ᠵᠢᠥ ᠶᠤᠸᠠᠨ ᠲᠣᠭᠤᠷᠢᠭ ᠤᠨ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢᠨ ᠦᠢᠯᠡᠴᠢᠯᠡᠭᠡᠨ ᠤ ᠲᠥᠪ ᠲᠣᠰᠬᠤᠨ ᠤ ᠬᠠᠮᠲᠤ ᠶᠢᠨ ᠠᠵᠤ ᠠᠬᠤᠢ ᠶᠢᠨ ᠬᠥᠭᠵᠢᠯᠲᠡ ᠳᠤ ᠤᠨᠢᠨ ᠳᠡᠭᠡᠷ᠎ᠡ ᠨᠢ ᠦᠢᠯᠡᠴᠢᠯᠡᠪᠡ
ᠨᠡᠶᠢᠲᠡᠯᠡᠭᠰᠡᠨ ᠴᠠᠭ᠄
2024/9/10
    9 ᠰᠠᠷ᠎ᠠ ᠶᠢᠨ 5 ᠤ ᠡᠳᠦᠷ ᠤᠨ ᠦᠳᠡ ᠶᠢᠨ ᠡᠮᠦᠨ᠎ᠡ᠂ ᠵᠢᠥ ᠶᠤᠸᠠᠨ ᠲᠣᠭᠤᠷᠢᠭ ᠤᠨ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢᠨ ᠦᠢᠯᠡᠴᠢᠯᠡᠭᠡᠨ ᠤ ᠲᠥᠪ ᠤᠨ ᠡᠷᠬᠢᠯᠡᠭᠴᠢ ᠪᠦᠷᠭᠦᠳ ᠪᠤᠭᠤᠲᠤ ᠬᠤᠳᠠ ᠶᠢᠨ ᠰᠢᠶᠠᠩ ᠲᠢᠶᠠᠨ ᠠᠮᠤ ᠲᠤᠰᠤ ᠬᠤᠳᠠᠯᠳᠤᠨ ᠠᠪᠴᠤ ᠪᠣᠷᠣᠯᠠᠭᠤᠯᠬᠤ ᠲᠠᠷᠢᠶᠠᠴᠢᠨ ᠤ ᠲᠤᠰᠬᠠᠢ ᠬᠤᠷᠰᠢᠶ᠎ᠠ ᠳᠤ ᠬᠦᠷᠴᠦ ᠪᠠᠶᠢᠴᠠᠭᠠᠨ ᠰᠤᠳᠤᠯᠤᠯᠲᠠ ᠬᠢᠵᠡᠢ᠃ ᠶᠠᠷᠢᠯᠴᠠᠬᠤ ᠬᠤᠷᠠᠯ ᠳᠡᠭᠡᠷ᠎ᠡ᠂ ᠠᠵᠤ ᠠᠬᠤᠶᠢᠯᠠᠯ ᠤᠨ ᠣᠳᠣᠬᠠᠨ ᠳᠤ ᠲᠤᠯᠭᠠᠷᠠᠭᠰᠠᠨ ᠠᠰᠠᠭᠤᠳᠠᠯ ᠪᠠ ᠬᠦᠴᠢᠷᠳᠡᠯ ᠳᠤ ᠴᠢᠭᠯᠡᠭᠦᠯᠦᠨ᠂ ᠦᠢᠯᠡᠴᠢᠯᠡᠭᠡᠨ ᠤ ᠲᠥᠪ ᠠᠴᠠ ᠨᠠᠷᠢᠨ ᠣᠶᠢᠯᠠᠭᠠᠯᠲᠠ ᠪᠠ ᠲᠡᠮᠳᠡᠭᠯᠡᠯ ᠬᠢᠵᠦ᠂ 2 ᠵᠦᠢᠯ ᠤᠨ ᠵᠣᠬᠢᠴᠠᠭᠤᠯᠬᠤ ᠴᠢᠬᠤᠯᠠᠲᠠᠢ ᠠᠰᠠᠭᠤᠳᠠᠯ ᠢ ᠴᠤᠭᠯᠠᠭᠤᠯᠪᠠ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠪᠣᠯ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠴᠢᠬᠤᠯᠠ ᠬᠦᠴᠦᠨ ᠮᠥᠨ᠂ ᠬᠠᠷᠢᠨ ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠦᠢᠯᠡᠴᠢᠯᠡᠭᠡ ᠨᠢ ᠠᠵᠤ ᠠᠬᠤᠶᠢᠯᠠᠯ ᠢ ᠬᠠᠪᠰᠤᠷᠤᠨ ᠪᠡᠯᠡ ᠮᠥᠩᠭᠦ᠂ ᠮᠡᠷᠭᠡᠵᠢᠯ ᠪᠠ ᠬᠠᠮᠢᠶᠠᠷᠤᠯᠲᠠ ᠶᠢᠨ ᠲᠠᠯ᠎ᠠ ᠪᠠᠷ ᠬᠢ ᠳᠡᠮᠵᠢᠯᠭᠡ ᠠᠪᠴᠢᠷᠠᠬᠤ ᠪᠠᠷ ᠪᠠᠷᠠᠬᠤ ᠦᠭᠡᠢ ᠨᠡᠩ ᠴᠤ ᠠᠵᠤ ᠦᠢᠯᠡᠰ ᠤᠨ ᠲᠡᠰ ᠳᠡᠪᠰᠢᠬᠦ ᠶᠢ ᠠᠬᠢᠭᠤᠯᠬᠤ᠂ ᠰᠠᠭᠤᠷᠢ ᠲᠥᠬᠦᠭᠡᠷᠦᠮᠵᠢ ᠶᠢ ᠰᠠᠶᠢᠵᠢᠷᠠᠭᠤᠯᠬᠤ᠂ ᠰᠣᠶᠣᠯ ᠤᠨ ᠤᠯᠠᠮᠵᠢᠯᠠᠯ ᠢ ᠠᠬᠢᠭᠤᠯᠬᠤ ᠵᠡᠷᠭᠡ ᠤᠯᠠᠨ ᠲᠠᠯ᠎ᠠ ᠶᠢᠨ ᠦᠢᠯᠡᠳᠦᠯ ᠢ ᠪᠠᠳᠠᠷᠠᠭᠤᠯᠬᠤ ᠬᠡᠷᠡᠭᠲᠡᠢ᠃
C:\Users\Administrator\Desktop\图片333.jpg
    ᠳᠠᠷᠠᠭᠠᠴᠢ ᠶᠢᠨ ᠠᠯᠬᠤᠮ ᠳᠤ᠂ ᠵᠢᠥ ᠶᠤᠸᠠᠨ ᠲᠣᠭᠤᠷᠢᠭ ᠤᠨ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢᠨ ᠦᠢᠯᠡᠴᠢᠯᠡᠭᠡᠨ ᠤ ᠲᠥᠪ ᠡᠭᠦᠷᠭᠡ ᠴᠢᠳᠠᠪᠬᠢ ᠡᠭᠦᠷᠭᠡ ᠬᠠᠷᠢᠭᠤᠴᠠᠯᠭ᠎ᠠ ᠪᠠᠨ ᠦᠷᠭᠦᠯᠵᠢᠯᠡᠨ ᠪᠠᠳᠠᠷᠠᠭᠤᠯᠵᠤ᠂ ︽ᠠᠰᠠᠷᠠᠭᠴᠢ ᠮᠠᠶ᠋ᠢᠭ︾ ᠤᠨ ᠦᠢᠯᠡᠴᠢᠯᠡᠭᠡ ᠪᠠᠷ ᠠᠵᠤ ᠠᠬᠤᠶᠢᠯᠠᠯ ᠤᠨ ᠵᠣᠪᠠᠨᠢᠯ ᠢ ᠰᠢᠢᠳᠪᠦᠷᠢᠯᠡᠵᠦ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠵᠣᠬᠢᠴᠠᠭᠤᠯᠤᠨ ᠰᠢᠢᠳᠪᠦᠷᠢᠯᠡᠵᠦ᠂ ᠪᠠᠶᠢᠳᠠᠯ ᠢ ᠴᠠᠭ ᠲᠤᠬᠠᠢ ᠳᠤᠨᠢ ᠠᠵᠤ ᠠᠬᠤᠶᠢᠯᠠᠯ ᠳᠤ ᠬᠠᠷᠢᠭᠤ ᠲᠤᠰᠬᠠᠵᠤ᠂ ᠠᠵᠤ ᠠᠬᠤᠶᠢᠯᠠᠯ ᠤᠨ ᠶᠠᠰᠤ ᠴᠢᠨᠠᠷ ᠢ ᠳᠡᠭᠡᠭᠰᠢᠯᠡᠭᠦᠯᠵᠦ ᠂ ᠠᠵᠤ ᠠᠬᠤᠶᠢᠯᠠᠯ ᠤᠨ ᠬᠥᠭᠵᠢᠯᠲᠡ ᠳᠤ ᠪᠠᠲᠤ ᠴᠢᠩᠭ᠎ᠠ ᠪᠠᠲᠤᠯᠠᠭ᠎ᠠ ᠪᠠ ᠲᠤᠯᠭᠠᠭᠤᠷᠢᠯᠠᠯ ᠬᠠᠩᠭᠠᠨ᠎ᠠ᠃
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号