ᠬᠢᠬᠠᠨ ᠮᠡᠬᠡᠯᠡᠬᠦ ᠶᠢ ᠡᠰᠡᠷᠭᠦᠴᠡᠬᠦ ᠠᠭᠤᠷ ᠠᠮᠢᠰᠬᠤᠯ ᠢ ᠪᠣᠶ ᠪᠣᠯᠭᠠᠵᠤ ᠣᠯᠠᠨ ᠲᠦᠮᠡᠨ ᠤ ᠠᠮᠤᠷ ᠲᠦᠪᠰᠢᠨ ᠤ ᠬᠠᠯᠬᠠᠪᠴᠢ ᠶᠢ ᠪᠠᠲᠤ ᠪᠣᠯᠭᠠᠨ᠎ᠠ
ᠨᠡᠶᠢᠲᠡᠯᠡᠭᠰᠡᠨ ᠴᠠᠭ᠄
2024/9/10
    ᠴᠠᠬᠢᠯᠭᠠᠨ ᠢᠶᠠᠷ ᠮᠡᠬᠡᠯᠡᠬᠦ ᠶᠢ ᠡᠰᠡᠷᠭᠦᠴᠡᠬᠦ ᠤᠬᠠᠭᠤᠯᠭ᠎ᠠ ᠶᠢᠨ ᠡᠷᠴᠢᠮ ᠢ ᠤᠯᠠᠮ ᠨᠢᠭᠡ ᠠᠯᠬᠤᠮ ᠴᠢᠩᠭᠠᠳᠬᠠᠵᠤ ᠂ ᠬᠠᠷᠢᠶ᠎ᠠ ᠣᠷᠣᠨ ᠤ ᠨᠠᠰᠤᠲᠠᠶᠢᠴᠤᠳ ᠤᠨ ᠡᠯ᠎ᠡ ᠲᠥᠷᠥᠯ ᠤᠨ ᠮᠡᠬᠡᠯᠡᠬᠦ ᠦᠢᠯᠡ ᠠᠵᠢᠯᠯᠠᠭ᠎ᠠ ᠶᠢ ᠢᠯᠭᠠᠨ ᠲᠠᠨᠢᠬᠤ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠥᠯᠥᠭᠡ᠂ ᠬᠠᠷᠢᠶ᠎ᠠ ᠣᠷᠣᠨ ᠤ ᠰᠠᠭᠤᠭᠠᠯᠢ ᠠᠷᠠᠳ ᠤᠨ ︽ᠵᠣᠭᠤᠰᠣᠨ ᠤᠭᠤᠲᠠ︾ ᠶᠢ ᠦᠨᠡᠨ ᠬᠦ ᠰᠠᠶᠢᠲᠤᠷ ᠬᠠᠮᠠᠭᠠᠯᠠᠨ᠎ᠠ᠃ 9 ᠰᠠᠷ᠎ᠠ ᠶᠢᠨ 5 ᠤ ᠡᠳᠦᠷ ᠤᠨ ᠦᠳᠡ ᠶᠢᠨ ᠬᠤᠶᠢᠨ᠎ᠠ᠂ ᠰᠢᠩ ᠶᠤᠸᠠᠨ ᠨᠡᠷᠡᠮᠵᠢᠲᠦ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠰᠢᠩ ᠶᠤᠸᠠᠨ  ᠭᠡᠷ ᠬᠤᠷᠢᠶᠠᠯᠠᠯ ᠤᠨ ᠨᠠᠮ ᠪᠠ ᠣᠯᠠᠨ ᠲᠦᠮᠡᠨ ᠤ ᠦᠢᠯᠡᠴᠢᠯᠡᠭᠡ ᠶᠢᠨ ᠲᠥᠪ ᠬᠤᠲᠠ ᠳᠤ ᠮᠡᠬᠡᠯᠡᠯ ᠢ ᠰᠡᠷᠭᠡᠶᠢᠯᠡᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ 
