ᠨᠢᠭᠡ᠂ ᠲᠣᠭᠲᠠᠭᠠᠭᠰᠠᠨ ᠠᠬᠤᠶ ᠪᠠᠶᠢᠳᠠᠯ | ᠪᠷᠦ᠋ᠼᠧᠯ ᠡᠪᠡᠳᠴᠢᠨ ᠨᠢ ᠠᠷᠠᠳ ᠲᠦᠮᠡᠨ ᠤ ᠡᠷᠡᠭᠦᠯ ᠮᠡᠨᠳᠦ ᠪᠣᠯᠤᠨ ᠮᠠᠯ ᠠᠵᠤ ᠠᠬᠤᠶ ᠶᠢᠨ ᠬᠥᠭᠵᠢᠯᠲᠡ ᠳᠤ | ᠬᠦᠨᠳᠦ ᠨᠣᠴᠢᠲᠠᠶ ᠬᠥᠨᠥᠭᠡᠯ ᠪᠣᠯᠵᠤ ᠪᠠᠶᠢᠭ᠎ᠠ ᠪᠥᠭᠡᠳ ᠣᠳᠣᠬᠠᠨ ᠤ ᠮᠠᠨ ᠤ ᠲᠣᠭᠤᠷᠢᠭ ᠤᠨ ᠭᠤᠤᠯᠳᠠᠯᠭ᠎ᠠ ᠲᠠᠢ | ᠰᠡᠷᠭᠡᠶᠢᠯᠡᠨ ᠬᠢᠵᠠᠭᠠᠷᠯᠠᠬᠤ ᠬᠥᠮᠦᠨ ᠮᠠᠯ ᠳᠤ ᠴᠥᠮ ᠲᠤᠰᠳᠠᠭ ᠬᠠᠯᠳᠠᠪᠤᠷᠢᠲᠤ ᠡᠪᠡᠳᠴᠢᠨ ᠪᠣᠯᠤᠨ᠎ᠠ᠃ ᠶᠡᠷᠦᠩᠬᠡᠶ | ᠱᠦᠵᠢ ᠰᠢ ᠶᠢᠨ ᠫᠢᠩ ᠤᠨ ᠬᠥᠮᠦᠨ ᠪᠠ ᠮᠠᠯ ᠤᠨ ᠡᠪᠡᠳᠴᠢᠨ ᠡᠮᠭᠡᠭ ᠢ ᠰᠡᠷᠭᠡᠶᠢᠯᠡᠨ ᠵᠠᠰᠠᠬᠤ ᠲᠤᠬᠠᠶ ᠳᠤᠷᠠᠳᠤᠭᠰᠠᠨ | ︽ᠢᠳᠡᠪᠬᠢᠲᠡᠶ ᠰᠡᠷᠭᠡᠶᠢᠯᠡᠨ ᠬᠤᠷᠢᠭᠯᠠᠵᠤ᠂ ᠰᠠᠨᠠᠭᠠᠴᠢᠯᠠᠭ᠎ᠠ ᠠᠴᠠ ᠪᠠᠨ ᠵᠠᠰᠠᠬᠤ ᠶᠢ ᠪᠠᠷᠢᠮᠲᠠᠯᠠᠵᠤ᠂ ᠬᠥᠮᠦᠨ ᠪᠠ | ᠮᠠᠯ ᠤᠨ ᠡᠪᠡᠳᠴᠢᠨ ᠰᠡᠷᠭᠡᠶᠢᠯᠡᠬᠦ᠂ ᠪᠣᠭᠤᠮᠲᠠ ᠶᠢ ᠤᠷᠤᠭᠰᠢ ᠰᠢᠯᠵᠢᠭᠦᠯᠬᠦ ᠶᠢ ᠪᠠᠷᠢᠮᠲᠠᠯᠠᠵᠤ᠂ ᠬᠥᠮᠦᠨ ᠪᠠ ᠮᠠᠯ ᠤᠨ | ᠡᠪᠡᠳᠴᠢᠨ ᠬᠠᠯᠳᠠᠪᠤᠷᠢᠯᠠᠬᠤ ᠵᠠᠮ ᠢ ᠡᠬᠢ ᠡᠭᠦᠰᠦᠯ ᠠᠴᠠ ᠨᠢ ᠲᠠᠰᠤᠯᠬᠤ︾ ᠴᠢᠬᠤᠯᠠ ᠵᠢᠭᠠᠪᠤᠷᠢ ᠶᠢᠨ ᠵᠣᠷᠢᠭ | ᠰᠠᠨᠠᠭ᠎ᠠ ᠶᠢ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠷᠦ᠋ᠼᠧᠯ ᠡᠪᠡᠳᠴᠢᠨ ᠤ ᠦᠯᠦ ᠬᠠᠯᠳᠠᠭᠠᠬᠤ᠂ | ᠭᠤᠤᠯᠳᠠᠯᠭ᠎ᠠ ᠲᠠᠢ ᠮᠠᠯ ᠰᠦᠷᠦᠭ ᠢ ᠬᠢᠨᠠᠨ ᠬᠡᠮᠵᠢᠬᠦ᠂ ᠡᠪᠡᠳᠴᠢᠨ ᠲᠠᠢ ᠮᠠᠯ ᠢ ᠠᠯᠠᠵᠤ ᠤᠰᠠᠳᠬᠠᠬᠤ ᠵᠢᠴᠢ ᠬᠤᠣᠷ | ᠦᠭᠡᠶᠢᠵᠢᠬᠦᠯᠦᠨ ᠰᠢᠢᠳᠪᠦᠷᠢᠯᠡᠬᠦ᠂ ᠠᠷᠢᠭᠤᠳᠬᠠᠵᠤ ᠡᠬᠢ ᠡᠭᠦᠰᠦᠯ ᠢ ᠨᠢ ᠤᠰᠠᠳᠬᠠᠬᠤ᠂ ᠬᠢᠵᠢᠭ ᠪᠠᠶᠢᠴᠠᠭᠠᠵᠤ | ᠬᠢᠨᠠᠨ ᠬᠠᠮᠢᠶᠠᠷᠬᠤ ᠵᠡᠷᠭᠡ ᠶᠡᠷᠦᠩᠬᠡᠶᠢᠯᠡᠭᠰᠡᠨ ᠴᠢᠨᠠᠷᠲᠠᠶ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠢᠭᠡᠳᠦᠯᠲᠡᠶ | ᠲᠥᠯᠥᠪᠯᠡᠨ ᠰᠠᠶᠢᠲᠤᠷ ᠬᠢᠬᠦ ᠶᠢᠨ ᠲᠥᠯᠥᠭᠡ᠂ 2024 ᠣᠨ ᠤ ᠪᠷᠦ᠋ᠼᠧᠯ ᠡᠪᠡᠳᠴᠢᠨ ᠢ ᠰᠡᠷᠭᠡᠶᠢᠯᠡᠨ ᠡᠵᠡᠮᠳᠡᠬᠦ | ᠠᠵᠢᠯ ᠤᠨ ᠲᠥᠰᠦᠯ ᠢ ᠣᠨᠴᠠᠭᠠᠶᠢᠯᠠᠨ ᠲᠣᠭᠲᠠᠭᠠᠪᠠ᠃ | ᠬᠤᠶᠠᠷ᠂ ᠲᠣᠭᠲᠠᠭᠠᠭᠰᠠᠨ ᠦᠨᠳᠦᠰᠦᠯᠡᠯ | ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠢᠲᠠᠨ ᠤ ᠬᠢᠵᠢᠭ ᠰᠡᠷᠭᠡᠶᠢᠯᠡᠬᠦ ᠬᠠᠤᠯᠢ︾ ︽ | ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠵᠠᠰᠠᠬᠤ ᠬᠠᠤᠯᠢ︾ | ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠪᠷᠦ᠋ᠼᠧᠯ ᠡᠪᠡᠳᠴᠢᠨ ᠢ ᠰᠡᠷᠭᠡᠶᠢᠯᠡᠨ ᠡᠵᠡᠮᠳᠡᠬᠦ ᠶᠢᠰᠦᠨ ᠵᠣᠷᠪᠣᠰ ᠠᠷᠭ᠎ᠠ ᠬᠡᠮᠵᠢᠶ᠎ᠡ︾ ︵ᠥᠪᠥᠷ | ᠲᠠᠷᠢᠶᠠᠯᠠᠩ ᠮᠠᠯ ᠠᠵᠤ ᠠᠬᠤᠶ ᠲᠠᠷᠬᠠᠭᠠᠭᠰᠠᠨ ﹇2023﹈ 76 ᠳ᠋ᠤᠭᠠᠷ ᠲᠣᠭᠠᠲᠤ︶ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠪᠷᠦ᠋ᠼᠧᠯ ᠡᠪᠡᠳᠴᠢᠨ ᠢ ᠰᠡᠷᠭᠡᠶᠢᠯᠡᠨ ᠡᠵᠡᠮᠳᠡᠬᠦ ᠭᠤᠷᠪᠠᠨ ᠵᠢᠯ ᠤᠨ ᠠᠵᠢᠯᠯᠠᠭᠠᠨ ᠤ | ᠲᠥᠰᠦᠯ ︵2024 — 2026 ᠣᠨ︶︾ ︵ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠶ | ᠡᠮᠴᠢᠯᠡᠭᠡ ᠲᠠᠷᠬᠠᠭᠠᠭᠰᠠᠨ ﹇2024﹈ 97 ᠳ᠋ᠤᠭᠠᠷ ᠲᠣᠭᠠᠲᠤ︶ ︽ᠪᠤᠭᠤᠲᠤ ᠬᠤᠲᠠ ᠶᠢᠨ ᠪᠷᠦ᠋ᠼᠧᠯ | ᠡᠪᠡᠳᠴᠢᠨ ᠢ ᠰᠡᠷᠭᠡᠶᠢᠯᠡᠨ ᠡᠵᠡᠮᠳᠡᠬᠦ ᠭᠤᠷᠪᠠᠨ ᠵᠢᠯ ᠤᠨ ᠠᠵᠢᠯᠯᠠᠭᠠᠨ ᠤ ᠲᠥᠰᠦᠯ ︵2021 — 2026 ᠣᠨ | ︶︾ ︵ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠶ ᠲᠠᠷᠬᠠᠭᠠᠭᠰᠠᠨ ﹇2024﹈ 88 ᠳ᠋ᠤᠭᠠᠷ ᠲᠣᠭᠠᠲᠤ | ︶ ᠤᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠣᠰᠣᠭᠠᠷ᠂ ᠮᠠᠨ ᠤ ᠲᠣᠭᠤᠷᠢᠭ ᠤᠨ ᠪᠷᠦ᠋ᠼᠧᠯ ᠡᠪᠡᠳᠴᠢᠨ ᠢ | ᠰᠡᠷᠭᠡᠶᠢᠯᠡᠨ ᠵᠠᠰᠠᠬᠤ ᠣᠳᠣᠬᠢ ᠪᠠᠶᠢᠳᠠᠯ ᠲᠠᠢ ᠤᠶᠠᠯᠳᠤᠭᠤᠯᠤᠨ᠂ ᠲᠣᠰ ᠠᠵᠢᠯ ᠤᠨ ᠲᠥᠰᠦᠯ ᠢ ᠲᠣᠭᠲᠠᠭᠠᠪᠠ᠃ | ᠭᠤᠷᠪᠠ᠂ ᠰᠤᠳᠤᠯᠤᠨ ᠮᠠᠭᠠᠳᠯᠠᠭᠰᠠᠨ ᠶᠠᠪᠤᠴᠠ | ᠮᠠᠨ ᠤ ᠲᠤᠭᠤᠷᠢᠭ ᠤᠨ ᠪᠷᠦ᠋ᠼᠧᠯ ᠡᠪᠡᠳᠴᠢᠨ ᠢ ᠰᠡᠷᠭᠡᠶᠢᠯᠡᠨ ᠡᠵᠡᠮᠳᠡᠬᠦ ᠠᠵᠢᠯ ᠤᠨ ᠪᠣᠳᠠᠲᠤ ᠪᠠᠶᠢᠳᠠᠯ ᠳᠤ | ᠰᠠᠭᠤᠷᠢᠯᠠᠨ᠂ ᠲᠤᠭᠤᠷᠢᠭ ᠤᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠲᠤᠭᠤᠷᠢᠭ ᠤᠨ ᠡᠷᠡᠭᠦᠯ | ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠢᠶᠠᠷ ᠲᠦᠷᠦᠭᠦᠯᠡᠭᠦᠯᠦᠨ᠂ ᠬᠢᠨᠠᠮᠠᠭᠠᠶ ᠰᠤᠳᠤᠯᠤᠨ ᠵᠠᠰᠠᠪᠤᠷᠢ ᠣᠷᠣᠭᠤᠯᠬᠤ᠂ | ᠥᠷᠭᠡᠨ ᠢᠶᠠᠷ ᠰᠠᠨᠠᠯ ᠬᠤᠷᠢᠶᠠᠬᠤ ᠪᠠᠷ ᠳᠡᠮᠵᠢᠨ᠂ ᠵᠢᠦ ᠶᠤᠸᠠᠨ ᠲᠣᠭᠤᠷᠢᠭ ᠤᠨ 2024 ᠣᠨ ᠤ ᠪᠷᠦ᠋ᠼᠧᠯ | ᠡᠪᠡᠳᠴᠢᠨ ᠢ ᠰᠡᠷᠭᠡᠶᠢᠯᠡᠨ ᠡᠵᠡᠮᠳᠡᠬᠦ ᠠᠵᠢᠯ ᠤᠨ ᠲᠥᠰᠦᠯ ᠤᠨ ᠡᠬᠡ ᠨᠣᠤᠷᠠᠭ ᠢ ᠪᠣᠶ ᠪᠣᠯᠭᠠᠪᠠ᠃ 2024 ᠣᠨ ᠤ | 6 ᠳ᠋ᠤᠭᠠᠷ ᠰᠠᠷ᠎ᠠ ᠶᠢᠨ 20 ᠤ ᠡᠳᠦᠷ ᠵᠢᠥ ᠶᠤᠸᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠲᠤᠰᠬᠠᠶ | ᠰᠡᠳᠦᠪᠲᠦ ᠬᠤᠷᠠᠯ ᠠᠴᠠ ᠰᠤᠳᠤᠯᠬᠤ ᠪᠠᠷ ᠳᠡᠮᠵᠢᠨ᠂ ᠲᠥᠰᠦᠯ ᠤᠨ ᠡᠬᠡ ᠨᠣᠤᠷᠠᠭ ᠢ ᠵᠠᠷᠴᠢᠮ ᠳᠡᠭᠡᠷ᠎ᠡ ᠪᠠᠨ | ᠪᠠᠲᠤᠯᠠᠵᠤ᠂ ᠬᠠᠮᠢᠶ᠎ᠠ ᠪᠥᠬᠦᠶ ᠭᠠᠵᠠᠷ ᠣᠷᠣᠨ ᠪᠠ ᠰᠠᠯᠠᠭ᠎ᠠ ᠮᠥᠴᠢᠷ ᠤᠨ ᠬᠢᠨ ᠵᠣᠬᠢᠶᠠᠨ ᠪᠠᠶᠢᠭᠤᠯᠤᠯᠲᠠ ᠶᠢᠨ | ᠤᠳᠤᠷᠢᠳᠤᠯᠭ᠎ᠠ ᠪᠠᠨ ᠴᠢᠩᠭᠠᠳᠬᠠᠵᠤ᠂ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠬᠢᠵᠢᠭ ᠤᠨ ᠪᠠᠶᠢᠳᠠᠯ ᠪᠠ | ᠰᠡᠷᠭᠡᠶᠢᠯᠡᠨ ᠵᠠᠰᠠᠬᠤ ᠠᠵᠢᠯ ᠤᠨ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ᠂ ᠪᠷᠦ᠋ᠼᠧᠯ ᠡᠪᠡᠳᠴᠢᠨ ᠢ | ᠰᠡᠷᠭᠡᠶᠢᠯᠡᠨ ᠡᠵᠡᠮᠳᠡᠬᠦ ᠪᠠᠯᠠ ᠮᠥᠩᠭᠦ ᠶᠢ ᠭᠦᠢᠴᠡᠳ ᠲᠤᠭ᠎ᠠ ᠪᠠᠷ ᠲᠣᠬᠢᠷᠠᠭᠤᠯᠬᠤ ᠶᠢᠨ ᠬᠠᠮᠲᠤ ᠴᠠᠭ ᠲᠤᠬᠠᠶ ᠳᠤ ᠨᠢ | ᠰᠠᠯᠭᠠᠨ ᠥᠭᠴᠦ᠂ ᠲᠣᠭᠤᠷᠢᠭ ᠤᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠲᠣᠭᠤᠷᠢᠭ ᠤᠨ ᠡᠷᠡᠭᠦᠯ | ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠵᠢᠴᠢ ᠡᠯ᠎ᠡ ᠰᠤᠮᠤ ᠪᠠᠯᠭᠠᠰᠤ ᠵᠡᠭᠡᠯᠢ ᠭᠤᠳᠤᠮᠵᠢ ᠶᠢᠨ ᠬᠢᠨ ᠪᠷᠦ᠋ᠼᠧᠯ | ᠡᠪᠡᠳᠴᠢᠨ ᠢ ᠰᠡᠷᠭᠡᠶᠢᠯᠡᠨ ᠡᠵᠡᠮᠳᠡᠬᠦ ᠤᠬᠠᠭᠤᠯᠭ᠎ᠠ᠂ ᠬᠢᠨᠠᠨ ᠵᠢᠯᠣᠭᠤᠳᠴᠤ ᠪᠠᠶᠢᠴᠠᠭᠠᠨ ᠰᠤᠳᠤᠯᠬᠤ᠂ ᠦᠨᠡᠯᠡᠨ | ᠵᠢᠱᠢᠬᠦ ᠵᠡᠷᠭᠡ ᠠᠵᠢᠯ ᠢ ᠨᠢᠭᠡᠳᠦᠯᠲᠡᠶ ᠲᠥᠯᠥᠪᠯᠡᠨ ᠠᠬᠢᠭᠤᠯᠬᠤ ᠪᠠ ᠬᠠᠮᠲᠤ ᠪᠠᠷ ᠥᠷᠨᠢᠭᠦᠯᠵᠦ᠂ ᠬᠤᠯᠪᠣᠭᠠᠯᠠᠨ | ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ ᠶᠢᠨ ᠦᠢᠯᠡᠳᠦᠯ ᠢ ᠭᠦᠢᠴᠡᠳ ᠪᠠᠳᠠᠷᠠᠭᠤᠯᠬᠤ ᠬᠡᠷᠡᠭᠲᠡᠶ ᠭᠡᠵᠦ | ᠱᠠᠭᠠᠷᠳᠠᠪᠠ᠃ ᠲᠦᠰᠦᠯ ᠳᠤ ᠤᠯᠠᠮ ᠨᠢᠭᠡ ᠠᠯᠬᠤᠮ ᠵᠠᠰᠠᠪᠤᠷᠢ ᠣᠷᠣᠭᠤᠯᠤᠨ ᠲᠡᠭᠦᠯᠳᠡᠷᠵᠢᠭᠦᠯᠦᠭᠰᠡᠨ ᠤ ᠳᠠᠷᠠᠭ᠎ᠠ | ᠲᠤᠭᠤᠷᠢᠭ ᠤᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠳᠤ ᠳᠡᠪᠰᠢᠭᠦᠯᠦᠨ ᠰᠤᠳᠤᠯᠪᠠ᠃ ᠲᠣᠭᠤᠷᠢᠭ ᠤᠨ | ᠵᠠᠰᠠᠭ ᠤᠨ ᠣᠷᠳᠣᠨ ᠤ 2024 ᠣᠨ ᠤ 8 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠢᠶᠠᠷ ᠳᠠᠮᠵᠢᠨ ᠵᠢᠥ | ᠶᠤᠸᠠᠨ ᠲᠣᠭᠤᠷᠢᠭ ᠤᠨ 2024 ᠣᠨ ᠤ ᠪᠷᠦ᠋ᠼᠧᠯ ᠡᠪᠡᠳᠴᠢᠨ ᠢ ᠰᠡᠷᠭᠡᠶᠢᠯᠡᠨ ᠡᠵᠡᠮᠳᠡᠬᠦ ᠠᠵᠢᠯ ᠤᠨ ᠲᠥᠰᠦᠯ ᠢ | ᠰᠤᠳᠤᠯᠤᠨ ᠪᠠᠲᠤᠯᠠᠭᠰᠠᠨ ᠪᠥᠭᠡᠳ ᠳᠠᠷᠤᠮᠠᠯᠯᠠᠨ ᠲᠠᠷᠬᠠᠭᠠᠪᠠ᠃ | ᠳᠥᠷᠪᠡ᠂ ᠠᠵᠢᠯ ᠤᠨ ᠠᠷᠭ᠎ᠠ ᠬᠡᠮᠵᠢᠶ᠎ᠡ | ᠨᠢᠭᠡ ᠳᠤ᠂ ᠪᠷᠦ᠋ᠼᠧᠯ ᠡᠪᠡᠳᠴᠢᠨ ᠤ ᠳᠠᠷᠬᠠᠯᠠᠭ᠎ᠠ ᠶᠢ ᠳᠡᠭᠡᠭᠰᠢᠯᠡᠭᠦᠯᠬᠦ ᠠᠵᠢᠯᠯᠠᠭ᠎ᠠ ᠶᠢ ᠥᠷᠨᠢᠭᠦᠯᠦᠨ᠎ᠡ ︵ | ᠮᠠᠯ ᠤᠨ ᠬᠤᠭᠤᠷᠣᠨᠳᠣᠬᠢ ᠪᠷᠦ᠋ᠼᠧᠯ ᠡᠪᠡᠳᠴᠢᠨ ᠢ ᠰᠡᠷᠭᠡᠶᠢᠯᠡᠨ ᠡᠵᠡᠮᠳᠡᠵᠦ ᠠᠯᠪᠠᠳᠠᠯᠭ᠎ᠠ ᠪᠠᠷ ᠦᠯᠦ ᠬᠠᠯᠳᠠᠭᠠᠬᠤ | ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠬᠡᠷᠡᠭᠵᠢᠭᠦᠯᠬᠦ ᠶᠢᠨ ᠬᠠᠮᠲᠤ ᠢᠯᠡᠴᠢᠯᠡᠨ ᠮᠡᠳᠡᠭᠦᠯᠬᠦ ᠲᠣᠭᠲᠠᠴᠠ | ᠪᠠᠶᠢᠭᠤᠯᠵᠤ᠂ ᠳᠠᠷᠬᠠᠯᠠᠭ᠎ᠠ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ︶᠃ | ᠬᠤᠶᠠᠷ ᠲᠤ᠂ ᠮᠠᠯ ᠤᠨ ᠬᠤᠭᠤᠷᠣᠨᠳᠣᠬᠢ ᠪᠷᠦ᠋ᠼᠧᠯ ᠡᠪᠡᠳᠴᠢᠨ ᠢ ᠲᠤᠰᠬᠠᠶ ᠬᠢᠨᠠᠨ ᠬᠡᠮᠵᠢᠬᠦ ᠪᠠ ᠠᠷᠭ᠎ᠠ | ᠴᠢᠨᠠᠷᠲᠠᠶ ᠬᠤᠨᠢ ᠢᠮᠠᠭ᠎ᠠ ᠶᠢ ᠠᠯᠠᠵᠤ ᠨᠢᠲᠤᠯᠬᠤ ᠠᠵᠢᠯ ᠢ ᠰᠠᠶᠢᠲᠤᠷ ᠬᠢᠨ᠎ᠡ ︵ᠡᠬᠢ ᠡᠭᠦᠰᠦᠯ ᠢ ᠨᠢ ᠬᠢᠨᠠᠨ ᠬᠡᠮᠵᠢᠬᠦ᠂ | ᠰᠠᠨᠠᠭᠠᠴᠢᠯᠠᠭ᠎ᠠ ᠠᠴᠠ ᠪᠠᠨ ᠬᠢᠨᠠᠨ ᠬᠡᠮᠵᠢᠬᠦ᠂ ᠬᠢᠵᠢᠭᠲᠦ ᠴᠡᠭ ᠢ ᠬᠠᠷᠢᠭᠤ ᠰᠤᠷᠪᠤᠯᠵᠢᠯᠠᠬᠤ᠂ ᠮᠠᠯ ᠳᠤ ᠰᠢᠯᠵᠢᠭᠦᠯᠦᠨ | ᠣᠷᠣᠭᠤᠯᠬᠤ ᠶᠢ ᠲᠤᠰᠬᠠᠶ ᠬᠢᠨᠠᠨ ᠬᠡᠮᠵᠢᠨ᠎ᠡ︶᠃ | ᠭᠤᠷᠪᠠ ᠳᠤ᠂ ᠲᠥᠪᠯᠡᠷᠡᠭᠦᠯᠦᠨ ᠠᠷᠢᠭᠤᠳᠬᠠᠵᠤ ᠡᠬᠢ ᠰᠤᠷᠪᠤᠯᠵᠢ ᠶᠢ ᠤᠰᠠᠳᠬᠠᠬᠤ ᠠᠵᠢᠯ ᠢ ᠰᠠᠶᠢᠲᠤᠷ ᠬᠢᠨ᠎ᠡ | ︵ᠲᠣᠮᠣ ᠬᠡᠯᠪᠡᠷᠢ ᠶᠢᠨ ᠲᠡᠷᠭᠡ ᠬᠥᠰᠬᠡ ᠪᠠ ᠥᠨᠳᠥᠷ ᠳᠠᠷᠤᠯᠲᠠᠲᠤ ᠮᠠᠰᠢᠨ ᠲᠥᠬᠦᠭᠡᠷᠦᠮᠵᠢ ᠪᠠᠷ ᠠᠷᠢᠭᠤᠳᠬᠠᠬᠤ ᠪᠠᠷ | ᠭᠤᠣᠯ ᠪᠣᠯᠭᠠᠵᠤ᠂ ᠬᠠᠪᠤᠷ ᠨᠠᠮᠤᠷ ᠬᠤᠶᠠᠷ ᠤᠯᠠᠷᠢᠯ ᠳᠤ ᠲᠥᠪᠯᠡᠷᠡᠭᠦᠯᠦᠨ ᠠᠷᠢᠭᠤᠳᠬᠠᠨ᠎ᠠ︶᠃ | ᠳᠥᠷᠪᠡ ᠳᠤ᠂ ᠬᠥᠮᠦᠨ ᠤ ᠬᠤᠭᠤᠷᠣᠨᠳᠣᠬᠢ ᠪᠷᠦ᠋ᠼᠧᠯ ᠡᠪᠡᠳᠴᠢᠨ ᠢ ᠰᠠᠶᠢᠲᠤᠷ ᠬᠢᠨᠠᠨ ᠬᠡᠮᠵᠢᠬᠦ ᠪᠠ | ᠰᠢᠢᠳᠪᠦᠷᠢᠯᠡᠨ᠎ᠡ ︵ᠬᠢᠨᠠᠨ ᠬᠡᠮᠵᠢᠬᠦ ᠶᠠᠰᠤ ᠴᠢᠨᠠᠷ ᠢ ᠳᠡᠭᠡᠭᠰᠢᠯᠡᠭᠦᠯᠵᠦ᠂ ᠰᠠᠨᠠᠭᠠᠴᠢᠯᠠᠭ᠎ᠠ ᠠᠴᠠ ᠪᠠᠨ ᠬᠢᠨᠠᠨ ᠬᠡᠮᠵᠢᠬᠦ ᠶᠢ | ᠴᠢᠩᠭᠠᠳᠬᠠᠵᠤ᠂ ᠡᠪᠡᠳᠴᠢᠨ ᠤ ᠵᠢᠱᠢᠶ᠎ᠡ ᠶᠢ ᠴᠠᠭ ᠲᠤᠬᠠᠶ ᠳᠤ ᠨᠢ ᠢᠯᠡᠷᠡᠭᠦᠯᠵᠦ᠂ ᠬᠠᠮᠲᠤᠷᠠᠨ ᠪᠠᠶᠢᠴᠠᠭᠠᠨ | ᠰᠢᠢᠳᠪᠦᠷᠢᠯᠡᠬᠦ ᠠᠵᠢᠯ ᠢ ᠥᠷᠨᠢᠭᠦᠯᠦᠨ᠎ᠡ︶᠃ | ᠲᠠᠪᠤ ᠳᠤ᠂ ᠮᠠᠯ ᠤᠨ ᠬᠤᠭᠤᠷᠣᠨᠳᠣᠬᠢ ᠪᠷᠦ᠋ᠼᠧᠯ ᠡᠪᠡᠳᠴᠢᠨ ᠤ ᠲᠠᠬᠤᠯ ᠡᠪᠡᠳᠴᠢᠨ ᠤ ᠰᠤᠳᠤᠯᠤᠯ ᠤᠨ | ᠪᠠᠶᠢᠴᠠᠭᠠᠯᠲᠠ ᠶᠢ ᠥᠷᠨᠢᠭᠦᠯᠦᠨ᠎ᠡ ︵ᠰᠠᠷ᠎ᠠ ᠪᠦᠷᠢ ᠢᠯᠡᠷᠡᠭᠰᠡᠨ ᠬᠥᠮᠦᠨ ᠤ ᠳᠤᠮᠳᠠ ᠰᠢᠨ᠎ᠡ ᠪᠠᠷ ᠮᠡᠳᠡᠭᠳᠡᠭᠰᠡᠨ | ᠡᠪᠡᠳᠴᠢᠨ ᠤ ᠵᠢᠱᠢᠶ᠎ᠡ ᠶᠢ ᠥᠷᠨᠢᠭᠦᠯᠵᠦ᠂ ᠮᠠᠯ ᠤᠨ ᠬᠤᠭᠤᠷᠣᠨᠳᠣᠬᠢ ᠪᠷᠦ᠋ᠼᠧᠯ ᠡᠪᠡᠳᠴᠢᠨ ᠤ ᠲᠠᠬᠤᠯ | ᠡᠪᠡᠳᠴᠢᠨ ᠤ ᠰᠤᠳᠤᠯᠤᠯ ᠤᠨ ᠪᠠᠶᠢᠴᠠᠭᠠᠯᠲᠠ ᠶᠢ ᠴᠠᠭ ᠲᠤᠬᠠᠶ ᠳᠤ ᠨᠢ ᠪᠡᠶᠡᠯᠡᠭᠦᠯᠵᠦ᠂ ᠬᠠᠷᠢᠶ᠎ᠠ ᠣᠷᠣᠨ ᠤ ᠪᠤᠢ | ᠪᠦᠬᠦᠢ ᠦᠬᠡᠷ ᠬᠤᠨᠢ᠂ ᠰᠢᠨ᠎ᠡ ᠪᠠᠷ ᠣᠷᠣᠭᠤᠯᠵᠤ ᠢᠷᠡᠭᠰᠡᠨ ᠦᠬᠡᠷ ᠬᠤᠨᠢᠨ ᠳᠤ ᠲᠠᠬᠤᠯ ᠡᠪᠡᠳᠴᠢᠨ ᠤ | ᠰᠤᠳᠤᠯᠤᠯ ᠤᠨ ᠪᠠᠶᠢᠴᠠᠭᠠᠯᠲᠠ ᠬᠢᠵᠦ᠂ ᠬᠠᠷᠢᠶ᠎ᠠ ᠣᠷᠣᠨ ᠤ ᠮᠠᠯ ᠤᠨ ᠬᠤᠭᠤᠷᠣᠨᠳᠣᠬᠢ ᠪᠷᠦ᠋ᠼᠧᠯ ᠡᠪᠡᠳᠴᠢᠨ ᠤ | ᠳᠡᠯᠭᠡᠷᠡᠬᠦ ᠪᠠᠶᠢᠳᠠᠯ ᠢ ᠡᠵᠡᠮᠰᠢᠨ᠎ᠡ︶᠃ | ᠵᠢᠷᠭᠤᠭ᠎ᠠ ᠳᠤ᠂ ᠲᠦᠭᠰᠢᠭᠦᠷᠢ ᠶᠢ ᠦᠨᠡᠯᠡᠨ ᠵᠢᠱᠢᠬᠦ ᠠᠵᠢᠯ ᠢ ᠥᠷᠨᠢᠭᠦᠯᠦᠨ᠎ᠡ ︵ᠲᠣᠰ ᠵᠢᠯ ᠤᠨ ᠪᠣᠶ ᠪᠥᠬᠦᠶ | ᠬᠢᠵᠢᠭ ᠤᠨ ᠴᠡᠭ ᠢ ᠡᠮᠬᠢᠯᠡᠨ ᠳᠢᠭᠯᠡᠵᠦ᠂ ᠪᠦᠷᠢᠳᠬᠡᠨ ᠪᠠᠶᠢᠴᠠᠭᠠᠵᠤ᠂ ᠵᠠᠳᠠᠯᠤᠨ ᠰᠢᠨᠵᠢᠯᠡᠵᠦ᠂ ᠪᠥᠬᠦ | ᠲᠣᠭᠤᠷᠢᠭ ᠤᠨ ᠮᠠᠯ ᠤᠨ ᠬᠤᠭᠤᠷᠣᠨᠳᠣᠬᠢ ᠪᠷᠦ᠋ᠼᠧᠯ ᠡᠪᠡᠳᠴᠢᠨ ᠢ ᠰᠡᠷᠭᠡᠶᠢᠯᠡᠨ ᠡᠵᠡᠮᠳᠡᠵᠦ ᠪᠠᠶᠢᠭ᠎ᠠ ᠪᠠᠶᠢᠳᠠᠯ ᠳᠤ | ᠲᠦᠭᠰᠢᠭᠦᠷᠢ ᠶᠢᠨ ᠦᠨᠡᠯᠡᠨ ᠵᠢᠱᠢᠯᠲᠡ ᠬᠢᠨ᠎ᠡ︶᠃ | ᠳᠣᠯᠤᠭ᠎ᠠ ᠳᠤ᠂ ᠬᠢᠵᠢᠭ ᠤᠨ ᠪᠠᠶᠢᠴᠠᠭᠠᠯᠲᠠ ᠶᠢᠨ ᠬᠢᠨᠠᠯᠲᠠ ᠬᠠᠮᠢᠶᠠᠷᠤᠯᠲᠠ ᠶᠢᠨ ᠠᠵᠢᠯ ᠢ ᠴᠢᠩᠭᠠᠳᠬᠠᠨ᠎ᠠ ︵ | ᠮᠠᠯ ᠤᠨᠤᠭ᠎ᠠ ᠶᠢ ᠰᠢᠯᠵᠢᠭᠦᠯᠦᠨ ᠲᠡᠭᠡᠭᠡᠪᠦᠷᠢᠯᠡᠬᠦ ᠬᠠᠷᠢᠶ᠎ᠠ ᠭᠠᠵᠠᠷ ᠤᠨ ᠬᠢᠨᠠᠯᠲᠠ ᠬᠠᠮᠢᠶᠠᠷᠤᠯᠲᠠ ᠶᠢ ᠰᠠᠶᠢᠲᠤᠷ ᠬᠢᠵᠦ᠂ | ᠰᠢᠯᠵᠢᠭᠦᠯᠦᠨ ᠲᠡᠭᠡᠭᠡᠪᠦᠷᠢᠯᠡᠬᠦ ᠬᠢᠵᠢᠭ ᠪᠠᠶᠢᠴᠠᠭᠠᠬᠤ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠢᠯᠡᠴᠢᠯᠡᠨ | ᠮᠡᠳᠡᠭᠦᠯᠦᠭᠰᠡᠨ ᠢ ᠱᠠᠩᠨᠠᠬᠤ ᠲᠣᠭᠲᠠᠴᠠ ᠶᠢ ᠪᠠᠶᠢᠭᠤᠯᠵᠤ᠂ ᠨᠡᠶᠢᠭᠡᠮ ᠤᠨ ᠬᠦᠴᠦᠨ ᠢ ᠪᠠᠳᠠᠷᠠᠭᠤᠯᠤᠨ ᠬᠢᠨᠠᠯᠲᠠ | ᠬᠠᠮᠢᠶᠠᠷᠤᠯᠲᠠ ᠪᠠᠨ ᠴᠢᠩᠭᠠᠳᠬᠠᠨ᠎ᠠ︶᠃ | ᠨᠠᠢᠮᠠ ᠳᠤ᠂ ᠪᠷᠦ᠋ᠼᠧᠯ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠤᠬᠠᠭᠤᠯᠭ᠎ᠠ ᠪᠣᠯᠪᠠᠰᠤᠷᠠᠯ ᠢ ᠦᠷᠭᠦᠯᠵᠢᠯᠡᠨ | ᠰᠠᠶᠢᠲᠤᠷ ᠬᠢᠨ᠎ᠡ ︵ᠰᠢᠨᠵᠢᠯᠡᠬᠦ ᠤᠬᠠᠭᠠᠨ ᠢ ᠲᠦᠭᠡᠮᠡᠯᠵᠢᠭᠦᠯᠦᠨ ᠪᠷᠦ᠋ᠼᠧᠯ ᠡᠪᠡᠳᠴᠢᠨ ᠢ ᠰᠡᠷᠭᠡᠶᠢᠯᠡᠨ ᠵᠠᠰᠠᠬᠤ | ᠮᠡᠳᠡᠯᠭᠡ ᠶᠢ ᠲᠦᠭᠡᠮᠡᠯᠵᠢᠭᠦᠯᠦᠨ᠂ ᠭᠤᠤᠯᠳᠠᠯᠭ᠎ᠠ ᠲᠠᠢ ᠬᠥᠮᠦᠰ ᠲᠤ ᠲᠤᠰᠬᠠᠶ ᠤᠬᠠᠭᠤᠯᠭ᠎ᠠ ᠥᠷᠨᠢᠭᠦᠯᠵᠦ᠂ | ᠰᠡᠷᠭᠡᠶᠢᠯᠡᠬᠦ ᠦᠵᠡᠯ ᠤᠬᠠᠮᠰᠠᠷ ᠢᠶᠠᠨ ᠴᠢᠩᠭᠠᠷᠠᠭᠤᠯᠤᠨ᠂ ᠠᠮᠢᠲᠠᠨ ᠤ ᠬᠢᠵᠢᠭ ᠢ ᠰᠡᠷᠭᠡᠶᠢᠯᠡᠬᠦ ᠬᠢᠵᠢᠭ ᠪᠠᠶᠢᠴᠠᠭᠠᠬᠤ | ᠠᠵᠢᠯᠲᠠᠨ ᠤ ᠲᠥᠪᠯᠡᠷᠡᠩᠭᠦᠶ ᠪᠣᠯᠪᠠᠰᠤᠷᠠᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠠᠵᠢᠯᠯᠠᠭᠠᠨ ᠤ ᠵᠢᠷᠤᠮᠵᠢᠯ᠂ | ᠬᠠᠮᠠᠭᠠᠯᠠᠯᠲᠠ ᠶᠢ ᠪᠣᠳᠠᠲᠠᠶᠢᠵᠢᠭᠤᠯᠬᠤ ᠶᠢ ᠦᠨᠡᠨ ᠬᠦ ᠪᠠᠲᠤᠯᠠᠨ᠎ᠠ︶᠃ | ᠶᠢᠰᠦ ᠳᠤ᠂ ᠬᠢᠨᠠᠯᠲᠠ ᠲᠠᠯᠪᠢᠵᠤ ᠪᠠᠶᠢᠴᠠᠭᠠᠨ᠎ᠠ ︵ᠪᠠᠶᠢᠴᠠᠭᠠᠬᠤ ᠠᠭᠤᠯᠭ᠎ᠠ ᠳᠤ ᠪᠷᠦ᠋ᠼᠧᠯ ᠡᠪᠡᠳᠴᠢᠨ ᠤ | ᠠᠵᠢᠯ ᠤᠨ ᠲᠣᠬᠢᠷᠠᠭᠤᠯᠤᠯᠲᠠ᠂ ᠳᠠᠷᠬᠠᠯᠠᠭ᠎ᠠ ᠶᠢᠨ ᠨᠢᠭᠲᠠᠴᠠ᠂ ᠲᠡᠮᠳᠡᠭ ᠵᠡᠭᠦᠬᠦ ᠨᠣᠷᠮ᠎ᠠ᠂ ᠳᠠᠷᠬᠠᠯᠠᠭ᠎ᠠ ᠶᠢᠨ ᠦᠷ᠎ᠡ | ᠪᠦᠲᠦᠮᠵᠢ᠂ ᠠᠷᠢᠭᠤᠳᠬᠠᠵᠤ ᠡᠬᠢ ᠡᠭᠦᠰᠦᠯ ᠢ ᠤᠰᠠᠳᠬᠠᠬᠤ᠂ ᠭᠠᠷᠤᠯᠲᠠ ᠶᠢᠨ ᠣᠷᠣᠨ ᠤ ᠬᠢᠵᠢᠭ ᠤᠨ | ᠪᠠᠶᠢᠴᠠᠭᠠᠯᠲᠠ᠂ ᠳᠠᠷᠬᠠᠯᠠᠭ᠎ᠠ ᠶᠢᠨ ᠲᠠᠩᠰᠠ ᠡᠪᠬᠡᠮᠡᠯ ᠪᠠᠶᠢᠭᠤᠯᠬᠤ ᠵᠡᠷᠭᠡ ᠶᠢ ᠰᠠᠶᠢᠲᠤᠷ ᠬᠢᠵᠦ᠂ ᠢᠯᠡᠷᠡᠭᠦᠯᠦᠭᠰᠡᠨ | ᠠᠰᠠᠭᠤᠳᠠᠯ ᠢ ᠪᠥᠬᠦ ᠲᠣᠭᠤᠷᠢᠭ ᠲᠤ ᠵᠠᠷᠯᠠᠨ ᠮᠡᠳᠡᠭᠳᠡᠨ᠎ᠡ︶᠃ | ᠲᠠᠪᠤ᠂ ᠪᠢᠴᠢᠭ ᠮᠠᠲ᠋ᠧᠷᠢᠶᠠᠯ ᠢ ᠭᠦᠢᠴᠡᠳᠬᠡᠬᠦ ᠬᠡᠪᠴᠢᠶ᠎ᠡ ᠬᠢᠭᠡᠳ ᠴᠠᠭ | ᠲᠣᠰ ᠲᠥᠰᠦᠯ ᠢ ᠬᠡᠷᠡᠭᠵᠢᠭᠦᠯᠬᠦ ᠬᠡᠪᠴᠢᠶ᠎ᠡ ᠨᠢ ᠵᠢᠥ ᠶᠤᠸᠠᠨ ᠲᠣᠭᠤᠷᠢᠭ ᠪᠠᠶᠢᠵᠤ᠂ ᠬᠡᠷᠡᠭᠵᠢᠭᠦᠯᠬᠦ ᠴᠠᠭ ᠨᠢ | 2024 ᠣᠨ ᠪᠣᠯᠤᠨ᠎ᠠ᠃ | ᠵᠢᠷᠭᠤᠭ᠎ᠠ᠂ ᠰᠢᠨ᠎ᠡ ᠬᠠᠭᠤᠴᠢᠨ ᠲᠥᠷᠥ ᠶᠢᠨ ᠪᠣᠳᠣᠯᠭ᠎ᠠ ᠶᠢᠨ ᠵᠦᠷᠢᠶ᠎ᠡ | 1. ᠡᠪᠡᠳᠴᠢᠨ ᠲᠠᠢ ᠮᠠᠯ ᠢ ᠠᠯᠪᠠᠳᠠᠯᠭ᠎ᠠ ᠪᠠᠷ ᠨᠢᠳᠤᠯᠬᠤ ᠨᠥᠬᠦᠪᠦᠷᠢ ᠶᠢᠨ ᠪᠠᠷᠢᠮᠵᠢᠶ᠎ᠠ ᠵᠥᠷᠢᠶ᠎ᠡ ᠲᠠᠢ᠃ | 2023 ᠣᠨ ᠤ ᠪᠷᠦ᠋ᠼᠧᠯ ᠡᠪᠡᠳᠴᠢᠨ ᠢᠶᠠᠷ ᠮᠠᠯ ᠢ ᠨᠢᠳᠤᠯᠬᠤ ᠨᠥᠬᠦᠪᠦᠷᠢ ᠶᠢᠨ ᠪᠠᠷᠢᠮᠵᠢᠶ᠎ᠠ ᠨᠢ ᠬᠤᠴᠠ 1500 | ᠲᠥᠭᠦᠷᠢᠭ \ ᠲᠣᠯᠣᠭᠠᠢ᠂ ᠨᠠᠰᠤᠨ ᠳᠤ ᠭᠦᠷᠦᠭᠰᠡᠨ ᠡᠮ᠎ᠡ ᠬᠤᠨᠢ 1200 ᠲᠥᠭᠦᠷᠢᠭ \ ᠲᠣᠯᠣᠭᠠᠢ᠂ ᠬᠤᠷᠠᠭ᠎ᠠ | 500 ᠲᠥᠭᠦᠷᠢᠭ \ ᠲᠣᠯᠣᠭᠠᠢ ᠪᠣᠯᠣᠨ᠎ᠠ︔ 2024 ᠣᠨ ᠤ ᠪᠷᠦ᠋ᠼᠧᠯ ᠡᠪᠡᠳᠴᠢᠨ ᠢᠶᠠᠷ ᠮᠠᠯ ᠢ ᠨᠢᠳᠤᠯᠬᠤ | ᠨᠥᠬᠦᠪᠦᠷᠢ ᠶᠢᠨ ᠪᠠᠷᠢᠮᠵᠢᠶ᠎ᠠ ᠶᠢᠨ ᠳᠡᠭᠡᠳᠦ ᠬᠢᠵᠠᠭᠠᠷ ᠨᠢ᠄ ᠬᠤᠴᠠ 1600 ᠲᠥᠭᠦᠷᠢᠭ \ ᠲᠣᠯᠣᠭᠠᠢ᠂ ᠨᠠᠰᠤᠨ ᠳᠤ | ᠬᠦᠷᠦᠭᠰᠡᠨ ᠡᠮ᠎ᠡ ᠬᠤᠨᠢ 1000 ᠲᠥᠭᠦᠷᠢᠭ \ ᠲᠣᠯᠣᠭᠠᠢ᠂ ᠬᠤᠷᠠᠭ᠎ᠠ 500 ᠲᠥᠭᠦᠷᠢᠭ \ ᠲᠣᠯᠣᠭᠠᠢ ︵ | ᠨᠥᠬᠦᠪᠦᠷᠢ ᠶᠢᠨ ᠪᠠᠷᠢᠮᠵᠢᠶ᠎ᠠ ᠶᠢ ᠵᠠᠷᠴᠢᠮ ᠳᠡᠭᠡᠷ᠎ᠡ ᠪᠠᠨ ᠲᠤᠬᠠᠢ ᠶᠢᠨ ᠴᠠᠭ ᠲᠤᠬᠠᠢ ᠶᠢᠨ ᠭᠠᠵᠠᠷ ᠤᠨ ᠵᠠᠬ᠎ᠠ | ᠳᠡᠯᠭᠡᠭᠦᠷ ᠤᠨ ᠦᠨ᠎ᠡ ᠠᠴᠠ ᠳᠣᠣᠷ᠎ᠠ ᠪᠠᠶᠢᠯᠭᠠᠬᠤ ᠬᠡᠷᠡᠭᠲᠡᠢ︶ ᠪᠣᠯᠣᠨ᠎ᠠ᠃ | 2. ᠬᠥᠮᠦᠨ ᠤ ᠬᠤᠭᠤᠷᠤᠨᠳᠤᠬᠢ ᠪᠷᠦ᠋ᠼᠧᠯ ᠡᠪᠡᠳᠴᠢᠨ ᠢ ᠬᠢᠨᠠᠨ ᠬᠡᠮᠵᠢᠬᠦ ᠪᠠ ᠰᠢᠢᠳᠪᠦᠷᠢᠯᠡᠬᠦ ᠬᠠᠮᠢᠶ᠎ᠠ ᠪᠦᠬᠦᠢ | ᠠᠵᠢᠯ ᠤᠨ ᠠᠷᠭ᠎ᠠ ᠬᠡᠮᠵᠢᠶ᠎ᠡ ᠶᠢ ᠨᠡᠮᠡᠭᠳᠡᠭᠦᠯᠪᠡ᠃ ᠬᠢᠨᠠᠨ ᠬᠡᠮᠵᠢᠯᠲᠡ ᠶᠢᠨ ᠶᠠᠰᠤ ᠴᠢᠨᠠᠷ ᠢ ᠳᠡᠭᠡᠭᠰᠢᠯᠡᠭᠦᠯᠵᠦ᠂ | ᠰᠠᠨᠠᠭᠠᠴᠢᠯᠠᠭ᠎ᠠ ᠠᠴᠠ ᠪᠠᠨ ᠬᠢᠨᠠᠨ ᠬᠡᠮᠵᠢᠬᠦ ᠶᠢ ᠴᠢᠩᠭᠠᠳᠬᠠᠵᠤ᠂ ᠡᠪᠡᠳᠴᠢᠨ ᠤ ᠵᠢᠱᠢᠶ᠎ᠡ ᠶᠢ ᠴᠠᠭ ᠲᠤᠬᠠᠢ ᠳᠤ ᠨᠢ | ᠢᠯᠡᠷᠡᠭᠦᠯᠵᠦ᠂ ᠬᠠᠮᠲᠤᠷᠠᠨ ᠪᠠᠶᠢᠴᠠᠭᠠᠨ ᠰᠢᠢᠳᠪᠦᠷᠢᠯᠡᠬᠦ ᠠᠵᠢᠯ ᠢ ᠥᠷᠨᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ | 3. ᠮᠠᠯ ᠤᠨ ᠬᠤᠭᠤᠷᠣᠨᠳᠣᠬᠢ ᠪᠷᠦ᠋ᠼᠧᠯ ᠡᠪᠡᠳᠴᠢᠨ ᠤ ᠲᠤᠰᠬᠠᠶ ᠵᠦᠢᠯ ᠤᠨ ᠬᠢᠨᠠᠨ ᠬᠡᠮᠵᠢᠯᠲᠡ ᠶᠢ | ᠨᠡᠮᠡᠭᠳᠡᠭᠦᠯᠪᠡ᠃ ᠮᠠᠯ ᠤᠨ ᠬᠤᠭᠤᠷᠣᠨᠳᠣᠬᠢ ᠪᠷᠦ᠋ᠼᠧᠯ ᠡᠪᠡᠳᠴᠢᠨ ᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠬᠤ ᠶᠢᠨ | ᠲᠥᠯᠥᠭᠡ᠂ 2024 ᠣᠨ ᠤ ᠮᠠᠯ ᠤᠨ ᠬᠤᠭᠤᠷᠣᠨᠳᠣᠬᠢ ᠪᠷᠦ᠋ᠼᠧᠯ ᠡᠪᠡᠳᠴᠢᠨ ᠤ ᠲᠤᠰᠬᠠᠶ ᠪᠠᠶᠢᠴᠠᠭᠠᠨ ᠰᠢᠯᠭᠠᠵᠤ | ᠥᠯᠢᠭᠡᠷ ᠠᠪᠬᠤ ᠬᠡᠮᠵᠢ᠊ ᠶᠡ ᠨᠢ 2023 ᠣᠨ ᠤ ᠬᠢ ᠠᠴᠠ 79% ᠪᠠᠷ ᠨᠡᠮᠡᠭᠳᠡᠪᠡ᠃ | 4. ᠬᠢᠵᠢᠭ ᠪᠠᠶᠢᠴᠠᠭᠠᠬᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠲᠠᠯ᠎ᠠ ᠪᠠᠷ ᠨᠡᠶᠢᠭᠡᠮ ᠤᠨ ᠬᠦᠴᠦᠨ ᠢ | ᠪᠠᠳᠠᠷᠠᠭᠤᠯᠤᠨ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠪᠠ᠃ ᠬᠠᠷᠢᠶ᠎ᠠ ᠣᠷᠣᠨ ᠤ ᠳᠣᠲᠣᠷᠠᠬᠢ ᠪᠣᠶ ᠪᠥᠬᠦᠶ | ᠨᠢᠭᠡᠴᠢ ᠪᠠ ᠬᠤᠪᠢ ᠬᠥᠮᠦᠨ ᠦᠨᠡᠮᠯᠡᠯ ᠥᠬᠡᠶ ᠪᠠᠷ ᠰᠢᠯᠵᠢᠭᠦᠯᠦᠨ ᠣᠷᠣᠭᠤᠯᠬᠤ᠂ ᠰᠢᠯᠵᠢᠭᠦᠯᠦᠨ ᠭᠠᠷᠭᠠᠬᠤ ᠵᠢᠴᠢ | ᠨᠠᠶᠢᠳᠠᠪᠤᠷᠢᠵᠢᠭᠤᠯᠤᠨ ᠮᠡᠳᠡᠭᠦᠯᠬᠦ ᠥᠬᠡᠶ ᠵᠡᠷᠭᠡ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ | ᠢᠯᠡᠷᠡᠭᠦᠯᠪᠡᠯ ᠰᠤᠮᠤ ᠪᠠᠯᠭᠠᠰᠤ᠂ ᠵᠡᠭᠡᠯᠢ ᠭᠤᠳᠤᠮᠵᠢ ᠶᠢᠨ ᠲᠣᠭᠤᠷᠢᠭ ᠤᠨ ᠲᠠᠷᠢᠶᠠᠯᠠᠩ ᠮᠠᠯ ᠠᠵᠤ ᠠᠬᠤᠶ ᠶᠢᠨ | ᠲᠣᠪᠴᠢᠶ᠎ᠠ ᠪᠤᠶᠤ ᠪᠤᠭᠤᠲᠤ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ | ᠬᠠᠤᠯᠢ ᠬᠡᠷᠡᠭᠵᠢᠭᠦᠯᠬᠦ ᠰᠠᠯᠪᠤᠷᠢ ᠠᠩᠭᠢ ᠳᠤ ᠢᠯᠡᠴᠢᠯᠡᠨ ᠮᠡᠳᠡᠭᠦᠯᠵᠦ ᠪᠣᠯᠤᠨ᠎ᠠ᠃ ᠢᠯᠡᠴᠢᠯᠡᠨ ᠮᠡᠳᠡᠭᠦᠯᠦᠭᠰᠡᠨ ᠢ | ᠬᠠᠷᠭᠤᠭᠤᠯᠤᠨ ᠪᠠᠶᠢᠴᠠᠭᠠᠬᠤ ᠪᠠᠷ ᠳᠡᠮᠵᠢᠨ ᠪᠦᠲᠦᠮᠵᠢᠲᠡᠶ ᠢᠯᠡᠴᠢᠯᠡᠨ ᠮᠡᠳᠡᠭᠦᠯᠦᠭᠰᠡᠨ ᠪᠠᠶᠢᠪᠠᠯ᠂ 500 ᠲᠥᠭᠦᠷᠢᠭ | ᠱᠠᠩᠨᠠᠬᠤ ᠶᠢᠨ ᠬᠠᠮᠲᠤ ᠢᠯᠡᠴᠢᠯᠡᠨ ᠮᠡᠳᠡᠭᠦᠯᠦᠭᠴᠢ ᠳᠤ ᠨᠢᠭᠤᠴᠠ ᠶᠢ ᠬᠠᠮᠠᠭᠠᠯᠠᠬᠤ ᠠᠵᠢᠯ ᠢ ᠰᠠᠶᠢᠲᠤᠷ ᠬᠢᠨ᠎ᠡ᠃ | ᠳᠣᠯᠤᠭ᠎ᠠ᠂ ᠭᠤᠣᠯ ᠨᠡᠷ᠎ᠡ ᠲᠣᠮᠢᠶ᠎ᠠ ᠶᠢᠨ ᠲᠠᠶᠢᠯᠪᠤᠷᠢ | ᠠᠯᠪᠠᠳᠠᠯᠭ᠎ᠠ ᠶᠢᠨ ᠳᠠᠷᠬᠠᠯᠠᠭ᠎ᠠ᠄ ᠤᠯᠤᠰ ᠠᠴᠠ ᠲᠡᠵᠢᠭᠡᠨ ᠦᠷᠡᠵᠢᠭᠦᠯᠬᠦ ᠦᠢᠯᠡᠰ ᠤᠨ ᠦᠢᠯᠡᠳᠪᠦᠷᠢᠯᠡᠯ ᠪᠠ | ᠬᠥᠮᠦᠨ ᠤ ᠪᠡᠶ᠎ᠡ ᠶᠢᠨ ᠡᠷᠡᠭᠦᠯ ᠮᠡᠨᠳᠦ ᠳᠤ ᠬᠦᠨᠳᠦ ᠨᠣᠴᠢᠲᠠᠶ ᠬᠥᠨᠥᠭᠡᠯ ᠪᠣᠯᠬᠤ ᠠᠮᠢᠲᠠᠨ ᠤ ᠬᠢᠵᠢᠭ ᠡᠪᠡᠳᠴᠢᠨ ᠳᠤ | ᠬᠡᠷᠡᠭᠵᠢᠭᠦᠯᠬᠦ ᠠᠯᠪᠠᠳᠠᠯᠭ᠎ᠠ ᠶᠢᠨ ᠴᠢᠨᠠᠷᠲᠠᠶ ᠳᠠᠷᠬᠠᠯᠠᠭ᠎ᠠ ᠶᠢᠨ ᠠᠷᠭ᠎ᠠ ᠬᠡᠮᠵᠢᠶ᠎ᠡ ᠶᠢ ᠵᠢᠭᠠᠨ᠎ᠠ᠃ | ᠬᠢᠵᠢᠭᠲᠦ ᠴᠡᠭ᠄ ᠡᠪᠡᠳᠴᠢᠯᠡᠭᠰᠡᠨ ᠠᠮᠢᠲᠠᠨ ᠤ ᠪᠠᠶᠢᠭ᠎ᠠ ᠭᠠᠵᠠᠷ ᠢ ᠬᠢᠵᠢᠭ ᠤᠨ ᠴᠡᠭ ᠢᠶᠠᠷ ᠢᠯᠭᠠᠨ | ᠲᠣᠭᠲᠠᠭᠠᠵᠤ᠂ ᠬᠢᠵᠢᠭ ᠤᠨ ᠴᠡᠭ ᠨᠢ ᠶᠡᠷᠦ ᠳᠤ ᠪᠠᠨ ᠡᠪᠡᠳᠴᠢᠯᠡᠭᠰᠡᠨ ᠠᠮᠢᠲᠠᠨ ᠤ ᠪᠠᠶᠢᠭ᠎ᠠ ᠲᠣᠰᠬᠤᠨ ︵ᠭᠠᠴᠠᠭ᠎ᠠ︶ | ᠂ ᠲᠡᠵᠢᠭᠡᠨ ᠦᠷᠡᠵᠢᠭᠦᠯᠬᠦ ᠲᠠᠯᠠᠪᠠᠢ ︵ᠡᠷᠦᠬᠡ︶ ᠪᠤᠶᠤ ᠠᠯᠠᠵᠤ ᠨᠢᠲᠤᠯᠬᠤ᠂ ᠡᠵᠡᠩᠨᠡᠬᠦ ᠪᠤᠰᠤᠳ ᠭᠠᠵᠠᠷ ᠢ | ᠵᠢᠭᠠᠨ᠎ᠠ᠃ | ᠡᠬᠢ ᠰᠤᠷᠪᠤᠯᠵᠢ ᠶᠢ ᠠᠷᠢᠭᠤᠳᠬᠠᠵᠤ ᠤᠰᠠᠳᠬᠠᠬᠤ᠄ ᠹᠢᠽᠢᠺ᠂ ᠬᠢᠮᠢ ᠪᠤᠶᠤ ᠠᠮᠢᠳᠤ ᠪᠣᠳᠠᠰ ᠤᠨ ᠠᠷᠭ᠎ᠠ ᠪᠠᠷ | ᠣᠷᠴᠢᠨ ᠲᠣᠭᠤᠷᠢᠨ ᠤ ᠳᠣᠲᠣᠷᠠᠬᠢ ᠡᠪᠡᠳᠴᠢᠨ ᠡᠭᠦᠰᠭᠡᠭᠴᠢ ᠶᠢ ᠤᠰᠠᠳᠬᠠᠬᠤ ᠪᠤᠶᠤ ᠠᠷᠢᠯᠭᠠᠬᠤ ᠮᠡᠷᠭᠡᠵᠢᠯ | ᠡᠰᠡᠬᠦᠯ᠎ᠡ ᠠᠷᠭ᠎ᠠ ᠬᠡᠮᠵᠢᠶ᠎ᠡ ᠶᠢ ᠵᠢᠭᠠᠨ᠎ᠠ᠃ | ᠲᠠᠬᠤᠯ ᠡᠪᠡᠳᠴᠢᠨ ᠤ ᠰᠤᠳᠤᠯᠭᠠᠨ ᠤ ᠪᠠᠶᠢᠴᠠᠭᠠᠯᠲᠠ᠄ ᠪᠦᠯᠬᠦᠮ ᠤᠨ ᠳᠣᠲᠣᠷᠠᠬᠢ ᠡᠪᠡᠳᠴᠢᠨ ᠡᠮᠭᠡᠭ ᠪᠤᠶᠤ | ᠡᠷᠡᠭᠦᠯ ᠮᠡᠨᠳᠦ ᠶᠢᠨ ᠪᠠᠶᠢᠳᠠᠯ ᠤᠨ ᠲᠠᠷᠬᠠᠯᠲᠠ ᠵᠢᠴᠢ ᠲᠡᠭᠦᠨ ᠤ ᠰᠢᠢᠳᠪᠦᠷᠢᠯᠡᠬᠦ ᠬᠦᠴᠦᠨ ᠵᠦᠢᠯ ᠳᠤ ᠪᠠᠶᠢᠴᠠᠭᠠᠨ | ᠰᠤᠳᠤᠯᠤᠯᠲᠠ ᠬᠢᠵᠦ᠂ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠠᠷᠭ᠎ᠠ ᠬᠡᠮᠵᠢᠶ᠎ᠡ ᠵᠢᠴᠢ ᠡᠷᠡᠭᠦᠯᠵᠢᠯ ᠤᠨ | ᠠᠷᠭ᠎ᠠ ᠪᠣᠳᠣᠯᠭ᠎ᠠ ᠶᠢ ᠳᠤᠷᠠᠳᠤᠨ ᠭᠠᠷᠭᠠᠨ᠎ᠠ᠃ | ᠬᠢᠵᠢᠭ ᠤᠨ ᠪᠠᠶᠢᠴᠠᠭᠠᠯᠲᠠ᠄ ᠬᠠᠤᠯᠢ ᠪᠠᠷ ᠲᠣᠭᠲᠠᠭᠠᠭᠰᠠᠨ ᠪᠠᠶᠢᠭᠤᠯᠤᠮᠵᠢ ᠪᠤᠶᠤ ᠠᠵᠢᠯᠲᠠᠨ ᠠᠴᠠ | ᠲᠣᠭᠲᠠᠭᠠᠭᠰᠠᠨ ᠠᠷᠭ᠎ᠠ ᠬᠡᠮᠵᠢᠶ᠎ᠡ ᠪᠠ ᠪᠠᠷᠢᠮᠵᠢᠶ᠎ᠠ ᠶᠣᠰᠣᠭᠠᠷ ᠠᠮᠢᠲᠠᠨ ᠪᠠ ᠠᠮᠢᠲᠠᠨ ᠤ ᠪᠦᠲᠦᠭᠡᠭᠳᠡᠬᠦᠨ ᠤ ᠬᠢᠵᠢᠭ | ᠡᠪᠡᠳᠴᠢᠨ ᠤ ᠪᠠᠶᠢᠳᠠᠯ ᠵᠢᠴᠢ ᠡᠷᠡᠭᠦᠯ ᠬᠠᠮᠠᠭᠠᠯᠠᠯ ᠤᠨ ᠠᠮᠤᠷ ᠲᠦᠪᠰᠢᠨ ᠳᠤ ᠠᠯᠪᠠᠳᠠᠯᠭ᠎ᠠ ᠶᠢᠨ ᠴᠢᠨᠠᠷᠲᠠᠶ | ᠪᠠᠶᠢᠴᠠᠭᠠᠯᠲᠠ ᠬᠢᠵᠦ᠂ ᠴᠢᠨᠠᠷ ᠲᠣᠭᠲᠠᠭᠠᠬᠤ ᠪᠠ ᠰᠢᠢᠳᠪᠦᠷᠢᠯᠡᠬᠦ ᠶᠢᠨ ᠬᠠᠮᠲᠤ ᠳ᠋ᠦᠩᠨᠡᠯᠲᠡ ᠶᠢᠨ ᠴᠢᠨᠠᠷᠲᠠᠶ | ᠬᠠᠤᠯᠢ ᠪᠠᠷ ᠲᠣᠭᠲᠠᠭᠠᠭᠰᠠᠨ ᠭᠡᠷᠡᠴᠢ ᠭᠠᠷᠭᠠᠬᠤ ᠦᠢᠯᠡ ᠠᠵᠢᠯᠯᠠᠭ᠎ᠠ ᠶᠢ ᠵᠢᠭᠠᠨ᠎ᠠ᠃ | ᠪᠣᠳᠠᠲᠠᠶᠢᠵᠢᠭᠤᠯᠤᠭᠰᠠᠨ ᠮᠡᠳᠡᠭᠦᠯᠦᠯᠲᠡ᠄ ᠦᠷᠭᠦᠯᠵᠢᠯᠡᠨ ᠠᠷᠠᠴᠢᠯᠠᠨ ᠲᠡᠵᠢᠭᠡᠬᠦ ᠪᠤᠶᠤ ᠠᠯᠠᠵᠤ ᠨᠢᠲᠤᠯᠬᠤ ᠳᠤ | ᠬᠡᠷᠡᠭᠯᠡᠬᠦ ᠮᠠᠯ ᠵᠢᠭᠦᠷᠲᠡᠨ ᠲᠡᠭᠡᠭᠡᠪᠦᠷᠢᠯᠡᠭᠰᠡᠨ ᠵᠣᠷᠢᠭᠰᠠᠨ ᠭᠠᠵᠠᠷ ᠲᠤ ᠪᠠᠨ ᠬᠦᠷᠦᠭᠰᠡᠨ ᠤ ᠳᠠᠷᠠᠭ᠎ᠠ᠂ ᠪᠠᠷᠠᠭᠠᠨ ᠤ | ᠡᠵᠡᠨ ᠪᠤᠶᠤ ᠳᠠᠭᠠᠭᠠᠨ ᠲᠡᠭᠡᠭᠡᠪᠦᠷᠢᠯᠡᠭᠴᠢ ᠭᠤᠷᠪᠠᠨ ᠡᠳᠦᠷ ᠤᠨ ᠳᠣᠲᠣᠷ᠎ᠠ ᠲᠡᠭᠡᠭᠡᠪᠦᠷᠢ ᠶᠢᠨ ᠭᠠᠵᠠᠷ ᠤᠨ ᠰᠢᠶᠠᠨ ᠤ | ᠱᠠᠲᠤᠨ ᠤ ᠠᠮᠢᠲᠠᠨ ᠤ ᠡᠷᠡᠭᠦᠯ ᠬᠠᠮᠠᠭᠠᠯᠠᠯ ᠤᠨ ᠬᠢᠨᠠᠯᠲᠠ ᠲᠠᠯᠪᠢᠬᠤ ᠪᠠᠶᠢᠭᠤᠯᠤᠮᠵᠢ ᠳᠤ ᠮᠡᠳᠡᠭᠦᠯᠦᠨ᠎ᠡ︔ ᠵᠣᠷᠢᠭᠰᠠᠨ | ᠭᠠᠵᠠᠷ ᠤᠨ ᠠᠷᠠᠴᠢᠯᠠᠨ ᠲᠡᠵᠢᠭᠡᠬᠦ ᠲᠠᠯᠠᠪᠠᠢ ︵ᠡᠷᠦᠬᠡ︶ ᠪᠤᠶᠤ ᠠᠯᠠᠵᠤ ᠨᠢᠲᠤᠯᠵᠤ ᠪᠣᠯᠪᠠᠰᠤᠷᠠᠭᠤᠯᠬᠤ ᠲᠠᠯᠠᠪᠤᠷ ᠨᠢ | ᠮᠠᠯ ᠵᠢᠭᠦᠷᠲᠡᠨ ᠢ ᠬᠦᠯᠢᠶᠡᠨ ᠠᠪᠤᠭᠰᠠᠨ ᠤ ᠳᠠᠷᠠᠭᠠᠬᠢ ᠭᠤᠷᠪᠠᠨ ᠡᠳᠦᠷ ᠤᠨ ᠳᠣᠲᠣᠷ᠎ᠠ ᠪᠠᠶᠢᠭ᠎ᠠ ᠭᠠᠵᠠᠷ ᠤᠨ ᠢᠶᠠᠨ | ᠰᠢᠶᠠᠨ ᠤ ᠱᠠᠲᠤᠨ ᠤ ᠠᠮᠢᠲᠠᠨ ᠤ ᠡᠷᠡᠭᠦᠯ ᠬᠠᠮᠠᠭᠠᠯᠠᠯ ᠤᠨ ᠬᠢᠨᠠᠯᠲᠠ ᠲᠠᠯᠪᠢᠬᠤ ᠪᠠᠶᠢᠭᠤᠯᠤᠮᠵᠢ ᠳᠤ ᠮᠡᠳᠡᠭᠦᠯᠦᠨ᠎ᠡ᠃ | | |