ᠤᠷᠲᠤ ᠬᠤᠭᠤᠴᠠᠭ᠎ᠠ ᠪᠠᠷ ᠡᠮᠴᠢᠯᠡᠭᠡᠨ ᠤ ᠨᠢᠭᠡᠳᠦᠭᠡᠷ ᠹᠷᠣᠨᠲ ᠲᠤ ᠠᠵᠢᠯᠯᠠᠵᠤ ᠪᠠᠶᠢᠭ᠎ᠠ ᠥᠷᠭᠡᠨ ᠣᠯᠠᠨ | ᠡᠮᠨᠡᠯᠭᠡ ᠶᠢᠨ ᠠᠵᠢᠯᠲᠠᠳ ᠢ ᠬᠥᠬᠢᠭᠦᠯᠦᠨ ᠰᠠᠶᠢᠰᠢᠶᠠᠬᠤ ᠶᠢᠨ ᠲᠥᠯᠥᠭᠡ᠂ ᠣᠶᠢᠷ᠎ᠠ ᠳᠤ᠂ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠡᠮᠴᠢ ᠶᠢᠨ ᠨᠡᠶᠢᠭᠡᠮᠯᠢᠭ ᠳᠣᠯᠣᠳᠤᠭᠠᠷ ᠬᠤᠭᠤᠴᠠᠭᠠᠨ ᠤ ︽ᠥᠪᠥᠷ ᠮᠣᠩᠭᠤᠯ ᠤᠨ | ᠰᠢᠯᠢᠳᠡᠭ ᠡᠮᠴᠢ ᠶᠢᠨ ᠱᠠᠩᠨᠠᠯ︾ ︽ᠣᠷᠣᠨ ᠪᠦᠰᠡ ᠶᠢᠨ ᠨᠠᠷᠠᠲᠤ ᠡᠮᠴᠢ︾ ᠶᠢᠨ ᠱᠠᠩᠨᠠᠯ ᠬᠦᠷᠲᠡᠭᠰᠡᠳ ᠤᠨ | ᠨᠡᠷᠡᠰ ᠢ ᠨᠡᠶᠢᠲᠡᠯᠡᠵᠦ᠂ ᠵᠢᠦ ᠶᠤᠸᠠᠨ ᠲᠣᠭᠤᠷᠢᠭ ᠤᠨ ᠬᠢᠲᠠᠳ ᠧᠦ᠋ᠷᠣᠫᠠ ᠡᠮᠨᠡᠯᠭᠡ ᠶᠢ ᠤᠶᠠᠯᠳᠤᠭᠤᠯᠤᠭᠰᠠᠨ | ᠡᠮᠨᠡᠯᠭᠡ ᠶᠢᠨ ᠬᠤᠷᠢᠶ᠎ᠠ ᠶᠢᠨ ᠲᠦᠷᠭᠡᠨ ᠡᠮᠨᠡᠯᠭᠡ ᠶᠢᠨ ᠠᠨᠠᠭᠠᠬᠤ ᠤᠬᠠᠭᠠᠨ ᠤ ᠰᠠᠯᠠᠭᠠᠨ ᠤ ᠡᠷᠬᠢᠯᠡᠭᠴᠢ᠂ ᠮᠡᠳᠡᠷᠡᠯ ᠤᠨ | ᠳᠣᠲᠣᠷ ᠰᠠᠯᠠᠭᠠᠨ ᠤ ᠳᠡᠳ᠋ ᠡᠷᠬᠢᠯᠡᠭᠴᠢ ᠳ᠋ᠦ᠋ ᠳ᠋ᠧ ᠢ ᠳᠣᠯᠣᠳᠤᠭᠠᠷ ᠬᠤᠭᠤᠴᠠᠭᠠᠨ ᠤ ︽ᠥᠪᠥᠷ ᠮᠣᠩᠭᠤᠯ ᠤᠨ | ᠰᠢᠯᠢᠳᠡᠭ ᠡᠮᠴᠢ ᠶᠢᠨ ᠱᠠᠩᠨᠠᠯ︾ ᠤᠨ ᠢᠷᠠᠭᠤ ᠠᠯᠳᠠᠷ ᠤᠨ ᠴᠣᠯᠠ ᠶᠢ ᠭᠥᠷᠳᠡᠪᠡ᠃ | | | | | ᠤᠯᠠᠨ ᠵᠢᠯ ᠤᠨ ᠲᠤᠷᠰᠢ᠂ ᠲᠤᠰᠬᠠᠢ ᠮᠡᠷᠭᠡᠵᠢᠯ ᠤᠨ ᠵᠠᠮ ᠳᠡᠭᠡᠷ᠎ᠡ ᠲᠡᠳᠡ ᠡᠷᠡᠮᠡᠬᠡᠶᠢᠯᠡᠨ ᠤᠷᠤᠭᠰᠢᠯᠠᠵᠤ᠂ | ᠠᠵᠢᠯ ᠨᠢᠭᠡᠲᠡᠨ ᠤ ᠵᠥᠪᠰᠢᠶᠡᠷᠡᠯ ᠢ ᠲᠠᠰᠤᠷᠠᠯᠲᠠ ᠦᠭᠡᠢ ᠣᠯᠵᠤ᠂ ᠨᠠᠷᠢᠨ ᠨᠢᠮᠪᠠᠢ ᠡᠮᠴᠢᠯᠡᠭᠡᠨ ᠤ ᠮᠡᠷᠭᠡᠵᠢᠯ ᠪᠠ | ᠡᠷᠬᠢᠮ ᠳᠡᠭᠡᠳᠦ ᠡᠮᠴᠢ ᠶᠢᠨ ᠮᠣᠷᠠᠯ ᠢᠶᠠᠷ ᠢᠶᠠᠨ ᠡᠪᠡᠳᠴᠢᠲᠡᠨ ᠪᠠ ᠭᠡᠷ ᠪᠦᠯᠢ ᠶᠢᠨ ᠬᠢᠨ ᠤ ᠬᠠᠮᠲᠤ ᠶᠢᠨ ᠵᠥᠪᠰᠢᠶᠡᠷᠡᠯ | ᠪᠠ ᠰᠠᠶᠢᠨ ᠦᠨᠡᠯᠡᠯᠲᠡ ᠶᠢ ᠣᠯᠵᠠᠢ᠃ | ᠢᠷᠡᠭᠡᠳᠦᠢ ᠳᠤ ᠲᠡᠳᠡ ᠦᠷᠭᠦᠯᠵᠢᠯᠡᠨ ᠦᠭᠡ ᠳᠠᠭᠤᠨ ᠦᠭᠡᠢ ᠪᠠᠷ ᠡᠮᠴᠢᠯᠡᠭᠡᠨ ᠤ ᠬᠦᠷᠢᠶᠡᠨ ᠳᠤ | ᠭᠦᠨᠵᠡᠭᠡᠶᠢᠷᠡᠵᠦ᠂ ᠠᠮᠢ ᠨᠠᠰᠤ ᠶᠢ ᠪᠢᠰᠢᠷᠡᠨ ᠵᠢᠷᠦᠬᠡᠰᠢᠶᠡᠬᠦ ᠪᠠ ᠡᠷᠡᠭᠦᠯ ᠮᠡᠨᠳᠦ ᠶᠢ ᠬᠥᠭᠡᠭᠡᠴᠡᠯᠳᠦᠬᠦ ᠶᠢ ᠡᠪᠦᠷᠯᠡᠵᠦ᠂ | ᠬᠠᠶᠢᠷ᠎ᠠ ᠬᠠᠯᠠᠮᠵᠢ ᠪᠠ ᠬᠠᠷᠢᠭᠤᠴᠠᠯᠭ᠎ᠠ ᠪᠠᠷ ᠰᠠᠭᠤᠷᠢ ᠪᠣᠯᠭᠠᠵᠤ᠂ ᠡᠪᠡᠳᠴᠢᠲᠡᠨ ᠨᠢᠭᠡᠪᠦᠷᠢ ᠶᠢᠨ ᠠᠮᠢ ᠨᠠᠰᠤ ᠡᠷᠡᠭᠦᠯ | ᠮᠡᠨᠳᠦ ᠳᠤ ᠪᠦᠬᠦ ᠬᠦᠴᠦᠨ ᠢᠶᠠᠷ ᠢᠶᠠᠨ ᠴᠢᠷᠮᠠᠶᠢᠨ᠎ᠠ᠃ |