ᠪᠤᠭᠤᠳᠤ ᠵᠢᠦ ᠶᠤᠸᠠᠨ ᠵᠠᠰᠠᠭ ᠠᠯᠪᠠᠨ ᠲᠠᠷᠬᠠᠭᠠᠭᠰᠠᠨ ︹2024︺49 ᠳ᠋ᠤᠭᠡᠷ ᠲᠣᠭᠠᠲᠤ | | ︽ᠵᠢᠦ ᠶᠤᠸᠠᠨ ᠲᠣᠭᠤᠷᠢᠭ ᠤᠨ 2024 ᠣᠨ ᠤ ᠳᠣᠶ᠋ᠢᠩ ᠲᠦᠯᠡᠰᠢ ᠶᠢᠨ ᠡᠳᠥᠷ ᠤᠨ | ᠪᠣᠯᠪᠠᠰᠤᠨ ᠲᠠᠬᠢᠯᠭ᠎ᠠ ᠶᠢᠨ ᠠᠵᠢᠯ ᠤᠨ ᠲᠥᠰᠦᠯ︾ ᠢ ᠳᠠᠷᠤᠮᠠᠯᠯᠠᠨ ᠲᠠᠷᠬᠠᠭᠠᠬᠤ ᠲᠤᠬᠠᠢ | ᠮᠡᠳᠡᠭᠳᠡᠯ | | | ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ᠂ ᠨᠢᠭᠡᠴᠡ᠄ | | ᠲᠣᠭᠤᠷᠢᠭ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ︽ᠵᠢᠦ ᠶᠤᠸᠠᠨ ᠲᠣᠭᠤᠷᠢᠭ ᠤᠨ | 2024 ᠣᠨ ᠤ ᠳᠣᠶ᠋ᠢᠩ ᠲᠦᠯᠡᠰᠢ ᠶᠢᠨ ᠡᠳᠥᠷ ᠤᠨ ᠪᠣᠯᠪᠠᠰᠤᠨ ᠢᠶᠠᠷ ᠲᠠᠬᠢᠬᠤ ᠠᠵᠢᠯ ᠤᠨ ᠲᠥᠰᠦᠯ︾ ᠢ | ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ ᠲᠠᠢ ᠪᠠᠨ ᠤᠶᠠᠯᠳᠤᠭᠤᠯᠤᠨ ᠬᠢᠨᠠᠮᠠᠭᠠᠢ ᠵᠣᠬᠢᠶᠠᠨ ᠪᠠᠶᠢᠭᠤᠯᠤᠨ | ᠬᠡᠷᠡᠭᠵᠢᠭᠦᠯᠲᠦᠭᠡᠢ᠃ | ᠣᠨᠴᠠᠭᠠᠶᠢᠯᠠᠨ ᠮᠡᠳᠡᠭᠳᠡᠪᠡ᠃ | | | ᠪᠤᠭᠤᠲᠤ ᠬᠤᠲᠠ ᠶᠢᠨ ᠵᠢᠦ ᠶᠤᠸᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ | 2024 ᠣᠨ ᠤ 8 ᠰᠠᠷ᠎ᠠ ᠶᠢᠨ 16 ᠤ ᠡᠳᠦᠷ | | | ᠵᠢᠦ ᠶᠤᠸᠠᠨ ᠲᠣᠭᠤᠷᠢᠭ ᠤᠨ 2024 ᠣᠨ ᠤ ᠳᠣᠶ᠋ᠢᠩ ᠲᠦᠯᠡᠰᠢ ᠶᠢᠨ ᠡᠳᠥᠷ ᠤᠨ | ᠪᠣᠯᠪᠠᠰᠤᠨ ᠲᠠᠬᠢᠯᠭ᠎ᠠ ᠶᠢᠨ ᠠᠵᠢᠯ ᠤᠨ ᠲᠥᠰᠦᠯ | | ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠤᠨ ᠳᠣᠶ᠋ᠢᠩ ᠲᠦᠯᠡᠰᠢ ᠶᠢᠨ ᠡᠳᠥᠷ ᠤᠨ | ᠲᠠᠬᠢᠯᠭ᠎ᠠ ᠶᠢᠨ ᠠᠵᠢᠯ ᠤᠨ ᠲᠤᠬᠠᠢ ᠸᠢᠳᠢᠣ᠋ ᠬᠤᠷᠠᠯ ᠤᠨ ᠵᠣᠷᠢᠭ ᠰᠠᠨᠠᠭ᠎ᠠ ᠪᠠ ᠳᠡᠭᠡᠳᠦ ᠱᠠᠲᠤᠨ ᠤ ᠳᠣᠶ᠋ᠢᠩ | ᠲᠦᠯᠡᠰᠢ ᠶᠢᠨ ᠡᠳᠥᠷ ᠤᠨ ᠬᠤᠯᠪᠣᠭᠳᠠᠯ ᠪᠦᠬᠦᠢ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢᠨ ᠠᠵᠢᠯ ᠤᠨ | ᠱᠠᠭᠠᠷᠳᠠᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠬᠤ ᠶᠢᠨ ᠲᠤᠰᠠᠳᠠ᠂ 2024 ᠣᠨ ᠤ ᠳᠣᠶ᠋ᠢᠩ ᠲᠦᠯᠡᠰᠢ ᠶᠢᠨ | ᠡᠳᠥᠷ ᠤᠨ ᠡᠯ᠎ᠡ ᠵᠦᠢᠯ ᠤᠨ ᠠᠵᠢᠯ ᠢ ᠪᠦᠬᠦ ᠲᠠᠯ᠎ᠠ ᠪᠠᠷ ᠰᠠᠶᠢᠲᠤᠷ ᠬᠢᠵᠦ᠂ ᠪᠣᠯᠪᠠᠰᠤᠨ᠂ ᠡᠷᠡᠭᠦᠯ ᠮᠡᠨᠳᠦ᠂ | ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ᠂ ᠠᠮᠤᠷ ᠲᠦᠪᠰᠢᠨ ᠲᠠᠬᠢᠯᠭ᠎ᠠ ᠶᠢᠨ ᠠᠬᠤᠢ ᠪᠠᠶᠢᠳᠠᠯ ᠢ ᠴᠢᠷᠮᠠᠶᠢᠨ | ᠪᠣᠢ ᠪᠣᠯᠭᠠᠵᠤ᠂ ᠮᠠᠨ ᠤ ᠲᠤᠭᠤᠷᠢᠭ ᠤᠨ ᠪᠣᠳᠠᠲᠠᠢ ᠲᠠᠢ ᠪᠠᠨ ᠤᠶᠠᠯᠳᠤᠭᠤᠯᠤᠨ᠂ ᠲᠤᠰ ᠲᠥᠰᠦᠯ ᠢ ᠲᠣᠭᠲᠠᠭᠠᠪᠠ᠃ | ᠨᠢᠭᠡ᠂ ᠶᠡᠷᠦᠩᠬᠡᠢ ᠱᠠᠭᠠᠷᠳᠠᠯᠭ᠎ᠠ | ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠶᠤᠯᠭᠦᠢ ᠦᠢᠯᠡᠳᠪᠦᠷᠢᠯᠡᠯ ᠤᠨ | ᠲᠤᠬᠠᠢ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠡᠷᠡᠰ ᠲᠤᠤᠱᠯᠠᠭᠤᠯᠤᠨ ᠨᠠᠶᠢᠳᠠᠪᠤᠷᠢᠵᠢᠭᠤᠯᠵᠤ᠂ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ | ᠠᠷᠠᠳ ᠤᠨ ᠶᠠᠪᠤᠳᠠᠯ ᠤᠨ ᠲᠢᠩᠬᠢᠮ᠂ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠪᠣᠯᠤᠨ | ᠬᠤᠲᠠ ᠶᠢᠨ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠠᠯᠪᠠᠨ ᠭᠡᠷ ᠤᠨ ᠠᠵᠢᠯ ᠤᠨ ᠱᠠᠭᠠᠷᠳᠠᠯᠭ᠎ᠠ ᠶᠢ | ᠨᠠᠶᠢᠳᠠᠪᠤᠷᠢᠵᠢᠭᠤᠯᠵᠤ ᠂ ᠳᠣᠶ᠋ᠢᠩ ᠲᠦᠯᠡᠰᠢ ᠶᠢᠨ ᠡᠳᠦᠷ ᠥᠷᠭᠡᠨ ᠣᠯᠠᠨ ᠲᠦᠮᠡᠨ ᠤ ᠭᠠᠰᠢᠭᠤᠳᠠᠵᠤ ᠳᠤᠷᠠᠰᠬᠤ᠂ | ᠲᠥᠷᠥᠯ ᠰᠠᠳᠤᠨ ᠢᠶᠠᠨ ᠳᠤᠷᠠᠰᠤᠨ ᠰᠠᠨᠠᠭᠠᠯᠵᠠᠬᠤ ᠰᠡᠳᠬᠢᠯᠭᠡ ᠨᠡᠯᠢᠶᠡᠳ ᠲᠥᠪᠯᠡᠷᠡᠩᠭᠦᠢ ᠪᠠᠶᠢᠬᠤ ᠶᠢ ᠭᠦᠢᠴᠡᠳ | ᠲᠠᠨᠢᠵᠤ᠂ ᠬᠤᠷᠢᠭ᠎ᠠ ᠱᠤᠭᠤᠮ ᠤᠨ ᠰᠡᠳᠬᠢᠬᠦᠢ ᠶᠢ ᠪᠠᠲᠤ ᠪᠠᠬᠢ ᠪᠣᠢ ᠪᠣᠯᠭᠠᠵᠤ᠂ ᠤᠷᠢᠳᠴᠢᠯᠠᠨ ᠰᠡᠷᠭᠡᠶᠢᠯᠡᠬᠦ | ᠤᠬᠠᠮᠰᠠᠷ ᠢᠶᠠᠨ ᠴᠢᠩᠭᠠᠳᠬᠠᠵᠤ᠂ ︽ᠴᠠᠭ ᠢᠮᠠᠭᠲᠠ ᠰᠠᠨᠠᠭᠠᠰᠢᠷᠠᠬᠤ︾ ᠬᠠᠷᠢᠭᠤᠴᠠᠯᠭᠠᠲᠤ ᠰᠡᠳᠬᠢᠯᠭᠡ ᠪᠠᠨ ᠦᠨᠡᠨ | ᠬᠦ ︽ᠶᠠᠪᠤᠳᠠᠯ ᠪᠦᠬᠦᠨ ᠳᠤ ᠳᠣᠲᠣᠷ᠎ᠠ ᠪᠠᠨ ᠲᠤᠭ᠎ᠠ ᠲᠠᠢ ᠪᠠᠶᠢᠬᠤ︾ ᠠᠵᠢᠯᠯᠠᠭᠠᠨ ᠤ ᠬᠥᠳᠡᠯᠭᠡᠬᠦ ᠬᠦᠴᠦᠨ ᠪᠣᠯᠭᠠᠨ | ᠬᠤᠪᠢᠷᠠᠭᠤᠯᠵᠤ᠂ ᠡᠭᠦᠷᠭᠡ ᠬᠠᠷᠢᠭᠤᠴᠠᠯᠭ᠎ᠠ ᠪᠠᠨ ᠴᠢᠩᠭ᠎ᠠ ᠭᠦᠢᠴᠡᠳᠬᠡᠵᠦ᠂ ᠳᠣᠶ᠋ᠢᠩ ᠲᠦᠯᠡᠰᠢ ᠶᠢᠨ ᠡᠳᠦᠷ ᠤᠨ | ᠡᠯ᠎ᠡ ᠵᠦᠢᠯ ᠤᠨ ᠠᠶᠤᠯ ᠲᠦᠭᠰᠢᠭᠦᠷᠢ ᠶᠢᠨ ᠭᠡᠮ ᠰᠣᠭᠤᠭ ᠢ ᠰᠡᠷᠭᠡᠶᠢᠯᠡᠨ ᠠᠷᠢᠯᠭᠠᠬᠤ ᠠᠵᠢᠯ ᠢ ᠥᠴᠦᠬᠡᠨ ᠴᠦ | ᠰᠤᠯᠠᠷᠠᠭᠤᠯᠤᠯ ᠦᠭᠡᠢ ᠰᠠᠶᠢᠲᠤᠷ ᠬᠢᠵᠦ᠂ ᠠᠷᠠᠳ ᠣᠯᠠᠨ ᠤ ᠲᠠᠬᠢᠯᠭ᠎ᠠ ᠶᠢᠨ ᠬᠡᠷᠡᠭᠴᠡᠭᠡ ᠶᠢ ᠪᠠᠲᠤᠯᠠᠵᠤ᠂ | ᠨᠡᠶᠢᠭᠡᠮ ᠤᠨ ᠲᠣᠭᠲᠠᠭᠤᠨ ᠢ ᠦᠨᠡᠨᠬᠦ ᠬᠠᠮᠠᠭᠠᠯᠠᠬᠤ ᠬᠡᠷᠡᠭᠲᠡᠢ᠃ | ᠬᠤᠶᠠᠷ᠂ ᠠᠵᠢᠯ ᠤᠨ ᠬᠠᠷᠠᠯᠲᠠ | ᠣᠯᠠᠨ ᠲᠦᠮᠡᠨ ᠤ ᠠᠮᠤᠷ ᠲᠦᠪᠰᠢᠨ᠂ ᠡᠮᠬᠢ ᠵᠢᠷᠤᠮ ᠲᠠᠢ᠂ ᠪᠣᠯᠪᠠᠰᠤᠨ ᠲᠠᠬᠢᠯᠭ᠎ᠠ ᠶᠢ ᠪᠠᠳᠤᠯᠠᠵᠤ᠂ ᠵᠠᠩ | ᠳᠠᠳᠬᠠᠯ ᠢ ᠥᠭᠡᠷᠡᠴᠢᠯᠡᠬᠦ ᠶᠢ ᠰᠠᠨᠠᠭᠠᠴᠢᠯᠠᠵᠤ᠂ ᠣᠷᠣᠰᠢᠭᠤᠯᠭ᠎ᠠ ᠶᠢᠨ ᠥᠭᠡᠷᠡᠴᠢᠯᠡᠯᠲᠡ ᠪᠠᠷ ᠵᠢᠯᠣᠭᠤᠳᠣᠯᠭ᠎ᠠ | ᠪᠣᠯᠭᠠᠵᠤ᠂ ᠨᠠᠮ ᠤᠨ ᠬᠤᠷᠢᠶ᠎ᠠ ᠤᠳᠤᠷᠢᠳᠬᠤ᠂ ᠵᠠᠰᠠᠭ ᠤᠨ ᠣᠷᠳᠣᠨ ᠬᠠᠷᠢᠭᠤᠴᠠᠬᠤ᠂ ᠡᠯ᠎ᠡ ᠬᠠᠮᠢᠶ᠎ᠠ ᠪᠦᠬᠦᠢ | ᠰᠠᠯᠠᠭ᠎ᠠ ᠮᠥᠴᠢᠷ ᠨᠢᠭᠡᠴᠡ ᠶᠢᠨ ᠨᠢᠭᠲᠠ ᠬᠠᠮᠵᠢᠯᠴᠠᠬᠤ ᠠᠵᠢᠯ ᠤᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ | ᠲᠠᠬᠢᠯᠭ᠎ᠠ ᠶᠢᠨ ᠦᠢᠯᠡᠴᠢᠯᠡᠭᠡᠨ ᠤ ᠪᠠᠲᠤᠯᠠᠭ᠎ᠠ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ᠂ ᠠᠮᠤᠷ ᠲᠦᠪᠰᠢᠨ ᠤ | ᠰᠡᠷᠭᠡᠶᠢᠯᠡᠯᠲᠡ ᠵᠡᠷᠭᠡ ᠡᠯ᠎ᠡ ᠵᠦᠢᠯ ᠤᠨ ᠠᠵᠢᠯ ᠢ ᠨᠢᠭᠡᠳᠦᠯᠲᠡᠢ ᠲᠥᠯᠥᠪᠯᠡᠨ ᠰᠠᠶᠢᠲᠤᠷ ᠬᠢᠵᠦ᠂ ᠡᠷᠡᠭᠦᠯ ᠮᠡᠨᠳᠦ᠂ | ᠠᠮᠤᠷ ᠲᠦᠪᠰᠢᠨ᠂ ᠪᠣᠯᠪᠠᠰᠤᠨ ᠲᠠᠬᠢᠯᠭ᠎ᠠ ᠶᠢᠨ ᠬᠠᠷᠠᠯᠲᠠ ᠶᠢ ᠪᠡᠶᠡᠯᠡᠭᠦᠯᠦᠨ᠎ᠡ᠃ ᠳᠣᠶ᠋ᠢᠩ ᠲᠦᠯᠡᠰᠢ ᠶᠢᠨ ᠡᠳᠦᠷ ᠤᠨ | ᠲᠠᠬᠢᠯᠭ᠎ᠠ ᠶᠢᠨ ᠠᠵᠢᠯ ᠤᠨ ᠬᠠᠮᠢᠶᠠᠷᠤᠯᠲᠠ ᠶᠢ ᠴᠢᠩᠭᠠᠳᠬᠠᠵᠤ᠂ ᠵᠠᠩ ᠳᠠᠳᠬᠠᠯ ᠢ ᠥᠭᠡᠷᠡᠴᠢᠯᠡᠬᠦ ᠶᠢ ᠶᠡᠬᠡᠪᠡᠷ | ᠲᠦᠯᠬᠢᠨ ᠠᠬᠢᠭᠤᠯᠵᠤ᠂ ᠳᠣᠶ᠋ᠢᠩ ᠲᠦᠯᠡᠰᠢ ᠶᠢᠨ ᠡᠳᠦᠷ ᠤᠨ ᠲᠠᠬᠢᠯᠭ᠎ᠠ ᠶᠢᠨ ᠠᠵᠢᠯ ᠤᠨ ᠤᠷᠤᠭᠰᠢᠲᠠᠢ | ᠶᠠᠪᠤᠭᠳᠠᠬᠤ ᠶᠢ ᠪᠠᠲᠤᠯᠠᠵᠤ᠂ ᠣᠷᠣᠰᠢᠭᠤᠯᠭ᠎ᠠ ᠶᠢᠨ ᠥᠭᠡᠷᠡᠴᠢᠯᠡᠯᠲᠡ ᠶᠢᠨ ᠡᠷᠡᠭᠦᠯ ᠢᠶᠠᠷ ᠬᠥᠭᠵᠢᠬᠦ ᠶᠢ ᠲᠦᠯᠬᠢᠨ | ᠠᠬᠢᠭᠤᠯᠤᠨ᠎ᠠ᠃ | ᠭᠤᠷᠪᠠ᠂ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ | ᠲᠠᠬᠢᠯᠭ᠎ᠠ ᠶᠢᠨ ᠠᠵᠢᠯ ᠤᠨ ᠤᠷᠤᠭᠰᠢᠲᠠᠢ ᠶᠠᠪᠤᠭᠳᠠᠬᠤ ᠶᠢ ᠪᠠᠲᠤᠯᠠᠬᠤ ᠶᠢᠨ ᠲᠥᠯᠥᠭᠡ᠂ ᠵᠢᠦ ᠶᠤᠸᠠᠨ | ᠲᠣᠭᠤᠷᠢᠭ ᠤᠨ ᠳᠣᠶ᠋ᠢᠩ ᠲᠦᠯᠡᠰᠢ ᠶᠢᠨ ᠡᠳᠦᠷ ᠤᠨ ᠲᠠᠬᠢᠯᠭ᠎ᠠ ᠶᠢᠨ ᠠᠵᠢᠯ ᠤᠨ ᠤᠳᠤᠷᠢᠳᠬᠤ ᠳᠤᠭᠤᠶᠢᠯᠠᠩ ᠢ | ᠪᠠᠶᠢᠭᠤᠯᠪᠠ᠂ ᠪᠦᠷᠢᠯᠳᠦᠬᠦᠨ ᠨᠢ ᠳᠣᠣᠷᠠᠬᠢ ᠮᠡᠲᠦ᠄ | ᠳᠤᠭᠤᠶᠢᠯᠠᠩ ᠤᠨ ᠳᠠᠷᠤᠭ᠎ᠠ᠄ ᠸᠠᠩ ᠶᠥᠩ ᠲᠣᠭᠤᠷᠢᠭ ᠤᠨ ᠵᠠᠰᠠᠭ ᠤᠨ ᠣᠷᠳᠣᠨ ᠤ ᠳᠡᠳ᠋ | ᠲᠤᠭᠤᠷᠢᠭ ᠤᠨ ᠳᠠᠷᠤᠭ᠎ᠠ | ᠳᠤᠭᠤᠶᠢᠯᠠᠩ ᠤᠨ ᠳᠡᠳ᠋ ᠳᠠᠷᠤᠭ᠎ᠠ᠄ ᠶᠢᠨ ᠴᠢ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ ᠤᠨ | ᠳᠡᠳ᠋ ᠡᠷᠬᠢᠯᠡᠭᠴᠢ | ᠰᠢᠶᠧ ᠹᠠᠩ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶᠠᠨ ᠤ ᠲᠣᠪᠴᠢᠶᠠᠨ ᠳᠠᠷᠤᠭ᠎ᠠ | ᠭᠡᠰᠢᠭᠦᠨ᠄ ᠶᠠᠩ ᠶᠧ ᠹᠧᠩ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠨᠢᠭᠡᠳᠦᠭᠡᠷ | ᠳᠡᠰ ᠤᠨ ᠡᠷᠬᠢᠯᠡᠭᠴᠢ ᠭᠡᠰᠢᠭᠦᠴᠢ | ᠯᠢ ᠶᠤᠸᠡᠢ ᠨᠠᠨ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠳᠡᠳ᠋ ᠡᠷᠬᠢᠯᠡᠭᠴᠢ | ᠬᠤᠸᠠᠩ ᠸᠧᠢ ᠵᠧᠨ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶᠠᠨ ᠤ | ᠳᠡᠳ᠋ ᠲᠣᠪᠴᠢᠶᠠᠨ ᠳᠠᠷᠤᠭ᠎ᠠ | ᠯᠢ ᠭᠠᠩ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠠ ᠬᠠᠮᠢᠶᠠᠷᠤᠯᠲᠠ ᠶᠢᠨ ᠲᠣᠪᠴᠢᠶᠠᠨ ᠤ ᠳᠡᠳ᠋ | ᠲᠣᠪᠴᠢᠶᠠᠨ ᠳᠠᠷᠤᠭ᠎ᠠ | ᠮᠢᠶᠣᠣ ᠮᠠᠨ ᠢ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ | ᠲᠣᠪᠴᠢᠶᠠᠨ ᠤ ᠲᠣᠪᠴᠢᠶᠠᠨ ᠳᠠᠷᠤᠭ᠎ᠠ | ᠸᠠᠩ ᠶᠠᠨ ᠹᠧᠩ ᠵᠢᠦ ᠶᠤᠸᠠᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶᠠᠨ ᠤ ᠳᠡᠳ᠋ | ᠲᠣᠪᠴᠢᠶᠠᠨ ᠳᠠᠷᠤᠭ᠎ᠠ | ᠴᠧᠨ ᠵᠢᠩ ᠸᠧᠢ ᠠᠭᠠᠷᠤᠲᠠᠢ ᠰᠤᠮᠤᠨ ᠤ ᠳᠡᠳ᠋ ᠰᠤᠮᠤᠨ ᠳᠠᠷᠤᠭ᠎ᠠ | ᠵᠤᠤ ᠵᠢᠩ ᠨᠠᠨ ᠬᠤᠶᠠᠷᠬᠤᠳᠳᠤᠭ ᠪᠠᠯᠭᠠᠰᠤᠨ ᠤ ᠳᠡᠳ᠋ ᠪᠠᠯᠭᠠᠰᠥᠨ ᠳᠠᠷᠤᠭ᠎ᠠ | ᠯᠢᠦ ᠬᠤᠢ ᠬᠤᠷᠢᠨᠭᠡᠷ ᠪᠠᠯᠭᠠᠰᠤᠨ ᠤ ᠳᠡᠳ᠋ ᠪᠠᠯᠭᠠᠰᠥᠨ ᠳᠠᠷᠤᠭ᠎ᠠ | ᠸᠠᠩ ᠰᠢᠶᠣᠤ ᠢᠦᠢ ᠲᠦᠮᠡᠨ ᠪᠤᠯᠠᠭ ᠪᠠᠯᠭᠠᠰᠤᠨ ᠤ ᠳᠡᠳ᠋ ᠪᠠᠯᠭᠠᠰᠥᠨ ᠳᠠᠷᠤᠭ᠎ᠠ | ᠶᠤᠸᠠᠨ ᠮᠢᠩ ᠱᠠ ᠾᠧ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠳᠡᠳ᠋ ᠡᠷᠬᠢᠯᠡᠭᠴᠢ | ᠵᠠᠩ ᠬᠤᠤ ᠰᠠᠶᠢᠬᠠᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠶᠡᠷᠦᠩᠬᠡᠶᠢᠯᠡᠭᠰᠡᠨ ᠬᠠᠤᠯᠢ | ᠬᠡᠷᠡᠭᠵᠢᠭᠦᠯᠬᠦ ᠠᠩᠭᠢ ᠶᠢᠨ ᠳᠠᠷᠤᠭ᠎ᠠ | ᠯᠢ ᠳ᠋ᠦᠸᠧ ᠪᠠᠶᠠᠨᠰᠢᠯᠢ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠳᠡᠳ᠋ ᠡᠷᠬᠢᠯᠡᠭᠴᠢ | ᠶᠠᠨ ᠵᠢᠩ ᠰᠠᠷᠠᠭᠤᠯ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠳᠡᠳ᠋ ᠡᠷᠬᠢᠯᠡᠭᠴᠢ | ᠶᠠᠩ ᠶᠣᠣ ᠭᠤᠸᠠᠩ ᠵᠢᠦ ᠶᠤᠸᠠᠨ ᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠶᠢᠨ ᠳᠡᠳ᠋ | ᠳᠠᠷᠤᠭ᠎ᠠ | ᠬᠤᠤ ᠳ᠋ᠠ ᠴᠧᠩ ᠵᠢᠦ ᠶᠤᠸᠠᠨ ᠤ ᠭᠠᠯ ᠤᠨᠲᠠᠷᠠᠭᠠᠬᠤ ᠨᠢᠭᠡᠳᠦᠭᠡᠷ ᠳᠤᠮᠳᠠ ᠠᠩᠭᠢ ᠶᠢᠨ ᠵᠢᠭᠠᠨ | ᠵᠢᠯᠣᠭᠤᠳᠣᠭᠴᠢ | ᠤᠳᠤᠷᠢᠳᠬᠤ ᠳᠤᠭᠤᠶᠢᠯᠠᠩ ᠤᠨ ᠳᠣᠣᠷ᠎ᠠ ᠠᠯᠪᠠᠨ ᠭᠡᠷ ᠭᠠᠷᠭᠠᠵᠤ᠂ ᠠᠯᠪᠠᠨ ᠭᠡᠷ ᠢ ᠲᠣᠭᠤᠷᠢᠭ ᠤᠨ | ᠠᠷᠠᠳ ᠤᠨ ᠶᠠᠪᠤᠳᠠᠯ ᠤᠨ ᠲᠣᠪᠴᠢᠶ᠎ᠠ ᠳᠤ ᠭᠠᠷᠭᠠᠵᠤ᠂ ᠠᠯᠪᠠᠨ ᠭᠡᠷ ᠤᠨ ᠡᠷᠬᠢᠯᠡᠭᠴᠢ ᠶᠢᠨ ᠲᠤᠰᠢᠶᠠᠯ ᠢ ᠶᠠᠩ ᠶᠧ | ᠹᠧᠩ ᠨᠥᠬᠦᠷ ᠬᠠᠪᠰᠤᠷᠭᠠᠨ ᠬᠠᠷᠢᠭᠤᠴᠠᠨ᠎ᠠ ︵ᠬᠠᠷᠢᠯᠴᠠᠬᠤ ᠤᠲᠠᠰᠤ᠄ 7107131︶᠃ | ᠳᠥᠷᠪᠡ᠂ ᠠᠵᠢᠯᠯᠠᠬᠤ ᠴᠠᠭ | 2024 ᠣᠨ ᠤ 8 ᠰᠠᠷ᠎ᠠ ᠶᠢᠨ 17 ᠤ ᠡᠳᠦᠷ ᠠᠴᠠ 19 ᠤ ᠡᠳᠦᠷ ᠪᠣᠯᠲᠠᠯ᠎ᠠ᠂ ᠲᠣᠭᠤᠷᠢᠨ ᠪᠠᠶᠢᠴᠠᠭᠠᠬᠤ | ᠴᠠᠭ᠄ 7᠄ 00 - 12᠄ 00 | ᠲᠠᠪᠤ᠂ ᠭᠤᠣᠯᠳᠠᠯᠭ᠎ᠠ ᠲᠠᠢ ᠡᠭᠦᠷᠭᠡ | ᠨᠡᠶᠢᠲᠡ ᠶᠢᠨ ᠣᠩᠭᠤᠨ ᠪᠠ ᠲᠥᠪᠯᠡᠷᠡᠭᠦᠯᠦᠨ ᠪᠤᠯᠠᠰᠢᠯᠠᠬᠤ ᠭᠠᠵᠠᠷ ᠤᠨ ᠲᠠᠬᠢᠯᠭ᠎ᠠ ᠶᠢᠨ ᠠᠵᠢᠯᠯᠠᠭ᠎ᠠ ᠶᠢ | ᠬᠠᠮᠢᠶᠠᠷᠬᠤ ᠪᠠ ᠰᠡᠷᠭᠡᠶᠢᠯᠡᠨ ᠡᠵᠡᠮᠳᠡᠬᠦ ︵7᠄ 00-12᠄ 00︶᠃ | ᠨᠡᠶᠢᠲᠡ ᠶᠢᠨ ᠣᠩᠭᠤᠨ ᠳᠤ᠄ ᠵᠢᠦ ᠠᠨ ᠣᠷᠣᠰᠢᠭᠤᠯᠭ᠎ᠠ ᠶᠢᠨ ᠦᠢᠯᠡᠴᠢᠯᠡᠭᠡᠨ ᠤ ᠲᠥᠪ ︵ᠵᠢᠦ ᠶᠤᠸᠠᠨ ᠤ | ᠨᠡᠶᠢᠲᠡ ᠶᠢᠨ ᠣᠩᠭᠤᠨ︶ ᠪᠠᠭᠲᠠᠨ᠎ᠠ᠃ | ᠲᠥᠪᠯᠡᠷᠡᠭᠦᠯᠦᠨ ᠪᠤᠯᠠᠰᠢᠯᠠᠬᠤ ᠴᠡᠭ ᠲᠤ᠄ ᠲᠦᠮᠡᠨ ᠪᠤᠯᠠᠭ ᠲᠥᠪᠯᠡᠷᠡᠭᠦᠯᠦᠨ ᠪᠤᠯᠠᠰᠢᠯᠠᠬᠤ ᠭᠠᠵᠠᠷ᠂ ᠰᠠᠷᠠᠭᠤᠯ | ᠲᠥᠪᠯᠡᠷᠡᠭᠦᠯᠦᠨ ᠪᠤᠯᠠᠰᠢᠯᠠᠬᠤ ᠭᠠᠵᠠᠷ᠂ ᠬᠤᠷᠢᠨᠭᠡᠷ ᠪᠠᠯᠭᠠᠰᠤᠨ ᠤ ᠳᠦᠬᠦᠮ ᠨᠠᠭᠤᠷ ᠲᠥᠪᠯᠡᠷᠡᠭᠦᠯᠦᠨ ᠪᠤᠯᠠᠰᠢᠯᠠᠬᠤ | ᠭᠠᠵᠠᠷ ᠪᠠ ᠪᠤᠰᠤᠳ ᠰᠤᠯᠠ ᠰᠡᠯᠡᠭᠦᠦ ᠪᠤᠯᠠᠰᠢᠯᠠᠬᠤ ᠭᠠᠵᠠᠷ ᠪᠠᠭᠲᠠᠨ᠎ᠠ᠃ | ᠵᠢᠷᠭᠤᠭ᠎ᠠ᠂ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ | ︵ᠨᠢᠭᠡ︶ ᠲᠤᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ ︵ᠤᠳᠤᠷᠢᠳᠬᠤ ᠳᠤᠭᠤᠶᠢᠯᠠᠩ ᠤᠨ ᠠᠯᠪᠠᠨ | ᠭᠡᠷ︶ | 1. ᠭᠡᠰᠢᠭᠦᠨ ᠤ ᠪᠦᠷᠢᠯᠳᠦᠭᠦᠨ᠄ ᠶᠠᠩ ᠶᠧ ᠹᠧᠩ ︵ᠨᠢᠭᠡᠳᠦᠭᠡᠷ ᠳᠡᠰ ᠤᠨ ᠡᠷᠬᠢᠯᠡᠭᠴᠢ ᠭᠡᠰᠢᠭᠦᠴᠢ︶ ᠠᠩᠭᠢ | ᠳᠠᠭᠠᠭᠤᠯᠤᠨ ᠂ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠬᠠᠮᠢᠶ᠎ᠠ ᠪᠦᠬᠦᠢ ᠠᠵᠢᠯᠲᠠᠨ ᠪᠦᠬᠦ ᠶᠠᠪᠤᠴᠠ ᠳᠤ | ᠣᠷᠣᠯᠴᠠᠨ᠎ᠠ ᠃ | 2. ᠭᠤᠣᠯ ᠡᠭᠦᠷᠭᠡ ᠬᠠᠷᠢᠭᠤᠴᠠᠯᠭ᠎ᠠ᠄ | ① ᠪᠣᠯᠪᠠᠰᠤᠨ ᠳᠠᠬᠢᠯᠭ᠎ᠠ ᠶᠢ ᠤᠬᠠᠭᠤᠯᠬᠤ ᠠᠵᠢᠯ ᠢ ᠬᠠᠷᠢᠭᠤᠴᠠᠨ ᠲᠣᠬᠢᠷᠠᠭᠤᠯᠬᠤ ᠶᠢᠨ ᠬᠠᠮᠲᠤ | ᠨᠠᠶᠢᠳᠠᠪᠤᠷᠢᠵᠢᠭᠤᠯᠤᠨ᠎ᠠ᠃ | ② ᠨᠡᠶᠢᠲᠡ ᠶᠢᠨ ᠣᠩᠭᠤᠨ᠂ ᠲᠥᠪᠯᠡᠷᠡᠭᠦᠯᠦᠨ ᠪᠤᠯᠠᠰᠢᠯᠠᠬᠤ ᠭᠠᠵᠠᠷ ᠱᠠᠯᠠᠪᠳᠠᠭᠤᠯᠤᠨ ᠠᠮᠤᠷ ᠲᠦᠪᠰᠢᠨ ᠤ | ᠬᠠᠮᠢᠶᠠᠷᠤᠯᠲᠠ ᠶᠢᠨ ᠳᠦᠷᠢᠮ ᠪᠣᠯᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠢ ᠨᠢ | ᠲᠡᠭᠦᠯᠳᠡᠷᠵᠢᠭᠦᠯᠵᠦ᠂ ᠠᠮᠤᠷ ᠲᠦᠪᠰᠢᠨ ᠤ ᠲᠤᠬᠠᠢ ᠮᠦᠩᠬᠦ ᠵᠠᠷᠤᠴᠠᠭᠤᠯᠤᠯᠳᠠ᠂ ᠠᠮᠤᠷ ᠲᠦᠪᠰᠢᠨ ᠤ ᠪᠣᠯᠪᠠᠰᠤᠷᠠᠯ | ᠪᠣᠯᠤᠨ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ ᠶᠢ ᠴᠢᠩᠭᠠᠳᠬᠠᠵᠤ᠂ ᠲᠠᠬᠢᠯᠭ᠎ᠠ ᠶᠢᠨ ᠣᠷᠭᠢᠯ ᠤᠨ | ᠬᠤᠭᠤᠴᠠᠭ᠎ᠠ ᠪᠣᠯᠤᠨ ᠬᠥᠮᠦᠨ ᠬᠠᠷ᠎ᠠ ᠲᠥᠪᠯᠡᠷᠡᠭᠰᠡᠨ ᠬᠤᠭᠤᠴᠠᠭᠠᠨ ᠤ ᠠᠮᠤᠷ ᠲᠦᠪᠰᠢᠨ ᠤ ᠬᠠᠮᠢᠶᠠᠷᠤᠯᠲᠠ ᠶᠢ | ᠴᠢᠩᠭᠠᠳᠬᠠᠵᠤ᠂ ᠲᠠᠬᠢᠯᠭ᠎ᠠ ᠶᠢᠨ ᠲᠠᠯᠠᠪᠤᠷ ᠭᠠᠵᠠᠷ ᠤᠨ ᠭᠠᠯ ᠤᠨ ᠡᠬᠢ ᠰᠤᠷᠪᠤᠯᠵᠢ ᠶᠢ ᠬᠠᠮᠢᠶᠠᠷᠤᠨ ᠡᠵᠡᠮᠳᠡᠬᠦ ᠶᠢ | ᠴᠢᠩᠭᠠᠳᠬᠠᠵᠤ᠂ ᠭᠢᠰᠬᠢᠬᠦ᠂ ᠭᠠᠯ ᠤᠨ ᠠᠶᠤᠯ ᠵᠡᠷᠭᠡ ᠠᠮᠤᠷ ᠲᠦᠪᠰᠢᠨ ᠤ ᠠᠳᠠᠯ ᠭᠠᠷᠬᠤ ᠶᠢ ᠴᠢᠩᠭ᠎ᠠ ᠰᠡᠷᠭᠡᠶᠢᠯᠡᠨ᠎ᠡ | ᠃ | ③ ᠡᠯ᠎ᠡ ᠰᠤᠮᠤ ᠪᠠᠯᠭᠠᠰᠥ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠲᠥᠪᠯᠡᠷᠡᠭᠦᠯᠦᠨ ᠪᠤᠯᠠᠰᠢᠯᠠᠬᠤ | ᠴᠡᠭ ᠤᠨ ᠵᠢᠵᠢᠭᠦᠷᠯᠡᠨ ᠰᠠᠬᠢᠬᠤ ᠠᠵᠢᠯᠲᠠᠨ ᠢ ᠲᠣᠭᠤᠷᠢᠨ ᠪᠠᠶᠢᠴᠠᠭᠠᠬᠤ ᠪᠠ ᠬᠢᠨᠠᠨ ᠵᠢᠯᠣᠭᠤᠳᠬᠤ ᠶᠢ ᠬᠠᠷᠢᠭᠤᠴᠠᠨ᠎ᠠ | ᠃ | ④ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠲᠠᠬᠢᠯᠭ᠎ᠠ ᠶᠢᠨ ᠬᠡᠷᠡᠭᠰᠡᠯ ᠢ ᠲᠣᠭᠲᠠᠭᠠᠯ ᠠᠴᠠ | ᠵᠥᠷᠢᠴᠡᠨ ᠵᠠᠮ ᠡᠵᠡᠯᠡᠨ ᠪᠣᠷᠣᠯᠠᠭᠤᠯᠬᠤ᠂ ᠹᠧᠣᠳᠠᠯ ᠤᠨ ᠮᠤᠬᠤᠷ ᠪᠢᠰᠢᠷᠡᠯ ᠤᠨ ᠣᠷᠣᠰᠢᠭᠤᠯᠭ᠎ᠠ ᠶᠢᠨ ᠬᠡᠷᠡᠭᠰᠡᠯ ᠢ | ᠪᠣᠷᠣᠯᠠᠭᠤᠯᠤᠨ ᠬᠤᠳᠠᠯᠳᠤᠬᠤ ᠪᠠ ᠠᠷᠠᠳ ᠤᠨ ᠵᠣᠭᠤᠰ ᠤᠨ ᠶᠠᠩᠵᠤ ᠶᠢ ᠳᠠᠭᠤᠷᠢᠶᠠᠨ ᠦᠢᠯᠡᠳᠬᠦ ᠵᠡᠷᠭᠡ ᠶᠢᠨ | ᠳᠡᠯᠭᠡᠭᠡ ᠮᠠᠶᠢᠮᠠᠢ ᠶᠢ ᠬᠤᠷᠢᠶᠠᠨ ᠠᠪᠴᠤ ᠬᠦᠴᠦᠨ ᠦᠭᠡᠢ ᠪᠣᠯᠭᠠᠬᠤ ᠶᠢ ᠬᠠᠷᠢᠭᠤᠴᠠᠵᠤ᠂ ᠭᠠᠯ ᠤᠨ ᠠᠶᠤᠯ ᠤᠨ | ᠳᠠᠯᠳᠠ ᠭᠡᠮ᠂ ᠵᠠᠮ ᠬᠠᠷᠢᠯᠴᠠᠭᠠᠨ ᠤ ᠲᠦᠭᠵᠢᠷᠡᠯ ᠵᠡᠷᠭᠡ ᠪᠠᠶᠢᠳᠠᠯ ᠢ ᠴᠠᠭ ᠲᠤᠬᠠᠢ ᠳᠤᠨᠢ ᠵᠠᠷᠯᠠᠨ ᠮᠡᠳᠡᠭᠳᠡᠵᠦ | ᠰᠢᠢᠳᠪᠦᠷᠢᠯᠡᠨ᠎ᠡ᠃ | 5. ᠡᠭᠦᠷᠭᠡ ᠴᠢᠳᠠᠪᠬᠢ ᠶᠢᠨ ᠬᠡᠪᠴᠢᠶᠡᠨ ᠳᠠᠬᠢ ᠪᠤᠰᠤᠳ ᠬᠠᠮᠢᠶ᠎ᠠ ᠪᠦᠬᠦᠢ ᠶᠠᠪᠤᠳᠠᠯ᠃ | ︵ᠬᠤᠶᠠᠷ︶ ᠪᠤᠭᠤᠲᠤ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠢᠦ ᠶᠤᠸᠠᠨ ᠬᠤᠪᠢᠶᠠᠷᠢ | ᠲᠣᠪᠴᠢᠶ᠎ᠠ | 1. ᠭᠡᠰᠢᠭᠦᠨ ᠤ ᠪᠦᠷᠢᠯᠳᠦᠭᠦᠨ᠄ ᠸᠠᠩ ᠶᠠᠨ ᠹᠧᠩ ᠳᠡᠳ᠋ ᠲᠣᠪᠴᠢᠶᠠᠨ ᠳᠠᠷᠤᠭ᠎ᠠ ᠪᠦᠯᠬᠦᠮ ᠳᠠᠭᠠᠭᠤᠯᠤᠨ᠂ | ᠬᠥᠮᠦᠨ ᠤ ᠲᠤᠭ᠎ᠠ ᠨᠢ ᠬᠡᠷᠡᠭᠴᠡᠭᠡ ᠪᠠᠨ ᠦᠨᠳᠦᠰᠦᠯᠡᠨ ᠥᠪᠡᠰᠦᠪᠡᠨ ᠳᠣᠭᠢᠷᠠᠭᠤᠯᠤᠨ᠎ᠠ᠃ | 2. ᠭᠤᠣᠯ ᠡᠭᠦᠷᠭᠡ ᠬᠠᠷᠢᠭᠤᠴᠠᠯᠭ᠎ᠠ᠄ | ① ᠣᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠤᠬᠠᠭᠤᠯᠭ᠎ᠠ ᠬᠥᠮᠦᠵᠢᠯ ᠵᠡᠷᠭᠡ ᠠᠵᠢᠯ ᠢ | ᠬᠠᠷᠢᠭᠤᠴᠠᠨ ᠭᠦᠢᠴᠡᠳᠬᠡᠵᠦ᠂ ᠲᠠᠬᠢᠯᠭ᠎ᠠ ᠶᠢᠨ ᠬᠤᠭᠤᠴᠠᠭᠠᠨ ᠳᠠᠬᠢ ᠭᠠᠯ ᠰᠡᠷᠭᠡᠶᠢᠯᠡᠯᠳᠠ ᠶᠢ ᠲᠣᠭᠤᠷᠢᠨ | ᠪᠠᠶᠢᠴᠠᠭᠠᠵᠤ ᠬᠠᠮᠠᠭᠠᠯᠠᠬᠤ᠂ ᠭᠠᠯ ᠤᠨ ᠢᠷᠡᠯᠲᠡ ᠶᠢᠨ ᠬᠠᠮᠢᠶᠠᠷᠤᠯᠲᠠ ᠵᠡᠷᠭᠡ ᠠᠵᠢᠯ ᠢ ᠴᠢᠩᠭᠠᠳᠬᠠᠨ᠎ᠡ᠃ | ② ᠳᠣᠶ᠋ᠢᠩ ᠲᠦᠯᠡᠰᠢ ᠶᠢᠨ ᠡᠳᠦᠷ ᠤᠨ ᠬᠤᠭᠤᠴᠠᠭᠠᠨ ᠳᠤ ᠂ ᠬᠠᠮᠠᠭᠠᠯᠠᠯᠲᠠ ᠶᠢᠨ ᠣᠷᠣᠨ ᠤ ᠬᠡᠪᠴᠢᠶᠡᠨ | ᠳᠣᠲᠣᠷ᠎ᠠ ᠪᠠ ᠬᠡᠭᠡᠷ᠎ᠡ ᠭᠠᠳᠠᠨ᠎ᠠ ᠲᠠᠬᠢᠯᠭ᠎ᠠ ᠬᠢᠵᠦ ᠭᠠᠯ ᠬᠡᠷᠡᠭᠯᠡᠬᠦ ᠪᠠᠶᠢᠳᠠᠯ ᠢ ᠬᠢᠨᠠᠨ ᠡᠵᠡᠮᠳᠡᠬᠦ ᠶᠢ ᠬᠠᠷᠢᠭᠤᠴᠠᠨ | ᠴᠢᠩᠭᠠᠳᠬᠠᠵᠤ᠂ ᠣᠢ ᠰᠢᠭᠤᠢ ᠶᠢᠨ ᠭᠠᠯ ᠤᠨ ᠠᠶᠤᠯ ᠵᠡᠷᠭᠡ ᠭᠡᠨᠡᠳᠲᠡ ᠶᠢᠨ ᠠᠳᠠᠯ ᠤᠨ ᠪᠠᠴᠢᠮ ᠪᠠᠶᠢᠳᠠᠯ ᠢ | ᠠᠷᠭᠠᠴᠠᠨ ᠰᠢᠢᠳᠪᠦᠷᠢᠯᠡᠬᠦ ᠪᠡᠯᠡᠳᠬᠡᠯ ᠲᠥᠰᠦᠯ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠴᠢᠬᠤᠯᠠ | ᠲᠠᠬᠢᠯᠭ᠎ᠠ ᠶᠢᠨ ᠡᠳᠦᠷ ᠤᠨ ᠬᠤᠭᠤᠴᠠᠭᠠᠨ ᠳᠤ ᠭᠠᠯ ᠤᠨ ᠠᠶᠤᠯ ᠡᠭᠦᠰᠬᠦ ᠶᠢ ᠤᠷᠢᠳᠴᠢᠯᠠᠨ ᠰᠡᠷᠭᠡᠶᠢᠯᠡᠵᠦ᠂ ᠣᠢ | ᠰᠢᠭᠤᠢ ᠨᠤᠲᠤᠭ ᠪᠡᠯᠴᠢᠭᠡᠷ ᠤᠨ ᠭᠠᠯ ᠤᠨ ᠠᠶᠤᠯ ᠢ ᠰᠢᠢᠳᠪᠦᠷᠢᠯᠡᠬᠦ ᠠᠵᠢᠯ ᠳᠤ ᠣᠷᠣᠯᠴᠠᠨ᠎ᠠ᠃ | ③ ᠡᠭᠦᠷᠭᠡ ᠴᠢᠳᠠᠪᠤᠷᠢ ᠶᠢᠨ ᠬᠡᠪᠴᠢᠶᠡᠨ ᠳᠠᠬᠢ ᠪᠤᠰᠤᠳ ᠬᠠᠮᠢᠶ᠎ᠠ ᠪᠦᠬᠦᠢ ᠶᠠᠪᠤᠳᠠᠯ᠃ | ︵ᠭᠤᠷᠪᠠ︶ ᠲᠤᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ | 1. ᠭᠡᠰᠢᠭᠦᠨ ᠤ ᠪᠦᠷᠢᠯᠳᠦᠭᠦᠨ᠄ ᠯᠢ ᠶᠤᠸᠡᠢ ︵ ᠡᠷᠭᠳᠡᠢ᠂ ᠲᠡᠳ᠋ ᠡᠷᠬᠢᠯᠡᠭᠴᠢ︶ ᠠᠩᠭᠢ ᠳᠠᠭᠠᠭᠤᠯᠤᠨ᠂ | ᠬᠥᠮᠦᠨ ᠤ ᠲᠤᠭ᠎ᠠ ᠨᠢ ᠬᠡᠷᠡᠭᠴᠡᠭᠡ ᠪᠠᠨ ᠦᠨᠳᠦᠰᠦᠯᠡᠨ ᠥᠪᠡᠷ ᠢᠶᠠᠨ ᠲᠤᠬᠢᠷᠠᠭᠤᠯᠤᠨ᠎ᠠ᠃ | 2. ᠭᠤᠣᠯ ᠡᠭᠦᠷᠭᠡ ᠬᠠᠷᠢᠭᠤᠴᠠᠯᠭ᠎ᠠ᠄ | ① ᠣᠷᠣᠰᠢᠭᠤᠯᠭ᠎ᠠ ᠶᠢᠨ ᠦᠢᠯᠡᠴᠢᠯᠡᠭᠡᠨ ᠤ ᠨᠢᠭᠡᠴᠡ ᠳᠠᠬᠢ ᠣᠯᠠᠨ ᠲᠦᠮᠡᠨ ᠤ ᠰᠠᠨᠠᠭᠠᠨ ᠳᠤ ᠦᠭᠡᠢ | ᠰᠢᠷᠬᠠᠲᠤᠭᠰᠠᠨ᠂ ᠭᠡᠨᠡᠳᠲᠡ ᠡᠭᠦᠰᠦᠭᠰᠡᠨ ᠡᠪᠡᠳᠴᠢᠨ ᠤ ᠪᠠᠶᠢᠳᠠᠯ ᠢ ᠪᠠᠴᠢᠮ ᠠᠪᠤᠷᠠᠨ ᠵᠠᠰᠠᠬᠤ ᠶᠢ ᠬᠠᠷᠢᠭᠤᠴᠠᠵᠤ᠂ | ᠬᠥᠮᠦᠨ ᠲᠥᠪᠯᠡᠷᠡᠭᠰᠡᠨ ᠣᠷᠣᠰᠢᠭᠤᠯᠭ᠎ᠠ ᠶᠢᠨ ᠦᠢᠯᠡᠴᠢᠯᠡᠭᠡᠨ ᠤ ᠨᠢᠭᠡᠴᠡ ᠳᠤ 120 ᠲᠦᠷᠭᠡᠨ ᠠᠪᠤᠷᠠᠯᠲᠠ ᠶᠢᠨ | ᠲᠡᠷᠭᠡ ᠪᠠ ᠡᠮᠴᠢᠯᠡᠭᠡᠨ ᠤ ᠠᠵᠢᠯᠲᠠᠨ ᠢ ᠲᠣᠮᠢᠯᠠᠨ᠎ᠠ ᠃ 2024 ᠣᠨ ᠤ 8 ᠰᠠᠷ᠎ᠠ ᠶᠢᠨ 17 ᠤ ᠡᠳᠦᠷ ᠠᠴᠠ | 19 ᠤ ᠡᠳᠦᠷ ᠪᠣᠯᠲᠠᠯ᠎ᠠ᠂ ᠡᠳᠦᠷ ᠪᠦᠷᠢ ᠶᠢᠨ 7᠄ 00 ᠴᠠᠭ ᠲᠤ ᠵᠢᠦ ᠶᠤᠸᠠᠨ ᠤ ᠨᠡᠶᠢᠲᠡ ᠶᠢᠨ ᠣᠩᠭᠤᠨ ᠤ | ᠲᠤᠬᠠᠢ ᠶᠢᠨ ᠲᠠᠯᠠᠪᠤᠷ ᠲᠤ ᠵᠢᠵᠢᠭᠦᠷ ᠲᠣᠬᠢᠷᠠᠭᠤᠯᠤᠨ᠎ᠠ᠃ | ② ᠡᠭᠦᠷᠭᠡ ᠴᠢᠳᠠᠪᠤᠷᠢ ᠶᠢᠨ ᠬᠡᠪᠴᠢᠶᠡᠨ ᠳᠠᠬᠢ ᠪᠤᠰᠤᠳ ᠬᠠᠮᠢᠶ᠎ᠠ ᠪᠦᠬᠦᠢ ᠶᠠᠪᠤᠳᠠᠯ᠃ | ︵ᠲᠦᠷᠪᠡ︶ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠲᠣᠪᠴᠢᠶ᠎ᠠ | 1. ᠭᠡᠰᠢᠭᠦᠨ ᠤ ᠪᠦᠷᠢᠯᠳᠦᠭᠦᠨ᠄ ᠯᠢ ᠭᠠᠩ ︵ᠨᠢᠭᠡᠳᠦᠭᠡᠷ ᠳᠡᠰ ᠤᠨ ᠡᠷᠬᠢᠯᠡᠭᠴᠢ ᠭᠡᠰᠢᠭᠦᠴᠢ︶ ᠠᠩᠭᠢ | ᠳᠠᠭᠠᠭᠤᠯᠵᠤ᠂ ᠬᠦᠮᠦᠨ ᠤ ᠲᠤᠭ᠎ᠠ ᠶᠢ ᠬᠡᠷᠡᠭᠴᠡᠭᠡ ᠪᠠᠨ ᠦᠨᠳᠦᠰᠦᠯᠡᠨ ᠥᠪᠡᠷᠲᠡᠭᠡᠨ ᠲᠣᠬᠢᠷᠠᠭᠤᠯᠤᠨ᠎ᠠ᠃ | 2. ᠭᠤᠣᠯ ᠡᠭᠦᠷᠭᠡ ᠬᠠᠷᠢᠭᠤᠴᠠᠯᠭ᠎ᠠ᠄ | ① ᠣᠷᠣᠰᠢᠭᠤᠯᠭ᠎ᠠ ᠶᠢᠨ ᠬᠡᠷᠡᠭᠰᠡᠯ ᠤᠨ ᠵᠠᠬ᠎ᠠ ᠳᠡᠯᠭᠡᠭᠦᠷ ᠤᠨ ᠬᠠᠮᠢᠶᠠᠷᠤᠯᠲᠠ ᠶᠢ ᠴᠢᠩᠭᠠᠳᠬᠠᠬᠤ ᠶᠢ | ᠬᠠᠷᠢᠭᠤᠴᠠᠵᠤ᠂ ᠲᠣᠭᠲᠠᠭᠠᠯ ᠠᠴᠠ ᠵᠥᠷᠢᠴᠡᠨ ᠡᠵᠡᠩᠨᠡᠭᠰᠡᠨ ᠦᠢᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠬᠦ | ᠡᠷᠴᠢᠮ ᠢᠶᠠᠨ ᠴᠢᠩᠭᠠᠷᠠᠭᠤᠯᠤᠨ᠂ ᠬᠠᠤᠯᠢ ᠪᠤᠰᠤ ᠪᠠᠷ ᠡᠵᠡᠩᠨᠡᠭᠰᠡᠨ ᠦᠢᠯᠡ ᠠᠵᠢᠯᠯᠠᠭ᠎ᠠ ᠳᠤ ᠬᠠᠤᠯᠢ ᠶᠣᠰᠣᠭᠠᠷ | ᠴᠣᠬᠢᠯᠲᠠ ᠥᠭᠴᠦ᠂ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠲᠠᠢ ᠬᠠᠮᠲᠤᠷᠠᠨ ᠠᠷᠠᠳ ᠤᠨ ᠵᠣᠭᠤᠰ ᠢ | ᠥᠯᠢᠭᠡᠷ ᠳᠠᠭᠤᠷᠢᠶᠠᠨ ᠦᠢᠯᠡᠳᠦᠭᠰᠡᠨ ᠲᠠᠬᠢᠯᠭ᠎ᠠ ᠶᠢᠨ ᠬᠡᠷᠡᠭᠰᠡᠯ ᠢ ᠬᠢᠨᠠᠨ ᠬᠠᠮᠢᠶᠠᠷᠬᠤ ᠠᠵᠢᠯ ᠢ ᠥᠷᠨᠢᠭᠦᠯᠬᠦ ᠳᠤ | ᠣᠷᠣᠯᠴᠠᠵᠤ᠂ ᠣᠯᠠᠨ ᠲᠦᠮᠡᠨ ᠤ ᠠᠰᠢᠭ ᠲᠤᠰᠠ ᠶᠢ ᠬᠠᠮᠠᠭᠠᠯᠠᠨ᠎ᠠ᠃ | ② ᠣᠷᠣᠰᠢᠭᠤᠯᠭ᠎ᠠ ᠶᠢᠨ ᠦᠢᠯᠡᠴᠢᠯᠡᠭᠡᠨ ᠤ ᠰᠦᠢᠳᠬᠡᠯ ᠬᠤᠷᠢᠶᠠᠬᠤ ᠶᠢ ᠬᠡᠷᠡᠭᠵᠢᠭᠦᠯᠵᠦ ᠪᠠᠶᠢᠭ᠎ᠠ ᠪᠠᠶᠢᠳᠠᠯ ᠢ | ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠬᠤ ᠶᠢ ᠬᠠᠷᠢᠭᠤᠴᠠᠵᠤ᠂ ᠣᠷᠣᠰᠢᠭᠤᠯᠭ᠎ᠠ ᠶᠢᠨ ᠬᠦᠷᠢᠶᠡᠨ ᠳᠠᠬᠢ ᠦᠨ᠎ᠡ | ᠬᠠᠩᠰᠢ ᠶᠢ ᠢᠯᠡ ᠨᠡᠶᠢᠲᠡᠯᠡᠬᠦ ᠦᠭᠡᠢ᠂ ᠳᠤᠷ᠎ᠠ ᠪᠠᠷ ᠢᠶᠠᠨ ᠰᠦᠢᠳᠬᠡᠯ ᠬᠤᠷᠢᠶᠠᠬᠤ ᠵᠡᠷᠭᠡ ᠲᠣᠭᠲᠠᠭᠠᠯ ᠠᠴᠠ | ᠵᠥᠷᠢᠴᠡᠭᠰᠡᠨ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠨ᠎ᠡ᠃ | ③ ᠡᠭᠦᠷᠭᠡ ᠴᠢᠳᠠᠪᠤᠷᠢ ᠶᠢᠨ ᠬᠡᠪᠴᠢᠶᠡᠨ ᠳᠠᠬᠢ ᠪᠤᠰᠤᠳ ᠬᠠᠮᠢᠶ᠎ᠠ ᠪᠦᠬᠦᠢ ᠶᠠᠪᠤᠳᠠᠯ᠃ | ︵ᠲᠠᠪᠤ︶ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ | ᠲᠣᠪᠴᠢᠶ᠎ᠠ | 1. ᠭᠡᠰᠢᠭᠦᠨ ᠤ ᠪᠦᠷᠢᠯᠳᠦᠭᠦᠨ᠄ ᠮᠢᠶᠣᠣ ᠮᠠᠨ ᠢ ᠳᠡᠳ᠋ ᠲᠣᠪᠴᠢᠶᠠᠨ ᠳᠠᠷᠤᠭ᠎ᠠ ᠳᠠᠭᠠᠭᠤᠯᠵᠤ᠂ ᠬᠦᠮᠦᠨ ᠤ | ᠲᠤᠭ᠎ᠠ ᠶᠢ ᠬᠡᠷᠡᠭᠴᠡᠭᠡ ᠪᠠᠨ ᠦᠨᠳᠦᠰᠦᠯᠡᠨ ᠥᠪᠡᠷᠲᠡᠭᠡᠨ ᠲᠣᠬᠢᠷᠠᠭᠤᠯᠤᠨ᠎ᠠ᠃ | 2. ᠭᠤᠣᠯ ᠡᠭᠦᠷᠭᠡ ᠬᠠᠷᠢᠭᠤᠴᠠᠯᠭ᠎ᠠ᠄ | ① ᠬᠠᠷᠢᠶᠠᠲᠤ ᠣᠷᠣᠨ ᠳᠤ ᠨᠡᠪᠲᠡᠷᠡᠬᠦ ᠨᠡᠶᠢᠲᠡ ᠶᠢᠨ ᠣᠩᠭᠤᠨ᠂ ᠲᠥᠪᠯᠡᠷᠡᠭᠦᠯᠦᠨ ᠪᠤᠯᠠᠰᠢᠯᠠᠬᠤ ᠭᠠᠵᠠᠷ ᠤᠨ | ᠭᠤᠣᠯ ᠵᠠᠮ ᠤᠨ ᠬᠡᠰᠡᠭ ᠪᠠ ᠬᠤᠲᠠ ᠶᠢᠨ ᠲᠣᠭᠤᠷᠢᠭ ᠤᠨ ᠵᠡᠭᠡᠯᠢ ᠳᠠᠭᠠᠤ ᠹᠧᠣᠳᠠᠯ ᠤᠨ ᠮᠤᠬᠤᠷ ᠪᠢᠰᠢᠷᠡᠯ ᠤᠨ | ᠬᠡᠷᠡᠭᠰᠡᠯ ᠵᠢᠴᠢ ᠲᠠᠬᠢᠯᠭ᠎ᠠ ᠶᠢᠨ ᠬᠡᠷᠡᠭᠰᠡᠯ ᠢ ᠡᠵᠡᠩᠨᠡᠨ ᠪᠣᠷᠣᠯᠠᠭᠤᠯᠬᠤ ᠠᠵᠢᠯᠯᠠᠭ᠎ᠠ ᠶᠢ ᠬᠠᠷᠢᠭᠤᠴᠠᠨ ᠬᠠᠮᠢᠶᠠᠷᠤᠨ | ᠡᠵᠡᠮᠳᠡᠨ᠎ᠡ᠃ | ② ᠬᠤᠲᠠ ᠶᠢᠨ ᠵᠠᠮ ᠢ ᠴᠡᠪᠡᠷᠯᠡᠨ ᠴᠡᠪᠡᠷᠯᠡᠬᠦ ᠪᠠ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠠᠵᠢᠯ ᠢ | ᠬᠠᠷᠢᠭᠤᠴᠠᠨ᠎ᠠ᠃ | ③ ᠡᠭᠦᠷᠭᠡ ᠴᠢᠳᠠᠪᠤᠷᠢ ᠶᠢᠨ ᠬᠡᠪᠴᠢᠶᠡᠨ ᠳᠠᠬᠢ ᠪᠤᠰᠤᠳ ᠬᠠᠮᠢᠶ᠎ᠠ ᠪᠦᠬᠦᠢ ᠶᠠᠪᠤᠳᠠᠯ᠃ | ︵ᠵᠢᠷᠭᠤᠭ᠎ᠠ︶ ᠵᠢᠦ ᠶᠤᠸᠠᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ | 1. ᠭᠡᠰᠢᠭᠦᠨ ᠤ ᠪᠦᠷᠢᠯᠳᠦᠭᠦᠨ᠄ ᠶᠠᠩ ᠶᠣᠣ ᠭᠤᠸᠠᠩ ᠳᠡᠳ᠋ ᠶᠡᠭᠡ ᠠᠩᠭᠢ ᠶᠢᠨ ᠳᠠᠷᠤᠭ᠎ᠠ ᠳᠠᠭᠠᠭᠤᠯᠵᠤ᠂ | ᠬᠦᠮᠦᠨ ᠤ ᠲᠤᠭ᠎ᠠ ᠶᠢ ᠬᠡᠷᠡᠭᠴᠡᠭᠡ ᠪᠠᠨ ᠦᠨᠳᠦᠰᠦᠯᠡᠨ ᠥᠪᠡᠷᠲᠡᠭᠡᠨ ᠲᠣᠬᠢᠷᠠᠭᠤᠯᠤᠨ᠎ᠠ᠃ | 2. ᠭᠤᠣᠯ ᠡᠭᠦᠷᠭᠡ ᠬᠠᠷᠢᠭᠤᠴᠠᠯᠭ᠎ᠠ᠄ | ① ᠣᠯᠠᠨ ᠲᠦᠮᠡᠨ ᠲᠥᠪᠯᠡᠷᠡᠭᠰᠡᠨ ᠲᠠᠬᠢᠯᠭ᠎ᠠ ᠣᠷᠣᠰᠢᠭᠤᠯᠭ᠎ᠠ ᠶᠢᠨ ᠦᠢᠯᠡᠴᠢᠯᠡᠭᠡᠨ ᠤ ᠨᠢᠭᠡᠴᠢ ᠶᠢᠨ | ᠣᠶᠢᠷᠠᠯᠴᠠᠭ᠎ᠠ ᠪᠠᠶᠢᠵᠤ᠂ ᠵᠠᠮ ᠬᠠᠷᠢᠯᠴᠠᠭᠠᠨ ᠤ ᠡᠮᠬᠢ ᠳᠢᠭᠯᠢᠮ ᠪᠣᠯᠤᠨ ᠠᠮᠤᠷ ᠲᠦᠪᠰᠢᠨ ᠢ ᠬᠠᠮᠠᠭᠠᠯᠠᠵᠤ᠂ | ᠲᠠᠬᠢᠯᠭ᠎ᠠ ᠶᠢᠨ ᠬᠥᠮᠦᠰ ᠢ ᠵᠣᠬᠢᠶᠠᠨ ᠪᠠᠶᠢᠭᠤᠯᠤᠨ ᠵᠢᠯᠣᠭᠤᠳᠴᠤ᠂ ᠰᠠᠭᠠᠲᠠᠭᠰᠠᠨ ᠴᠠᠭ ᠢ ᠨᠢ ᠪᠣᠭᠤᠨᠢᠰᠬᠠᠵᠤ᠂ | ᠭᠡᠨᠡᠳᠲᠡ ᠶᠢᠨ ᠬᠡᠷᠡᠭ ᠭᠠᠷᠬᠤ ᠶᠢ ᠰᠡᠷᠭᠡᠶᠢᠯᠡᠬᠦ ᠬᠡᠷᠡᠭᠲᠡᠢ᠃ | ② ᠴᠢᠬᠤᠯᠠ ᠵᠠᠮ ᠤᠨ ᠬᠡᠰᠡᠭ ᠪᠠ ᠵᠢᠵᠢᠭᠦᠷᠯᠡᠬᠦ ᠭᠠᠵᠠᠷ ᠤᠨ ᠣᠶᠢᠷ᠎ᠠ ᠬᠠᠪᠢ ᠶᠢᠨ ᠵᠠᠮ ᠬᠠᠷᠢᠯᠴᠠᠭ᠎ᠠ ᠶᠢ | ᠰᠠᠭᠠᠳ ᠦᠭᠡᠢ ᠪᠣᠯᠭᠠᠬᠤ ᠪᠠ ᠲᠣᠭᠲᠠᠭᠠᠯ ᠢ ᠵᠥᠷᠢᠴᠡᠨ ᠲᠠᠬᠢᠯᠭ᠎ᠠ ᠬᠢᠬᠦ ᠠᠵᠢᠯᠯᠠᠭ᠎ᠠ ᠶᠢ ᠢᠳᠬᠠᠬᠤ ᠶᠢ | ᠬᠠᠷᠢᠭᠤᠴᠠᠨ᠎ᠠ᠃ | ③ ᠲᠠᠬᠢᠯᠭ᠎ᠠ ᠶᠢᠨ ᠬᠤᠭᠤᠴᠠᠭᠠᠨ ᠳᠤ ᠲᠦᠷ ᠴᠠᠭ ᠤᠨ ᠲᠡᠷᠭᠡᠨ ᠵᠣᠭᠰᠣᠭᠠᠯ᠂ ᠲᠦᠷ ᠴᠠᠭ ᠤᠨ ᠵᠠᠮ | ᠬᠠᠷᠢᠯᠴᠠᠭᠠᠨ ᠤ ᠲᠥᠬᠦᠭᠡᠷᠦᠮᠵᠢ ᠨᠡᠮᠡᠵᠦ ᠪᠠᠶᠢᠭᠤᠯᠬᠤ ᠡᠰᠡᠬᠦ ᠶᠢ ᠤᠷᠢᠳᠴᠢᠯᠠᠨ ᠰᠤᠳᠤᠯᠤᠨ ᠮᠠᠭᠠᠳᠯᠠᠬᠤ ᠶᠢᠨ | ᠬᠠᠮᠲᠤ ᠰᠤᠳᠤᠯᠤᠨ ᠮᠠᠭᠠᠳᠯᠠᠭᠰᠠᠨ ᠪᠠᠶᠢᠳᠠᠯ ᠢ ᠦᠨᠳᠦᠰᠦᠯᠡᠨ ᠴᠠᠭ ᠲᠤᠬᠠᠢ ᠳᠤ ᠨᠢ ᠨᠠᠶᠢᠳᠠᠪᠤᠷᠢᠵᠢᠭᠤᠯᠤᠨ᠎ᠠ︔ | ᠮᠠᠰᠢᠨ ᠲᠡᠷᠭᠡ ᠶᠢ ᠲᠦᠷ ᠴᠠᠭ ᠲᠣᠭᠤᠷᠢᠨ ᠶᠠᠪᠤᠬᠤ᠂ ᠭᠠᠭᠴᠠ ᠴᠢᠭᠯᠡᠯ ᠢᠶᠠᠷ ᠶᠠᠪᠤᠬᠤ᠂ ᠶᠠᠪᠤᠬᠤ ᠶᠢ ᠴᠠᠭᠠᠵᠠᠯᠠᠬᠤ | ᠵᠡᠷᠭᠡ ᠲᠡᠮᠳᠡᠭ ᠢ ᠤᠷᠢᠳᠴᠢᠯᠠᠨ ᠲᠣᠬᠢᠷᠠᠭᠤᠯᠬᠤ ᠶᠢᠨ ᠬᠠᠮᠲᠤ ᠴᠠᠭ ᠲᠤᠬᠠᠢ ᠳᠤ ᠨᠢ ᠰᠠᠯᠭᠠᠨ ᠲᠣᠬᠢᠷᠠᠭᠤᠯᠬᠤ ᠠᠷᠭ᠎ᠠ | ᠬᠡᠮᠵᠢᠶ᠎ᠡ ᠠᠪᠴᠤ᠂ ᠲᠡᠷᠭᠡ ᠬᠥᠰᠬᠡ ᠪᠠ ᠬᠥᠮᠦᠨ ᠬᠠᠷ᠎ᠠ ᠶᠢ ᠴᠠᠭ ᠲᠤᠬᠠᠢ ᠳᠤ ᠨᠢ ᠵᠢᠯᠣᠭᠤᠳᠤᠨ ᠲᠠᠷᠬᠠᠭᠠᠵᠤ᠂ ᠵᠠᠮ | ᠬᠠᠷᠢᠯᠴᠠᠭ᠎ᠠ ᠪᠠ ᠲᠡᠷᠭᠡ ᠬᠥᠰᠬᠡ ᠵᠣᠭᠰᠣᠬᠤ ᠳᠠᠷᠤᠯᠲᠠ ᠶᠢ ᠪᠠᠭᠠᠰᠬᠠᠬᠤ ᠶᠢᠨ ᠬᠠᠮᠲᠤ ᠠᠪᠤᠷᠠᠨ ᠲᠤᠰᠠᠯᠠᠬᠤ | ᠵᠠᠮ ᠤᠨ ᠰᠠᠭᠠᠳ ᠦᠭᠡᠢ ᠨᠡᠪᠲᠡᠷᠡᠬᠦ ᠶᠢ ᠪᠠᠲᠤᠯᠠᠨ᠎ᠠ᠃ | ④ ᠡᠭᠦᠷᠭᠡ ᠴᠢᠳᠠᠪᠤᠷᠢ ᠶᠢᠨ ᠬᠡᠪᠴᠢᠶᠡᠨ ᠳᠠᠬᠢ ᠪᠤᠰᠤᠳ ᠬᠤᠯᠪᠣᠭᠳᠠᠬᠤ ᠵᠦᠢᠯᠡᠰ᠃ | ︵ᠳᠤᠯᠤᠭ᠎ᠠ︶ ᠵᠢᠦ ᠶᠤᠸᠠᠨ ᠭᠠᠯ ᠤᠨᠲᠠᠷᠠᠭᠠᠬᠤ ᠨᠢᠭᠡᠳᠦᠭᠡᠷ ᠳᠤᠮᠳᠠ ᠠᠩᠭᠢ | 1. ᠭᠡᠰᠢᠭᠦᠨ ᠤ ᠪᠦᠷᠢᠯᠳᠦᠭᠦᠨ᠄ ᠬᠤᠤ ᠳ᠋ᠠ ᠴᠧᠩ ᠵᠢᠭᠠᠨ ᠵᠢᠯᠣᠭᠤᠳᠣᠭᠴᠢ ᠠᠴᠠ ᠠᠩᠭᠢ ᠳᠠᠭᠠᠭᠤᠯᠵᠤ᠂ | ᠬᠦᠮᠦᠨ ᠤ ᠲᠤᠭ᠎ᠠ ᠶᠢ ᠬᠡᠷᠡᠭᠴᠡᠭᠡ ᠪᠠᠨ ᠦᠨᠳᠦᠰᠦᠯᠡᠨ ᠥᠪᠡᠷᠲᠡᠭᠡᠨ ᠲᠤᠬᠢᠷᠠᠭᠤᠯᠤᠨ᠎ᠠ᠃ | 2. ᠭᠤᠣᠯ ᠡᠭᠦᠷᠭᠡ ᠬᠠᠷᠢᠭᠤᠴᠠᠯᠭ᠎ᠠ᠄ | ① ᠭᠠᠯ ᠤᠨᠲᠠᠷᠠᠭᠠᠬᠤ ᠡᠷᠴᠢᠮ ᠢᠶᠠᠨ ᠴᠢᠩᠭᠠᠷᠠᠭᠤᠯᠵᠤ᠂ ᠬᠥᠮᠦᠨ ᠲᠥᠪᠯᠡᠷᠡᠭᠰᠡᠨ ᠭᠤᠣᠯᠳᠠᠯᠭ᠎ᠠ ᠲᠠᠢ | ᠣᠷᠣᠰᠢᠭᠤᠯᠭ᠎ᠠ ᠶᠢᠨ ᠦᠢᠯᠡᠴᠢᠯᠡᠭᠡᠨ ᠤ ᠨᠢᠭᠡᠴᠢ ᠳᠤ ᠭᠠᠯ ᠤᠨᠲᠠᠷᠠᠭᠠᠬᠤ ᠲᠡᠷᠭᠡ ᠪᠠ ᠭᠠᠯ ᠤᠨᠲᠠᠷᠠᠭᠠᠬᠤ ᠬᠥᠮᠦᠰ ᠢ | ᠲᠣᠮᠢᠯᠠᠨ ᠰᠠᠭᠤᠯᠭᠠᠵᠤ᠂ 2024 ᠣᠨ ᠤ 8 ᠰᠠᠷ᠎ᠠ ᠶᠢᠨ 17 ᠤ ᠡᠳᠦᠷ ᠠᠴᠠ 19 ᠤ ᠡᠳᠦᠷ ᠪᠣᠯᠲᠠᠯ᠎ᠠ᠂ ᠡᠳᠦᠷ | ᠪᠦᠷᠢ ᠶᠢᠨ 7᠄ 00 ᠴᠠᠭ ᠲᠤ ᠭᠠᠯ ᠤᠨᠲᠠᠷᠠᠭᠠᠬᠤ ᠲᠡᠷᠭᠡ ᠶᠢ ᠲᠤᠰ ᠲᠤᠰ ᠵᠢᠦ ᠶᠤᠸᠠᠨ ᠨᠡᠶᠢᠲᠡ ᠶᠢᠨ ᠣᠩᠭᠤᠨ ᠤ | ᠲᠤᠬᠠᠢ ᠶᠢᠨ ᠭᠠᠵᠠᠷ ᠲᠤ ᠣᠴᠢᠭᠤᠯᠤᠨ ᠵᠢᠵᠢᠭᠦᠷᠯᠡᠭᠦᠯᠵᠦ᠂ ᠳᠣᠶ᠋ᠢᠩ ᠲᠦᠯᠡᠰᠢ ᠶᠢᠨ ᠡᠳᠦᠷ ᠭᠠᠯ ᠤᠨ ᠠᠶᠤᠯ | ᠡᠭᠦᠰᠪᠡᠯ ᠴᠠᠭ ᠲᠤᠬᠠᠢ ᠳᠤ ᠨᠢ ᠰᠢᠢᠳᠪᠦᠷᠢᠯᠡᠨ᠎ᠠ᠃ | ② ᠡᠭᠦᠷᠭᠡ ᠴᠢᠳᠠᠪᠤᠷᠢ ᠶᠢᠨ ᠬᠡᠪᠴᠢᠶᠡᠨ ᠳᠠᠬᠢ ᠪᠤᠰᠤᠳ ᠬᠠᠮᠢᠶ᠎ᠠ ᠪᠦᠬᠦᠢ ᠶᠠᠪᠤᠳᠠᠯ᠃ | ︵ᠨᠠᠢᠮᠠ︶ ᠡᠯ᠎ᠡ ᠰᠤᠮᠤ ᠪᠠᠯᠭᠠᠰᠤᠨ ᠤ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ | 1. ᠭᠡᠰᠢᠭᠦᠨ ᠤ ᠪᠦᠷᠢᠯᠳᠦᠭᠦᠨ᠄ ᠡᠯ᠎ᠡ ᠰᠤᠮᠤ ᠪᠠᠯᠭᠠᠰᠥ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ | ᠤᠨ ᠬᠤᠪᠢᠳᠠᠨ ᠬᠠᠮᠢᠶᠠᠷᠴᠤ ᠪᠠᠶᠢᠭ᠎ᠠ ᠳᠡᠳ᠋ ᠲᠤᠰᠢᠶᠠᠯᠲᠠᠨ ᠠᠩᠭᠢ ᠳᠠᠭᠠᠭᠤᠯᠵᠤ᠂ ᠡᠯ᠎ᠡ ᠭᠤᠣᠯ ᠳᠡᠳ᠋ ᠵᠠᠮ | ᠱᠤᠭᠤᠮ ᠤᠨ ᠭᠡᠷ ᠬᠤᠷᠢᠶᠠᠯᠠᠯ ︵ᠲᠣᠰᠬᠤᠨ︶ ᠤᠨ ᠠᠵᠢᠯᠲᠠᠨ ᠲᠠᠢ ᠵᠣᠬᠢᠴᠠᠭᠤᠯᠤᠨ ᠣᠷᠣᠯᠴᠠᠵᠤ᠂ ᠪᠣᠳᠠᠲᠠᠢ | ᠡᠭᠦᠷᠭᠡ ᠶᠢᠨ ᠬᠤᠪᠢᠶᠠᠷᠢᠯᠠᠯᠲᠠ ᠶᠢ ᠡᠯ᠎ᠡ ᠰᠤᠮᠤ ᠪᠠᠯᠭᠠᠰᠤ᠂ ᠵᠡᠭᠡᠯᠢ ᠭᠤᠳᠤᠮᠵᠢ ᠠᠴᠠ ᠬᠠᠷᠢᠭᠤᠴᠠᠨ᠎ᠠ᠃ | 2. ᠭᠤᠣᠯ ᠡᠭᠦᠷᠭᠡ ᠬᠠᠷᠢᠭᠤᠴᠠᠯᠭ᠎ᠠ᠄ | ① ᠭᠡᠷ ᠬᠤᠷᠢᠶᠠᠯᠠᠯ ︵ᠲᠣᠰᠬᠤᠨ︶ ᠤᠨ ᠳᠠᠪᠬᠤᠷᠭ᠎ᠠ ᠠᠴᠠ ᠪᠣᠯᠪᠠᠰᠤᠨ ᠲᠠᠬᠢᠯᠭ᠎ᠠ ᠶᠢᠨ ᠤᠬᠠᠭᠤᠯᠭ᠎ᠠ ᠶᠢᠨ | ᠠᠵᠢᠯ ᠢ ᠦᠷᠭᠦᠯᠵᠢᠯᠡᠨ ᠪᠦᠲᠦᠮᠵᠢᠲᠡᠢ ᠠᠬᠢᠭᠤᠯᠬᠤ ᠶᠢ ᠬᠠᠷᠢᠭᠤᠴᠠᠨ᠎ᠠ᠃ | ②ᠵᠡᠭᠡᠯᠢ ᠳᠠᠭᠠᠤ ᠶᠢᠨ ᠭᠡᠷ ᠬᠤᠷᠢᠶᠠᠯᠠᠯ ︵ᠲᠣᠰᠬᠤᠨ︶ ᠳᠤ ᠳᠤᠶ᠋ᠢᠩ ᠲᠦᠯᠡᠰᠢ ᠶᠢᠨ ᠡᠳᠦᠷ ᠤᠨ | ᠬᠤᠭᠤᠴᠠᠭᠠᠨ ᠳᠠᠬᠢ ᠬᠤᠲᠠ ᠶᠢᠨ ᠣᠯᠠᠨ ᠨᠡᠶᠢᠲᠡ ᠶᠢᠨ ᠣᠷᠣᠨ ᠭᠠᠵᠠᠷ ᠪᠣᠯᠤᠨ ᠭᠤᠣᠯ ᠳᠡᠳ᠋ ᠭᠤᠣᠯ ᠵᠠᠮ ᠳᠤ | ᠵᠢᠵᠢᠭᠦᠷᠯᠡᠨ ᠰᠠᠬᠢᠬᠤ ᠪᠠ ᠲᠠᠬᠢᠯᠭ᠎ᠠ ᠶᠢᠨ ᠠᠵᠢᠯᠯᠠᠭ᠎ᠠ ᠶᠢ ᠲᠣᠭᠤᠷᠢᠨ ᠪᠠᠶᠢᠴᠠᠭᠠᠬᠤ᠂ ᠬᠤᠷᠢᠭᠯᠠᠬᠤ᠂ ᠢᠳᠬᠠᠨ | ᠰᠤᠷᠭᠠᠬᠤ ᠠᠵᠢᠯ ᠢ ᠰᠠᠶᠢᠲᠤᠷ ᠬᠢᠬᠦ ᠶᠢ ᠬᠠᠷᠢᠭᠤᠴᠠᠨ᠎ᠠ᠃ | ③ ᠨᠡᠶᠢᠲᠡ ᠶᠢᠨ ᠣᠩᠭᠤᠨ᠂ ᠲᠥᠪᠯᠡᠷᠡᠭᠦᠯᠦᠨ ᠪᠤᠯᠠᠰᠢᠯᠠᠬᠤ ᠭᠠᠵᠠᠷ ᠤᠨ ᠪᠠᠶᠢᠭ᠎ᠠ ᠰᠤᠮᠤ ᠪᠠᠯᠭᠠᠰᠥ ᠵᠡᠭᠡᠯᠢ | ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠨᠢ ᠬᠠᠷᠢᠶ᠎ᠠ ᠣᠷᠣᠨ ᠤ ᠲᠣᠰᠬᠤᠨ ᠤ ᠭᠤᠣᠯ ᠵᠠᠮ ᠤᠨ ᠬᠡᠰᠡᠭ ᠪᠠ | ᠣᠷᠣᠵᠤ ᠭᠠᠷᠬᠤ ᠭᠠᠵᠠᠷ ᠤᠨ ᠲᠠᠬᠢᠯᠭ᠎ᠠ ᠶᠢᠨ ᠬᠥᠮᠦᠰ ᠢ ᠬᠠᠮᠢᠶᠠᠷᠤᠨ ᠡᠵᠡᠮᠳᠡᠬᠦ᠂ ᠢᠳᠬᠠᠨ ᠰᠤᠷᠭᠠᠬᠤ ᠪᠠ ᠠᠮᠤᠷ | ᠲᠦᠪᠰᠢᠨ ᠢ ᠪᠠᠲᠤᠯᠠᠬᠤ ᠠᠵᠢᠯ ᠢ ᠬᠠᠷᠢᠭᠤᠴᠠᠨ ᠲᠤᠬᠢᠷᠠᠭᠤᠯᠤᠨ᠎ᠠ︔ ᠬᠠᠷᠢᠶ᠎ᠠ ᠣᠷᠣᠨ ᠤ ᠳᠣᠲᠣᠷᠠᠬᠢ ᠨᠡᠶᠢᠲᠡ ᠶᠢᠨ | ᠣᠩᠭᠤᠨ᠂ ᠲᠡᠦᠬᠡ ᠶᠢᠨ ᠲᠥᠪᠯᠡᠷᠡᠭᠦᠯᠦᠨ ᠪᠤᠯᠠᠰᠢᠯᠠᠬᠤ ᠭᠠᠵᠠᠷ᠂ ᠲᠠᠷᠠᠬᠠᠢ ᠪᠤᠲᠠᠷᠬᠠᠢ ᠪᠤᠯᠠᠰᠢ ᠶᠢ ᠬᠠᠮᠢᠶᠠᠷᠤᠨ | ᠡᠵᠡᠮᠳᠡᠬᠦ ᠠᠵᠢᠯ ᠢ ᠰᠠᠶᠢᠲᠤᠷ ᠬᠢᠨ᠎ᠡ᠃ | ④ ᠡᠭᠦᠷᠭᠡ ᠴᠢᠳᠠᠪᠤᠷᠢ ᠶᠢᠨ ᠬᠡᠪᠴᠢᠶᠡᠨ ᠳᠠᠬᠢ ᠪᠤᠰᠤᠳ ᠬᠤᠯᠪᠣᠭᠳᠠᠬᠤ ᠵᠦᠢᠯᠡᠰ᠃ | ᠳᠣᠯᠤᠭ᠎ᠠ᠂ ᠬᠠᠮᠢᠶ᠎ᠠ ᠪᠦᠬᠦᠢ ᠱᠠᠭᠠᠷᠳᠠᠯᠭ᠎ᠠ | ︵ᠨᠢᠭᠡ︶ ᠣᠷᠣᠰᠢᠭᠤᠯᠭ᠎ᠠ ᠶᠢᠨ ᠥᠭᠡᠷᠡᠴᠢᠯᠡᠯᠲᠡ ᠶᠢᠨ ᠤᠬᠠᠭᠤᠯᠭ᠎ᠠ ᠶᠢᠨ ᠠᠵᠢᠯ ᠢ ᠴᠢᠩᠭᠠᠳᠬᠠᠨ᠎ᠠ᠃ | ᠡᠯ᠎ᠡ ᠰᠤᠮᠤ ᠪᠠᠯᠭᠠᠰᠤ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠨᠢ ᠬᠠᠷᠢᠶ᠎ᠠ ᠣᠷᠣᠨ ᠤ ᠡᠯ᠎ᠡ ᠨᠢᠭᠡᠴᠡ | ᠪᠣᠯᠤᠨ ᠰᠠᠭᠤᠭᠠᠯᠢ ᠠᠷᠠᠳ ᠤᠨ ᠵᠥᠪᠯᠡᠯ ᠢ ᠵᠣᠬᠢᠶᠠᠨ ᠪᠠᠶᠢᠭᠤᠯᠵᠤ᠂ ︽ᠵᠢᠦ ᠶᠤᠸᠠᠨ ᠲᠣᠭᠤᠷᠢᠭ ᠤᠨ ᠳᠤᠶ᠋ᠢᠩ | ᠲᠦᠯᠡᠰᠢ ᠶᠢᠨ ᠡᠳᠦᠷ ᠤᠨ ᠪᠣᠯᠪᠠᠰᠤᠨ ᠲᠠᠬᠢᠯᠭ᠎ᠠ ᠶᠢᠨ ᠰᠠᠨᠠᠭᠠᠴᠢᠯᠠᠭ᠎ᠠ ᠶᠢᠨ ᠪᠢᠴᠢᠭ︾ ᠢ ᠰᠠᠶᠢᠲᠤᠷ ᠬᠡᠷᠡᠭᠯᠡᠵᠦ᠂ | ᠰᠠᠮᠪᠠᠷ᠎ᠠ ᠶᠢᠨ ᠰᠣᠨᠢᠨ᠂ ᠤᠬᠠᠭᠤᠯᠭ᠎ᠠ ᠶᠢᠨ ᠪᠤᠯᠤᠩ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠵᠡᠷᠭᠡ | ᠬᠡᠯᠪᠡᠷᠢ ᠪᠠᠷ ᠤᠬᠠᠭᠤᠯᠭ᠎ᠠ ᠬᠢᠵᠦ᠂ ᠠᠷᠠᠳ ᠲᠤ ᠠᠰᠢᠭ ᠬᠦᠷᠲᠡᠭᠡᠬᠦ ᠣᠷᠣᠰᠢᠭᠤᠯᠭ᠎ᠠ ᠶᠢᠨ ᠥᠭᠡᠷᠡᠴᠢᠯᠡᠯᠲᠡ ᠶᠢᠨ | ᠰᠢᠨ᠎ᠡ ᠲᠥᠷᠥ ᠶᠢᠨ ᠪᠣᠳᠣᠯᠭ᠎ᠠ᠂ ᠰᠢᠨ᠎ᠡ ᠠᠷᠭ᠎ᠠ ᠬᠡᠮᠵᠢᠶ᠎ᠡ ᠶᠢ ᠥᠷᠭᠡᠨ ᠢᠶᠠᠷ ᠤᠬᠠᠭᠤᠯᠬᠤ ᠬᠡᠷᠡᠭᠲᠡᠢ᠃ ᠡᠯ᠎ᠡ ᠭᠡᠷ | ᠬᠤᠷᠢᠶᠠᠯᠠᠯ ︵ᠲᠣᠰᠬᠤᠨ︶ ᠨᠢ ︽ᠴᠡᠴᠡᠷᠯᠢᠭ᠂ ᠠᠭᠤᠳᠠᠮ ᠲᠠᠯᠠᠪᠠᠢ᠂ ᠬᠤᠲᠠ ᠶᠢᠨ ᠵᠠᠮ ᠵᠢᠴᠢ ᠲᠡᠭᠦᠨ ᠤ ᠬᠤᠶᠠᠷ | ᠬᠠᠵᠠᠭᠤ ᠪᠠᠷ ᠲᠠᠬᠢᠯᠭ᠎ᠠ ᠶᠢᠨ ᠬᠡᠷᠡᠭᠰᠡᠯ ᠰᠢᠲᠠᠭᠠᠬᠤ ᠶᠢ ᠴᠠᠭᠠᠵᠠᠯᠠᠬᠤ︾ ᠵᠡᠷᠭᠡ ᠤᠬᠠᠭᠤᠯᠭ᠎ᠠ ᠶᠢᠨ ᠤᠷᠢᠶ᠎ᠠ ᠯᠣᠽᠦ᠋ᠩ | ᠨᠠᠭᠠᠵᠤ᠂ ᠰᠣᠷᠭᠤᠭ ᠴᠡᠴᠡᠭ ᠢᠶᠠᠷ ᠲᠠᠬᠢᠯᠭ᠎ᠠ ᠬᠢᠬᠦ᠂ ᠰᠦᠯᠵᠢᠶᠡᠨ ᠳᠡᠭᠡᠷ᠎ᠡ ᠲᠠᠬᠢᠯᠭ᠎ᠠ ᠬᠢᠬᠦ᠂ ᠠᠯᠤᠰ ᠠᠴᠠ ᠲᠠᠬᠢᠬᠤ | ᠲᠡᠬᠢᠯᠭ᠎ᠠ᠂ ᠭᠡᠷ ᠪᠦᠯᠢ ᠶᠢᠨ ᠳᠤᠷᠠᠰᠤᠨ ᠰᠠᠨᠠᠭᠠᠯᠵᠠᠬᠤ ᠬᠤᠷᠠᠯ᠂ ᠳᠤᠷᠠᠰᠬᠠᠯ ᠤᠨ ᠮᠣᠳᠣ ᠲᠠᠷᠢᠬᠤ ᠵᠡᠷᠭᠡ ᠪᠣᠯᠪᠠᠰᠤᠨ | ᠂ ᠣᠷᠴᠢᠨ ᠲᠣᠭᠤᠷᠢᠨ ᠢ ᠬᠠᠮᠠᠭᠠᠯᠠᠬᠤ ᠬᠡᠯᠪᠡᠷᠢ ᠶᠢ ᠰᠠᠨᠠᠭᠠᠴᠢᠯᠠᠵᠤ᠂ ᠨᠢᠭᠡᠨᠲᠡ ᠨᠠᠰᠤ ᠨᠥᠭᠴᠢᠭᠰᠡᠳ ᠢ ᠳᠤᠷᠠᠰᠬᠠᠬᠤ | ᠭᠡᠷ ᠪᠦᠯᠢ ᠶᠢᠨ ᠬᠡᠪ ᠰᠤᠷᠲᠠᠯ ᠢ ᠪᠠᠳᠠᠷᠠᠭᠤᠯᠬᠤ᠂ ᠰᠢᠯᠢᠳᠡᠭ ᠤᠯᠠᠮᠵᠢᠯᠠᠯᠲᠤ ᠰᠣᠶᠣᠯ ᠢ ᠵᠠᠯᠭᠠᠮᠵᠢᠯᠠᠬᠤ᠂ ᠣᠶᠤᠨ | ᠰᠠᠨᠠᠭᠠᠨ ᠤ ᠠᠮᠢᠳᠤᠷᠠᠯ ᠢ ᠪᠠᠶᠠᠯᠢᠭᠵᠢᠭᠤᠯᠬᠤ ᠶᠢ ᠣᠷᠭᠠᠨᠢᠭ ᠢᠶᠠᠷ ᠤᠶᠠᠯᠳᠤᠭᠤᠯᠵᠤ᠂ ᠲᠥᠷᠥᠯ ᠰᠠᠳᠤᠨ ᠤ ᠬᠠᠶᠢᠷ᠎ᠠ | ᠰᠡᠳᠬᠢᠯᠭᠡ᠂ ᠡᠷᠡᠭᠦᠯ ᠴᠢᠭᠢᠷᠠᠭ ᠠᠮᠢᠳᠤᠷᠠᠯ ᠣᠷᠴᠢᠨ ᠢ ᠬᠠᠮᠠᠭᠠᠯᠠᠬᠤ ᠬᠡᠷᠡᠭᠲᠡᠢ᠃ ᠡᠯ᠎ᠡ ᠬᠤᠯᠪᠣᠭᠳᠠᠯ ᠪᠦᠬᠦᠢ | ᠰᠠᠯᠠᠭ᠎ᠠ ᠮᠥᠴᠢᠷ ᠪᠣᠯᠤᠨ ᠨᠢᠭᠡᠴᠡ ᠨᠦᠭᠦᠳ ᠴᠠᠭᠠᠰᠤᠨ ᠵᠣᠭᠤᠰ ᠲᠠᠬᠢᠯᠭ᠎ᠠ ᠶᠢᠨ ᠡᠳ᠋ ᠰᠢᠲᠠᠭᠠᠬᠤ ᠵᠡᠷᠭᠡ ᠦᠢᠯᠡ | ᠠᠵᠢᠯᠯᠠᠭ᠎ᠠ ᠶᠢ ᠬᠠᠤᠯᠢ ᠶᠣᠰᠣᠭᠠᠷ ᠬᠠᠮᠢᠶᠠᠷᠴᠤ᠂ ᠪᠣᠬᠢᠷᠲᠤᠯ ᠦᠭᠡᠢ ᠣᠷᠣᠰᠢᠭᠤᠯᠭ᠎ᠠ ᠶᠢ ᠠᠮᠢ ᠠᠬᠤᠢ ᠶᠢᠨ | ᠪᠣᠯᠪᠠᠰᠤᠨ ᠤ ᠪᠠᠶᠢᠭᠤᠯᠤᠯᠲᠠ ᠶᠢᠨ ᠶᠡᠭᠡ ᠲᠠᠯ᠎ᠠ ᠳᠤ ᠣᠷᠣᠭᠤᠯᠬᠤ ᠶᠢ ᠠᠬᠢᠭᠤᠯᠤᠨ᠂ ᠣᠷᠴᠢᠨ ᠲᠣᠭᠤᠷᠢᠨ ᠢ | ᠬᠠᠮᠠᠭᠠᠯᠠᠬᠤ᠂ ᠡᠬᠢ ᠰᠣᠷᠪᠤᠯᠵᠢ ᠶᠢ ᠠᠷᠪᠢᠯᠠᠬᠤ ᠪᠠᠷ ᠤᠳᠤᠷᠢᠳᠤᠮᠵᠢ ᠪᠣᠯᠭᠠᠵᠤ᠂ ᠠᠷᠪᠢᠲᠠᠢ ᠪᠥᠭᠡᠳ | ᠲᠣᠬᠢᠷᠠᠮᠵᠢᠲᠠᠢ᠂ ᠪᠣᠬᠢᠷᠲᠤᠯ ᠦᠭᠡᠢ ᠪᠥᠭᠡᠳ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠣᠷᠣᠰᠢᠭᠤᠯᠭ᠎ᠠ ᠶᠢᠨ | ᠣᠨᠣᠯᠵᠢᠬᠤᠨ ᠢ ᠪᠤᠶᠢᠵᠢᠭᠤᠯᠬᠤ ᠬᠡᠷᠡᠭᠲᠡᠢ᠃ ᠨᠡᠶᠢᠲᠡ ᠶᠢᠨ ᠣᠩᠭᠤᠨ᠂ ᠲᠥᠪᠯᠡᠷᠡᠭᠦᠯᠦᠨ ᠪᠤᠯᠠᠰᠢᠯᠠᠬᠤ ᠭᠠᠵᠠᠷ ᠨᠢ ︽ | ᠰᠣᠷᠭᠤᠭ ᠴᠡᠴᠡᠭ ᠢᠶᠠᠷ ᠴᠠᠭᠠᠰᠤ ᠰᠢᠲᠠᠭᠠᠬᠤ ᠶᠢ ᠣᠷᠤᠯᠠᠬᠤ︾᠂ ︽ᠲᠣᠷᠭᠠᠨ ᠪᠦᠴᠡ ᠪᠠᠷ ᠭᠠᠰᠢᠭᠤᠳᠠᠯ ᠢᠶᠠᠨ | ᠢᠯᠡᠳᠬᠡᠬᠦ︾ ᠵᠡᠷᠭᠡ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ ᠰᠦᠯᠵᠢᠶᠡᠨ ᠳᠡᠭᠡᠷᠡᠬᠢ ᠲᠠᠬᠢᠯᠭ᠎ᠠ᠂ ᠪᠣᠯᠵᠣᠭᠰᠠᠨ | ᠲᠠᠬᠢᠯᠭ᠎ᠠ ᠵᠡᠷᠭᠡ ᠰᠦᠯᠵᠢᠶᠡᠨ ᠳᠡᠭᠡᠷᠡᠬᠢ ᠦᠢᠯᠡᠴᠢᠯᠡᠭᠡᠨ ᠤ ᠲᠥᠷᠥᠯ ᠵᠦᠢᠯ ᠢ ᠢᠳᠡᠪᠬᠢᠲᠡᠢ ᠨᠡᠭᠡᠭᠡᠨ ᠬᠡᠷᠡᠭᠯᠡᠵᠦ᠂ | ᠠᠷᠠᠳ ᠲᠤ ᠨᠡᠩ ᠳᠥᠭᠦᠮ ᠦᠵᠡᠭᠦᠯᠵᠦ ᠪᠣᠯᠬᠤᠶᠢᠴᠠ ᠣᠷᠣᠰᠢᠭᠤᠯᠭ᠎ᠠ ᠶᠢᠨ ᠦᠢᠯᠡᠴᠢᠯᠡᠭᠡ ᠶᠢ ᠬᠠᠩᠭᠠᠬᠤ ᠬᠡᠷᠡᠭᠲᠡᠢ᠃ | ᠮᠣᠳᠣᠨ ᠣᠷᠣᠰᠢᠭᠤᠯᠭ᠎ᠠ᠂ ᠴᠡᠴᠡᠭ ᠤᠨ ᠲᠠᠪᠴᠠᠩ ᠤᠨ ᠣᠷᠣᠰᠢᠭᠤᠯᠭ᠎ᠠ᠂ ᠵᠦᠯᠭᠡ ᠣᠷᠣᠰᠢᠭᠤᠯᠭ᠎ᠠ᠂ ᠬᠠᠨ᠎ᠠ ᠶᠢᠨ | ᠣᠷᠣᠰᠢᠭᠤᠯᠭ᠎ᠠ ᠵᠡᠷᠭᠡ ᠭᠠᠵᠠᠷ ᠠᠷᠪᠢᠯᠠᠬᠤ ᠠᠮᠢ ᠠᠬᠤᠢ ᠶᠢᠨ ᠣᠷᠣᠰᠢᠭᠤᠯᠭ᠎ᠠ ᠶᠢᠨ ᠤᠬᠠᠭᠤᠯᠭ᠎ᠠ ᠶᠢ | ᠢᠳᠡᠪᠬᠢᠲᠡᠢ ᠪᠠᠷ ᠵᠣᠬᠢᠶᠠᠨ ᠪᠠᠶᠢᠭᠤᠯᠤᠨ ᠥᠷᠨᠢᠭᠦᠯᠵᠦ᠂ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠪᠣᠯᠪᠠᠰᠤᠨ | ᠳᠠᠬᠢᠯᠭ᠎ᠠ ᠶᠢ ᠰᠠᠨᠠᠭᠠᠴᠢᠯᠠᠨ᠎ᠠ᠃ | ︵ᠬᠤᠶᠠᠷ︶ ᠨᠡᠶᠢᠲᠡ ᠶᠢᠨ ᠣᠩᠭᠤᠨ ᠤ ᠪᠣᠯᠪᠠᠰᠤᠨ ᠲᠠᠬᠢᠯᠭ᠎ᠠ ᠶᠢᠨ ᠬᠠᠮᠢᠶᠠᠷᠤᠯᠲᠠ ᠶᠢ ᠴᠢᠩᠭᠠᠳᠬᠠᠨ᠎ᠠ᠃ | ᠳᠣᠲᠣᠭᠠᠳᠤ ᠶᠢ ᠬᠠᠮᠠᠭᠠᠯᠠᠬᠤ᠂ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠶᠢᠨ ᠬᠢᠨ | ᠲᠠᠬᠢᠯᠭ᠎ᠠ ᠶᠢᠨ ᠬᠥᠮᠦᠨ ᠵᠢᠴᠢ ᠲᠡᠷᠭᠡ ᠬᠥᠰᠬᠡ ᠶᠢᠨ ᠬᠠᠮᠢᠶᠠᠷᠤᠯᠲᠠ ᠪᠠᠨ ᠴᠢᠩᠭᠠᠳᠬᠠᠵᠤ᠂ ᠴᠤᠬᠤᠶᠢᠯᠲᠠ ᠶᠢᠨ | ᠴᠢᠨᠠᠷᠲᠠᠢ ᠠᠰᠠᠭᠤᠳᠠᠯ ᠢ ᠴᠠᠭ ᠲᠤᠬᠠᠢ ᠳᠤᠨᠢ ᠢᠯᠡᠷᠡᠭᠦᠯᠦᠨ ᠰᠢᠢᠳᠪᠦᠷᠢᠯᠡᠵᠦ᠂ ᠲᠣᠭᠲᠠᠭᠤᠨ ᠪᠥᠭᠡᠳ ᠡᠮᠬᠢ | ᠵᠢᠷᠤᠮ ᠲᠠᠢ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠢ᠃ ᠲᠠᠬᠢᠯᠭ᠎ᠠ ᠶᠢᠨ ᠠᠮᠤᠷ ᠲᠦᠪᠰᠢᠨ ᠤ ᠠᠵᠢᠯ ᠢ | ᠳᠣᠪᠤᠶᠢᠯᠭᠠᠵᠤ᠂ ᠣᠩᠭᠤᠨ ᠤ ᠣᠷᠣᠨ ᠤ ᠳᠣᠲᠣᠷᠠᠬᠢ ᠡᠪᠡᠰᠦ᠂ ᠬᠤᠭ ᠨᠣᠪᠰᠢ ᠶᠢ ᠤᠷᠢᠳᠴᠢᠯᠠᠨ ᠴᠡᠪᠡᠷᠯᠡᠵᠦ᠂ | ᠭᠠᠯ ᠤᠨᠲᠠᠷᠠᠭᠠᠭᠤᠷ᠂ ᠭᠠᠯ ᠤᠨᠲᠠᠷᠠᠭᠠᠬᠤ ᠪᠠᠭᠠᠵᠢ ᠳᠤ ᠪᠠᠶᠢᠴᠠᠭᠠᠯᠲᠠ ᠬᠢᠵᠦ᠂ ᠲᠤᠰᠬᠠᠢ ᠬᠥᠮᠦᠨ ᠢᠶᠠᠷ | ᠬᠠᠷᠢᠭᠤᠴᠠᠭᠤᠯᠬᠤ ᠮᠥᠷᠲᠡᠭᠡᠨ ᠪᠣᠯᠪᠠᠰᠤᠷᠠᠩᠭᠤᠢ ᠬᠡᠷᠡᠭᠯᠡᠵᠦ ᠳᠡᠶᠢᠯᠬᠦ ᠬᠡᠷᠡᠭᠲᠡᠢ᠃ ᠲᠠᠬᠢᠯᠭ᠎ᠠ ᠶᠢᠨ ᠲᠤᠰᠬᠠᠢ | ᠣᠷᠣᠨ ᠢ ᠵᠢᠭᠠᠨ ᠲᠣᠭᠲᠠᠭᠠᠵᠤ᠂ ᠭᠠᠯ ᠰᠡᠷᠭᠡᠶᠢᠯᠡᠬᠦ ᠲᠣᠭᠤᠷᠢᠨ ᠪᠠᠶᠢᠴᠠᠭᠠᠯᠲᠠ ᠶᠢ ᠴᠢᠩᠭᠠᠳᠬᠠᠨ᠂ ᠭᠠᠯ | ᠰᠡᠷᠭᠡᠶᠢᠯᠡᠬᠦ ᠰᠡᠷᠡᠮᠵᠢ ᠶᠢᠨ ᠲᠡᠮᠳᠡᠭ ᠲᠠᠯᠪᠢᠵᠤ᠂ ᠠᠮᠤᠷ ᠲᠦᠪᠰᠢᠨ ᠤ ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠬᠤ ᠬᠡᠷᠡᠭᠲᠡᠢ︔ ᠳᠤᠶ᠋ᠢᠩ ᠲᠦᠯᠡᠰᠢ ᠶᠢᠨ ᠡᠳᠦᠷ ᠤᠨ ᠲᠠᠬᠢᠯᠭ᠎ᠠ ᠶᠢᠨ ᠦᠢᠯᠡᠴᠢᠯᠡᠭᠡᠨ ᠤ | ᠪᠠᠲᠤᠯᠠᠭ᠎ᠠ ᠶᠢ ᠴᠢᠩᠭᠠᠳᠬᠠᠵᠤ᠂ ᠣᠷᠣᠰᠢᠭᠤᠯᠭ᠎ᠠ ᠶᠢᠨ ᠦᠢᠯᠡᠴᠢᠯᠡᠭᠡᠨ ᠤ ᠲᠥᠷᠥᠯ ᠵᠦᠢᠯ᠂ ᠠᠭᠤᠯᠭ᠎ᠠ᠂ ᠠᠮᠠᠯᠠᠯᠲᠠ | ᠂ ᠬᠢᠨᠠᠯᠲᠠ᠂ ᠵᠢᠷᠤᠮᠵᠢᠯ ᠪᠠ ᠰᠦᠢᠳᠬᠡᠯ ᠬᠤᠷᠢᠶᠠᠬᠤ ᠪᠠᠷᠢᠮᠵᠢᠶ᠎ᠠ᠂ ᠠᠷᠠᠳ ᠲᠤ ᠬᠠᠷᠠᠭᠠᠯᠵᠠᠯ ᠣᠯᠭᠤᠬᠤ | ᠲᠥᠷᠥ ᠶᠢᠨ ᠪᠣᠳᠣᠯᠭ᠎ᠠ ᠵᠡᠷᠭᠡ ᠣᠯᠠᠨ ᠲᠦᠮᠡᠨ ᠤ ᠠᠩᠬᠠᠷᠴᠤ ᠪᠠᠶᠢᠭ᠎ᠠ ᠦᠢᠯᠡᠴᠢᠯᠡᠭᠡᠨ ᠤ ᠮᠡᠳᠡᠭᠡ ᠵᠠᠩᠭᠢ ᠶᠢ ᠪᠦᠬᠦ | ᠲᠠᠯ᠎ᠠ ᠪᠠᠷ ᠢᠯᠡ ᠪᠣᠯᠭᠠᠵᠤ᠂ ᠦᠢᠯᠡᠴᠢᠯᠡᠭᠡᠨ ᠤ ᠴᠣᠩᠬᠤᠪᠴᠢ ᠶᠢ ᠵᠣᠬᠢᠰᠲᠠᠢ ᠨᠡᠮᠡᠵᠦ ᠪᠠᠶᠢᠭᠤᠯᠬᠤ ᠪᠠ | ᠦᠢᠯᠡᠴᠢᠯᠡᠭᠡᠨ ᠤ ᠴᠠᠭ ᠢ ᠤᠷᠲᠤᠳᠬᠠᠵᠤ᠂ ᠦᠢᠯᠡᠴᠢᠯᠡᠭᠡᠨ ᠤ ᠶᠠᠪᠤᠴᠠ ᠶᠢ ᠰᠢᠯᠢᠳᠡᠭᠵᠢᠭᠦᠯᠬᠦ ᠬᠡᠷᠡᠭᠲᠡᠢ︔ | ᠲᠠᠬᠢᠯᠭ᠎ᠠ ᠶᠢᠨ ᠣᠯᠠᠨ ᠲᠦᠮᠡᠨ ᠢ ᠬᠦᠯᠢᠶᠡᠨ ᠠᠪᠬᠤ ᠠᠵᠢᠯ ᠢ ᠰᠠᠶᠢᠲᠤᠷ ᠬᠢᠵᠦ᠂ ᠠᠷᠠᠳ ᠲᠤ ᠳᠥᠭᠦᠮ ᠦᠵᠡᠭᠦᠯᠵᠦ | ᠠᠷᠠᠳ ᠲᠤ ᠠᠰᠢᠭ ᠬᠦᠷᠲᠡᠭᠡᠬᠦ ᠦᠢᠯᠡᠴᠢᠯᠡᠭᠡᠨ ᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠰᠠᠶᠢᠨ ᠰᠠᠶᠢᠬᠠᠨ | ᠠᠵᠢᠯ ᠲᠥᠷᠥᠯ ᠤᠨ ᠳᠦᠷᠢ ᠲᠥᠷᠬᠦ ᠶᠢ ᠪᠣᠢ ᠪᠣᠯᠭᠠᠬᠤ ᠬᠡᠷᠡᠭᠲᠡᠢ︔ 24 ᠴᠠᠭ ᠤᠨ ᠵᠢᠵᠢᠭᠦᠷᠯᠡᠬᠦ ᠳᠦᠷᠢᠮ ᠢ | ᠪᠠᠶᠢᠭᠤᠯᠵᠤ᠂ ᠭᠠᠯ ᠤᠨ ᠠᠶᠤᠯ᠂ ᠬᠤᠯᠠᠭᠠᠶᠢᠯᠠᠬᠤ ᠪᠠ ᠪᠤᠰᠤᠳ ᠠᠳᠠᠯ ᠭᠠᠷᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠢ᠃ | ︵ᠭᠤᠷᠪᠠ︶ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠪᠠᠨ ᠦᠨᠡᠨ ᠬᠦ ᠳᠡᠭᠡᠭᠰᠢᠯᠡᠭᠦᠯᠤᠨ᠎ᠠ᠃ | ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠦᠵᠡᠯ ᠰᠠᠨᠠᠭᠠᠨ ᠤ ᠲᠠᠯ᠎ᠠ ᠪᠠᠷ ᠡᠷᠬᠡᠪᠰᠢ ᠳᠡᠭᠡᠳᠦ ᠬᠡᠮᠵᠢᠶ᠎ᠡ ᠪᠠᠷ | ᠴᠢᠬᠤᠯᠠᠴᠢᠯᠠᠵᠤ᠂ ᠬᠢᠨᠠᠮᠠᠭᠠᠢ ᠰᠤᠳᠤᠯᠵᠤ ᠨᠢᠮᠪᠠᠢ ᠪᠠᠶᠢᠷᠢᠯᠠᠭᠤᠯᠬᠤ ᠶᠢᠨ ᠬᠠᠮᠲᠤ ᠨᠠᠶᠢᠳᠠᠪᠤᠷᠢᠵᠢᠭᠤᠯᠤᠯᠲᠠ ᠶᠢ ᠲᠡᠷᠡ | ᠬᠡᠪ ᠢᠶᠠᠷ ᠨᠢ ᠴᠢᠩᠭ᠎ᠠ ᠠᠳᠬᠤᠵᠤ᠂ ᠳᠤᠶ᠋ᠢᠩ ᠲᠦᠯᠡᠰᠢ ᠶᠢᠨ ᠡᠳᠦᠷ ᠲᠠᠬᠢ ᠣᠯᠠᠨ ᠲᠦᠮᠡᠨ ᠤ ᠲᠠᠬᠢᠯᠭ᠎ᠠ ᠶᠢᠨ | ᠡᠯ᠎ᠡ ᠵᠦᠢᠯ ᠤᠨ ᠦᠢᠯᠡᠴᠢᠯᠡᠭᠡ ᠪᠠ ᠪᠠᠲᠤᠯᠠᠭ᠎ᠠ ᠶᠢᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ᠃ | ᠤᠳᠤᠷᠢᠳᠤᠯᠭ᠎ᠠ ᠠᠴᠠ ᠴᠢᠬᠤᠯᠠᠴᠢᠯᠠᠬᠤ ᠦᠭᠡᠢ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠦᠭᠡᠢ᠂ ᠠᠷᠭ᠎ᠠ | ᠬᠡᠮᠵᠢᠶ᠎ᠡ ᠶᠢ ᠪᠣᠳᠠᠲᠠᠶᠢᠵᠢᠭᠤᠯᠤᠭᠰᠠᠨ ᠦᠭᠡᠢ ᠨᠢᠭᠡᠴᠡ ᠶᠢ ᠨᠡᠶᠢᠲᠡᠯᠡᠵᠦ᠂ ᠠᠵᠢᠯ ᠤᠨ ᠶᠠᠪᠤᠴᠠ ᠳᠤ | ᠲᠤᠰᠢᠶᠠᠯ ᠠᠴᠠ ᠪᠠᠨ ᠰᠠᠯᠵᠤ᠂ ᠦᠢᠯᠡᠳᠦᠯ ᠢ ᠨᠢ ᠢᠯᠡᠳᠲᠡ ᠪᠠᠳᠠᠷᠠᠭᠤᠯᠤᠭᠰᠠᠨ ᠦᠭᠡᠢ ᠠᠵᠢᠯᠲᠠᠨ ᠢ ᠬᠠᠮᠢᠶ᠎ᠠ | ᠪᠦᠬᠦᠢ ᠲᠣᠭᠲᠠᠭᠠᠯ ᠶᠣᠰᠣᠭᠠᠷ ᠡᠯ᠎ᠡ ᠨᠢᠭᠡᠴᠡ ᠳᠤ ᠬᠠᠷᠢᠭᠤ ᠲᠤᠰᠬᠠᠵᠤ᠂ ᠠᠵᠢᠯᠯᠠᠬᠤ ᠶᠠᠪᠤᠴᠠ ᠳᠤ | ᠳᠤᠷ᠎ᠠ ᠪᠠᠷ ᠢᠶᠠᠨ ᠠᠵᠢᠯ ᠤᠨ ᠪᠠᠶᠢᠷᠢ ᠠᠴᠠ ᠪᠠᠨ ᠰᠠᠯᠵᠤ᠂ ᠦᠢᠯᠡᠳᠦᠯ ᠢᠶᠠᠨ ᠢᠯᠡᠳᠲᠡ ᠪᠠᠳᠠᠷᠠᠭᠤᠯᠤᠭᠰᠠᠨ ᠦᠭᠡᠢ | ᠠᠵᠢᠯᠲᠠᠨ ᠢ ᠬᠠᠮᠢᠶ᠎ᠠ ᠪᠦᠬᠦᠢ ᠲᠣᠭᠲᠠᠭᠠᠯ ᠶᠣᠰᠣᠭᠠᠷ ᠡᠯ᠎ᠡ ᠨᠢᠭᠡᠴᠡ ᠳᠤ ᠬᠠᠷᠢᠭᠤ ᠲᠤᠰᠬᠠᠵᠤ᠂ ᠬᠦᠨᠳᠦ ᠨᠣᠴᠢᠲᠠᠢ | ᠦᠷ᠎ᠡ ᠳ᠋ᠦᠩ ᠭᠠᠷᠭᠠᠭᠰᠠᠨ ᠪᠠᠶᠢᠪᠠᠯ᠂ ᠠᠵᠢᠯᠲᠠᠨ ᠤ ᠬᠠᠮᠢᠶᠠᠷᠤᠯᠲᠠ ᠶᠢᠨ ᠡᠷᠬᠡ ᠮᠡᠳᠡᠯ ᠤᠨ ᠬᠡᠪᠴᠢᠶ᠎ᠡ ᠶᠢ | ᠦᠨᠳᠦᠰᠦᠯᠡᠨ᠂ ᠳᠡᠭᠡᠳᠦ ᠱᠠᠲᠤᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠨ ᠲᠣᠭᠤᠷᠢᠭ ᠤᠨ | ᠵᠠᠰᠠᠭ ᠤᠨ ᠣᠷᠳᠣᠨ ᠤ ᠰᠢᠮᠳᠠᠭᠤᠯᠤᠨ ᠪᠠᠶᠢᠴᠠᠭᠠᠬᠤ ᠲᠠᠰᠤᠭ ᠲᠤ ᠮᠡᠳᠡᠭᠦᠯᠦᠨ ᠨᠡᠶᠢᠲᠡᠯᠡᠨ᠎ᠡ︔ ᠲᠣᠭᠤᠷᠢᠭ ᠤᠨ | ᠠᠷᠠᠳ ᠤᠨ ᠶᠠᠪᠤᠳᠠᠯ ᠤᠨ ᠲᠣᠪᠴᠢᠶ᠎ᠠ ︵ᠤᠳᠤᠷᠢᠳᠬᠤ ᠳᠤᠭᠤᠶᠢᠯᠠᠩ ᠤᠨ ᠠᠯᠪᠠᠨ ᠭᠡᠷ︶ ᠳᠣᠶ᠋ᠢᠩ ᠲᠦᠯᠡᠰᠢ ᠶᠢᠨ | ᠡᠳᠦᠷ ᠤᠨ ᠵᠢᠵᠢᠭᠦᠷᠯᠡᠬᠦ ᠳᠦᠷᠢᠮ ᠢ ᠪᠠᠶᠢᠭᠤᠯᠵᠤ᠂ ᠣᠯᠠᠨ ᠲᠦᠮᠡᠨ ᠤ ᠣᠷᠣᠰᠢᠭᠤᠯᠭ᠎ᠠ ᠶᠢᠨ ᠦᠢᠯᠡᠴᠢᠯᠡᠭᠡᠨ ᠤ | ᠲᠤᠬᠠᠢ ᠵᠠᠭᠠᠯᠳᠤᠯᠭ᠎ᠠ ᠶᠢ ᠴᠠᠭ ᠲᠤᠬᠠᠢ ᠳᠤᠨᠢ ᠲᠣᠬᠢᠲᠠᠢ ᠰᠢᠢᠳᠪᠦᠷᠢᠯᠡᠵᠦ᠂ ᠭᠡᠨᠡᠳᠲᠡ ᠶᠢᠨ ᠬᠡᠷᠡᠭ ᠲᠣᠬᠢᠶᠠᠯᠳᠤᠪᠠᠯ | ᠴᠠᠭ ᠲᠤᠬᠠᠢ ᠳᠤᠨᠢ ᠳᠡᠭᠡᠭᠰᠢ ᠮᠡᠳᠡᠭᠦᠯᠬᠦ ᠬᠡᠷᠡᠭᠲᠡᠢ᠃ | | | ᠵᠢᠦ ᠶᠤᠸᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ | 2024 ᠣᠨ ᠤ 8 ᠰᠠᠷ᠎ᠠ ᠶᠢᠨ 16 ᠤ ᠡᠳᠦᠷ ᠳᠠᠷᠤᠮᠠᠯᠯᠠᠨ ᠲᠠᠷᠬᠠᠭᠠᠪᠠ | | | | |