ᠢᠳᠡᠭᠡᠨ ᠤ ᠳᠡᠯᠭᠡᠭᠦᠷᠴᠢᠨ ᠢ ᠬᠥᠲᠥᠯᠥᠨ ᠳᠠᠭᠠᠭᠤᠯᠵᠤ ᠡᠵᠡᠩᠨᠡᠯᠲᠡ ᠶᠢᠨ ᠰᠢᠨ᠎ᠡ ᠬᠡᠪ ᠰᠤᠷᠲᠠᠯ ᠢ ᠵᠢᠷᠤᠮᠵᠢᠭᠤᠯᠤᠨ᠎ᠠ
ᠨᠡᠶᠢᠲᠡᠯᠡᠭᠰᠡᠨ ᠴᠠᠭ᠄
2024/8/15
C:\Users\Administrator\Desktop\图片111.jpg
    ᠬᠤᠳᠠ ᠶᠢᠨ ᠢᠳᠡᠭᠡᠨ ᠤ ᠠᠮᠤᠷ ᠲᠦᠪᠰᠢᠨ ᠤ ᠡᠵᠡᠩᠨᠡᠯᠲᠡ ᠶᠢᠨ ᠡᠮᠬᠢ ᠳᠢᠭᠯᠢᠮ ᠢ ᠬᠠᠮᠤᠭ ᠤᠨ ᠰᠢᠯᠢᠳᠡᠭ ᠡᠷᠴᠢᠮ ᠢᠶᠠᠷ ᠵᠢᠷᠤᠮᠵᠢᠭᠤᠯᠬᠤ ᠶᠢᠨ ᠲᠥᠯᠥᠭᠡ᠂ ᠵᠢᠤ ᠶᠤᠸᠠᠨ ᠲᠣᠭᠤᠷᠢᠭ ᠤᠨ ᠬᠤᠳᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠬᠠᠮᠢᠶᠠᠷᠤᠯᠲᠠ ᠶᠢᠨ ᠠᠷᠭ᠎ᠠ  ᠬᠡᠮᠵᠢᠶ᠎ᠡ ᠶᠢᠨ ᠰᠢᠨ᠎ᠡ ᠶᠢ ᠡᠭᠦᠳᠴᠦ᠂ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ︽ᠢᠳᠡᠭᠡᠨ ᠤ ᠳᠡᠯᠭᠡᠭᠦᠷᠴᠢᠨ ᠤ ᠳᠠᠩᠰᠠᠯᠠᠭᠰᠠᠨ ᠦᠨᠡᠮᠯᠡᠯ︾ ᠢ ᠲᠠᠷᠬᠠᠭᠠᠪᠠ᠃    ᠥᠩᠭᠡᠷᠡᠭᠰᠡᠨ ᠳᠤ᠂ ᠨᠡᠭᠦᠳᠡᠯ ᠢᠳᠡᠭᠡᠨ ᠤ ᠳᠡᠯᠭᠡᠭᠦᠷᠴᠢᠨ ᠤ ᠡᠵᠡᠩᠨᠡᠯᠲᠡ ᠶᠢᠨ ᠠᠵᠢᠯᠯᠠᠭ᠎ᠠ ᠨᠢ ᠬᠤᠳᠠ ᠶᠢᠨ ᠬᠠᠮᠢᠶᠠᠷᠤᠯᠲᠠ ᠶᠢᠨ ᠲᠡᠭᠦᠰᠬᠡᠯ ᠳᠤ ᠣᠷᠣᠰᠢᠵᠤ᠂ ᠪᠦᠲᠦᠮᠵᠢᠲᠡᠢ ᠬᠢᠨᠠᠨ ᠬᠠᠮᠢᠶᠠᠷᠬᠤ ᠲᠣᠭᠲᠠᠴᠠ ᠳᠤᠲᠠᠭᠳᠠᠵᠤ᠂ ᠢᠳᠡᠭᠡᠨ ᠤ ᠠᠮᠤᠷ ᠲᠦᠪᠰᠢᠨ ᠤ ᠠᠰᠠᠭᠤᠳᠠᠯ ᠢ ᠪᠠᠲᠤᠯᠠᠬᠤ ᠳᠤ ᠬᠦᠴᠢᠷᠲᠡᠢ ᠪᠠᠶᠢᠵᠤ᠂ ᠪᠠᠰᠠ ︽ᠫᠠᠷᠲ᠋ᠢᠽᠠᠨ ᠲᠠᠶᠢᠨ ᠬᠢᠬᠦ︾ ᠬᠦᠴᠢᠷᠳᠡᠯ ᠳᠤ ᠲᠤᠯᠭᠠᠷᠠᠵᠤ ᠪᠠᠶᠢᠪᠠ᠃ ᠲᠣᠭᠤᠷᠢᠭ ᠤᠨ ᠬᠠᠤᠯᠢ ᠬᠡᠷᠡᠭᠵᠢᠭᠦᠯᠬᠦ ᠲᠣᠪᠴᠢᠶ᠎ᠠ ︽ᠬᠠᠮᠢᠶᠠᠷᠤᠯᠲᠠ + ᠦᠢᠯᠡᠴᠢᠯᠡᠭᠡ︾ ᠶᠢᠨ ᠬᠠᠤᠯᠢ ᠬᠡᠷᠡᠭᠵᠢᠭᠦᠯᠬᠦ ᠣᠶᠢᠯᠠᠭᠠᠭᠳᠠᠬᠤᠨ ᠢ ᠪᠠᠷᠢᠮᠲᠠᠯᠠᠨ᠂ ᠨᠠᠷᠢᠨ ᠲᠣᠳᠣᠷᠬᠠᠶ ᠳᠡᠩᠰᠡᠯᠡᠨ ᠲᠡᠮᠳᠡᠭᠯᠡᠬᠦ ᠵᠦᠭᠯᠡᠭᠦᠷ ᠢ ᠲᠣᠭᠲᠠᠭᠠᠵᠤ᠂ ᠰᠠᠨᠠᠭᠠᠴᠢᠯᠠᠭ᠎ᠠ ᠠᠴᠠ ᠪᠠᠨ ᠬᠡᠷ ᠲᠤᠨᠢ ᠬᠦᠷᠴᠦ ᠵᠢᠭᠠᠨ ᠵᠢᠯᠣᠭᠤᠳᠴᠤ᠂ ᠳᠡᠯᠭᠡᠭᠦᠷᠴᠢᠨ ᠢ ᠬᠠᠪᠰᠤᠷᠤᠨ ᠪᠡᠯᠡᠳᠬᠡᠮᠵᠢ ᠶᠢ ᠨᠢ ᠲᠡᠭᠦᠯᠳᠡᠷᠵᠢᠭᠦᠯᠵᠦ᠂ ᠡᠷᠡᠭᠦᠯ ᠬᠠᠮᠠᠭᠠᠯᠠᠯ ᠤᠨ ᠪᠠᠷᠢᠮᠵᠢᠶ᠎ᠠ ᠶᠢ ᠳᠡᠭᠡᠭᠰᠢᠯᠡᠭᠦᠯᠦᠨ᠂ ᠬᠤᠳᠠᠯᠳᠤᠬᠤ ᠢᠳᠡᠭᠡᠨ ᠨᠢᠭᠡᠪᠦᠷᠢ ᠶᠢ ᠴᠥᠮ ᠠᠮᠤᠷ ᠲᠦᠪᠰᠢᠨ ᠤ ᠪᠠᠷᠢᠮᠵᠢᠶ᠎ᠠ ᠳᠤ ᠬᠦᠷᠦᠭᠦᠯᠬᠦ ᠶᠢ ᠦᠨᠡᠨ ᠬᠦ ᠪᠠᠲᠤᠯᠠᠪᠠ᠃ ᠡᠭᠦᠨ ᠤ ᠬᠠᠮᠲᠤ᠂ ᠢᠳᠡᠭᠡᠨ ᠤ ᠳᠡᠯᠭᠡᠭᠦᠷᠴᠢᠨ ᠤ ᠬᠠᠮᠢᠶᠠᠷᠤᠯᠲᠠ ᠶᠢᠨ ᠳ᠋ᠠᠶᠢᠲ᠋ᠠ ᠬᠥᠮᠥᠷᠭᠡ ᠶᠢ ᠪᠠᠶᠢᠭᠤᠯᠵᠤ᠂ ᠳᠡᠯᠭᠡᠭᠦᠷᠴᠢᠨ ᠤ ᠡᠵᠡᠩᠨᠡᠯᠲᠡ ᠶᠢᠨ ᠪᠠᠶᠢᠳᠠᠯ ᠢ ᠴᠠᠭ ᠲᠤᠬᠠᠶ ᠳᠤᠨᠢ ᠬᠢᠨᠠᠨ ᠡᠵᠡᠮᠳᠡᠬᠦ ᠪᠠ ᠬᠥᠳᠡᠯᠦᠩᠭᠦᠶ ᠪᠠᠷ ᠬᠠᠮᠢᠶᠠᠷᠬᠤ ᠶᠢ ᠪᠡᠶᠡᠯᠡᠭᠦᠯᠬᠦ ᠬᠡᠷᠡᠭᠲᠡᠶ᠃
C:\Users\Administrator\Desktop\图片222.jpg
    ᠣᠳᠣᠬᠠᠨ ᠳᠤ᠂ ︽ᠢᠳᠡᠭᠡᠨ ᠤ ᠳᠡᠯᠭᠡᠭᠦᠷᠴᠢᠨ ᠤ ᠳᠠᠩᠰᠠᠯᠠᠭᠤᠯᠤᠭᠰᠠᠨ ᠦᠨᠡᠮᠯᠡᠯ︾ ᠢ ᠵᠢᠩᠬᠢᠨᠢ ᠪᠠᠷ ᠲᠠᠷᠬᠠᠭᠠᠬᠤ ᠶᠢ ᠳᠠᠭᠠᠯᠳᠤᠨ᠂ ᠣᠯᠠᠨ ᠢᠶᠠᠷ ᠢᠶᠠᠨ ᠢᠯᠡᠷᠬᠡᠶᠢᠯᠡᠬᠦ ᠳᠡᠭᠡᠨ᠂ ᠡᠨᠡ ᠬᠦ ︽ᠪᠡᠶ᠎ᠡ ᠶᠢᠨ ᠦᠨᠡᠮᠯᠡᠯ︾ ᠲᠠᠢ ᠪᠣᠯᠤᠭᠰᠠᠨ ᠠᠴᠠ ᠲᠡᠳᠡᠨ ᠤ ᠡᠵᠡᠩᠨᠡᠯᠲᠡ ᠨᠢ ᠨᠠᠩ ᠰᠠᠨᠠᠭ᠎ᠠ ᠠᠮᠤᠷ ᠪᠣᠯᠵᠣ᠂ ᠵᠣᠴᠢᠳ ᠲᠤ ᠴᠢᠨᠠᠷ ᠰᠠᠶᠢᠲᠠᠶ ᠠᠮᠲᠠᠲᠤ ᠢᠳᠡᠭᠡᠨ ᠪᠠ ᠦᠢᠯᠡᠴᠢᠯᠡᠭᠡ ᠬᠠᠩᠭᠠᠬᠤ ᠢᠲᠡᠭᠡᠯ ᠵᠣᠷᠢᠭ ᠨᠠᠩ ᠢᠯᠡᠭᠦᠤ ᠪᠣᠯᠤᠭᠰᠠᠨ ᠪᠠᠶᠢᠨ᠎ᠠ ᠭᠡᠵᠡᠶ᠃ ︽ᠢᠳᠡᠭᠡᠨ ᠤ ᠳᠡᠯᠭᠡᠭᠦᠷᠴᠢᠨ ᠤ ᠳᠡᠩᠰᠡᠯᠡᠯᠲᠡ ᠶᠢᠨ ᠦᠨᠡᠮᠯᠡᠯ︾ ᠢ ᠵᠢᠩᠬᠢᠨᠢ ᠪᠠᠷ ᠲᠠᠷᠬᠠᠭᠠᠬᠤ ᠶᠢ ᠳᠠᠭᠠᠯᠳᠤᠨ᠂ ᠣᠯᠠᠨ ᠢᠶᠠᠷ ᠢᠶᠠᠨ ᠡᠨᠡ ᠬᠦ ︽ᠪᠡᠶ᠎ᠡ ᠶᠢᠨ ᠦᠨᠡᠮᠯᠡᠯ︾ ᠲᠠᠢ ᠪᠣᠯᠤᠭᠰᠠᠨ ᠪᠠᠶᠢᠨ᠎ᠠ᠃ 
C:\Users\Administrator\Desktop\图片333.jpg
    ᠲᠣᠭᠤᠷᠢᠭ ᠤᠨ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠬᠢᠨ ᠠᠵᠢᠯ ᠤᠨ ᠬᠠᠮᠲᠤᠷᠠᠯ ᠤᠨ ᠬᠦᠴᠦᠨ ᠢ ᠨᠢᠭᠲᠠᠷᠠᠭᠤᠯᠵᠤ᠂ ᠴᠤᠭᠭᠠᠷ ᠠᠳᠬᠤᠨ ᠬᠠᠮᠲᠤᠪᠠᠷ ᠬᠠᠮᠢᠶᠠᠷᠴᠤ᠂ ᠭᠡᠷ ᠬᠤᠷᠢᠶᠠᠯᠠᠯ᠂ ᠵᠠᠬ᠎ᠠ ᠳᠡᠯᠭᠡᠭᠦᠷ ᠵᠡᠷᠭᠡ ᠰᠠᠯᠠᠭ᠎ᠠ ᠮᠥᠴᠢᠷ ᠯᠦᠭᠡ ᠶᠢᠨ ᠤᠯᠤᠯᠴᠠᠭ᠎ᠠ ᠬᠠᠮᠵᠢᠯᠴᠠᠭ᠎ᠠ ᠪᠠᠨ ᠴᠢᠩᠭᠠᠳᠬᠠᠵᠤ᠂ ᠢᠳᠡᠭᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠬᠠᠮᠲᠤᠪᠠᠷ ᠪᠠᠶᠢᠭᠤᠯᠵᠤ᠂ ᠬᠠᠮᠲᠤᠪᠠᠷ ᠵᠠᠰᠠᠵᠤ᠂ ᠵᠢᠷᠤᠮᠵᠢᠯ ᠲᠠᠢ᠂ ᠡᠮᠬᠢ ᠵᠢᠷᠤᠮ ᠲᠠᠢ᠂ ᠡᠶ᠎ᠡ ᠵᠣᠬᠢᠴᠠᠩᠭᠤᠢ ᠬᠤᠳᠠ ᠶᠢᠨ ᠣᠷᠴᠢᠨ ᠲᠣᠭᠤᠷᠢᠨ ᠢ ᠬᠠᠮᠲᠤᠪᠠᠷ ᠡᠳ᠋ᠯᠡᠵᠦ᠂ ᠵᠢᠵᠢᠭ ᠳᠡᠯᠭᠡᠭᠦᠷᠴᠢᠨ ᠢ ᠬᠤᠳᠠ ᠶᠢᠨ ᠠᠷᠠᠳ ᠤᠨ ᠠᠮᠢᠳᠤᠷᠠᠯ ᠳᠤ ᠲᠠᠰᠤᠷᠠᠯᠳᠠ ᠦᠬᠡᠢ ᠳᠤᠯᠠᠭᠠᠨ ᠤ ᠬᠡᠮᠵᠢᠶ᠎ᠡ ᠪᠠ ᠭᠡᠷᠡᠯᠲᠦᠴᠡ ᠨᠡᠮᠡᠷᠢᠯᠡᠨ᠎ᠡ᠃
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号