ᠠᠮᠤᠷ ᠲᠦᠪᠰᠢᠨ ᠤ ︽ᠰᠡᠷᠭᠡᠶᠢᠯᠡᠯᠲᠡ ᠶᠢᠨ ᠬᠡᠷᠡᠮ︾ ᠢ ᠬᠠᠮᠲᠤᠪᠠᠷ ᠪᠠᠶᠢᠭᠤᠯᠪᠠ
ᠨᠡᠶᠢᠲᠡᠯᠡᠭᠰᠡᠨ ᠴᠠᠭ᠄
2024/9/10
    ᠬᠠᠷᠢᠶᠠᠲᠤ ᠣᠷᠣᠨ ᠤ ᠡᠯ᠎ᠡ ᠡᠵᠡᠩᠨᠡᠯᠲᠡ ᠶᠢᠨ ᠲᠠᠯᠠᠪᠤᠷ ᠤᠨ ᠭᠠᠯ ᠤᠨᠲᠠᠷᠠᠭᠠᠬᠤ ᠠᠮᠤᠷ ᠲᠦᠪᠰᠢᠨ ᠤ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠥᠯᠥᠭᠡ᠂ 9 ᠰᠠᠷ᠎ᠠ ᠶᠢᠨ 7 ᠤ ᠡᠳᠦᠷ ᠤᠨ ᠦᠳᠡ ᠶᠢᠨ ᠡᠮᠦᠨ᠎ᠡ᠂ ᠬᠤᠷᠢᠨᠭᠡᠷ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠩᠭᠢ ᠪᠣᠯᠤᠨ ᠪᠠᠯᠭᠠᠰᠤᠨ ᠤ ᠭᠠᠯ ᠤᠨᠲᠠᠷᠠᠭᠠᠬᠤ ᠥᠷᠲᠡᠭᠡ ᠬᠠᠮᠲᠤᠷᠠᠨ ᠭᠠᠯ ᠤᠨᠲᠠᠷᠠᠭᠠᠬᠤ ᠠᠮᠤᠷ ᠲᠦᠪᠰᠢᠨ ᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃    ᠲᠣᠰ ᠤᠳᠠᠭᠠᠨ ᠤ ᠤᠬᠠᠭᠤᠯᠭ᠎ᠠ ᠨᠢ ᠭᠤᠤᠯᠳᠠᠭᠤ ᠬᠠᠷᠢᠶᠠᠲᠤ ᠣᠷᠣᠨ ᠤ ᠬᠡᠪᠴᠢᠶᠡᠨ ᠳᠠᠬᠢ ︽ᠶᠢᠰᠦᠨ ᠪᠠᠭ᠎ᠠ ᠲᠠᠯᠠᠪᠤᠷ︾ ᠲᠤ ᠴᠢᠭᠯᠡᠭᠦᠯᠦᠨ᠂ ᠬᠠᠤᠯᠢ ᠬᠡᠷᠡᠭᠵᠢᠭᠦᠯᠬᠦ ᠠᠩᠭᠢ ᠶᠢᠨ ᠭᠡᠰᠢᠭᠦᠨ ᠪᠠ ᠭᠠᠯ ᠤᠨᠲᠠᠷᠠᠭᠠᠬᠤ ᠠᠩᠭᠢ ᠶᠢᠨ ᠭᠡᠰᠢᠭᠦᠳ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠪᠠ ᠲᠠᠶᠢᠯᠪᠤᠷᠢᠯᠠᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ᠬᠤᠳᠠᠯᠳᠤᠭᠠᠴᠢᠨ ᠡᠷᠦᠬᠡ ᠳᠤ ᠭᠠᠯ ᠤᠨᠲᠠᠷᠠᠭᠠᠬᠤ ᠠᠮᠤᠷ ᠲᠦᠪᠰᠢᠨ ᠤ ᠮᠡᠳᠡᠯᠭᠡ ᠶᠢ ᠨᠠᠷᠢᠨ ᠲᠠᠨᠢᠯᠴᠠᠭᠤᠯᠵᠤ᠂ ᠭᠠᠯ ᠤᠨ ᠠᠶᠤᠯ ᠢ ᠰᠡᠷᠭᠡᠶᠢᠯᠡᠬᠦ᠂ ᠠᠩᠬᠠᠨ ᠤ ᠬᠤᠭᠤᠴᠠᠭᠠᠨ ᠤ ᠭᠠᠯ ᠤᠨ ᠠᠶᠤᠯ ᠢ ᠤᠨᠲᠠᠷᠠᠭᠠᠬᠤ ᠠᠷᠭ᠎ᠠ᠂ ᠭᠠᠯ ᠤᠨ ᠠᠶᠤᠯ ᠠᠴᠠ ᠠᠮᠢ ᠵᠢᠭᠤᠲᠠᠵᠤ ᠥᠪᠡᠷ ᠢ ᠪᠠᠨ ᠠᠪᠤᠷᠠᠬᠤ ᠤᠷ᠎ᠠ ᠮᠡᠷᠭᠡᠵᠢᠯ ᠵᠡᠷᠭᠡ ᠠᠭᠤᠯᠭ᠎ᠠ ᠶᠢ ᠬᠦᠯᠢᠴᠡᠩᠭᠦᠶ ᠪᠠᠷ ᠲᠠᠶᠢᠯᠪᠤᠷᠢᠯᠠᠭᠰᠠᠨ ᠪᠥᠭᠡᠳ ᠪᠣᠳᠠᠲᠤ ᠬᠡᠷᠡᠭ ᠤᠨ ᠵᠢᠱᠢᠶ᠎ᠡ ᠲᠠᠢ ᠪᠠᠨ ᠤᠶᠠᠯᠳᠤᠭᠤᠯᠤᠨ᠂ ᠭᠠᠯ ᠤᠨᠲᠠᠷᠠᠭᠠᠬᠤ ᠠᠮᠤᠷ ᠲᠦᠪᠰᠢᠨ ᠤ ᠴᠢᠬᠤᠯᠠ ᠴᠢᠨᠠᠷ ᠢ ᠴᠢᠬᠤᠯᠠᠴᠢᠯᠠᠭᠰᠠᠨ ᠪᠠᠶᠢᠨ᠎ᠠ᠃
C:\Users\Administrator\Desktop\图片111.jpg
    ᠡᠭᠦᠨ ᠤ ᠬᠠᠮᠲᠤ᠂ ᠭᠠᠯ ᠤᠨᠲᠠᠷᠠᠭᠠᠬᠤ ᠪᠠᠭᠠᠵᠢ ᠬᠡᠷᠡᠭᠰᠡᠯ ᠢ ᠬᠡᠷᠡᠭᠯᠡᠬᠦ ᠠᠷᠭ᠎ᠠ ᠶᠢ ᠨᠠᠩ ᠰᠢᠭᠤᠳ ᠣᠶᠢᠯᠠᠭᠠᠬᠤ ᠶᠢᠨ ᠲᠥᠯᠥᠭᠡ᠂ ᠭᠠᠯ ᠤᠨᠲᠠᠷᠠᠭᠠᠬᠤ ᠭᠡᠰᠢᠭᠦᠳ ᠪᠠᠰᠠ ᠭᠠᠯ ᠤᠨᠲᠠᠷᠠᠭᠠᠬᠤ ᠪᠠᠭᠠᠵᠢ ᠬᠡᠷᠡᠭᠰᠡᠯ ᠤᠨ ᠦᠵᠡᠭᠦᠯᠦᠯᠭᠡ ᠬᠢᠵᠦ᠂ ᠭᠠᠯ ᠤᠨᠲᠠᠷᠠᠭᠠᠭᠤᠷ ᠢ ᠵᠥᠪ ᠬᠡᠷᠡᠭᠯᠡᠬᠦ᠂ ᠭᠠᠯ ᠤᠨᠲᠠᠷᠠᠭᠠᠬᠤ ᠭᠤᠤᠷᠰᠤ ᠶᠢ ᠠᠵᠢᠯᠯᠠᠭᠤᠯᠬᠤ ᠵᠡᠷᠭᠡ ᠠᠷᠭ᠎ᠠ ᠶᠢ ᠡᠯ᠎ᠡ ᠬᠤᠳᠠᠯᠳᠤᠭᠠᠨ ᠤ ᠡᠷᠦᠬᠡ ᠳᠤ ᠡᠵᠡᠩᠨᠡᠯᠲᠡ ᠶᠢᠨ ᠶᠠᠪᠤᠴᠠ ᠳᠤ ᠭᠠᠯ ᠤᠨᠲᠠᠷᠠᠭᠠᠬᠤ ᠠᠮᠤᠷ ᠲᠦᠪᠰᠢᠨ ᠤ ᠤᠬᠠᠮᠰᠠᠷ ᠢᠶᠠᠨ ᠳᠡᠭᠡᠭᠰᠢᠯᠡᠭᠦᠯᠵᠦ᠂ ᠤᠷᠢᠳᠴᠢᠯᠠᠨ ᠰᠡᠷᠭᠡᠶᠢᠯᠡᠬᠦ ᠬᠡᠷᠡᠭᠲᠡᠶ ᠭᠡᠵᠦ ᠰᠠᠨᠠᠭᠤᠯᠪᠠ᠃
C:\Users\Administrator\Desktop\图片222.jpg
    ᠲᠣᠰ ᠤᠳᠠᠭᠠᠨ ᠤ ᠭᠠᠯ ᠤᠨᠲᠠᠷᠠᠭᠠᠬᠤ ᠠᠮᠤᠷ ᠲᠦᠪᠰᠢᠨ ᠤ ᠤᠬᠠᠭᠤᠯᠭ᠎ᠠ ᠶᠢᠨ ᠠᠵᠢᠯᠯᠠᠭ᠎ᠠ ᠳᠤ ᠨᠡᠶᠢᠲᠡ 100 ᠭᠠᠷᠤᠶ ᠬᠤᠪᠢ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠪᠠ᠃ ᠵᠠᠯᠭᠠᠭᠠᠳ᠂ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠩᠭᠢ ᠦᠷᠭᠦᠯᠵᠢᠯᠡᠨ ᠪᠠᠯᠭᠠᠰᠤᠨ ᠤ ᠭᠠᠯ ᠤᠨᠲᠠᠷᠠᠭᠠᠬᠤ ᠥᠷᠲᠡᠭᠡ ᠲᠠᠢ ᠬᠤᠯᠪᠣᠭᠠᠯᠠᠨ ᠭᠠᠯ ᠤᠨᠲᠠᠷᠠᠭᠠᠬᠤ ᠠᠮᠤᠷ ᠲᠦᠪᠰᠢᠨ ᠤ ᠤᠬᠠᠭᠤᠯᠭ᠎ᠠ ᠶᠢᠨ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠵᠦ᠂ ᠠᠮᠤᠷ ᠲᠦᠪᠰᠢᠨ ᠢ ᠬᠦᠴᠦᠯᠡᠨ ᠬᠠᠮᠠᠭᠠᠯᠠᠵᠤ᠂ ