8 ᠰᠠᠷ᠎ᠠ ᠶᠢᠨ ᠡᠬᠢ ᠪᠠᠷ᠂ ᠵᠢᠤ ᠶᠤᠸᠠᠨ ᠲᠣᠭᠤᠷᠢᠭ ᠤᠨ ᠵᠠᠮ ᠬᠠᠷᠢᠯᠴᠠᠭᠠᠨ ᠤ ᠦᠢᠯᠡᠰ ᠤᠨ ᠬᠥᠭᠵᠢᠯᠲᠡ ᠶᠢᠨ | ᠲᠥᠪ ᠤᠨ ᠬᠤᠲᠠ ᠶᠢᠨ ᠪᠠᠭᠠᠨ᠎ᠠ ᠵᠠᠮ ᠬᠠᠮᠠᠭᠠᠯᠠᠬᠤ ᠠᠩᠬᠢ ᠤᠯᠠᠨ ᠬᠤᠭᠤᠴᠠᠭᠠᠨ ᠤ ᠵᠠᠮ ᠬᠠᠮᠠᠭᠠᠯᠠᠬᠤ ᠠᠩᠬᠢ ᠶᠢᠨ | ᠠᠶᠤᠯᠭᠦᠢ ᠦᠢᠯᠡᠳᠪᠦᠷᠢᠯᠡᠯ ᠤᠨ ᠪᠣᠯᠪᠠᠰᠤᠷᠠᠯ ᠢ ᠵᠣᠬᠢᠶᠠᠨ ᠪᠠᠶᠢᠭᠤᠯᠵᠤ ᠥᠷᠨᠢᠭᠦᠯᠪᠡ᠃ ᠲᠣᠰ ᠤᠳᠠᠭᠠᠨ ᠤ | ᠪᠣᠯᠪᠠᠰᠤᠷᠠᠭᠤᠯᠤᠯ ᠳᠤ ᠨᠡᠶᠢᠲᠡ 13 ᠬᠥᠮᠦᠨ ᠣᠷᠣᠯᠴᠠᠵᠤ᠂ ᠵᠠᠮ ᠬᠠᠮᠠᠭᠠᠯᠠᠬᠤ ᠠᠩᠭᠢ ᠶᠢᠨ ᠪᠥᠬᠦ ᠠᠵᠢᠯᠲᠠᠨ ᠢ | ᠬᠠᠮᠤᠷᠴᠠᠶ᠃ | ᠲᠣᠰ ᠤᠳᠠᠭᠠᠨ ᠤ ᠪᠣᠯᠪᠠᠰᠤᠷᠠᠭᠤᠯᠤᠯ ᠤᠨ ᠵᠣᠷᠢᠯᠭ᠎ᠠ ᠨᠢ ᠵᠠᠮ ᠬᠠᠮᠠᠭᠠᠯᠠᠬᠤ ᠲᠠᠰᠤᠭ ᠤᠨ ᠠᠶᠤᠯᠭᠦᠶ | ᠦᠢᠯᠡᠳᠪᠦᠷᠢᠯᠡᠯ ᠤᠨ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠠᠷᠠᠴᠢᠯᠠᠨ ᠬᠠᠮᠠᠭᠠᠯᠠᠬᠤ | ᠠᠵᠢᠯᠴᠢᠨ ᠤ ᠠᠶᠤᠯᠭᠦᠶ ᠶᠢᠨ ᠤᠬᠠᠮᠰᠠᠷ ᠪᠠ ᠠᠵᠢᠯᠯᠠᠬᠤ ᠤᠷ᠎ᠠ ᠴᠢᠳᠠᠪᠤᠷᠢ ᠶᠢ ᠳᠡᠭᠡᠭᠰᠢᠯᠡᠭᠦᠯᠦᠨ᠂ ᠠᠶᠤᠯᠭᠦᠶ ᠶᠢᠨ | ᠠᠳᠡᠯ ᠭᠠᠷᠬᠤ ᠶᠢ ᠤᠷᠢᠳᠴᠢᠯᠠᠨ ᠰᠡᠷᠭᠡᠶᠢᠯᠡᠬᠦ ᠪᠠ ᠪᠠᠭᠠᠰᠬᠠᠬᠤ ᠶᠢᠨ ᠲᠥᠯᠥᠭᠡ ᠶᠤᠮ᠃ ᠤᠬᠠᠭᠤᠯᠭ᠎ᠠ ᠳᠤ | ᠭᠤᠣᠯᠳᠠᠭᠤ᠄ ᠨᠢᠭᠡ ᠳᠤ ᠠᠶᠤᠯᠭᠦᠶ ᠦᠢᠯᠡᠳᠪᠦᠷᠢᠯᠡᠯ ᠤᠨ ᠬᠠᠤᠯᠢ ᠴᠠᠭᠠᠵᠠ ᠬᠠᠤᠯᠢ ᠲᠣᠭᠲᠠᠭᠠᠯ ᠵᠢᠴᠢ ᠲᠦᠷᠦ ᠶᠢᠨ | ᠪᠤᠳᠤᠯᠭ᠎ᠠ ᠶᠢᠨ ᠲᠠᠶᠢᠯᠤᠮᠵᠢ ᠬᠢᠵᠦ᠂ ᠠᠷᠠᠴᠢᠯᠠᠨ ᠬᠠᠮᠠᠭᠠᠯᠠᠬᠤ ᠠᠵᠢᠯ ᠤᠨ ᠳᠤᠮᠳᠠ ᠬᠠᠤᠯᠢ ᠴᠠᠭᠠᠵᠠ ᠬᠠᠤᠯᠢ | ᠲᠣᠭᠲᠠᠭᠠᠯ ᠢ ᠵᠢᠷᠤᠮᠯᠠᠬᠤ ᠶᠢᠨ ᠴᠢᠬᠤᠯᠠ ᠴᠢᠨᠠᠷ ᠢ ᠴᠢᠬᠤᠯᠠᠴᠢᠯᠠᠵᠤ᠂ ᠠᠷᠠᠴᠢᠯᠠᠨ ᠬᠠᠮᠠᠭᠠᠯᠠᠬᠤ ᠠᠵᠢᠯᠴᠢᠨ ᠤ ᠲᠤᠰ | ᠪᠡᠶ᠎ᠡ ᠶᠢᠨ ᠡᠷᠬᠡ ᠪᠠ ᠡᠭᠦᠷᠭᠡ ᠶᠢ ᠲᠣᠳᠣᠷᠬᠠᠶ ᠪᠣᠯᠭᠠᠪᠠ︔ ᠬᠤᠶᠠᠷ ᠲᠤ᠂ ᠠᠷᠠᠴᠢᠯᠠᠨ ᠬᠠᠮᠠᠭᠠᠯᠠᠬᠤ ᠠᠵᠢᠯ ᠤᠨ | ᠠᠮᠤᠷ ᠲᠦᠪᠰᠢᠨ ᠢᠶᠠᠷ ᠠᠵᠢᠯᠯᠠᠬᠤ ᠲᠦᠷᠢᠮ᠂ ᠵᠠᠮ ᠠᠷᠠᠴᠢᠯᠠᠨ ᠬᠠᠮᠠᠭᠠᠯᠠᠬᠤ ᠠᠵᠢᠯ ᠤᠨ ᠣᠨᠴᠠᠯᠢᠭ ᠲᠤ | ᠴᠢᠭᠯᠡᠭᠦᠯᠦᠨ᠂ ᠵᠠᠮ ᠤᠨ ᠨᠢᠭᠤᠷ ᠢ ᠴᠡᠪᠡᠷᠯᠡᠬᠦ᠂ ᠬᠤᠩᠭᠢᠯ ᠢ ᠰᠡᠯᠪᠢᠨ ᠵᠠᠰᠠᠬᠤ᠂ ᠨᠣᠭᠤᠭᠠᠷᠠᠭᠤᠯᠵᠤ ᠠᠷᠠᠴᠢᠯᠠᠨ | ᠬᠠᠮᠠᠭᠠᠯᠠᠬᠤ ᠵᠡᠷᠭᠡ ᠡᠯ᠎ᠡ ᠵᠦᠢᠯ ᠤᠨ ᠠᠵᠢᠯ ᠤᠨ ᠠᠮᠤᠷ ᠲᠦᠪᠰᠢᠨ ᠢᠶᠠᠷ ᠠᠵᠢᠯᠯᠠᠬᠤ ᠲᠦᠷᠢᠮ ᠢ ᠨᠠᠷᠢᠨ | ᠲᠠᠶᠢᠯᠪᠤᠷᠢᠯᠠᠪᠠ᠂ ᠡᠭᠦᠨ ᠳᠤ ᠰᠡᠷᠡᠮᠵᠢ ᠶᠢᠨ ᠲᠡᠮᠳᠡᠭ ᠢ ᠵᠥᠪ ᠣᠨᠣᠪᠴᠢᠲᠠᠶ ᠪᠠᠶᠢᠷᠢᠯᠠᠭᠤᠯᠬᠤ᠂ ᠬᠤᠪᠢ ᠬᠥᠮᠦᠨ ᠤ | ᠬᠠᠮᠠᠭᠠᠯᠠᠯᠲᠠ ᠶᠢᠨ ᠲᠣᠨᠤᠭ ᠲᠥᠬᠦᠭᠡᠷᠦᠮᠵᠢ ᠶᠢ ᠡᠮᠦᠰᠴᠦ ᠵᠡᠭᠦᠬᠦ ᠵᠡᠷᠭᠡ ᠪᠠᠭᠲᠠᠨ᠎ᠠ︔ ᠭᠤᠷᠪᠠ ᠳᠤ ᠠᠶᠤᠯᠭᠦᠶ ᠶᠢᠨ | ᠠᠳᠡᠯ ᠤᠨ ᠬᠡᠷᠡᠭ ᠤᠨ ᠵᠢᠱᠢᠶ᠎ᠡ ᠶᠢ ᠵᠠᠳᠠᠯᠤᠨ ᠰᠢᠨᠵᠢᠯᠡᠵᠦ᠂ ᠤᠢᠢᠷ᠎ᠠ ᠶᠢᠨ ᠵᠢᠯ ᠤᠳ ᠲᠤ ᠡᠭᠦᠰᠦᠭᠰᠡᠨ ᠠᠷᠠᠴᠢᠯᠠᠨ | ᠬᠠᠮᠠᠭᠠᠯᠠᠬᠤ ᠠᠵᠢᠯ ᠤᠨ ᠠᠶᠤᠯᠭᠦᠶ ᠶᠢᠨ ᠠᠳᠡᠯ ᠤᠨ ᠬᠡᠷᠡᠭ ᠤᠨ ᠵᠢᠱᠢᠶ᠎ᠡ ᠶᠢ ᠵᠠᠳᠠᠯᠤᠨ ᠰᠢᠨᠵᠢᠯᠡᠬᠦ ᠪᠠᠷ ᠳᠠᠮᠵᠢᠭᠤᠯᠤᠨ | ᠂ ᠠᠳᠡᠯ ᠤᠨ ᠰᠢᠯᠲᠠᠭᠠᠨ ᠢ ᠭᠦᠨᠵᠡᠭᠡᠶ ᠵᠠᠳᠠᠯᠤᠨ ᠰᠢᠨᠵᠢᠯᠡᠵᠦ᠂ ᠲᠤᠷᠰᠢᠯᠭ᠎ᠠ ᠰᠤᠷᠭᠠᠮᠵᠢ ᠪᠠᠨ ᠳ᠋ᠦᠩᠨᠡᠵᠦ᠂ | ᠠᠷᠠᠴᠢᠯᠠᠨ ᠬᠠᠮᠠᠭᠠᠯᠠᠬᠤ ᠠᠵᠢᠯᠴᠢᠨ ᠳᠤ ᠠᠶᠤᠯᠭᠦᠶ ᠶᠢᠨ ᠠᠳᠡᠯ ᠤᠨ ᠬᠦᠨᠳᠦ ᠨᠣᠴᠢᠲᠠᠶ ᠴᠢᠨᠠᠷ ᠪᠠ ᠬᠤᠣᠷ | ᠬᠦᠨᠦᠭᠡᠯᠳᠦ ᠴᠢᠨᠠᠷ ᠢ ᠭᠦᠨᠵᠡᠭᠡᠶ ᠲᠠᠨᠢᠭᠤᠯᠵᠤ᠂ ᠠᠶᠤᠯᠭᠦᠶ ᠶᠢᠨ ᠰᠡᠷᠭᠡᠶᠢᠯᠡᠯᠲᠡ ᠶᠢᠨ ᠤᠬᠠᠮᠰᠠᠷ ᠢ ᠨᠢ | ᠴᠢᠩᠭᠠᠷᠠᠭᠤᠯᠤᠨ᠎ᠠ᠃ | ︽ᠥᠩᠭᠡᠷᠡᠭᠰᠡᠨ ᠳᠤ ᠶᠡᠷᠦᠨᠢ ᠠᠮᠤᠷ ᠲᠦᠪᠰᠢᠨ ᠤ ᠪᠣᠯᠪᠠᠰᠤᠷᠠᠯ ᠤᠨ ᠵᠣᠷᠢᠯᠭ᠎ᠠ ᠪᠣᠯ ︿ᠨᠠᠮᠠᠶᠢ ᠠᠮᠤᠷ | ᠲᠦᠪᠰᠢᠨ ᠪᠠᠶᠢᠯᠭᠠᠬᠤ ᠶᠢᠨ ᠲᠥᠯᠥᠭᠡ﹀ ᠭᠡᠵᠦ ᠪᠤᠳᠤᠵᠤ ᠪᠠᠶᠢᠵᠠᠶ᠂ ᠡᠨᠡ ᠬᠤᠶᠠᠷ ᠡᠳᠦᠷ ᠪᠣᠯᠪᠠᠰᠤᠷᠠᠭᠤᠯᠤᠭᠰᠠᠨ ᠤ | ᠳᠠᠷᠠᠭ᠎ᠠ᠂ ᠠᠮᠤᠷ ᠲᠦᠪᠰᠢᠨ ᠢ ᠢᠯᠡᠷᠡᠭᠦᠯᠬᠦ ᠳᠤ ᠮᠥᠨ ᠯᠡ ᠥᠪᠡᠷ ᠤᠨ ᠤᠬᠠᠮᠰᠠᠷ ᠲᠠᠭᠠᠨ ᠲᠦᠰᠢᠭᠯᠡᠬᠦ ᠬᠡᠷᠡᠭᠲᠡᠶ᠂ ︿ | ᠪᠢ ᠠᠮᠤᠷ ᠲᠦᠪᠰᠢᠨ ᠪᠠᠶᠢᠯᠭᠠᠬᠤ ᠶᠢ ᠬᠦᠰᠡᠵᠦ ᠪᠠᠶᠢᠨ᠎ᠠ﹀ ᠭᠡᠬᠦ ᠦᠵᠡᠯ ᠰᠠᠨᠠᠭ᠎ᠠ ᠪᠣᠯ ᠰᠠᠶ᠋ᠢ ᠠᠮᠤᠷ ᠲᠦᠪᠰᠢᠨ ᠢ | ᠪᠠᠲᠤᠯᠠᠬᠤ ᠶᠢᠨ ᠵᠠᠩᠭᠢᠯᠠᠭ᠎ᠠ ᠮᠥᠨ︾ ᠭᠡᠵᠦ ᠪᠣᠯᠪᠠᠰᠤᠷᠠᠯ ᠳᠤ ᠣᠷᠣᠯᠴᠠᠬᠤ ᠵᠠᠮ ᠤᠨ ᠠᠩᠭᠢ ᠶᠢᠨ ᠠᠵᠢᠯᠴᠢᠨ ᠯᠢ | ᠭᠤᠸᠠᠶ ᠬᠡᠯᠡᠵᠡᠶ᠃ ᠲᠣᠰ ᠤᠳᠠᠭᠠᠨ ᠤ ᠪᠣᠯᠪᠠᠰᠤᠷᠠᠭᠤᠯᠤᠯ ᠨᠢ ᠠᠷᠠᠴᠢᠯᠠᠨ ᠬᠠᠮᠠᠭᠠᠯᠠᠬᠤ ᠠᠵᠢᠯᠴᠢᠨ ᠤ ᠠᠮᠤᠷ | ᠲᠦᠪᠰᠢᠨ ᠤ ᠤᠬᠠᠮᠰᠠᠷ ᠢ ᠳᠡᠭᠡᠭᠰᠢᠯᠡᠭᠦᠯᠵᠦ᠂ ᠠᠷᠠᠴᠢᠯᠠᠨ ᠬᠠᠮᠠᠭᠠᠯᠠᠬᠤ ᠠᠵᠢᠯᠴᠢᠨ ᠢ ᠠᠶᠤᠯᠭᠦᠶ | ᠦᠢᠯᠡᠳᠪᠦᠷᠢᠯᠡᠯ ᠤᠨ ᠴᠢᠬᠤᠯᠠ ᠴᠢᠨᠠᠷ ᠤᠨ ᠲᠤᠬᠠᠶ ᠨᠠᠩ ᠭᠦᠨᠵᠡᠭᠡᠶ ᠲᠠᠨᠢᠯᠲᠠ ᠲᠠᠢ ᠪᠣᠯᠭᠠᠵᠠᠶ᠃ ᠡᠨᠡ | ᠬᠤᠭᠤᠴᠠᠭᠠᠨ ᠳᠤ᠂ ᠠᠷᠠᠴᠢᠯᠠᠨ ᠬᠠᠮᠠᠭᠠᠯᠠᠬᠤ ᠠᠵᠢᠯᠴᠢᠨ ᠡᠯ᠎ᠡ ᠵᠦᠢᠯ ᠤᠨ ᠠᠮᠤᠷ ᠲᠦᠪᠰᠢᠨ ᠤ ᠠᠵᠢᠯᠯᠠᠬᠤ | ᠲᠦᠷᠢᠮ ᠪᠠ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠷᠭ᠎ᠠ ᠶᠢ ᠪᠣᠯᠪᠠᠰᠤᠷᠠᠩᠭᠤᠶ ᠡᠵᠡᠮᠰᠢᠵᠦ᠂ ᠠᠵᠢᠯ ᠤᠨ | ᠳᠤᠮᠳᠠᠬᠢ ᠥᠪᠡᠷ ᠢ ᠪᠠᠨ ᠬᠠᠮᠠᠭᠠᠯᠠᠬᠤ ᠴᠢᠳᠠᠪᠤᠷᠢ ᠪᠠᠨ ᠳᠡᠭᠡᠭᠰᠢᠯᠡᠭᠦᠯᠦᠨ᠂ ᠠᠷᠠᠴᠢᠯᠠᠨ ᠬᠠᠮᠠᠭᠠᠯᠠᠬᠤ ᠵᠠᠮ ᠤᠨ | ᠲᠠᠰᠤᠭ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠬᠢᠷᠢ ᠲᠦᠪᠰᠢᠨ ᠤ ᠳᠡᠭᠡᠭᠰᠢᠯᠡᠯᠲᠡ ᠶᠢ ᠠᠬᠢᠭᠤᠯᠤᠭᠰᠠᠨ | ᠪᠠᠶᠢᠨ᠎ᠠ᠃ |