ᠪᠤᠭᠤᠲᠤ ᠬᠤᠲᠠ ᠶᠢᠨ ᠵᠢᠥ ᠶᠤᠸᠠᠨ ᠲᠣᠭᠤᠷᠢᠭ ᠤᠨ ᠳᠥᠷᠪᠡᠨ ᠠᠷᠭ᠎ᠠ ᠬᠡᠮᠵᠢᠶ᠎ᠡ ᠠᠪᠴᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠬᠥᠮᠦᠵᠢᠯ ᠢ ᠭᠦᠨᠵᠡᠭᠡᠶ ᠳᠥᠯᠭᠢᠨ ᠠᠬᠢᠭᠤᠯᠪᠠ
ᠨᠡᠶᠢᠲᠡᠯᠡᠭᠰᠡᠨ ᠴᠠᠭ᠄
2024/8/15
    ᠨᠢᠭᠡ ᠳᠤ᠂ ︽ᠪᠣᠳᠠᠰ ᠤᠨ ᠪᠤᠰᠤ ᠰᠣᠶᠣᠯ ᠤᠨ ᠥᠪ︾ ᠢ ᠤᠯᠠᠮᠵᠢᠯᠠᠨ ᠵᠠᠯᠭᠠᠮᠵᠢᠯᠠᠬᠤ ᠲᠦᠷᠦᠯ ᠵᠦᠢᠯ᠂ ᠵᠠᠯᠠᠭᠤᠴᠤᠳ ᠪᠠᠭᠠᠴᠤᠳ ᠤᠨ ᠰᠤᠷᠭᠠᠨ ᠬᠥᠮᠦᠵᠢᠯ ᠵᠡᠷᠭᠡ ᠳᠠᠪᠠᠭᠤᠯᠢᠭ ᠡᠬᠢ ᠪᠠᠶᠠᠯᠢᠭ ᠢ ᠠᠭᠤᠳᠠᠯᠵᠤ᠂ ᠪᠣᠳᠠᠰ ᠤᠨ ᠪᠤᠰᠤ ᠰᠣᠶᠣᠯ ᠤᠨ ᠭᠤᠣᠯ ᠰᠡᠳᠦᠪᠲᠦ ᠦᠵᠡᠭᠦᠯᠦᠯᠭᠡ᠂ ᠵᠣᠬᠢᠶᠠᠨ ᠪᠦᠲᠦᠭᠡᠵᠦ ᠤᠬᠠᠭᠤᠯᠬᠤ ᠸᠢᠳᠢᠣ᠋ ᠶᠢ ᠵᠣᠬᠢᠶᠠᠨ ᠪᠦᠲᠦᠭᠡᠵᠦ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠲᠠᠢ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠲᠠᠢ ᠣᠷᠭᠠᠨᠢᠭ ᠢᠶᠠᠷ ᠠᠭᠤᠰᠤᠯᠴᠠᠭᠤᠯᠬᠤ ᠶᠢ ᠠᠬᠢᠭᠤᠯᠵᠤ᠂ ︽ᠦᠨᠳᠦᠰᠦᠲᠡᠨ ᠤ ᠪᠦᠯᠬᠦᠮᠳᠡᠯ ᠨᠢᠭᠡ ᠭᠡᠷ ᠤᠨ ᠬᠥᠮᠦᠰ ᠨᠢᠭᠡ ᠰᠡᠳᠬᠢᠯ ᠢᠶᠠᠷ ᠢᠷᠡᠭᠡᠳᠦᠢ ᠵᠦᠭ ᠤᠷᠤᠭᠰᠢᠯᠠᠬᠤ︾᠂ ᠪᠠᠭᠰᠢ ᠰᠤᠷᠤᠭᠴᠢᠳ ᠤᠨ ᠨᠡᠶᠢᠲᠡᠯᠢᠭ ᠦᠷ᠎ᠡ ᠶᠢᠨ ᠶᠠᠷᠢᠶ᠎ᠠ ᠢᠯᠡᠳᠬᠡᠯ ᠤᠨ ᠤᠷᠤᠯᠳᠤᠭᠠᠨ ᠵᠡᠷᠭᠡ ᠠᠵᠢᠯᠯᠠᠭ᠎ᠠ ᠶᠢ 100 ᠭᠠᠷᠤᠢ ᠤᠳᠠᠭ᠎ᠠ ᠥᠷᠨᠢᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠰᠡᠳᠬᠢᠯ ᠳᠡᠭᠡᠨ ᠰᠢᠩᠭᠡᠭᠡᠵᠦ᠂ ᠦᠢᠯᠡ ᠠᠵᠢᠯᠯᠠᠭ᠎ᠠ ᠳᠠᠭᠠᠨ ᠰᠢᠩᠭᠡᠭᠡᠵᠦ᠂ ᠤᠯᠠᠨ ᠤ ᠳᠤᠮᠳᠠ ᠠᠭᠤᠰᠤᠯᠴᠠᠭᠤᠯᠤᠨ᠎ᠠ᠃ ᠬᠤᠶᠠᠷ ᠲᠤ᠂ ︽ᠤᠯᠠᠭᠠᠨ ᠠᠨᠠᠷᠠᠨ︾ ᠭᠤᠣᠯ ᠰᠡᠳᠦᠪᠲᠦ ᠴᠡᠴᠡᠷᠯᠢᠭ ᠢ ᠪᠠᠶᠢᠭᠤᠯᠵᠤ᠂ ᠤᠯᠠᠭᠠᠨ ᠠᠨᠠᠷ ᠳᠦᠷᠢ ᠪᠦᠲᠦᠭᠡᠬᠦ ᠱᠤᠭᠤᠮᠠᠯ᠂ ᠲᠦᠩ ᠢ ᠠᠭᠤᠳᠠᠮ ᠲᠠᠯᠠᠪᠠᠢ ᠵᠡᠷᠭᠡ ᠦᠵᠡᠭᠦᠯᠭᠡ ᠶᠢᠨ ᠡᠯᠧᠮᠧᠨ᠋ᠲ ᠢ ᠲᠤᠬᠢᠷᠠᠭᠤᠯᠵᠤ᠂ ᠰᠣᠶᠣᠯ ᠤᠨ ᠦᠵᠡᠰᠬᠦᠯᠡᠩ᠂ ᠤᠷᠠᠨ ᠰᠠᠶᠢᠬᠠᠨ ᠤ ᠲᠣᠭᠯᠠᠯᠲᠠ ᠵᠡᠷᠭᠡ ᠠᠵᠢᠯᠯᠠᠭ᠎ᠠ ᠶᠢ 80 ᠭᠠᠷᠤᠢ ᠤᠳᠠᠭ᠎ᠠ ᠡᠷᠬᠢᠯᠡᠪᠡ᠃ ᠭᠤᠷᠪᠠ ᠳᠤ᠂ ᠲᠣᠭᠤᠷᠢᠭ ᠤᠨ ᠲᠠᠰ ᠤᠨ ︽ᠤᠯᠠᠭᠠᠨ ᠠᠨᠠᠷ ᠭᠡᠷ ᠣᠷᠣᠨ︾ ︽ᠤᠯᠠᠭᠠᠨ ᠠᠨᠠᠷ ᠤᠨ ᠠᠵᠢᠯ ᠣᠯᠵᠤ ᠠᠳᠠᠯ ᠦᠢᠯᠡᠰ ᠴᠣᠭᠴᠠᠯᠠᠬᠤ ᠦᠢᠯᠡᠴᠢᠯᠡᠭᠡᠨ ᠤ ᠥᠷᠲᠡᠭᠡ︾ ᠶᠢ ᠢᠳᠡᠪᠬᠢᠲᠡᠶ ᠡᠭᠦᠳᠦᠨ ᠪᠠᠶᠢᠭᠤᠯᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠭᠠᠳᠠᠭᠰᠢ ᠭᠠᠷᠴᠤ ᠠᠳᠠᠯ ᠦᠢᠯᠡᠰ ᠴᠣᠭᠴᠠᠯᠠᠬᠤ ᠪᠠ ᠢᠷᠡᠵᠦ ᠣᠴᠢᠵᠦ ᠭᠡᠷ ᠣᠷᠣᠨ ᠢᠶᠠᠨ ᠬᠠᠷᠠᠭᠠᠯᠵᠠᠬᠤ ᠶᠢᠨ ᠵᠥᠷᠢᠴᠡᠯ ᠠᠰᠠᠭᠤᠳᠠᠯ ᠢ ᠰᠢᠢᠳᠪᠦᠷᠢᠯᠡᠨ᠎ᠡ᠃ ᠲᠣᠭᠤᠷᠢᠭ ᠤᠨ ᠲᠡᠰ ᠤᠨ ᠤᠯᠠᠭᠠᠨ ᠠᠨᠠᠷ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠬᠢ 20᠂ ᠤᠯᠠᠭᠠᠨ ᠠᠨᠠᠷ ᠰᠠᠶᠢᠨ ᠳᠤᠷ᠎ᠠ ᠶᠢᠨ ᠦᠢᠯᠡᠴᠢᠯᠡᠭᠡᠨ ᠤ ᠪᠠᠭ᠎ᠠ ᠠᠩᠬᠢ 30 ᠪᠠᠶᠢᠵᠤ᠂ ︽ᠦᠨᠳᠦᠰᠦᠲᠡᠨ ᠨᠦᠭᠦᠳ ᠪᠦᠯᠬᠦᠮᠳᠡᠨ ᠨᠢᠭᠡ ᠭᠡᠷ ᠤᠨ ᠬᠥᠮᠦᠨ ᠮᠡᠲᠦ ᠳᠣᠲᠣᠨᠣ︾ ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ ︽ᠪᠢ ᠤᠯᠠᠨ ᠲᠦᠮᠡᠨ ᠳᠤ ᠪᠣᠳᠠᠲᠠᠢ ᠶᠠᠪᠤᠳᠠᠯ ᠬᠢᠵᠦ ᠥᠭᠬᠦ︾ ᠦᠢᠯᠡᠳᠦᠯᠭᠡ ᠶᠢᠨ ᠠᠵᠢᠯᠯᠠᠭ᠎ᠠ ᠶᠢ ᠭᠦᠨᠵᠡᠭᠡᠢ ᠥᠷᠨᠢᠭᠦᠯᠵᠦ ᠂ ᠪᠦᠬᠦ ᠲᠣᠭᠤᠷᠢᠭ ᠤᠨ 3851 ᠵᠦᠢᠯ ᠤᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠢ ᠴᠢᠨᠠᠷ ᠰᠠᠶᠢᠲᠠᠢ ᠪᠡᠶᠡᠯᠡᠭᠦᠯᠪᠡ᠃ ᠲᠦᠷᠪᠡ ᠳᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠡᠭᠦᠳᠦᠨ ᠪᠠᠶᠢᠭᠤᠯᠬᠤ ︽ᠨᠠᠢᠮᠠ ᠶᠢ ᠣᠷᠣᠭᠤᠯᠬᠤ︾ ᠠᠵᠢᠯᠯᠠᠭ᠎ᠠ ᠶᠢ ᠭᠦᠨᠵᠡᠭᠡᠢ ᠠᠬᠢᠭᠤᠯᠵᠤ᠂ ︽1336 ᠶᠢ ᠡᠭᠦᠳᠦᠨ ᠪᠠᠶᠢᠭᠤᠯᠬᠤ ᠲᠦᠷᠦᠯ ᠲᠡᠮᠳᠡᠭ︾ ᠤᠨ ᠶᠠᠰᠤ ᠴᠢᠨᠠᠷ ᠢ ᠳᠡᠭᠡᠭᠰᠢᠯᠡᠭᠦᠯᠬᠦ ᠢᠨᠵᠧᠨᠧᠷᠢᠩ ᠢ ᠪᠦᠬᠦ ᠲᠠᠯ᠎ᠠ ᠪᠠᠷ ᠬᠡᠷᠡᠭᠵᠢᠭᠦᠯᠵᠦ᠂ ︽ᠲᠡᠦᠬᠡ ᠶᠢᠨ ᠡᠷᠲᠡᠨ ᠤ ᠠᠶᠠᠯᠭᠤ ᠬᠥᠮᠦᠰ ᠤᠨ ᠰᠡᠳᠬᠢᠯ ᠢ ᠨᠢᠭᠲᠠᠷᠠᠭᠤᠯᠬᠤ︾ ᠭᠤᠣᠯ ᠰᠡᠳᠦᠪ ᠢᠶᠠᠷ ᠭᠤᠣᠯ ᠪᠣᠯᠭᠠᠵᠤ᠂ ︽ᠬᠠᠳᠤᠨ ᠭᠤᠣᠯ ᠤᠨ ᠰᠣᠶᠣᠯ︾᠂ ︽ᠬᠤᠪᠢᠰᠬᠠᠯ ᠤᠨ ᠰᠣᠶᠣᠯ︾᠂ ︽ᠣᠳᠣᠬᠢᠴᠢᠯᠠᠯᠲᠠ︾ ᠵᠡᠷᠭᠡ ᠭᠤᠷᠪᠠᠨ ᠵᠢᠱᠢᠶ᠎ᠡ ᠦᠵᠡᠭᠦᠯᠬᠦ ᠪᠦᠰᠡ ᠶᠢ ᠡᠭᠦᠳᠴᠦ᠂ ᠬᠠᠳᠤᠨ ᠭᠤᠣᠯ ᠤᠨ ᠰᠣᠶᠣᠯ᠂ ᠴᠢᠨ ᠬᠠᠨ ᠰᠣᠶᠣᠯ᠂ ᠤᠨᠴᠠᠯᠢᠬᠳᠤ ᠲᠣᠰᠬᠤᠨ ᠭᠡᠬᠦ ᠭᠤᠷᠪᠠᠨ ᠰᠣᠶᠣᠯ ᠤᠨ ᠨᠡᠷ᠎ᠡ ᠶᠢᠨ ᠬᠠᠭᠤᠳᠠᠰᠤ ᠶᠢ ᠭᠢᠯᠠᠶᠢᠲᠠᠯ᠎ᠠ ᠠᠷᠴᠢᠵᠤ᠂ ᠤᠷᠢᠳ ᠬᠤᠵᠢᠳ ᠤᠯᠤᠰ ᠤᠨ ᠳᠡᠰ᠂ ᠥᠪᠡᠷᠲᠡᠭᠡᠨ ᠵᠠᠰᠠᠬᠤ ᠣᠷᠣᠨ ᠤ ᠳᠡᠰ᠂ ᠬᠤᠳᠠ ᠶᠢᠨ ᠲᠡᠰ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠵᠢᠱᠢᠶ᠎ᠡ ᠦᠵᠡᠭᠦᠯᠬᠦ ᠨᠢᠭᠡᠴᠡ ᠶᠢ 95 ᠪᠠᠶᠢᠭᠤᠯᠪᠠ᠃
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号