ ᠡᠭᠦᠳᠬᠦ ᠵᠣᠷᠢᠭ ᠰᠠᠨᠠᠭ᠎ᠠ ᠪᠣᠯᠤᠨ ᠪᠣᠳᠠᠲᠠᠢ ᠶᠢ ᠡᠷᠬᠢᠮᠯᠡᠬᠦ ᠰᠤᠷᠲᠠᠯ ᠢ ᠭᠦᠨᠵᠡᠭᠡᠢ ᠣᠶᠢᠯᠠᠭᠠᠵᠤ᠂ | ᠣᠯᠤᠯᠲᠠ ᠮᠠᠰᠢ ᠶᠡᠭᠡ ᠪᠠᠶᠢᠨ᠎ᠠ ᠭᠡᠵᠦ ᠢᠯᠡᠳᠬᠡᠵᠡᠢ᠂ ᠬᠤᠶᠢᠰᠢᠳᠠ ᠶᠢᠨ ᠠᠵᠢᠯ ᠳᠤᠮᠳᠠ ᠪᠠᠨ ᠬᠤᠶᠠᠷ | ᠲᠠᠯ᠎ᠠ ᠪᠠᠷ ᠢᠶᠠᠨ ᠦᠷᠭᠦᠯᠵᠢᠯᠡᠨ ᠵᠣᠯᠭᠠᠯᠴᠠᠨ ᠤᠯᠤᠯᠴᠠᠬᠤ ᠪᠠᠨ ᠴᠢᠩᠭᠠᠳᠬᠠᠵᠤ᠂ ᠰᠠᠶᠢᠨ ᠲᠤᠷᠰᠢᠯᠭ᠎ᠠ᠂ ᠰᠠᠶᠢᠨ | ᠠᠷᠭ᠎ᠠ ᠶᠢ ᠬᠠᠷᠢᠯᠴᠠᠨ ᠰᠤᠷᠤᠯᠴᠠᠨ ᠲᠤᠯᠢᠳᠠᠵᠤ᠂ ᠮᠠᠯᠵᠢᠬᠤ ᠲᠠᠷᠢᠶᠠᠯᠠᠬᠤ ᠣᠷᠣᠨ ᠤ ︽ᠪᠠᠯᠠ ᠮᠥᠩᠭᠦ᠂ ᠡᠳ᠋ | ᠬᠥᠷᠥᠩᠭᠡ᠂ ᠡᠬᠢ ᠪᠠᠶᠠᠯᠢᠭ︾ ᠤᠨ ᠬᠥᠭᠵᠢᠯᠲᠡ ᠶᠢᠨ ᠰᠢᠨ᠎ᠡ ᠬᠠᠭᠤᠳᠠᠰᠤ ᠶᠢ ᠬᠠᠮᠲᠤᠪᠠᠷ ᠰᠦᠪᠡᠭᠴᠢᠯᠡᠬᠦ ᠶᠢ | ᠬᠦᠰᠡᠵᠦ ᠪᠠᠶᠢᠨ᠎ᠠ ᠭᠡᠵᠦ ᠢᠯᠡᠳᠬᠡᠪᠡ᠃ | | | | | ᠳᠠᠷᠠᠭᠠᠴᠢ ᠶᠢᠨ ᠠᠯᠬᠤᠮ ᠳᠤ᠂ ᠵᠢᠤ ᠶᠤᠸᠠᠨ ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ | ᠲᠤᠰ ᠤᠳᠠᠭ᠎ᠠ ᠶᠢᠨ ᠰᠢᠨᠵᠢᠯᠡᠨ ᠪᠠᠶᠢᠴᠠᠭᠠᠵᠤ ᠰᠤᠷᠤᠯᠴᠠᠬᠤ ᠪᠠᠷ ᠠᠵᠠ ᠲᠣᠬᠢᠶᠠᠯ ᠪᠣᠯᠭᠠᠵᠤ᠂ ᠤᠯᠠᠭᠠᠨᠬᠠᠳᠠ | ᠬᠤᠳᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠯᠤᠭ᠎ᠠ ᠶᠢᠨ ᠤᠯᠤᠯᠴᠠᠭ᠎ᠠ ᠬᠠᠮᠲᠤᠷᠠᠯᠴᠠᠭ᠎ᠠ ᠪᠠᠨ | ᠴᠢᠨᠠᠭᠰᠢᠳᠠ ᠴᠢᠩᠭᠠᠳᠬᠠᠵᠤ᠂ ︽ᠪᠠᠯᠠ ᠮᠥᠩᠭᠦ᠂ ᠡᠳ᠋ ᠬᠥᠷᠥᠩᠭᠡ᠂ ᠡᠬᠢ ᠪᠠᠶᠠᠯᠢᠭ︾ ᠤᠨ ᠬᠠᠮᠢᠶᠠᠷᠤᠯᠲᠠ ᠶᠢᠨ | ᠰᠢᠨ᠎ᠡ ᠬᠡᠪ ᠵᠠᠭᠪᠤᠷ᠂ ᠰᠢᠨ᠎ᠡ ᠠᠷᠭ᠎ᠠ ᠵᠠᠮ ᠢ ᠬᠠᠮᠲᠤᠪᠠᠷ ᠰᠦᠪᠡᠭᠴᠢᠯᠡᠨ᠎ᠡ᠃ ᠬᠤᠶᠠᠷ ᠲᠠᠯ᠎ᠠ ᠪᠠᠷ ᠢᠶᠠᠨ ︽ᠪᠠᠯᠠ | ᠮᠥᠩᠭᠦ᠂ ᠡᠳ᠋ ᠬᠥᠷᠥᠩᠭᠡ᠂ ᠡᠬᠢ ᠪᠠᠶᠠᠯᠢᠭ︾ ᠶᠢᠨ ᠬᠠᠮᠢᠶᠠᠷᠤᠯᠲᠠ᠂ ᠲᠦᠷᠢᠮ ᠤᠨ ᠪᠠᠶᠢᠭᠤᠯᠤᠯᠲᠠ᠂ ᠲᠠᠪᠴᠠᠩ ᠤᠨ | ᠬᠢᠨᠠᠯᠲᠠ ᠬᠠᠮᠢᠶᠠᠷᠤᠯᠲᠠ᠂ ᠪᠣᠯᠪᠠᠰᠤᠷᠠᠭᠤᠯᠤᠯ ᠤᠬᠠᠭᠤᠯᠭ᠎ᠠ ᠵᠡᠷᠭᠡ ᠲᠠᠯ᠎ᠠ ᠪᠠᠷ ᠥᠷᠭᠡᠨ ᠳᠡᠯᠭᠡᠷ ᠬᠠᠮᠲᠤᠷᠠᠯᠴᠠᠭ᠎ᠠ | ᠥᠷᠨᠢᠭᠦᠯᠵᠦ᠂ ᠡᠬᠢ ᠪᠠᠶᠠᠯᠢᠭ ᠢ ᠬᠠᠮᠲᠤᠪᠠᠷ ᠡᠳ᠋ᠯᠡᠬᠦ᠂ ᠳᠠᠪᠠᠭᠤᠯᠢᠭ ᠢᠶᠠᠨ ᠬᠠᠷᠢᠯᠴᠠᠨ ᠨᠥᠬᠦᠪᠥᠷᠢᠯᠡᠬᠦ᠂ ᠬᠠᠷᠢᠯᠴᠠᠨ | ᠠᠰᠢᠭ ᠣᠯᠭᠤᠵᠤ ᠬᠠᠮᠲᠤᠪᠠᠷ ᠠᠰᠢᠭ ᠭᠥᠷᠳᠡᠬᠦ ᠶᠢ ᠪᠡᠶᠡᠯᠡᠭᠦᠯᠵᠦ᠂ ᠵᠢᠦ ᠶᠤᠸᠠᠨ ᠲᠣᠭᠤᠷᠢᠭ ᠤᠨ ᠬᠥᠳᠡᠭᠡ | ᠲᠣᠰᠬᠤᠨ ᠤ ᠬᠠᠮᠲᠤ ᠶᠢᠨ ᠠᠵᠤ ᠠᠬᠤᠶ ᠶᠢᠨ ᠬᠠᠮᠢᠶᠠᠷᠤᠯᠲᠠ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠵᠦ | ᠪᠣᠯᠤᠨ᠎ᠠ᠃ |