ᠵᠢᠦ ᠶᠤᠸᠠᠨ ᠲᠣᠭᠤᠷᠢᠭ ᠤᠨ ᠳᠣᠯᠣᠳᠤᠭᠠᠷ ᠰᠠᠷ᠎ᠠ ᠶᠢᠨ ᠠᠮᠢᠳᠤᠷᠠᠯ ᠤᠨ ᠬᠡᠷᠡᠭᠰᠡᠯ ᠤᠨ ᠵᠠᠬ᠎ᠠ ᠳᠡᠯᠭᠡᠭᠦᠷ ᠤᠨ ᠠᠵᠢᠯᠯᠠᠭᠠᠨ ᠤ ᠬᠥᠳᠡᠯᠦᠩᠭᠦᠢ ᠵᠠᠳᠠᠯᠤᠯᠲᠠ
ᠨᠡᠶᠢᠲᠡᠯᠡᠭᠰᠡᠨ ᠴᠠᠭ᠄
2024/8/7
    ᠬᠢᠨᠠᠨ ᠬᠡᠮᠵᠢᠭᠰᠡᠨ ᠪᠠᠶᠢᠳᠠᠯ ᠢᠶᠠᠨ ᠦᠨᠳᠦᠰᠦᠯᠡᠨ᠂ 7 ᠳ᠋ᠤᠭᠠᠷ ᠰᠠᠷ᠎ᠠ ᠳᠤ ᠮᠠᠨ ᠤ ᠲᠣᠭᠤᠷᠢᠭ ᠤᠨ ᠠᠮᠢᠳᠤᠷᠠᠯ ᠤᠨ ᠴᠢᠬᠤᠯᠠ ᠬᠡᠷᠡᠭᠴᠡᠭᠡᠨ ᠤ ᠵᠦᠢᠯ ᠤᠨ ᠵᠠᠬ᠎ᠠ ᠳᠡᠯᠭᠡᠭᠦᠷ ᠤᠨ ᠬᠠᠩᠭᠠᠯᠭ᠎ᠠ ᠭᠦᠢᠴᠡᠳ᠂ ᠦᠨ᠎ᠡ ᠬᠠᠩᠰᠢ ᠲᠣᠭᠲᠠᠭᠤᠨ ᠪᠠᠶᠢᠨ᠎ᠠ᠃ ᠭᠤᠣᠯᠳᠠᠯᠭ᠎ᠠ ᠲᠠᠢ ᠬᠢᠨᠠᠨ ᠬᠡᠮᠵᠢᠭᠰᠡᠨ 35 ᠵᠦᠢᠯ ᠤᠨ ᠲᠠᠸᠠᠷ ᠤᠨ ᠳᠣᠲᠣᠷ᠎ᠠ᠂ 12 ᠵᠦᠢᠯ ᠤᠨ ᠲᠠᠸᠠᠷ ᠤᠨ ᠦᠨ᠎ᠡ ᠥᠰᠴᠦ᠂ 34.29% ᠶᠢ ᠡᠵᠡᠯᠡᠵᠦ᠂ 10 ᠵᠦᠢᠯ ᠤᠨ ᠲᠠᠸᠠᠷ ᠤᠨ ᠦᠨ᠎ᠡ ᠪᠠᠭᠤᠷᠠᠵᠤ᠂ 28.57% ᠶᠢ ᠡᠵᠡᠯᠡᠵᠦ᠂ 13 ᠵᠦᠢᠯ ᠤᠨ ᠲᠠᠸᠠᠷ ᠤᠨ ᠦᠨ᠎ᠡ ᠲᠣᠭᠲᠠᠭᠤᠨ ᠪᠠᠶᠢᠵᠤ᠂ 37.14% ᠶᠢ ᠡᠵᠡᠯᠡᠵᠦ ᠪᠠᠶᠢᠨ᠎ᠠ᠃ ᠪᠣᠳᠠᠲᠠᠶ ᠪᠠᠶᠢᠳᠠᠯ ᠤᠨ ᠵᠠᠳᠠᠯᠤᠯᠲᠠ ᠨᠢ ᠳᠣᠤᠷᠠᠬᠢ ᠮᠡᠲᠦ᠄    ᠮᠢᠬᠠᠨ ᠤ ᠦᠨ᠎ᠡ ᠳᠡᠭᠡᠷ᠎ᠡ ᠰᠠᠷ᠎ᠠ ᠶᠢᠨ ᠬᠢ ᠠᠴᠠ ᠪᠠᠭᠤᠷᠠᠪᠠ᠃ ᠮᠢᠬᠠᠨ ᠤ ᠲᠥᠷᠥᠯ ᠤᠨ ᠳᠤᠮᠳᠠᠴᠢ ᠦᠨ᠎ᠡ ᠬᠠᠩᠰᠢ ᠺᠢᠯᠣᠭ᠍ᠷᠠᠮ ᠪᠦᠷᠢ ᠳᠡᠭᠡᠨ 44 . 33 ᠲᠥᠭᠦᠷᠢᠭ ᠪᠣᠯᠵᠣ᠂  ᠲᠡᠭᠡᠷ᠎ᠡ ᠬᠤᠭᠤᠴᠠᠭ᠎ᠠ ᠪᠠᠷ 1 . 31 % ᠪᠠᠷ ᠪᠠᠭᠤᠷᠠᠪᠠ᠃ ᠵᠢᠦ ᠵᠢᠶᠦ᠋ᠨ ᠤ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠵᠡᠷᠭᠡ ᠥᠯᠢᠭᠡᠷ ᠡᠳ᠋ ᠤᠨ ᠠᠵᠤ ᠠᠬᠤᠶᠢᠯᠠᠯ ᠤᠨ ᠬᠢᠨᠠᠨ ᠬᠡᠮᠵᠢᠯᠲᠡ ᠶᠢ ᠦᠨᠳᠦᠰᠦᠯᠡᠪᠡᠯ᠂ ᠮᠠᠨ ᠤ ᠲᠣᠭᠤᠷᠢᠭ ᠤᠨ ᠮᠢᠬᠠᠨ ᠤ ᠲᠥᠷᠥᠯ ᠤᠨ ᠲᠠᠸᠠᠷ ᠤᠨ ᠬᠥᠮᠥᠷᠭᠡᠯᠡᠯᠲᠡ ᠭᠦᠢᠴᠡᠳ ᠪᠠᠶᠢᠵᠤ᠂ ᠬᠠᠩᠭᠠᠯᠭ᠎ᠠ ᠶᠡᠷᠦᠩᠬᠡᠶ ᠳᠡᠭᠡᠨ ᠲᠣᠭᠲᠠᠭᠤᠨ ᠪᠠᠶᠢᠨ᠎ᠠ᠃ ᠡᠭᠦᠨ ᠳᠤ᠂ ᠭᠠᠭ᠋ᠠᠶ ᠶᠢᠨ ᠮᠢᠬᠠᠨ ᠤ ᠦᠨ᠎ᠡ ᠪᠠᠭ᠎ᠠ ᠬᠡᠮᠵᠢᠶ᠎ᠡ ᠪᠠᠷ ᠪᠠᠭᠤᠷᠠᠵᠤ᠂ ᠦᠬᠡᠷ ᠬᠤᠨᠢᠨ ᠮᠢᠬᠠᠨ ᠤ ᠵᠠᠬ᠎ᠠ ᠳᠡᠯᠭᠡᠭᠦᠷ ᠤᠨ ᠬᠠᠩᠭᠠᠯᠭ᠎ᠠ ᠭᠦᠢᠴᠡᠳ ᠪᠠᠶᠢᠬᠤ ᠶᠢᠨ ᠳᠡᠭᠡᠷ᠎ᠡ ᠭᠤᠷᠪᠠᠳᠤᠭᠠᠷ ᠤᠯᠠᠷᠢᠯ ᠪᠣᠯ ᠮᠢᠬᠠᠨ ᠤ ᠲᠥᠷᠥᠯ ᠤᠨ ᠬᠡᠷᠡᠭᠯᠡᠭᠡᠨ ᠤ ᠤᠯᠠᠮᠵᠢᠯᠠᠯᠲᠤ ᠮᠠᠭᠤ ᠤᠯᠠᠷᠢᠯ ᠪᠣᠯᠬᠤ ᠪᠥᠭᠡᠳ ᠦᠬᠡᠷ ᠬᠤᠨᠢᠨ ᠮᠢᠬᠠᠨ ᠤ ᠦᠨ᠎ᠡ ᠬᠡᠯᠪᠡᠯᠵᠡᠨ ᠪᠠᠭᠤᠷᠠᠵᠤ ᠪᠠᠶᠢᠨ᠎ᠠ᠃ ᠵᠢᠱᠢᠯᠲᠡ ᠪᠠᠷ ᠰᠡᠭᠦᠯᠴᠢ ᠶᠢᠨ ᠬᠤᠭᠤᠴᠠᠭᠠᠨ ᠤ ᠦᠨ᠎ᠡ ᠬᠠᠩᠰᠢ ᠨᠢ ᠵᠦᠶ ᠵᠣᠬᠢᠰᠲᠠᠶ ᠬᠡᠪᠴᠢᠶᠡᠨ ᠳᠤ ᠪᠠᠭ᠎ᠠ ᠬᠡᠮᠵᠢᠶᠡᠨ ᠤ ᠬᠡᠯᠪᠡᠯᠵᠡᠯᠲᠡ ᠬᠢᠬᠦ ᠪᠣᠯᠤᠨ᠎ᠠ᠃    ᠵᠢᠭᠦᠷᠲᠡᠨ ᠤ ᠲᠥᠷᠥᠯ ᠤᠨ ᠦᠨ᠎ᠡ ᠪᠠᠭ᠎ᠠ ᠬᠡᠮᠵᠢᠶ᠎ᠡ ᠪᠠᠷ ᠦᠰᠴᠡᠢ᠃ ᠮᠠᠨ ᠤ ᠲᠣᠭᠤᠷᠢᠭ ᠤᠨ ᠵᠢᠭᠦᠷᠲᠡᠨ ᠥᠨᠳᠡᠭᠡᠨ ᠤ ᠲᠥᠷᠥᠯ ᠤᠨ ᠦᠢᠯᠡᠳᠬᠦᠨ ᠤ ᠵᠠᠬ᠎ᠠ ᠳᠡᠯᠭᠡᠭᠦᠷ ᠤᠨ ᠬᠠᠩᠭᠠᠯᠭ᠎ᠠ ᠭᠦᠢᠴᠡᠳ ᠪᠠᠶᠢᠵᠤ᠂ ᠬᠤᠲᠠ ᠶᠢᠨ ᠠᠷᠠᠳ ᠤᠨ ᠬᠡᠷᠡᠭᠯᠡᠭᠡᠨ ᠤ ᠬᠡᠷᠡᠭᠴᠡᠭᠡ ᠶᠢ ᠬᠠᠩᠭᠠᠵᠤ ᠪᠣᠯᠤᠨ᠎ᠠ᠃ ᠬᠠᠩᠭᠠᠯᠭ᠎ᠠ ᠬᠡᠷᠡᠭᠴᠡᠭᠡ ᠶᠢᠨ ᠱᠠᠲᠤ ᠦᠶᠡᠴᠢ ᠴᠢᠨᠠᠷᠲᠠᠶ ᠪᠠᠴᠢᠮ ᠪᠠᠶᠢᠳᠠᠯ ᠠᠴᠠ ᠪᠣᠯᠤᠭᠰᠠᠨ ᠤ ᠳᠡᠭᠡᠷ᠎ᠡ ᠥᠨᠳᠥᠷ ᠳᠤᠯᠠᠭᠠᠨ ᠠᠭᠤᠷ ᠠᠮᠢᠰᠬᠤᠯ ᠲᠠᠬᠢᠶᠠᠨ ᠥᠨᠳᠡᠭᠡ ᠶᠢ ᠬᠠᠳᠠᠭᠠᠯᠠᠬᠤ᠂ ᠲᠡᠭᠡᠭᠡᠪᠦᠷᠢᠯᠡᠬᠦ ᠶᠢᠨ ᠡᠯᠡᠭᠳᠡᠯ ᠪᠠ ᠲᠦᠭᠰᠢᠭᠦᠷᠢ ᠶᠢᠨ ᠥᠪᠡᠷ ᠤᠨ ᠥᠷᠲᠡᠭ ᠢ ᠨᠡᠮᠡᠭᠳᠡᠭᠦᠯᠵᠦ᠂ ᠲᠤᠰ ᠰᠠᠷ᠎ᠠ ᠳᠤ ᠮᠠᠨ ᠤ ᠲᠣᠭᠤᠷᠢᠭ ᠤᠨ ᠥᠨᠳᠡᠭᠡᠨ ᠤ ᠲᠥᠷᠥᠯ ᠤᠨ ᠦᠨ᠎ᠡ ᠪᠠᠭ᠎ᠠ ᠬᠡᠮᠵᠢᠶ᠎ᠡ ᠪᠠᠷ ᠥᠰᠪᠡ᠃ ᠵᠢᠱᠢᠯᠲᠡ ᠪᠠᠷ ᠥᠨᠳᠡᠭᠡ ᠶᠢᠨ ᠲᠥᠷᠥᠯ ᠤᠨ ᠵᠢᠵᠢᠭᠯᠡᠨ ᠬᠤᠳᠠᠯᠳᠤᠬᠤ ᠦᠨ᠎ᠡ  ᠬᠠᠩᠰᠢ ᠥᠰᠬᠦ ᠬᠠᠨᠳᠣᠰᠢ ᠲᠠᠢ ᠪᠣᠯᠤᠨ᠎ᠠ᠃    ᠢᠳᠡᠰᠢᠨ ᠨᠣᠭᠤᠭ᠎ᠠ ᠶᠢᠨ ᠦᠨ᠎ᠡ ᠪᠠᠭ᠎ᠠ ᠬᠡᠮᠵᠢᠶ᠎ᠡ ᠪᠠᠷ ᠥᠰᠪᠡ᠃ ᠣᠶᠢᠷ᠎ᠠ ᠶᠢᠨ ᠬᠤᠭᠤᠴᠠᠭᠠᠨ ᠳᠤ ᠥᠨᠳᠥᠷ ᠳᠤᠯᠠᠭᠠᠨ᠂ ᠬᠤᠷ᠎ᠠ ᠪᠣᠷᠣᠭᠠᠨ ᠶᠡᠬᠡᠲᠡᠶ ᠬᠦᠴᠦᠨ ᠵᠦᠢᠯ ᠤᠨ ᠨᠥᠯᠥᠭᠡ ᠠᠴᠠ ᠪᠣᠯᠵᠣ᠂ 7 ᠳ᠋ᠤᠭᠠᠷ ᠰᠠᠷ᠎ᠠ ᠳᠤ ᠮᠠᠨ ᠤ ᠲᠣᠭᠤᠷᠢᠭ ᠤᠨ ᠢᠳᠡᠰᠢᠨ ᠨᠣᠭᠤᠭ᠎ᠠ ᠶᠢᠨ ᠦᠨ᠎ᠡ ᠬᠠᠷᠢᠴᠠᠭᠤᠯᠤᠭᠰᠠᠨ ᠬᠡᠮᠵᠢᠶ᠎ᠡ ᠪᠠᠷ ᠢᠶᠠᠨ ᠪᠠᠭ᠎ᠠ ᠬᠡᠮᠵᠢᠶ᠎ᠡ ᠪᠠᠷ ᠳᠡᠭᠡᠭᠰᠢᠯᠡᠵᠦ᠂ ᠬᠢᠨᠠᠨ ᠬᠡᠮᠵᠢᠭᠰᠡᠨ 