ᠲᠠᠷᠢᠶᠠᠨ ᠭᠠᠵᠠᠷ ᠤᠨ ᠭᠠᠵᠠᠷ ᠤᠨ ᠬᠦᠴᠦᠨ ᠤ ᠬᠠᠮᠠᠭᠠᠯᠠᠯᠲᠠ ᠶᠢᠨ ᠨᠥᠬᠦᠪᠥᠷᠢ ᠪᠣᠯ ᠤᠯᠤᠰ ᠤᠨ | ᠲᠠᠷᠢᠶᠠᠴᠢᠳ ᠲᠤ ᠠᠰᠢᠭ ᠬᠦᠷᠲᠡᠭᠡᠬᠦ ᠲᠤᠰᠬᠠᠶ ᠨᠥᠬᠦᠪᠥᠷᠢ ᠮᠥᠨ᠂ ᠣᠲᠣ ᠪᠣᠯᠲᠠᠯ᠎ᠠ᠂ ᠬᠤᠲᠠ ᠶᠢᠨ ᠱᠠᠲᠤᠨ ᠤ | ᠡᠳ᠋ ᠤᠨ ᠵᠠᠰᠠᠭ ᠤᠨ ᠲᠠᠰ ᠳᠡᠪᠰᠢᠭᠦᠯᠦᠨ ᠲᠠᠷᠬᠠᠭᠠᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ᠮᠠᠨ ᠤ ᠪᠠᠯᠭᠠᠰᠤᠨ ᠤ | 2024 ᠣᠨ ᠳᠤ ᠲᠠᠷᠢᠶᠠᠨ ᠭᠠᠵᠠᠷ ᠤᠨ ᠬᠦᠴᠦᠨ ᠤ ᠬᠠᠮᠠᠭᠠᠯᠠᠯᠲᠠ ᠶᠢᠨ ᠨᠥᠬᠦᠪᠥᠷᠢ ᠶᠢᠨ ᠪᠠᠯᠠ ᠮᠥᠩᠭᠦ ᠶᠢ | ᠨᠢᠭᠡᠨᠲᠡ ᠪᠦᠬᠦᠨ ᠢ ᠪᠣᠳᠠᠲᠠᠶᠢᠵᠢᠭᠤᠯᠪᠠ᠃ | ᠲᠣᠰ ᠤᠳᠠᠭᠠᠨ ᠤ ᠲᠠᠷᠬᠠᠭᠠᠬᠤ ᠠᠵᠢᠯ ᠳᠤ ᠨᠡᠶᠢᠲᠡ 39791.89 ᠮᠥ ᠲᠠᠷᠢᠶᠠᠨ ᠭᠠᠵᠠᠷ ᠲᠤ ᠬᠤᠯᠪᠣᠭᠳᠠᠵᠤ | ᠂ 6164 ᠲᠠᠷᠢᠶᠠᠴᠢᠨ ᠡᠷᠦᠬᠡ ᠳᠤ ᠠᠰᠢᠭ ᠬᠦᠷᠲᠡᠭᠡᠵᠦ᠂ ᠪᠠᠭᠤᠯᠭᠠᠭᠰᠠᠨ ᠵᠣᠭᠤᠰ ᠤᠨ ᠲᠤᠭ᠎ᠠ ᠨᠢ 438.98 | ᠲᠦᠮᠡᠨ ᠲᠥᠭᠦᠷᠢᠭ ᠲᠤ ᠬᠦᠷᠴᠡᠶ᠃ ᠲᠣᠰ ᠵᠦᠢᠯ ᠤᠨ ᠨᠥᠬᠦᠪᠥᠷᠢ ᠮᠥᠩᠭᠦ ᠶᠢ ᠲᠠᠰ ᠳᠡᠪᠰᠢᠭᠦᠯᠦᠨ ᠲᠠᠷᠬᠠᠭᠠᠬᠤ ᠶᠢ | ᠤᠷᠤᠭᠰᠢᠲᠠᠶ ᠪᠡᠶᠡᠯᠡᠭᠦᠯᠦᠭᠰᠡᠨ ᠨᠢ ᠲᠠᠷᠢᠶᠠᠴᠢᠳ ᠤᠨ ᠲᠠᠷᠢᠶᠠᠨ ᠭᠠᠵᠠᠷ ᠢ ᠬᠠᠮᠠᠭᠠᠯᠠᠬᠤ᠂ ᠭᠠᠵᠠᠷ ᠤᠨ ᠬᠦᠴᠦᠨ ᠢ | ᠳᠡᠭᠡᠭᠰᠢᠯᠡᠭᠦᠯᠬᠦ ᠢᠳᠡᠪᠬᠢᠵᠢᠯ ᠢ ᠲᠦᠢᠯ ᠤᠨ ᠶᠡᠭᠡ ᠪᠠᠷ ᠳᠠᠶᠢᠴᠢᠯᠠᠵᠤ᠂ ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢ | ᠲᠡᠷᠡ ᠶᠣᠰᠣᠭᠠᠷ ᠨᠢ ᠰᠠᠶᠢᠲᠤᠷ ᠨᠠᠶᠢᠳᠠᠪᠤᠷᠢᠵᠢᠭᠤᠯᠵᠤ᠂ ᠲᠠᠷᠢᠶᠠᠨ ᠭᠠᠵᠠᠷ ᠢ ᠪᠦᠲᠦᠮᠵᠢᠲᠡᠶ ᠬᠠᠮᠠᠭᠠᠯᠠᠵᠤ᠂ ︽ᠠᠮᠤ | ᠪᠤᠳᠠᠭ᠎ᠠ ᠶᠢ ᠭᠠᠵᠠᠷ ᠰᠢᠷᠣᠶ ᠳᠤ ᠬᠠᠳᠠᠭᠠᠯᠠᠬᠤ︾ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠦᠨᠡᠨ ᠬᠦ | ᠠᠬᠢᠭᠤᠯᠵᠤ᠂ ᠭᠠᠵᠠᠷ ᠰᠢᠷᠣᠶ ᠶᠢᠨ ᠡᠬᠢ ᠪᠠᠶᠠᠯᠢᠭ ᠢ ᠪᠦᠷᠢᠯᠭᠡᠬᠦ ᠠᠴᠠ ᠵᠠᠶᠢᠯᠠᠰᠬᠢᠵᠦ᠂ ᠲᠠᠷᠢᠶᠠᠯᠠᠩ ᠤᠨ ᠠᠮᠢ | ᠠᠬᠤᠶ ᠶᠢᠨ ᠡᠬᠢ ᠪᠠᠶᠠᠯᠢᠭ ᠤᠨ ᠬᠠᠮᠠᠭᠠᠯᠠᠯᠲᠠ ᠶᠢ ᠴᠢᠩᠭᠠᠳᠬᠠᠵᠤ᠂ ᠠᠮᠤ ᠪᠤᠳᠠᠭᠠᠨ ᠤ ᠠᠮᠤᠷ ᠲᠦᠪᠰᠢᠨ ᠤ | ᠰᠠᠭᠤᠷᠢ ᠶᠢ ᠪᠠᠬᠢᠵᠢᠭᠦᠯᠬᠦ ᠳᠤ ᠬᠦᠴᠦᠲᠡᠶ ᠳᠡᠮᠵᠢᠯᠭᠡ ᠬᠠᠩᠭᠠᠭᠰᠠᠨ ᠪᠠᠶᠢᠨ᠎ᠠ᠃ | | | | | ᠲᠠᠷᠠᠭᠠᠴᠢ ᠶᠢᠨ ᠠᠯᠬᠤᠮ ᠳᠤ᠂ ᠮᠠᠨ ᠤ ᠪᠠᠯᠭᠠᠰᠤ ᠲᠠᠷᠢᠶᠠᠴᠢᠳ ᠲᠤ ᠠᠰᠢᠭ ᠬᠦᠷᠲᠡᠭᠡᠬᠦ ᠡᠳ᠋ ᠤᠨ ᠵᠠᠰᠠᠭ ᠤᠨ | ᠨᠥᠬᠦᠪᠥᠷᠢ ᠶᠢᠨ ᠪᠠᠯᠠ ᠮᠥᠩᠭᠦ ᠶᠢ ᠲᠠᠷᠬᠠᠭᠠᠬᠤ ᠡᠯ᠎ᠡ ᠵᠦᠢᠯ ᠤᠨ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠡᠯ᠎ᠡ | ᠵᠦᠢᠯ ᠤᠨ ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢ ᠲᠣᠳᠣᠷᠬᠠᠶ ᠪᠣᠯᠭᠠᠵᠤ᠂ ᠨᠠᠶᠢᠳᠠᠪᠤᠷᠢᠵᠢᠭᠤᠯᠤᠨ ᠦᠷ᠎ᠡ | ᠪᠦᠲᠦᠮᠵᠢ ᠭᠠᠷᠭᠠᠬᠤ ᠶᠢ ᠦᠨᠡᠨ ᠬᠦ ᠪᠠᠲᠤᠯᠠᠵᠤ᠂ ᠨᠥᠬᠦᠪᠥᠷᠢ ᠤᠯᠬᠤ ᠡᠲᠡᠭᠡᠳ ᠤᠨ ᠵᠣᠯ ᠵᠢᠷᠭᠠᠯᠲᠤ ᠲᠥᠷᠥᠭᠳᠡᠯ | ᠪᠠ ᠬᠦᠷᠲᠡᠮᠵᠢ ᠶᠢᠨ ᠲᠥᠷᠥᠭᠳᠡᠯ ᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃ |