︽ᠵᠢᠥ ᠶᠤᠸᠠᠨ ᠲᠣᠭᠤᠷᠢᠭ ᠤᠨ 2024 ᠣᠨ ᠤ ᠲᠦᠯᠡᠰᠢ ᠲᠤᠶ᠋ᠢᠩ ᠥᠭᠬᠦ ᠡᠳᠦᠷ ᠤᠨ ᠪᠣᠯᠪᠠᠰᠤᠨ ᠤ ᠳᠠᠬᠢᠯᠭ᠎ᠠ ᠶᠢᠨ ᠲᠥᠰᠦᠯ︾ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2024/8/20
          ︽ᠵᠢᠥ ᠶᠤᠸᠠᠨ ᠲᠣᠭᠤᠷᠢᠭ ᠤᠨ 2024 ᠣᠨ ᠤ ᠲᠦᠯᠡᠰᠢ ᠲᠤᠶ᠋ᠢᠩ ᠥᠭᠬᠦ ᠡᠳᠦᠷ ᠤᠨ ᠪᠣᠯᠪᠠᠰᠤᠨ ᠤ          ᠳᠠᠬᠢᠯᠭ᠎ᠠ ᠶᠢᠨ ᠲᠥᠰᠦᠯ︾ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ    ᠨᠢᠭᠡ᠂ ᠲᠣᠭᠲᠠᠭᠠᠭᠰᠠᠨ ᠠᠬᠤᠶ ᠪᠠᠶᠢᠳᠠᠯ    ᠪᠤᠭᠤᠲᠤ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ 2024 ᠣᠨ ᠤ ᠲᠦᠯᠡᠰᠢ ᠲᠤᠶ᠋ᠢᠩ ᠥᠭᠬᠦ ᠡᠳᠦᠷ ᠤᠨ ᠳᠠᠬᠢᠯᠭ᠎ᠠ ᠶᠢᠨ ᠠᠵᠢᠯ ᠢ ᠰᠠᠶᠢᠲᠤᠷ ᠬᠢᠬᠦ ᠲᠤᠬᠠᠢ ᠮᠡᠳᠡᠭᠳᠡᠯ ᠢ ᠲᠤᠭᠤᠰᠢᠯᠠᠭᠤᠯᠤᠨ ᠨᠠᠶᠢᠲᠠᠪᠤᠷᠢᠵᠢᠭᠤᠯᠬᠤ ᠶᠢᠨ ᠲᠦᠯᠦᠭᠡ᠂ ᠡᠯ᠎ᠡ ᠬᠤᠰᠢᠭᠤ ᠰᠢᠶᠠᠨ ᠲᠣᠭᠤᠷᠢᠭ᠂ ᠬᠤᠲᠠ ᠶᠢᠨ ᠣᠷᠣᠰᠢᠭᠤᠯᠭ᠎ᠠ ᠶᠢᠨ ᠭᠠᠵᠠᠷ ᠨᠢ ︽ᠬᠤᠶᠠᠷ ᠢ ᠳᠡᠭᠡᠳᠦᠯᠡᠬᠦ︾ ᠣᠨᠣᠯᠵᠢᠬᠤᠨ ᠢ ᠪᠠᠲᠤ ᠪᠠᠬᠢ ᠪᠤᠢ ᠪᠣᠯᠭᠠᠵᠤ᠂ ︽ᠪᠦᠬᠦᠨ ᠢ ᠬᠠᠮᠤᠷᠬᠤ᠂ ᠥᠴᠦᠬᠡᠨ ᠴᠦ ᠠᠭᠤᠴᠢᠯᠠᠬᠤ ᠦᠭᠡᠢ᠂ ᠴᠡᠭᠴᠡᠯᠡᠨ ᠰᠠᠶᠢᠵᠢᠷᠠᠭᠤᠯᠬᠤ ᠶᠢ ᠴᠢᠩᠭᠠᠳᠬᠠᠬᠤ᠂ ᠪᠣᠳᠠᠲᠤ ᠦᠷ᠎ᠡ ᠪᠦᠲᠦᠮᠵᠢ ᠶᠢ ᠴᠢᠬᠤᠯᠠᠴᠢᠯᠠᠬᠤ︾ ᠵᠠᠷᠴᠢᠮ ᠶᠣᠰᠣᠭᠠᠷ᠂ ᠠᠮᠤᠷ ᠲᠦᠪᠰᠢᠨ ᠤ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠲᠠᠪᠤᠷᠢᠵᠢᠭᠤᠯᠤᠨ᠂  ᠠᠮᠤᠷ ᠲᠦᠪᠰᠢᠨ ᠤ ᠬᠠᠮᠢᠶᠠᠷᠤᠯᠲᠠ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ᠰᠡᠷᠭᠡᠶᠢᠯᠡᠬᠦ ᠠᠵᠢᠯ ᠢ ᠲᠡᠷᠢᠭᠦᠨ ᠪᠠᠶᠢᠷᠢᠨ ᠳᠤ ᠲᠠᠯᠪᠢᠬᠤ ᠶᠢ ᠪᠠᠷᠢᠮᠲᠠᠯᠠᠨ᠂ ᠲᠠᠬᠢᠯᠭ᠎ᠠ ᠶᠢᠨ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠪᠥᠬᠦ ᠲᠠᠯ᠎ᠠ ᠪᠠᠷ ᠥᠷᠨᠢᠭᠦᠯᠵᠦ᠂ ᠣᠷᠬᠢᠭᠳᠠᠭᠤᠯᠬᠤ ᠥᠬᠡᠶ᠂ ᠥᠨᠴᠥᠭ ᠪᠤᠯᠤᠩ ᠥᠬᠡᠶ᠂ ᠪᠠᠯᠠᠶ ᠣᠷᠣᠨ ᠥᠬᠡᠶ ᠪᠠᠶᠢᠬᠤ ᠶᠢ ᠦᠨᠡᠨ ᠬᠦ ᠪᠠᠲᠤᠯᠠᠵᠤ᠂ ᠲᠦᠯᠡᠰᠢ ᠲᠤᠶ᠋ᠢᠩ ᠥᠭᠬᠦ ᠡᠳᠦᠷ ᠤᠨ ᠳᠠᠬᠢᠯᠭ᠎ᠠ ᠶᠢᠨ ᠠᠮᠤᠷ ᠲᠦᠪᠰᠢᠨ ᠤ ᠬᠠᠮᠢᠶᠠᠷᠤᠯᠲᠠ ᠶᠢ ᠪᠥᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠶ᠃ ᠪᠠᠴᠢᠮ ᠪᠠᠶᠢᠳᠠᠯ ᠢ ᠠᠷᠭᠠᠴᠠᠭᠠᠬᠤ ᠪᠠᠲᠤᠯᠠᠭ᠎ᠠ ᠶᠢᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠲᠠᠬᠢᠯᠭ᠎ᠠ ᠶᠢᠨ ᠦᠢᠯᠡᠴᠢᠯᠡᠭᠡᠨ ᠤ ᠵᠣᠴᠢᠯᠠᠭ᠎ᠠ᠂ ᠬᠥᠮᠦᠨ ᠪᠠ ᠲᠡᠷᠭᠡ ᠬᠥᠰᠬᠡ ᠶᠢ ᠬᠥᠲᠥᠯᠥᠨ ᠵᠢᠯᠣᠭᠤᠳᠬᠤ ᠵᠡᠷᠭᠡ ᠲᠥᠰᠦᠯ ᠢ ᠲᠣᠭᠲᠠᠭᠠᠨ ᠲᠡᠭᠦᠯᠳᠡᠷᠵᠢᠭᠦᠯᠵᠦ᠂ ᠠᠵᠢᠯᠲᠠᠳ ᠢ ᠵᠣᠬᠢᠶᠠᠨ ᠪᠠᠶᠢᠭᠤᠯᠤᠨ ᠠᠮᠤᠷ ᠲᠦᠪᠰᠢᠨ ᠤ ᠬᠥᠮᠦᠵᠢᠯ ᠪᠣᠯᠪᠠᠰᠤᠷᠠᠯ᠂ ᠲᠠᠷᠬᠠᠭᠠᠨ ᠠᠶᠤᠯ ᠠᠴᠠ ᠵᠠᠶᠢᠯᠠᠬᠤ ᠪᠠ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠰᠣᠷᠢᠯᠲᠠ ᠶᠢ ᠥᠷᠨᠢᠭᠦᠯᠵᠦ᠂ ᠤᠳᠤᠷᠢᠳᠤᠯᠭ᠎ᠠ ᠳᠠᠭᠠᠭᠤᠯᠤᠨ ᠳᠠᠭᠠᠭᠤᠯᠬᠤ᠂ ᠪᠠᠴᠢᠮ ᠪᠠᠶᠢᠳᠠᠯ ᠢ ᠠᠷᠭᠠᠴᠠᠭᠠᠨ ᠵᠢᠵᠢᠭᠦᠷᠯᠡᠨ ᠰᠠᠬᠢᠬᠤ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠪᠠ ᠮᠡᠳᠡᠭᠡ ᠵᠠᠩᠭᠢ ᠮᠡᠳᠡᠭᠦᠯᠬᠦ ᠵᠡᠷᠭᠡ ᠲᠦᠷᠢᠮ ᠢ ᠨᠠᠶᠢᠳᠠᠪᠤᠷᠢᠵᠢᠭᠤᠯᠤᠨ᠂ ᠭᠡᠨᠡᠳᠲᠡ ᠶᠢᠨ ᠬᠡᠷᠡᠭ ᠢ ᠠᠷᠭᠠᠴᠠᠭᠠᠨ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠵᠦ᠂ ᠣᠷᠣᠰᠢᠭᠤᠯᠭ᠎ᠠ ᠶᠢᠨ ᠦᠢᠯᠡᠴᠢᠯᠡᠭᠡᠨ ᠤ ᠪᠠᠶᠢᠭᠤᠯᠤᠮᠵᠢ ᠶᠢᠨ ᠠᠮᠤᠷ ᠲᠦᠪᠰᠢᠨ ᠡᠵᠡᠩᠨᠡᠯᠲᠡ ᠶᠢᠨ ᠪᠠᠶᠢᠴᠠᠭᠠᠯᠲᠠ ᠶᠢ ᠴᠢᠩᠭᠠᠳᠬᠠᠬᠤ ᠬᠡᠷᠡᠭᠲᠡᠶ᠃    ᠬᠤᠶᠠᠷ᠂ ᠠᠵᠢᠯ ᠤᠨ ᠠᠷᠭ᠎ᠠ ᠬᠡᠮᠵᠢᠶ᠎ᠡ ᠵᠢᠴᠢ ᠬᠠᠷᠠᠯᠲᠠ    ᠡᠯ᠎ᠡ ᠬᠤᠰᠢᠭᠤ ᠰᠢᠶᠠᠨ ᠲᠣᠭᠤᠷᠢᠭ᠂ ᠬᠤᠲᠠ ᠶᠢᠨ ᠣᠷᠣᠰᠢᠭᠤᠯᠭ᠎ᠠ ᠶᠢᠨ ᠭᠠᠵᠠᠷ ᠤᠨ ᠬᠢᠨ ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠦᠢᠯᠡᠴᠢᠯᠡᠭᠡᠨ ᠤ ᠤᠬᠠᠮᠰᠠᠷ ᠢᠶᠠᠨ ᠴᠢᠩᠭᠠᠷᠠᠭᠤᠯᠤᠨ᠂ ᠠᠵᠢᠯ ᠤᠨ ᠠᠷᠭ᠎ᠠ ᠬᠡᠮᠵᠢᠶ᠎ᠡ ᠪᠠᠨ ᠲᠠᠰᠤᠷᠠᠯᠲᠠ ᠥᠬᠡᠶ ᠰᠢᠨᠡᠴᠢᠯᠡᠨ ᠨᠠᠷᠢᠯᠢᠬᠵᠢᠭᠤᠯᠵᠤ᠂ ᠪᠣᠳᠠᠲᠠᠶ ᠠᠵᠢᠯ ᠤᠨ ᠲᠥᠰᠦᠯ ᠲᠣᠭᠲᠠᠭᠠᠨ᠂ ᠣᠷᠣᠰᠢᠭᠤᠯᠭ᠎ᠠ ᠶᠢᠨ ᠦᠢᠯᠡᠴᠢᠯᠡᠭᠡᠨ ᠤ ᠪᠠᠶᠢᠭᠤᠯᠤᠮᠵᠢ ᠶᠢ ᠰᠢᠮᠳᠠᠭᠤᠯᠤᠨ ᠵᠢᠯᠣᠭᠤᠳᠴᠤ ᠪᠠᠶᠢᠭᠠᠳ ᠴᠡᠭᠴᠡᠯᠡᠨ ᠰᠠᠶᠢᠵᠢᠷᠠᠭᠤᠯᠬᠤ ᠠᠵᠢᠯ ᠤᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠢ ᠨᠠᠷᠢᠨ ᠬᠢᠨᠠᠮᠠᠭᠠᠶ ᠪᠠᠶᠢᠴᠠᠭᠠᠨ ᠵᠢᠭᠰᠠᠭᠠᠵᠤ᠂ ᠲᠠᠬᠢᠯᠭ᠎ᠠ ᠶᠢᠨ ᠦᠢᠯᠡᠴᠢᠯᠡᠭᠡᠨ ᠤ ᠪᠠᠲᠤᠯᠠᠭ᠎ᠠ ᠶᠢᠨ ᠬᠢᠷᠢ ᠲᠦᠪᠰᠢᠨ ᠢ ᠦᠨᠡᠨ ᠬᠦ ᠳᠡᠭᠡᠭᠰᠢᠯᠡᠭᠦᠯᠬᠦ ᠬᠡᠷᠡᠭᠲᠡᠶ᠃ ᠡᠯ᠎ᠡ ᠬᠤᠰᠢᠭᠤ ᠰᠢᠶᠠᠨ ᠲᠣᠭᠤᠷᠢᠭ ᠤᠨ ᠣᠷᠣᠰᠢᠭᠤᠯᠭ᠎ᠠ ᠶᠢᠨ ᠦᠢᠯᠡᠴᠢᠯᠡᠭᠡᠨ ᠤ ᠪᠠᠶᠢᠭᠤᠯᠤᠮᠵᠢ ᠨᠤᠭᠤᠳ ᠬᠠᠯᠠᠮᠰᠢᠯ ᠤᠲᠠᠰᠤ᠂ ᠰᠢᠯᠵᠢᠮᠡᠯ ᠬᠡᠷᠡᠭᠯᠡᠭᠴᠢ ᠶᠢᠨ ᠦᠵᠦᠭᠦᠷ᠂ ᠸᠢᠴᠠᠲ ᠤᠨ ᠨᠡᠶᠢᠲᠡ ᠶᠢᠨ ᠳ᠋ᠤᠭᠠᠷ ᠵᠡᠷᠭᠡ ᠠᠷᠭ᠎ᠠ ᠵᠠᠮ ᠢᠶᠠᠷ ᠳᠠᠮᠵᠢᠭᠤᠯᠤᠨ ᠂ ᠲᠠᠬᠢᠯᠭ᠎ᠠ ᠶᠢᠨ ᠬᠠᠮᠢᠶ᠎ᠠ ᠪᠥᠬᠦᠶ ᠮᠡᠳᠡᠭᠡ ᠵᠠᠩᠭᠢ ᠶᠢ ᠴᠠᠭ ᠲᠤᠬᠠᠶ ᠳᠤᠨᠢ ᠨᠡᠶᠢᠲᠡᠯᠡᠵᠦ᠂ ᠣᠯᠠᠨ ᠲᠦᠮᠡᠨ ᠤ ᠯᠠᠪᠯᠠᠭ᠎ᠠ ᠳᠤ ᠬᠠᠷᠢᠭᠤ ᠥᠭᠴᠦ᠂ ᠣᠯᠠᠨ ᠲᠦᠮᠡᠨ ᠤ ᠲᠠᠬᠢᠯᠭ᠎ᠠ ᠶᠢᠨ ᠪᠠᠶᠢᠳᠠᠯ ᠢ ᠴᠠᠭ ᠲᠤᠬᠠᠶ ᠳᠤᠨᠢ ᠡᠵᠡᠮᠰᠢᠬᠦ ᠳᠤ ᠲᠥᠬᠦᠮ ᠦᠵᠡᠭᠦᠯᠬᠦ ᠬᠡᠷᠡᠭᠲᠡᠶ᠃ ᠦᠢᠯᠡᠴᠢᠯᠡᠭᠡᠨ ᠤ ᠴᠤᠩᠬᠤᠪᠴᠢ ᠶᠢ ᠨᠡᠮᠡᠨ ᠪᠠᠶᠢᠭᠤᠯᠬᠤ᠂ ᠦᠢᠯᠡᠴᠢᠯᠡᠭᠡᠨ ᠤ ᠴᠠᠭ ᠢ ᠤᠷᠲᠤᠳᠬᠠᠬᠤ᠂ ᠦᠢᠯᠡᠴᠢᠯᠡᠭᠡᠨ ᠤ ᠶᠠᠪᠤᠴᠠ ᠶᠢ ᠰᠢᠯᠢᠳᠡᠭᠵᠢᠭᠦᠯᠬᠦ᠂ ᠦᠢᠯᠡᠴᠢᠯᠡᠭᠡᠨ ᠤ ᠠᠷᠭ᠎ᠠ ᠪᠠᠷᠢᠯ ᠤᠨ ᠰᠢᠨ᠎ᠡ ᠶᠢ ᠡᠭᠦᠳᠬᠦ᠂ ᠦᠢᠯᠡᠴᠢᠯᠡᠭᠡᠨ ᠤ ᠠᠷᠭ᠎ᠠ ᠵᠠᠮ ᠢ ᠥᠷᠭᠡᠳᠬᠡᠬᠦ᠂ ᠰᠣᠶᠣᠯ ᠢᠷᠭᠡᠨᠰᠢᠯ ᠤᠨ ᠬᠠᠯᠠᠮᠵᠢᠯᠠᠯ ᠢ ᠴᠢᠩᠭᠠᠳᠬᠠᠬᠤ ᠵᠡᠷᠭᠡ ᠪᠠᠷ ᠳᠠᠮᠵᠢᠭᠤᠯᠤᠨ᠂ ᠠᠷᠭ᠎ᠠ ᠪᠦᠬᠦᠨ ᠢ ᠰᠦᠪᠡᠭᠴᠢᠯᠡᠵᠦ ᠪᠠᠶᠢᠭᠠᠳ ᠨᠡᠩ ᠴᠢᠨᠠᠷ ᠰᠠᠶᠢᠲᠠᠢ᠂ ᠥᠨᠳᠥᠷ ᠪᠦᠲᠦᠮᠵᠢᠲᠡᠢ᠂ ᠳᠥᠭᠦᠮ ᠳᠥᠲᠡ᠂ ᠬᠠᠯᠠᠭᠤᠨ ᠳᠤᠯᠠᠭᠠᠨ ᠦᠢᠯᠡᠴᠢᠯᠡᠭᠡ ᠬᠠᠩᠭᠠᠵᠤ᠂ ᠤᠯᠠᠨ ᠨᠡᠶᠢᠲᠡ ᠶᠢᠨ ᠬᠠᠨᠤᠮᠵᠢ ᠶᠢᠨ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠠᠳᠠᠯᠢ ᠪᠤᠰᠤ ᠬᠥᠮᠦᠰ᠂ ᠢᠯᠠᠩᠭᠤᠶ᠎ᠠ ᠨᠠᠰᠤᠲᠠᠶᠢᠴᠤᠳ᠂ ᠵᠡᠮᠳᠡᠭᠴᠦᠳ ᠵᠡᠷᠭᠡ ᠣᠨᠴᠠᠭᠠᠢ ᠪᠠᠶᠢᠳᠠᠯ ᠢ ᠭᠦᠢᠴᠡᠳ ᠪᠣᠳᠣᠯᠬᠢᠯᠠᠵᠤ᠂ ᠰᠠᠭᠠᠳ ᠦᠭᠡᠢ ᠳᠥᠭᠦᠮ ᠳᠥᠲᠡ ᠵᠠᠮ ᠭᠠᠷᠭᠠᠵᠤ᠂ ᠣᠨᠴᠠᠭᠠᠢ ᠬᠥᠮᠦᠰ ᠤᠨ ᠲᠠᠬᠢᠯᠭ᠎ᠠ ᠶᠢᠨ ᠬᠡᠷᠡᠭᠴᠡᠭᠡ ᠶᠢ ᠪᠠᠲᠤᠯᠠᠬᠤ ᠬᠡᠷᠡᠭᠲᠡᠢ᠃    ᠭᠤᠷᠪᠠ᠂ ᠪᠢᠴᠢᠭ ᠮᠠᠲ᠋ᠧᠷᠢᠶᠠᠯ ᠢ ᠬᠡᠷᠡᠭᠵᠢᠭᠦᠯᠬᠦ ᠬᠡᠪᠴᠢᠶ᠎ᠡ ᠪᠠ ᠴᠠᠭ    ᠲᠣᠰ ᠲᠥᠰᠦᠯ ᠢ ᠬᠡᠷᠡᠭᠵᠢᠭᠦᠯᠬᠦ ᠬᠡᠪᠴᠢᠶ᠎ᠡ ᠨᠢ ᠵᠢᠦ ᠶᠤᠸᠠᠨ ᠲᠣᠭᠤᠷᠢᠭ ᠪᠠᠶᠢᠵᠤ᠂ ᠬᠡᠷᠡᠭᠵᠢᠭᠦᠯᠬᠦ ᠴᠠᠭ ᠨᠢ 2024 ᠣᠨ ᠤ 8 ᠳ᠋ᠤᠭᠠᠷ ᠰᠠᠷ᠎ᠠ ᠶᠢᠨ 18 ᠤ ᠡᠳᠦᠷ    ᠳᠥᠷᠪᠡ᠂ ᠬᠡᠷᠡᠭᠵᠢᠭᠦᠯᠬᠦ ᠠᠯᠬᠤᠮ ᠳᠠᠷᠠᠭ᠎ᠠ    1. 2024 ᠣᠨ ᠤ 8 ᠳ᠋ᠤᠭᠠᠷ ᠰᠠᠷ᠎ᠠ ᠶᠢᠨ 17 ᠤ ᠡᠳᠦᠷ ᠠᠴᠠ 19 ᠤ ᠡᠳᠦᠷ ᠪᠣᠯᠲᠠᠯ᠎ᠠ ᠨᠡᠶᠢᠲᠡ ᠶᠢᠨ ᠣᠩᠭᠤᠨ ᠵᠢᠴᠢ ᠲᠥᠪᠯᠡᠷᠡᠭᠦᠯᠦᠨ ᠣᠷᠣᠰᠢᠭᠤᠯᠭ᠎ᠠ ᠶᠢᠨ ᠭᠠᠵᠠᠷ ᠤᠨ ᠲᠠᠬᠢᠯᠭ᠎ᠠ ᠶᠢᠨ ᠠᠵᠢᠯᠯᠠᠭ᠎ᠠ ᠶᠢ ᠬᠠᠮᠢᠶᠠᠷᠴᠤ ᠰᠡᠷᠭᠡᠶᠢᠯᠡᠨ ᠡᠵᠡᠮᠳᠡᠨ᠎ᠡ᠃    2. ᠨᠡᠶᠢᠲᠡ ᠶᠢᠨ ᠣᠩᠭᠤᠨ ᠳᠤ 120 ᠲᠦᠷᠭᠡᠨ ᠠᠪᠤᠷᠠᠯᠲᠠ ᠶᠢᠨ ᠲᠡᠷᠭᠡ ᠪᠠ ᠡᠮᠴᠢᠯᠡᠭᠡᠨ ᠤ ᠠᠵᠢᠯᠲᠠᠨ ᠲᠣᠮᠢᠯᠠᠨ ᠰᠠᠭᠤᠯᠭᠠᠵᠤ᠂ ᠭᠠᠯ ᠤᠨᠲᠠᠷᠠᠭᠠᠬᠤ ᠲᠡᠷᠭᠡ ᠶᠢ ᠲᠤᠬᠠᠶ ᠶᠢᠨ ᠲᠠᠯᠠᠪᠠᠶ ᠳᠤ ᠪᠡᠯᠡᠳᠬᠡᠨ᠂ ᠳᠣᠲᠣᠭᠠᠳᠤ ᠶᠢ ᠬᠠᠮᠠᠭᠠᠯᠠᠬᠤ᠂ ᠬᠠᠤᠯᠢ ᠬᠡᠷᠡᠭᠵᠢᠭᠦᠯᠬᠦ ᠲᠣᠪᠴᠢᠶ᠎ᠠ ᠲᠤᠬᠠᠶ ᠶᠢᠨ ᠲᠠᠯᠠᠪᠤᠷ ᠤᠨ ᠡᠮᠬᠢ ᠳᠢᠭᠯᠢᠮ ᠢ ᠬᠠᠮᠠᠭᠠᠯᠠᠨ᠎ᠠ᠃    ᠲᠠᠪᠤ᠂ ᠬᠡᠰᠡᠭ ᠵᠠᠩᠭᠢᠯᠠᠭ᠎ᠠ ᠶᠢᠨ ᠦᠭᠡ ᠶᠢᠨ ᠲᠠᠶᠢᠯᠪᠤᠷᠢ    1. ︽ ᠲᠥᠪᠯᠡᠷᠡᠭᠦᠯᠦᠨ ᠣᠷᠣᠰᠢᠭᠤᠯᠭ᠎ᠠ ᠶᠢᠨ ᠭᠠᠵᠠᠷ︾ ᠭᠡᠳᠡᠭ ᠨᠢ ᠵᠣᠬᠢᠬᠤ ᠬᠡᠪᠴᠢᠶᠡᠨ ᠳᠣᠲᠣᠷ᠎ᠠ ᠤᠤᠯ ᠤᠨ ᠲᠠᠷᠠᠬᠠᠶ ᠪᠤᠲᠠᠷᠬᠠᠶ ᠪᠤᠯᠠᠰᠢᠨ ᠤ ᠭᠠᠵᠠᠷ ᠢ ᠡᠮᠬᠢᠯᠡᠵᠦ᠂ ᠲᠥᠪᠯᠡᠷᠡᠭᠦᠯᠦᠨ ᠪᠤᠯᠠᠰᠢᠯᠠᠬᠤ ᠭᠠᠵᠠᠷ ᠢ ᠪᠠᠶᠢᠭᠤᠯᠵᠤ᠂ ᠨᠢᠭᠡᠳᠦᠯᠲᠡᠶ ᠬᠠᠮᠢᠶᠠᠷᠬᠤ ᠪᠠ ᠬᠠᠮᠠᠭᠠᠯᠠᠬᠤ ᠳᠤ ᠬᠡᠷᠡᠭᠯᠡᠬᠦ ᠶᠢ ᠵᠢᠭᠠᠵᠤ ᠪᠤᠶ᠃ ᠡᠶᠢᠮᠦᠷᠬᠦ ᠠᠷᠭ᠎ᠠ ᠨᠢ ᠬᠠᠮᠢᠶᠠᠷᠤᠯᠲᠠ ᠳᠤ ᠳᠥᠭᠦᠮ ᠦᠵᠡᠭᠦᠯᠵᠦ᠂ ᠥᠪᠡᠷ ᠤᠨ ᠥᠷᠲᠡᠭ ᠢ ᠪᠠᠭᠤᠷᠠᠭᠤᠯᠤᠨ᠂ ᠭᠠᠵᠠᠷ ᠰᠢᠷᠣᠶ ᠶᠢᠨ ᠡᠬᠢ ᠪᠠᠶᠠᠯᠢᠭ ᠢ ᠪᠦᠷᠢᠯᠭᠡᠬᠦ ᠠᠴᠠ ᠵᠠᠶᠢᠯᠠᠰᠬᠢᠬᠦ ᠶᠢᠨ ᠬᠠᠮᠲᠤ ᠲᠡᠦᠬᠡ ᠰᠣᠶᠣᠯ ᠤᠨ ᠥᠪ ᠬᠥᠷᠥᠩᠭᠡ ᠪᠠ ᠵᠠᠩ ᠳᠠᠳᠬᠠᠯ ᠤᠨ ᠤᠯᠠᠮᠵᠢᠯᠠᠯ ᠢ ᠬᠦᠨᠳᠦᠳᠬᠡᠬᠦ ᠶᠢᠨ ᠲᠥᠯᠥᠭᠡ ᠶᠤᠮ᠃    2. ︽ᠳᠠᠬᠢᠯᠭ᠎ᠠ ᠶᠢᠨ ᠠᠵᠢᠯᠯᠠᠭ᠎ᠠ︾ ᠭᠡᠳᠡᠭ ᠨᠢ ᠣᠩᠭᠤᠨ ᠤ ᠡᠮᠦᠨ᠎ᠡ ᠬᠦᠷᠴᠦ ᠰᠦᠨᠡᠰᠦ ᠶᠢ ᠨᠢ ᠲᠠᠬᠢᠬᠤ ᠶᠢᠨ ᠬᠠᠮᠲᠤ ᠣᠩᠭᠤᠨ ᠱᠦᠭᠦᠷᠳᠡᠬᠦ ᠶᠢ ᠵᠢᠭᠠᠨ᠎ᠠ᠃ ᠲᠠᠬᠢᠯᠭ᠎ᠠ ᠪᠣᠯ ᠨᠢᠭᠡ ᠵᠦᠢᠯ ᠤᠨ ᠤᠯᠠᠮᠵᠢᠯᠠᠯᠲᠤ ᠰᠣᠶᠣᠯ ᠤᠨ ᠠᠵᠢᠯᠯᠠᠭ᠎ᠠ ᠮᠥᠨ᠂ ᠲᠡᠷᠡ ᠨᠢ ᠡᠪᠦᠭᠡ ᠳᠡᠭᠡᠳᠦᠰ ᠢᠶᠠᠨ ᠳᠤᠷᠠᠰᠤᠨ ᠰᠠᠨᠠᠭᠠᠯᠵᠠᠵᠤ᠂ ᠬᠠᠭᠤᠴᠢᠨ ᠬᠥᠮᠦᠰ ᠢᠶᠠᠨ ᠳᠤᠷᠠᠰᠤᠨ ᠰᠠᠨᠠᠭᠠᠯᠵᠠᠬᠤ ᠶᠢᠨ ᠲᠥᠯᠥᠭᠡ ᠶᠤᠮ᠃ ᠡᠨᠡ ᠬᠦ ᠠᠵᠢᠯᠯᠠᠭ᠎ᠠ ᠨᠢ ᠶᠡᠷᠦ ᠳᠡᠭᠡᠨ ᠲᠣᠭᠲᠠᠭᠰᠠᠨ ᠴᠠᠭ ᠪᠠ ᠭᠠᠵᠠᠷ ᠲᠤ ᠬᠢᠵᠦ᠂ ᠳᠡᠭᠡᠳᠦᠰ ᠤᠨ ᠣᠷᠣᠰᠢᠭᠤᠯᠭ᠎ᠠ ᠶᠢᠨ ᠭᠠᠵᠠᠷ ᠲᠤ ᠬᠢᠭᠰᠡᠨ ᠣᠩᠭᠤᠨ ᠳᠡᠭᠡᠷᠡᠬᠢ ᠶᠣᠰᠣᠯᠠᠯ ᠵᠢᠴᠢ ᠪᠤᠰᠤᠳ ᠵᠠᠷᠢᠮ ᠭᠠᠵᠠᠷ ᠤᠨ ᠣᠩᠭᠤᠨ ᠱᠦᠭᠦᠷᠳᠡᠬᠦ᠂ ᠠᠭᠤᠯᠠ ᠶᠢ ᠱᠦᠭᠦᠷᠳᠡᠬᠦ᠂ ᠠᠭᠤᠯᠠ ᠶᠢ ᠰᠢᠬᠠᠴᠠᠯᠳᠤᠬᠤ᠂ ᠴᠠᠭᠠᠰᠤ ᠵᠡᠭᠦᠬᠦ ᠵᠡᠷᠭᠡ ᠪᠠᠭᠲᠠᠨ᠎ᠠ᠃    ᠬᠠᠷᠢᠯᠴᠠᠬᠤ ᠬᠥᠮᠦᠨ᠄ ᠰᠢᠤᠸᠠᠢ ᠯᠸᠢ    ᠤᠲᠠᠰᠤ᠄ 0472 – 5889370          ᠪᠤᠭᠤᠲᠤ ᠬᠤᠲᠠ ᠶᠢᠨ ᠵᠢᠦ ᠶᠤᠸᠠᠨ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ          2024 ᠣᠨ ᠤ 8 ᠳ᠋ᠤᠭᠠᠷ ᠰᠠᠷ᠎ᠠ ᠶᠢᠨ 20 ᠤ ᠡᠳᠦᠷ  
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号