30 ᠵᠦᠢᠯ ᠤᠨ ᠢᠳᠡᠰᠢᠨ ᠨᠣᠭᠤᠭ᠎ᠠ ᠶᠢᠨ ᠵᠢᠵᠢᠭᠯᠡᠨ ᠬᠤᠳᠠᠯᠳᠤᠬᠤ ᠳᠤᠮᠳᠠᠴᠢ ᠦᠨ᠎ᠡ ᠨᠢ ᠺᠢᠯᠣᠭ᠍ᠷᠠᠮ ᠪᠦᠷᠢ ᠳᠡᠭᠡᠨ 7 . 47 ᠲᠥᠭᠦᠷᠢᠭ ᠪᠠᠶᠢᠵᠤ᠂ ᠬᠠᠷᠢᠴᠠᠭᠤᠯᠤᠭᠰᠠᠨ ᠬᠡᠮᠵᠢᠶ᠎ᠡ ᠪᠠᠷ ᠢᠶᠠᠨ 2 . 05 % ᠥᠰᠴᠡᠶ᠃ ᠭᠤᠷᠪᠠᠳᠤᠭᠠᠷ ᠤᠯᠠᠷᠢᠯ ᠪᠣᠯ ᠵᠠᠳᠠᠭᠠᠶ ᠨᠣᠭᠤᠭ᠎ᠠ ᠲᠠᠷᠢᠬᠤ ᠲᠥᠪᠯᠡᠷᠡᠭᠦᠯᠦᠨ ᠵᠠᠬ᠎ᠠ ᠳᠡᠯᠭᠡᠭᠦᠷ ᠲᠤ ᠭᠠᠷᠭᠠᠬᠤ ᠬᠤᠭᠤᠴᠠᠭ᠎ᠠ ᠪᠣᠯᠬᠤ ᠪᠥᠭᠡᠳ ᠮᠥᠨ ᠴᠦ ᠰᠢᠷᠦᠭᠦᠨ ᠪᠣᠷᠣᠭᠠᠨ ᠮᠥᠨᠳᠥᠷ ᠵᠡᠷᠭᠡ ᠭᠠᠮᠰᠢᠭ ᠣᠯᠠᠨᠲᠠ ᠭᠠᠷᠬᠤ ᠬᠤᠭᠤᠴᠠᠭ᠎ᠠ ᠪᠣᠯᠤᠨ᠎ᠠ᠃ ᠬᠡᠷᠪᠡ ᠶᠡᠭᠡ ᠬᠡᠪᠴᠢᠶᠡᠨ ᠤ ᠬᠡᠲᠦᠷᠡᠮᠡᠬᠡᠶ ᠴᠠᠭ ᠠᠭᠤᠷ ᠤᠨ ᠨᠥᠯᠥᠭᠡ ᠥᠬᠡᠶ ᠪᠣᠯ᠂ ᠵᠢᠱᠢᠯᠲᠡ ᠪᠠᠷ ᠪᠥᠬᠦ ᠲᠣᠭᠤᠷᠢᠭ ᠤᠨ ᠢᠳᠡᠰᠢᠨ ᠨᠣᠭᠤᠭ᠎ᠠ ᠶᠢᠨ ᠦᠨ᠎ᠡ ᠬᠠᠩᠰᠢ ᠮᠥᠨ ᠬᠦ ᠦᠷᠭᠦᠯᠵᠢᠯᠡᠨ ᠥᠰᠴᠦ ᠪᠠᠭᠤᠷᠠᠬᠤ ᠬᠠᠷᠢᠯᠴᠠᠨ ᠢᠯᠡᠷᠡᠬᠦ ᠪᠣᠯᠤᠨ᠎ᠠ᠃
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号