ᠵᠡᠮᠳᠡᠭᠴᠦᠳ ᠲᠤ ᠬᠠᠶᠢᠷ᠎ᠠ ᠬᠠᠯᠠᠮᠵᠢ ᠬᠦᠷᠭᠡᠵᠦ ᠵᠡᠮᠳᠡᠭᠴᠦᠳ ᠢ ᠬᠠᠯᠠᠭᠤᠨ ᠢᠶᠠᠷ ᠬᠠᠪᠰᠤᠷᠤᠨ ᠲᠡᠳᠬᠦᠶ᠎ᠡ
ᠨᠡᠶᠢᠲᠡᠯᠡᠭᠰᠡᠨ ᠴᠠᠭ᠄
2024/9/10
    9 ᠰᠠᠷ᠎ᠠ ᠶᠢᠨ 9 ᠤ ᠡᠳᠦᠷ ᠤᠨ ᠦᠳᠡ ᠶᠢᠨ ᠡᠮᠦᠨ᠎ᠡ᠂ ᠯᠢᠦ ᠼᠠᠢ ᠫᠢᠩ ᠤᠨ ᠭᠡᠷ ᠪᠦᠯᠢ ᠶᠢᠨ ᠬᠢᠨ ︽ᠵᠡᠮᠳᠡᠭᠴᠦᠳ ᠢ ᠬᠠᠶᠢᠷᠠᠯᠠᠨ ᠬᠠᠯᠠᠮᠵᠢᠯᠠᠵᠤ᠂ ᠵᠡᠮᠳᠡᠭᠴᠦᠳ ᠲᠤ ᠬᠠᠯᠠᠭᠤᠨ ᠰᠡᠳᠬᠢᠯ ᠢᠶᠠᠷ ᠬᠠᠪᠰᠤᠷᠤᠯᠭ᠎ᠠ ᠦᠵᠡᠭᠦᠯᠬᠦ ︾ ᠬᠡᠮᠡᠷᠯᠢᠭ ᠲᠤᠭ ᠢ ᠲᠣᠭᠤᠷᠢᠭ ᠤᠨ ᠵᠡᠮᠳᠡᠭᠴᠦᠳ ᠤᠨ ᠬᠤᠯᠪᠣᠭ᠎ᠠ ᠳᠤ ᠬᠦᠷᠭᠡᠵᠦ᠂ ᠡᠭᠦᠨ ᠢᠶᠠᠷ ᠲᠣᠭᠤᠷᠢᠭ ᠤᠨ ᠵᠡᠮᠳᠡᠭᠴᠦᠳ ᠤᠨ ᠬᠤᠯᠪᠣᠭ᠎ᠠ ᠶᠢᠨ ᠲᠡᠳᠡᠨ ᠢ ᠬᠠᠯᠠᠮᠵᠢᠯᠠᠨ ᠳᠡᠮᠵᠢᠭᠰᠡᠨ ᠳᠤ ᠲᠠᠯᠠᠷᠬᠠᠵᠤ ᠪᠠᠶᠢᠨ᠎ᠠ᠃
C:\Users\Administrator\Desktop\图片222.jpg
    ᠯᠢᠦ ᠼᠠᠢ ᠫᠢᠩ ᠡᠪᠡᠳᠴᠢᠯᠡᠭᠰᠡᠨ ᠤ ᠳᠠᠷᠠᠭ᠎ᠠ ᠬᠦᠷᠳᠦᠲᠦ ᠰᠠᠨᠳᠠᠯᠢ ᠳᠤ ᠲᠦᠰᠢᠭᠯᠡᠵᠦ ᠠᠯᠬᠤᠵᠤ᠂ ᠯᠢᠦ ᠼᠠᠢ ᠫᠢᠩ ᠪᠣᠯᠤᠨ 10 ᠨᠠᠰᠤᠲᠠᠶ ᠬᠡᠦᠬᠡᠨ ᠢᠶᠠᠨ ᠬᠠᠷᠠᠭᠠᠯᠵᠠᠬᠤ ᠶᠢᠨ ᠲᠥᠯᠥᠭᠡ᠂ ᠯᠢᠦ ᠼᠠᠢ ᠫᠢᠩ ᠤᠨ ᠡᠷ᠎ᠡ ᠨᠥᠬᠦᠷ ᠨᠢ ᠠᠵᠢᠯ ᠠᠴᠠ ᠪᠠᠨ ᠪᠠᠭᠤᠪᠠ᠃ 2023 ᠣᠨ ᠳᠤ᠂ ᠯᠢᠦ ᠼᠠᠢ ᠫᠢᠩ ᠰᠠᠨ ᠳ᠋ᠤᠤ ᠱᠠ ᠾᠧ ᠲᠣᠰᠬᠤᠨ ᠠᠴᠠ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠬᠠᠭᠤᠴᠢᠨ ᠭᠡᠷ ᠲᠤ ᠨᠡᠭᠦᠵᠦ ᠢᠷᠡᠪᠡ᠂ ᠥᠬᠢᠨ ᠵᠢᠥ ᠶᠤᠸᠠᠨ ᠲᠣᠭᠤᠷᠢᠭ ᠤᠨ ᠱᠠ ᠾᠧ ᠬᠤᠶᠠᠳᠤᠭᠠᠷ ᠪᠠᠭ᠎ᠠ ᠰᠤᠷᠭᠠᠭᠤᠯᠢ ᠳᠤ ᠰᠤᠷᠤᠯᠴᠠᠵᠤ᠂ ᠰᠤᠷᠤᠯᠭ᠎ᠠ ᠶᠢᠨ ᠬᠢᠷᠢ ᠪᠦᠲᠦᠮᠵᠢ ᠰᠢᠯᠢᠳᠡᠭ ᠪᠠᠶᠢᠨ᠎ᠠ᠂ ᠯᠢᠦ ᠼᠠᠢ ᠫᠢᠩ ᠤᠨ ᠡᠷ᠎ᠡ ᠨᠥᠬᠦᠷ ᠨᠢ ᠡᠳᠦᠷ ᠪᠦᠷᠢ ᠬᠡᠦᠬᠡᠳ ᠢᠶᠠᠨ ᠠᠯᠤᠰ ᠠᠴᠠ ᠲᠤᠰᠴᠤ ᠬᠦᠷᠭᠡᠬᠦ ᠴᠢᠬᠤᠯᠠᠲᠠᠢ ᠪᠠᠶᠢᠨ᠎ᠠ᠂ ᠭᠡᠪᠡᠴᠦ ᠭᠡᠷ ᠪᠦᠯᠢ ᠶᠢᠨ ᠬᠢᠨ ᠠᠵᠤ ᠠᠬᠤᠢ ᠶᠢᠨ ᠢᠷᠡᠯᠳᠡ ᠦᠭᠡᠢ ᠳᠠᠷᠤᠭᠠᠰᠤ ᠤᠯᠠᠮ ᠠᠴᠠ ᠤᠯᠠᠮ ᠬᠦᠨᠳᠦ ᠪᠤᠯᠵᠤ ᠪᠠᠶᠢᠨ᠎ᠠ᠂ ᠠᠵᠤ ᠠᠮᠢᠳᠤᠷᠠᠯ ᠢᠶᠠᠨ ᠬᠠᠳᠠᠭᠠᠯᠠᠬᠤ ᠶᠢᠨ ᠲᠥᠯᠥᠭᠡ ᠯᠢᠦ ᠼᠠᠢ ᠫᠢᠩ ᠤᠨ ᠡᠷ᠎ᠡ ᠨᠥᠬᠦᠷ ᠨᠢ ᠡᠷᠬᠡᠪᠰᠢ ᠭᠠᠳᠠᠭᠰᠢ ᠭᠠᠷᠴᠤ ᠠᠵᠢᠯᠯᠠᠬᠤ ᠬᠡᠷᠡᠭᠲᠡᠢ᠂ ᠲᠠᠬᠢᠨ ᠦᠷᠭᠦᠯᠵᠢᠯᠡᠨ ᠬᠤᠯᠠ ᠵᠠᠮ ᠢᠶᠠᠷ ᠬᠡᠦᠬᠡᠳ ᠢᠶᠠᠨ ᠲᠤᠰᠴᠤ ᠬᠦᠷᠭᠡᠵᠦ ᠪᠣᠯᠬᠤ ᠦᠭᠡᠢ᠃ ᠡᠨᠡ ᠦᠶ᠎ᠡ ᠳᠤ ᠯᠢᠦ ᠼᠠᠢ ᠫᠢᠩ ᠵᠡᠮᠳᠡᠭᠴᠦᠳ ᠤᠨ ᠬᠤᠯᠪᠣᠭ᠎ᠠ ᠶᠢ ᠪᠣᠳᠣᠵᠤ᠂ ᠲᠣᠭᠤᠷᠢᠭ ᠤᠨ ᠵᠡᠮᠳᠡᠭᠴᠦᠳ ᠤᠨ ᠬᠤᠯᠪᠣᠭ᠎ᠠ ᠶᠢᠨ ᠬᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠷᠢᠯᠴᠠᠵᠤ ᠬᠡᠦᠬᠡᠨ ᠢᠶᠠᠨ ᠬᠠᠪᠰᠤᠷᠤᠨ ᠪᠢᠨ ᠾᠧ ᠶᠢᠨ ᠸᠠᠨ ᠱᠦᠢ ᠴᠢᠤᠸᠠᠨ ᠪᠠᠭ᠎ᠠ ᠰᠤᠷᠭᠠᠭᠤᠯᠢ ᠳᠤ ᠣᠴᠢᠵᠤ ᠰᠤᠷᠤᠯᠴᠠᠭᠤᠯᠬᠤ ᠶᠢ ᠬᠦᠰᠡᠪᠡ᠃ ᠲᠣᠭᠤᠷᠢᠭ ᠤᠨ ᠵᠡᠮᠳᠡᠭᠴᠦᠳ ᠤᠨ ᠬᠤᠯᠪᠣᠭ᠎ᠠ ᠶᠢᠨ ᠬᠢᠨ ᠲᠡᠷᠡ ᠳᠠᠷᠤᠢ ᠳᠤᠨᠢ ᠯᠢᠦ ᠼᠠᠢ ᠫᠢᠩ ᠤᠨ ᠭᠡᠷ ᠲᠤ ᠬᠦᠷᠴᠦ ᠪᠠᠶᠢᠳᠠᠯ ᠢ ᠣᠶᠢᠯᠠᠭᠠᠵᠤ᠂ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠲᠠᠢ ᠢᠳᠡᠪᠬᠢᠲᠡᠢ ᠵᠣᠬᠢᠴᠠᠭᠤᠯᠵᠤ᠂ ᠡᠴᠦᠰ ᠲᠡᠭᠡᠨ ᠯᠢᠦ ᠼᠠᠢ ᠫᠢᠩ ᠥᠬᠢᠨ ᠪᠢᠨ ᠾᠧ ᠶᠢᠨ ᠸᠠᠨ ᠱᠦᠢ ᠴᠢᠤᠸᠠᠨ ᠪᠠᠭ᠎ᠠ ᠰᠤᠷᠭᠠᠭᠤᠯᠢ ᠳᠤ ᠠᠮᠵᠢᠯᠲᠠ ᠲᠠᠢ ᠰᠢᠯᠵᠢᠨ ᠬᠦᠷᠴᠦ ᠪᠢᠴᠢᠭ ᠦᠵᠡᠪᠡ᠃    ᠬᠡᠮᠡᠷᠯᠢᠭ ᠲᠤᠭ ᠳᠡᠭᠡᠷᠡᠬᠢ ᠦᠰᠦᠭ ᠨᠢᠭᠡᠪᠦᠷᠢ ᠨᠢ ᠴᠥᠮ ᠵᠡᠮᠳᠡᠭᠴᠦᠳ ᠤᠨ ᠲᠣᠭᠤᠷᠢᠭ ᠤᠨ ᠵᠡᠮᠳᠡᠭᠴᠦᠳ ᠤᠨ ᠬᠤᠯᠪᠣᠭ᠎ᠠ ᠶᠢᠨ ᠠᠵᠢᠯ ᠳᠤ ᠥᠭᠭᠦᠭᠰᠡᠨ ᠵᠥᠪᠰᠢᠶᠡᠷᠡᠯ ᠪᠠ ᠲᠠᠯᠠᠷᠬᠠᠯ ᠢ ᠠᠭᠤᠯᠵᠤ᠂ ᠨᠠᠩ ᠴᠤ ᠮᠠᠨ ᠤ ᠢᠷᠡᠭᠡᠳᠦᠶ ᠶᠢᠨ ᠠᠵᠢᠯ ᠤᠨ ᠲᠤᠬᠠᠶ ᠱᠠᠭᠠᠷᠳᠠᠯᠭ᠎ᠠ ᠪᠠ ᠬᠥᠳᠡᠯᠭᠡᠬᠦ ᠬᠦᠴᠦᠨ ᠢ ᠠᠭᠤᠯᠵᠤ᠂ ᠵᠡᠮᠳᠡᠭᠴᠦᠳ ᠤᠨ ᠲᠦᠷᠬᠦᠮᠰ ᠤᠨ ᠬᠠᠷᠢᠭᠤᠴᠠᠯᠭ᠎ᠠ ᠬᠦᠨᠳᠦ ᠶᠡᠭᠡ᠂ ᠡᠭᠦᠷᠭᠡ ᠢᠷᠠᠭᠤ ᠠᠯᠳᠠᠷᠲᠠᠶ ᠭᠡᠳᠡᠭ ᠢ ᠪᠢᠳᠡᠨ ᠳᠤ ᠰᠠᠨᠠᠭᠤᠯᠪᠠ᠃ ᠬᠤᠶᠢᠰᠢᠳᠠ ᠲᠣᠭᠤᠷᠢᠭ ᠤᠨ ᠵᠡᠮᠳᠡᠭᠴᠦᠳ ᠤᠨ ᠬᠤᠯᠪᠣᠭ᠎ᠠ ᠶᠢᠨ ᠬᠢᠨ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠵᠡᠮᠳᠡᠭᠴᠦᠳ ᠲᠤ ᠦᠢᠯᠡᠴᠢᠯᠡᠬᠦ ᠵᠣᠷᠢᠯᠲᠠ ᠶᠢᠨ ᠣᠶᠢᠯᠠᠭᠠᠭᠳᠠᠬᠤᠨ ᠢ ᠦᠷᠭᠦᠯᠵᠢᠯᠡᠨ ᠪᠠᠷᠢᠮᠲᠠᠯᠠᠵᠤ᠂ ᠨᠡᠩ ᠤᠯᠠᠨ ᠵᠡᠮᠳᠡᠭᠴᠦᠳ ᠲᠤ ᠬᠠᠪᠰᠤᠷᠤᠯᠭ᠎ᠠ ᠳᠡᠮᠵᠢᠯᠭᠡ ᠦᠵᠡᠭᠦᠯᠵᠦ᠂ ᠲᠡᠳᠡᠨ ᠳᠤ ᠨᠡᠶᠢᠭᠡᠮ ᠤᠨ ᠬᠠᠶᠢᠷ᠎ᠠ ᠬᠠᠯᠠᠮᠵᠢ ᠶᠢ ᠬᠦᠷᠲᠡᠭᠡᠨ᠎ᠡ᠃
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号