ᠵᠢᠦ ᠶᠤᠸᠠᠨ ᠲᠣᠭᠤᠷᠢᠭ ᠤᠨ ᠮᠠᠯ ᠠᠵᠤ ᠠᠬᠤᠶ ᠤᠰᠤᠨ ᠭᠠᠷᠤᠯᠲᠠ ᠶᠢᠨ ᠦᠢᠯᠡᠴᠢᠯᠡᠭᠡᠨ ᠤ ᠲᠥᠪ ᠬᠤᠶᠠᠷᠬᠤᠳᠳᠤᠭ ᠪᠠᠯᠭᠠᠰᠤᠨ ᠳᠤ ᠠᠮᠢᠲᠠᠨ ᠤ ᠬᠢᠵᠢᠭ ᠢ ᠰᠡᠷᠭᠡᠶᠢᠯᠡᠬᠦ ᠤᠷ᠎ᠠ ᠴᠢᠳᠠᠪᠤᠷᠢ ᠶᠢᠨ ᠪᠣᠯᠪᠠᠰᠤᠷᠠᠯ ᠡᠷᠬᠢᠯᠡᠪᠡ
ᠨᠡᠶᠢᠲᠡᠯᠡᠭᠰᠡᠨ ᠴᠠᠭ᠄
2024/8/15
    8 ᠳ᠋ᠤᠭᠠᠷ ᠰᠠᠷ᠎ᠠ ᠶᠢᠨ 13 ᠤ ᠡᠳᠦᠷ᠂ ᠵᠢᠥ ᠶᠤᠸᠠᠨ ᠲᠣᠭᠤᠷᠢᠭ ᠤᠨ ᠮᠠᠯ ᠠᠵᠤ ᠠᠬᠤᠶ ᠤᠰᠤᠨ ᠭᠠᠷᠤᠯᠲᠠ ᠶᠢᠨ ᠦᠢᠯᠡᠴᠢᠯᠡᠭᠡᠨ ᠤ ᠲᠥᠪ ᠠᠴᠠ ᠭᠤᠤᠯᠯᠠᠨ ᠡᠷᠭᠢᠯᠡᠵᠦ᠂ ᠥᠪᠥᠷ ᠮᠣᠩᠭᠤᠯ ᠤᠨ ᠲᠠᠪᠤᠳᠤᠭᠠᠷ ᠤᠳᠠᠭᠠᠨ ᠤ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠠᠴᠠ ᠳᠠᠭᠠᠭᠠᠴᠢᠯᠠᠨ ᠡᠷᠭᠢᠯᠡᠭᠰᠡᠨ ᠠᠮᠢᠲᠠᠨ ᠤ ᠬᠢᠵᠢᠭ ᠢ ᠰᠡᠷᠭᠡᠶᠢᠯᠡᠬᠦ ᠤᠷ᠎ᠠ ᠴᠢᠳᠠᠪᠤᠷᠢ ᠶᠢᠨ ᠪᠣᠳᠠᠲᠠᠶ ᠪᠣᠯᠪᠠᠰᠤᠷᠠᠯ ᠤᠨ ᠪᠣᠯᠪᠠᠰᠤᠷᠠᠭᠤᠯᠤᠯ ᠬᠤᠶᠠᠷᠬᠤᠳᠳᠤᠭ ᠪᠠᠯᠭᠠᠰᠤᠨ ᠤ ᠠᠮᠢᠲᠠᠨ ᠤ ᠬᠢᠵᠢᠭ ᠢ ᠰᠡᠷᠭᠡᠶᠢᠯᠡᠬᠦ ᠥᠷᠲᠡᠭᠡ ᠳᠤ ᠶᠠᠪᠤᠭᠳᠠᠵᠤ᠂ ᠲᠣᠭᠤᠷᠢᠭ ᠤᠨ ᠮᠠᠯ ᠠᠵᠤ ᠠᠬᠤᠶ ᠤᠰᠤᠨ ᠭᠠᠷᠤᠯᠲᠠ ᠶᠢᠨ ᠦᠢᠯᠡᠴᠢᠯᠡᠭᠡᠨ ᠤ ᠲᠥᠪ ᠤᠨ ᠰᠢᠨ᠎ᠡ ᠪᠠᠷ ᠠᠵᠢᠯ ᠳᠤ ᠤᠷᠤᠭᠰᠠᠨ ᠬᠥᠮᠦᠰ ᠪᠠ ᠠᠮᠢᠲᠠᠨ ᠤ ᠬᠢᠵᠢᠭ ᠢ ᠰᠡᠷᠭᠡᠶᠢᠯᠡᠬᠦ ᠮᠡᠷᠭᠡᠵᠢᠯ ᠤᠨ ᠭᠤᠤᠯᠯᠠᠭᠴᠢ ᠬᠦᠴᠦᠨ ᠲᠤᠬᠠᠶ ᠶᠢᠨ ᠲᠠᠯᠠᠪᠤᠷ ᠤᠨ ᠮᠡᠷᠭᠡᠵᠢᠯ ᠤᠨ ᠠᠵᠢᠯᠯᠠᠭᠠᠨ ᠤ ᠰᠣᠷᠢᠯᠲᠠ ᠳᠤ ᠣᠷᠣᠯᠴᠠᠪᠠ᠃
C:\Users\Administrator\Desktop\图片111.jpg
    ᠲᠤᠰ ᠤᠳᠠᠭᠠᠨ ᠤ ᠪᠣᠯᠪᠠᠰᠤᠷᠠᠯ ᠳᠤ ᠵᠢᠥ ᠶᠤᠸᠠᠨ ᠲᠣᠭᠤᠷᠢᠭ ᠤᠨ ᠬᠤᠷᠢᠨᠭᠡᠷ ᠪᠠᠯᠭᠠᠰᠤᠨ ᠤ ᠠᠮᠢᠲᠠᠨ ᠤ ᠬᠢᠵᠢᠭ ᠢ ᠰᠡᠷᠭᠡᠶᠢᠯᠡᠬᠦ ᠦᠷᠳᠡᠭᠡ ᠶᠢᠨ ᠳᠠᠷᠤᠭ᠎ᠠ ᠯᠢᠦ ᠵᠢᠢ ᠵᠢᠶᠦ᠋ᠨ ᠠᠴᠠ ᠭᠤᠣᠯᠳᠠᠭᠤ ᠲᠠᠬᠢᠶᠠᠨ ᠤ ᠵᠢᠭᠦᠷ ᠳᠣᠣᠷ᠎ᠠ ᠴᠢᠰᠤ ᠠᠪᠬᠤ᠂ ᠵᠢᠷᠦᠬᠡ ᠴᠢᠰᠤ ᠠᠪᠬᠤ ᠵᠢᠴᠢ ᠵᠠᠳᠠᠯᠬᠤ ᠮᠡᠷᠭᠡᠵᠢᠯ ᠤᠨ ᠲᠠᠯ᠎ᠠ ᠪᠠᠷ ᠤᠯᠠᠨ ᠳᠤ ᠪᠣᠯᠪᠠᠰᠤᠷᠠᠯ ᠬᠦᠷᠲᠡᠭᠡᠵᠡᠢ᠃ ᠲᠤᠰᠬᠠᠶ ᠮᠡᠷᠭᠡᠵᠢᠯᠲᠡᠳ ᠨᠠᠷᠢᠨ ᠨᠢᠮᠪᠠᠶ ᠵᠢᠯᠣᠭᠤᠳᠴᠤ᠂ ᠰᠤᠷᠤᠭᠴᠢᠳ ᠢᠳᠡᠪᠬᠢᠲᠡᠶ ᠪᠠᠷ ᠬᠠᠷᠢᠯᠴᠠᠨ ᠬᠥᠳᠡᠯᠦᠯᠴᠡᠵᠦ᠂ ᠦᠢᠯᠡᠳᠦᠯᠭᠡᠵᠢᠭᠦᠯᠦᠨ ᠠᠵᠢᠯᠯᠠᠵᠤ᠂ ᠠᠭᠤᠷ ᠠᠮᠢᠰᠬᠤᠯ ᠬᠥᠭᠵᠢᠶᠡᠨᠲᠡᠶ ᠪᠠᠶᠢᠯ᠎ᠠ᠃ ᠯᠢᠦ ᠵᠢᠶ ᠵᠢᠶᠦ᠋ᠨ ᠵᠢᠭᠠᠨ ᠵᠢᠯᠣᠭᠤᠳᠤᠭᠴᠢ 7 ᠰᠠᠷ᠎ᠠ ᠶᠢᠨ 29 ᠤ ᠡᠳᠦᠷ ᠠᠴᠠ 31 ᠤ ᠡᠳᠦᠷ ᠪᠣᠯᠲᠠᠯ᠎ᠠ ᠪᠥᠬᠦ ᠬᠤᠲᠠ ᠶᠢᠨ ᠠᠮᠢᠲᠠᠨ ᠤ ᠬᠦᠨᠳᠦ ᠶᠡᠭᠡ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠤᠷ᠎ᠠ ᠴᠢᠳᠠᠪᠤᠷᠢ ᠶᠢ ᠳᠡᠭᠡᠭᠰᠢᠯᠡᠭᠦᠯᠬᠦ ᠪᠣᠯᠪᠠᠰᠤᠷᠠᠯ ᠤᠨ ᠠᠩᠭᠢ ᠶᠢᠨ ᠪᠣᠳᠠᠲᠠᠶ ᠪᠣᠯᠪᠠᠰᠤᠷᠠᠯ ᠤᠨ ᠴᠢᠳᠠᠪᠤᠷᠢ ᠶᠢᠨ ᠬᠢᠨᠠᠨ ᠰᠢᠯᠭᠠᠯᠲᠠ ᠳᠤ ᠪᠥᠬᠦ ᠬᠤᠲᠠ ᠶᠢᠨ ᠬᠤᠶᠠᠳᠤᠭᠠᠷ ᠲᠤ ᠣᠷᠣᠵᠤ᠂ ᠪᠤᠭᠤᠲᠤ ᠬᠤᠲᠠ ᠶᠢ ᠲᠥᠯᠥᠭᠡᠯᠡᠨ 2024 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠵᠠᠰᠠᠬᠤ ᠠᠵᠢᠯᠲᠠᠨ ᠤ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠤᠷᠤᠯᠳᠤᠭᠠᠨ ᠳᠤ ᠣᠷᠣᠯᠴᠠᠪᠠ᠃
C:\Users\Administrator\Desktop\图片222.jpg
    ᠬᠤᠶᠢᠰᠢᠳᠠ ᠶᠢᠨ ᠠᠵᠢᠯ ᠤᠨ ᠳᠤᠮᠳᠠ᠂ ᠵᠢᠦ ᠶᠤᠸᠠᠨ ᠲᠣᠭᠤᠷᠢᠭ ᠤᠨ ᠮᠠᠯ ᠠᠵᠤ ᠠᠬᠤᠶ ᠤᠰᠤᠨ ᠭᠠᠷᠤᠯᠲᠠ ᠶᠢᠨ ᠦᠢᠯᠡᠴᠢᠯᠡᠭᠡᠨ ᠤ ᠲᠥᠪ ᠨᠢ ᠮᠡᠷᠭᠡᠵᠢᠯ ᠤᠨ ᠠᠵᠢᠯᠲᠠᠨ ᠤ ᠪᠣᠳᠠᠲᠠᠶ ᠪᠣᠯᠪᠠᠰᠤᠷᠠᠯ ᠤᠨ ᠪᠣᠯᠪᠠᠰᠤᠷᠠᠭᠤᠯᠤᠯ ᠢ ᠦᠷᠭᠦᠯᠵᠢᠯᠡᠨ ᠴᠢᠩᠭᠠᠳᠬᠠᠵᠤ᠂ ᠮᠡᠷᠭᠡᠵᠢᠯ ᠤᠨ ᠴᠢᠳᠠᠪᠤᠷᠢᠲᠠᠨ ᠢ ᠬᠥᠮᠦᠵᠢᠭᠦᠯᠬᠦ ᠶᠢ ᠴᠢᠬᠤᠯᠠᠴᠢᠯᠠᠨ᠂ ᠮᠠᠯ ᠠᠵᠤ ᠠᠬᠤᠶ ᠮᠠᠯ ᠡᠮᠨᠡᠯᠭᠡ ᠶᠢᠨ ᠠᠵᠢᠯ ᠲᠥᠷᠥᠯ ᠤᠨ ᠳᠡᠭᠡᠳᠦ ᠮᠡᠷᠭᠡᠵᠢᠯ ᠤᠨ ᠴᠢᠳᠠᠪᠤᠷᠢᠲᠠᠨ ᠢ ᠬᠥᠮᠦᠵᠢᠭᠦᠯᠬᠦ ᠪᠠ ᠰᠢᠯᠢᠨ ᠰᠣᠩᠭᠤᠬᠤ ᠪᠠᠨ ᠲᠦᠷᠭᠡᠳᠬᠡᠵᠦ᠂ ᠵᠢᠦ ᠶᠤᠸᠠᠨ ᠲᠣᠭᠤᠷᠢᠭ ᠤᠨ ᠮᠠᠯ ᠡᠮᠨᠡᠯᠭᠡ ᠶᠢᠨ ᠡᠩᠨᠡᠭᠡ ᠶᠢᠨ ᠲᠤᠬᠠᠶᠢᠯᠠᠭᠰᠠᠨ ᠠᠵᠢᠯ ᠤᠨ ᠬᠢᠷᠢ ᠲᠦᠪᠰᠢᠨ ᠢ ᠦᠨᠡᠨᠬᠦ ᠳᠡᠭᠡᠭᠰᠢᠯᠡᠭᠦᠯᠵᠦ᠂ ᠦᠨᠳᠦᠰᠦᠨ ᠱᠠᠲᠤᠨ ᠤ ᠮᠡᠷᠭᠡᠵᠢᠯ ᠤᠨ ᠠᠵᠢᠯᠲᠠᠨ ᠤ ᠳᠠᠪᠠᠭᠤᠯᠢᠭ ᠢ ᠭᠦᠢᠴᠡᠳ ᠪᠠᠳᠠᠷᠠᠭᠤᠯᠤᠨ᠂ ᠮᠠᠨ ᠤ ᠲᠣᠭᠤᠷᠢᠭ ᠤᠨ ᠮᠠᠯ ᠠᠵᠤ ᠠᠬᠤᠶ ᠶᠢᠨ ᠤᠯᠠᠮ ᠨᠢᠭᠡ ᠠᠯᠬᠤᠮ ᠴᠢᠨᠠᠷ ᠰᠠᠶᠢᠲᠠᠶ ᠬᠥᠭᠵᠢᠬᠦ ᠶᠢ ᠴᠢᠷᠮᠠᠶᠢᠨ ᠠᠬᠢᠭᠤᠯᠤᠨ᠎ᠠ᠃    auto
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号