C:\Users\Administrator\Desktop\图片111.jpg
    ᠠᠵᠢᠯᠯᠠᠭ᠎ᠠ ᠶᠢᠨ ᠲᠤᠬᠠᠶ ᠶᠢᠨ ᠲᠠᠯᠠᠪᠤᠷ ᠲᠤ᠂ ᠰᠠᠶᠢᠨ ᠳᠤᠷ᠎ᠠ ᠶᠢᠨ ᠠᠵᠢᠯᠯᠠᠭᠴᠢᠳ ᠰᠦᠯᠵᠢᠶᠡᠨ ᠤ ᠮᠡᠬᠡᠯᠡᠯ ᠤᠨ ᠸᠢᠳᠢᠣ᠋ ᠨᠡᠪᠲᠡᠷᠡᠭᠦᠯᠬᠦ᠂ ᠰᠦᠯᠵᠢᠶᠡᠨ ᠤ ᠮᠡᠳᠡᠯᠭᠡ ᠶᠢ ᠠᠰᠠᠭᠤᠵᠤ ᠬᠠᠷᠢᠭᠤᠯᠬᠤ᠂ ᠪᠡᠯᠡᠨ ᠶᠠᠷᠢᠯᠴᠠᠭ᠎ᠠ ᠬᠢᠬᠦ ᠵᠡᠷᠭᠡ ᠬᠡᠯᠪᠡᠷᠢ ᠪᠠᠷ ᠳᠠᠮᠵᠢᠭᠤᠯᠤᠨ᠂ ᠰᠦᠯᠵᠢᠶᠡᠨ ᠤ ᠪᠠᠯᠠ ᠣᠷᠣᠭᠤᠯᠤᠯᠲᠠ ᠶᠢᠨ ᠡᠳ᠋ ᠤᠨ ᠶᠠᠪᠤᠳᠠᠯ ᠢ ᠬᠠᠮᠢᠶᠠᠷᠬᠤ᠂ ᠡᠷᠡᠭᠦᠯᠵᠢᠯ ᠤᠨ ᠡᠳ᠋ ᠤᠨ ᠪᠣᠷᠣᠯᠠᠭᠤᠯᠭ᠎ᠠ ᠶᠢᠨ ᠮᠡᠬᠡᠯᠡᠯ᠂ ᠲᠥᠷᠥᠯ ᠰᠠᠳᠤᠨ ᠨᠠᠶᠢᠵᠠ ᠨᠥᠬᠦᠳ ᠢᠶᠠᠷ ᠣᠪᠯᠠᠨ ᠮᠡᠬᠡᠯᠡᠬᠦ᠂ ᠬᠤᠷᠢᠶᠠᠨ ᠬᠠᠳᠠᠭᠠᠯᠠᠬᠤ ᠮᠡᠬᠡᠯᠡᠯ ᠵᠡᠷᠭᠡ ᠶᠢ ᠰᠡᠷᠭᠡᠶᠢᠯᠡᠬᠦ ᠶᠢ ᠰᠠᠭᠤᠭᠠᠯᠢ ᠠᠷᠠᠳ ᠲᠤ ᠮᠡᠳᠡᠭᠳᠡᠵᠦ᠂ ᠲᠣᠳᠣᠷᠬᠠᠶ ᠪᠤᠰᠤ ᠴᠥᠷᠬᠡᠯᠡᠭᠡ ᠶᠢ ᠳᠠᠷᠤᠵᠤ ᠪᠣᠯᠬᠤ ᠥᠬᠡᠶ᠂ ᠬᠤᠪᠢ ᠬᠥᠮᠦᠨ ᠤ ᠮᠡᠳᠡᠭᠡ ᠵᠠᠩᠭᠢ ᠶᠢ ᠳᠤᠷ᠎ᠠ ᠪᠠᠷ ᠢᠶᠠᠨ ᠵᠠᠳᠠᠷᠠᠭᠤᠯᠵᠤ ᠪᠣᠯᠬᠤ ᠥᠬᠡᠶ᠂ ᠴᠢᠬᠤᠯᠠ ᠮᠡᠳᠡᠭᠡ ᠵᠠᠩᠭᠢ ᠶᠢ ᠪᠤᠰᠤᠳ ᠲᠤ ᠵᠠᠳᠠᠷᠠᠭᠤᠯᠵᠤ ᠪᠣᠯᠬᠤ ᠥᠬᠡᠶ ᠭᠡᠵᠦ ᠰᠠᠭᠤᠭᠠᠯᠢ ᠠᠷᠠᠳ ᠲᠤ ᠰᠠᠨᠠᠭᠤᠯᠵᠤ ᠪᠠᠶᠢᠨ᠎ᠠ᠃ ︽ᠰᠣᠨᠣᠰᠬᠤ ᠦᠭᠡᠢ ᠢᠲᠡᠭᠡᠬᠦ ᠦᠭᠡᠢ ᠲᠠᠩᠰᠠ ᠰᠢᠯᠵᠢᠭᠦᠯᠬᠦ ᠦᠭᠡᠢ︾ ᠪᠠᠶᠢᠬᠤ ᠶᠢ ᠦᠨᠡᠨ ᠬᠦ ᠪᠡᠶᠡᠯᠡᠭᠦᠯᠦᠨ᠎ᠡ᠃ ᠡᠭᠦᠨ ᠤ ᠬᠠᠮᠲᠤ᠂ ᠰᠠᠭᠤᠭᠠᠯᠢ ᠠᠷᠠᠳ ᠢ ᠢᠳᠡᠪᠬᠢᠲᠡᠶ ᠪᠠᠷ ᠬᠠᠪᠰᠤᠷᠤᠨ ᠤᠯᠤᠰ ᠤᠨ ᠬᠢᠬᠠᠨ ᠮᠡᠬᠡᠯᠡᠬᠦ ᠶᠢ ᠡᠰᠡᠷᠭᠦᠴᠡᠬᠦ ᠲᠥᠪ ᠤᠨ APP ᠶᠢ ᠪᠠᠭᠤᠯᠭᠠᠨ ᠠᠪᠴᠤ ᠬᠡᠷᠡᠭᠯᠡᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠬᠢᠬᠠᠨ ᠮᠡᠬᠡᠯᠡᠬᠦ ᠶᠢ ᠰᠡᠷᠭᠡᠶᠢᠯᠡᠬᠦ ᠠᠷᠭ᠎ᠠ ᠪᠠᠷᠢᠯ ᠢ ᠰᠠᠶᠢᠲᠤᠷ ᠬᠡᠷᠡᠭᠯᠡᠭᠦᠯᠬᠦ ᠬᠡᠷᠡᠭᠲᠡᠶ᠃    ᠲᠣᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠨᠢ ᠮᠡᠬᠡᠯᠡᠬᠦ ᠶᠢ ᠡᠰᠡᠷᠭᠦᠴᠡᠬᠦ ᠤᠬᠠᠭᠤᠯᠭ᠎ᠠ ᠶᠢ ᠴᠢᠬᠢᠨ ᠳᠤ ᠬᠠᠳᠠᠩᠰᠢᠭᠤᠯᠤᠭᠰᠠᠨ ᠢᠶᠠᠷ ᠪᠠᠷᠠᠬᠤ ᠥᠬᠡᠶ᠂ ᠬᠠᠷᠢᠶᠠᠲᠤ ᠣᠷᠣᠨ ᠤ ᠰᠠᠭᠤᠭᠠᠯᠢ ᠠᠷᠠᠳ ᠤᠨ ᠮᠡᠬᠡᠯᠡᠬᠦ ᠶᠢ ᠲᠠᠨᠢᠵᠤ ᠮᠡᠬᠡᠯᠡᠬᠦ ᠶᠢ ᠰᠡᠷᠭᠡᠶᠢᠯᠡᠬᠦ ᠴᠢᠳᠠᠪᠤᠷᠢ ᠶᠢ ᠳᠡᠭᠡᠭᠰᠢᠯᠡᠭᠦᠯᠵᠦ᠂ ᠪᠥᠬᠦ ᠠᠷᠠᠳ ᠢᠶᠠᠷ ᠢᠶᠠᠨ ᠮᠡᠬᠡᠯᠡᠬᠦ ᠶᠢ ᠰᠡᠷᠭᠡᠶᠢᠯᠡᠬᠦ ᠳᠤ ᠣᠷᠣᠯᠴᠠᠬᠤ ᠰᠡᠳᠬᠢᠯᠭᠡ ᠪᠠ ᠠᠭᠤᠷ ᠠᠮᠢᠰᠬᠤᠯ ᠤᠨ ᠰᠡᠳᠬᠢᠯᠭᠡ ᠶᠢ ᠪᠣᠶ ᠪᠣᠯᠭᠠᠭᠰᠠᠨ ᠪᠠᠶᠢᠨ᠎ᠠ᠃ ᠲᠠᠷᠠᠭᠠᠴᠢ ᠶᠢᠨ ᠠᠯᠬᠤᠮ ᠳᠤ᠂ ᠰᠢᠩ ᠶᠤᠸᠠᠨ ᠭᠡᠷ ᠬᠤᠷᠢᠶᠠᠯᠠᠯ ᠪᠣᠯᠤᠨ ᠰᠢᠩ ᠶᠤᠸᠠᠨ ᠨᠡᠷᠡᠮᠵᠢᠲᠦ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠦᠷᠭᠦᠯᠵᠢᠯᠡᠨ ᠰᠦᠯᠵᠢᠶᠡᠨ ᠳᠡᠭᠡᠷ᠎ᠡ + ᠰᠦᠯᠵᠢᠶᠡᠨ ᠭᠠᠳᠠᠨ᠎ᠠ ︽ᠵᠡᠷᠭᠡᠪᠡᠷ ᠬᠦᠴᠦᠯᠡᠬᠦ︾ ᠠᠷᠭ᠎ᠠ ᠮᠠᠶ᠋ᠢᠭ ᠢᠶᠠᠷ ᠳᠠᠮᠵᠢᠭᠤᠯᠤᠨ᠂ ᠨᠠᠩ ᠣᠯᠠᠨ ︽ᠮᠡᠬᠡᠯᠡᠯ ᠢ ᠲᠠᠨᠢᠬᠤ᠂ ᠮᠡᠬᠡᠯᠡᠯ ᠢ ᠰᠡᠷᠭᠡᠶᠢᠯᠡᠬᠦ᠂ ᠮᠡᠬᠡᠯᠡᠯ ᠢ ᠲᠡᠪᠴᠢᠬᠦ︾ ᠮᠡᠳᠡᠯᠭᠡ ᠶᠢ ᠲᠦᠭ ᠲᠦᠮᠡᠨ ᠠᠶᠢᠯ ᠡᠷᠦᠬᠡ ᠳᠤ ᠬᠦᠷᠭᠡᠵᠦ᠂ ᠤᠬᠠᠭᠤᠯᠭ᠎ᠠ ᠶᠢᠨ ᠪᠦᠷᠬᠦᠴᠡ ᠶᠢᠨ ᠨᠣᠷᠮ᠎ᠠ ᠶᠢ ᠳᠡᠭᠡᠭᠰᠢᠯᠡᠭᠦᠯᠦᠨ᠂ ᠮᠡᠬᠡᠯᠡᠯ ᠢ ᠡᠰᠡᠷᠭᠦᠴᠡᠬᠦ ᠦᠵᠡᠯ ᠰᠠᠨᠠᠭ᠎ᠠ ᠶᠢ ᠣᠯᠠᠨ ᠲᠦᠮᠡᠨ ᠤ ᠰᠡᠳᠬᠢᠯ ᠳᠤ ᠥᠯᠥ ᠮᠡᠳᠡᠭᠳᠡᠮ᠎ᠡ ᠦᠨᠳᠦᠰᠦᠯᠡᠭᠦᠯᠵᠦ᠂ ᠮᠡᠬᠡᠯᠡᠯ ᠢ ᠳᠠᠯᠳᠠᠯᠠᠬᠤ ᠭᠠᠵᠠᠷ ᠥᠬᠡᠶ ᠪᠣᠯᠭᠠᠵᠤ᠂ ᠰᠠᠭᠤᠭᠠᠯᠢ ᠠᠷᠠᠳ ᠤᠨ ᠵᠣᠭᠤᠰᠣᠨ ᠪᠣᠭᠴᠣ ᠶᠢ ᠰᠠᠶᠢᠲᠤᠷ ᠬᠠᠮᠠᠭᠠᠯᠠᠨ᠎ᠠ᠃
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号