ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠪᠣᠯ ᠠᠵᠤ ᠠᠬᠤᠶᠢᠯᠠᠯ ᠤᠨ ᠣᠷᠣᠰᠢᠨ ᠲᠣᠭᠲᠠᠨᠢᠬᠤ ᠪᠠ | ᠬᠥᠭᠵᠢᠬᠦ ᠶᠢᠨ ᠬᠥᠷᠥᠰᠥ ᠰᠢᠷᠣᠶ ᠮᠥᠨ᠂ ᠲᠡᠷᠡ ᠨᠢ ᠨᠢᠭᠡ ᠭᠠᠵᠠᠷ ᠣᠷᠣᠨ ᠤ ᠵᠥᠭᠡᠯᠡᠨ ᠪᠣᠳᠠᠲᠤ ᠬᠦᠴᠦᠨ ᠪᠠ | ᠥᠷᠢᠰᠦᠯᠳᠦᠬᠦ ᠬᠦᠴᠦᠨ ᠢ ᠲᠥᠯᠥᠭᠡᠯᠡᠵᠦ᠂ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠳᠤ ᠬᠤᠯᠪᠣᠭᠳᠠᠵᠤ | ᠪᠠᠶᠢᠳᠠᠭ᠃ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠪᠣᠯ ᠵᠠᠬ᠎ᠠ ᠳᠡᠯᠭᠡᠭᠦᠷ ᠤᠨ ᠪᠡᠶᠡᠴᠢ | ᠴᠣᠭᠴᠠ ᠶᠢᠨ ᠠᠮᠢᠳᠤᠯᠢᠭ ᠬᠦᠴᠦᠨ ᠢ ᠪᠤᠶᠢᠵᠢᠭᠤᠯᠤᠨ ᠬᠥᠭᠵᠢᠭᠡᠬᠦ᠂ ᠬᠥᠭᠵᠢᠯᠲᠡ ᠶᠢᠨ ᠳᠣᠲᠣᠭᠠᠳᠤ ᠶᠢᠨ | ᠬᠥᠳᠡᠯᠭᠡᠭᠴᠢ ᠬᠦᠴᠦᠨ ᠢ ᠴᠢᠩᠭᠠᠷᠠᠭᠤᠯᠬᠤ ᠵᠠᠩᠭᠢᠯᠠᠭ᠎ᠠ ᠶᠢᠨ ᠠᠷᠭ᠎ᠠ ᠬᠡᠮᠵᠢᠶ᠎ᠡ ᠮᠥᠨ᠃ ᠡᠨᠡᠬᠦ ᠬᠠᠯᠠᠭᠤᠨ ᠵᠤᠨ ᠤ | ᠡᠳᠦᠷ᠂ ᠵᠢᠤ ᠶᠤᠸᠠᠨ ᠲᠣᠭᠤᠷᠢᠭ ᠤᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠪᠤᠭᠤᠲᠤ ᠶᠢᠨ ᠰᠢᠨ᠎ᠡ | ᠮᠠᠲ᠋ᠧᠷᠢᠶᠠᠯ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠥᠪᠥᠷ ᠮᠣᠩᠭᠤᠯ ᠤᠨ ᠳ᠋ᠠ ᠴᠢᠤᠸᠠᠨ ᠰᠢᠨ᠎ᠡ | ᠡᠨᠧᠷᠭᠢ ᠶᠢᠨ ᠬᠢᠵᠠᠭᠠᠷᠲᠤ ᠺᠣᠮᠫᠠᠨᠢ ᠴᠢᠩ ᠰᠡᠳᠬᠢᠯ ᠤᠨ ᠲᠠᠯᠠᠷᠬᠠᠯ ᠤᠨ ᠰᠡᠳᠬᠢᠯᠭᠡ ᠪᠠᠷ ᠬᠠᠤᠯᠢ ᠬᠡᠷᠡᠭᠵᠢᠭᠦᠯᠬᠦ | ᠠᠩᠬᠢ ᠳᠤ ᠬᠥᠮᠦᠰ ᠤᠨ ᠰᠡᠳᠬᠢᠯ ᠢ ᠬᠥᠳᠡᠯᠭᠡᠮ᠎ᠡ ᠰᠡᠷᠢᠭᠦᠴᠡᠯ ᠢ ᠬᠦᠷᠭᠡᠵᠡᠢ᠃ | | | | | ᠬᠠᠤᠯᠢ ᠬᠡᠷᠡᠭᠵᠢᠭᠦᠯᠬᠦ ᠠᠩᠭᠢ ᠶᠢᠨ ᠬᠢᠨ ᠬᠠᠤᠯᠢ ᠶᠢ ᠴᠢᠩᠭ᠎ᠠ ᠬᠡᠷᠡᠭᠵᠢᠭᠦᠯᠬᠦ ᠵᠠᠷᠴᠢᠮ ᠢ ᠢᠮᠠᠭᠲᠠ ᠪᠠᠷᠢᠮᠲᠠᠯᠠᠨ᠂ | ᠲᠣᠭᠲᠠᠭᠠᠯ ᠠᠴᠠ ᠵᠥᠷᠢᠴᠡᠭᠰᠡᠨ ᠶᠠᠮᠠᠷᠪᠠ ᠨᠢᠭᠡᠨ ᠠᠵᠢᠯᠯᠠᠭ᠎ᠠ ᠶᠢ ᠴᠤ ᠣᠷᠬᠢᠭᠳᠠᠭᠤᠯᠬᠤ ᠦᠭᠡᠢ ᠪᠠᠶᠢᠳᠠᠭ ᠪᠣᠯᠪᠠᠴᠤ | ᠡᠶᠡᠯᠳᠡᠭ ᠵᠥᠭᠡᠯᠡᠨ ᠬᠠᠶᠢᠷ᠎ᠠ ᠬᠠᠯᠠᠮᠵᠢ ᠪᠠᠨ ᠴᠤ ᠠᠯᠳᠠᠬᠤ ᠦᠭᠡᠢ ᠪᠠᠷ ᠠᠵᠤ ᠠᠬᠤᠶᠢᠯᠠᠯ ᠢ ᠢᠳᠡᠪᠬᠢᠲᠡᠶ ᠪᠠᠷ | ᠰᠤᠷᠪᠤᠯᠵᠢᠯᠠᠵᠤ᠂ ᠠᠵᠤ ᠠᠬᠤᠶᠢᠯᠠᠯ ᠤᠨ ᠵᠦᠢ ᠶᠣᠰᠣᠨ ᠤ ᠬᠦᠰᠡᠯ ᠱᠠᠭᠠᠷᠳᠠᠯᠭ᠎ᠠ ᠶᠢ ᠢᠮᠠᠭᠲᠠ ᠬᠦᠯᠢᠴᠡᠩᠭᠦᠶ ᠪᠠᠷ | ᠰᠣᠨᠣᠰᠴᠤ᠂ ᠢᠳᠡᠪᠬᠢᠲᠡᠶ ᠪᠠᠷ ᠰᠢᠢᠳᠪᠦᠷᠢᠯᠡᠳᠡᠭ ᠶᠤᠮ᠃ ᠠᠵᠤ ᠠᠬᠤᠶᠢᠯᠠᠯ ᠤᠨ ᠡᠷᠬᠢᠨ ᠲᠣᠭᠤᠷᠢᠨ ᠤ ᠨᠡᠭᠦᠳᠡᠯ | ᠳᠡᠯᠭᠡᠭᠦᠷᠴᠢᠨ ᠤ ᠪᠤᠢ ᠪᠣᠯᠭᠠᠭᠰᠠᠨ ᠵᠠᠮ ᠬᠠᠷᠢᠯᠴᠠᠭᠠᠨ ᠤ ᠲᠦᠭᠵᠢᠷᠡᠯ ᠤᠨ ᠠᠰᠠᠭᠤᠳᠠᠯ ᠪᠠ ᠠᠮᠤᠷ ᠲᠦᠪᠰᠢᠨ ᠤ | ᠲᠠᠯᠳᠠ ᠭᠡᠮ ᠤᠨ ᠠᠰᠠᠭᠤᠳᠠᠯ ᠳᠤ ᠴᠢᠭᠯᠡᠭᠦᠯᠦᠨ᠂ ᠮᠠᠨ ᠤ ᠬᠠᠤᠯᠢ ᠬᠡᠷᠡᠭᠵᠢᠭᠦᠯᠬᠦ ᠠᠩᠬᠢ ᠢᠳᠡᠪᠬᠢᠲᠡᠶ ᠪᠠᠷ | ᠬᠥᠲᠥᠯᠥᠨ ᠵᠢᠯᠣᠭᠤᠳᠴᠤ᠂ ᠵᠠᠮ ᠨᠡᠪᠲᠡᠷᠡᠯᠭᠡ ᠶᠢᠨ ᠰᠠᠭᠠᠳ ᠦᠭᠡᠢ ᠨᠡᠪᠲᠡᠷᠡᠬᠦ ᠶᠢ ᠦᠨᠡᠨ ᠬᠦ ᠪᠠᠲᠤᠯᠠᠬᠤ ᠶᠢᠨ | ᠤᠯᠠᠮ ᠠᠴᠠ ᠠᠷᠠᠳ ᠤᠯᠠᠨ ᠤ ᠡᠳ᠋ ᠬᠥᠷᠤᠩᠭᠡ ᠶᠢᠨ ᠠᠮᠤᠷ ᠲᠦᠪᠰᠢᠨ ᠢ ᠪᠠᠲᠤᠯᠠᠪᠠ᠃ ᠡᠶᠢᠮᠦ ᠠᠴᠠ᠂ ᠬᠠᠤᠯᠢ | ᠬᠡᠷᠡᠭᠵᠢᠭᠦᠯᠬᠦ ᠨᠢ ᠴᠢᠩᠭ᠎ᠠ ᠬᠢᠵᠠᠭᠠᠷᠯᠠᠯ ᠲᠡᠳᠦᠶ ᠪᠢᠰᠢ᠂ ᠨᠠᠩ ᠴᠤ ᠬᠠᠯᠠᠭᠤᠨ ᠳᠤᠯᠠᠭᠠᠨ ᠵᠢᠯᠣᠭᠤᠳᠣᠯᠭ᠎ᠠ ᠪᠣᠯᠬᠤ | ᠶᠤᠮ᠃ | ᠢᠷᠡᠭᠡᠳᠦᠶ ᠶᠢᠨ ᠠᠵᠢᠯ ᠤᠨ ᠳᠤᠮᠳᠠ᠂ ᠬᠠᠤᠯᠢ ᠬᠡᠷᠡᠭᠵᠢᠭᠦᠯᠬᠦ ᠠᠵᠢᠯᠲᠠᠳ ᠦᠷᠭᠦᠯᠵᠢᠯᠡᠨ ᠡᠷᠡᠮᠡᠬᠡᠶᠢᠯᠡᠨ | ᠤᠷᠤᠭᠰᠢᠯᠠᠵᠤ᠂ ᠲᠣᠰ ᠪᠡᠶ᠎ᠡ ᠶᠢᠨ ᠬᠠᠤᠯᠢ ᠬᠡᠷᠡᠭᠵᠢᠭᠦᠯᠬᠦ ᠴᠢᠳᠠᠪᠤᠷᠢ ᠪᠠᠨ ᠲᠠᠰᠤᠷᠠᠯᠲᠠ ᠥᠬᠡᠶ ᠴᠢᠩᠭᠠᠳᠬᠠᠨ᠂ | ᠦᠢᠯᠡᠴᠢᠯᠡᠭᠡᠨ ᠤ ᠠᠵᠤ ᠠᠬᠤᠶᠢᠯᠠᠯ ᠤᠨ ᠬᠢᠷᠢ ᠲᠦᠪᠰᠢᠨ ᠪᠠ ᠶᠠᠰᠤ ᠴᠢᠨᠠᠷ ᠢᠶᠠᠨ ᠦᠷᠭᠦᠯᠵᠢᠯᠡᠨ ᠳᠡᠭᠡᠭᠰᠢᠯᠡᠭᠦᠯᠬᠦ | ᠪᠣᠯᠤᠨ᠎ᠠ᠃ ᠨᠡᠩ ᠡᠷᠡᠰ ᠪᠠᠲᠤ ᠵᠣᠷᠢᠭ ᠪᠠ ᠨᠡᠩ ᠬᠦᠴᠦᠲᠡᠢ ᠠᠷᠭ᠎ᠠ ᠬᠡᠮᠵᠢᠶ᠎ᠡ ᠪᠠᠷ ᠠᠵᠤ ᠠᠬᠤᠶᠢᠯᠠᠯ ᠤᠨ | ᠬᠥᠭᠵᠢᠯᠲᠡ ᠶᠢ ᠬᠠᠮᠠᠭᠠᠯᠠᠵᠤ᠂ ᠰᠢᠯᠢᠳᠡᠭ ᠰᠠᠶᠢᠨ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠪᠤᠢ | ᠪᠣᠯᠭᠠᠬᠤ ᠳᠤ ᠨᠡᠩ ᠶᠡᠭᠡ ᠬᠦᠴᠦᠨ ᠴᠢᠳᠠᠯ ᠢᠶᠠᠨ ᠡᠷᠭᠦᠨ᠎ᠡ᠃ |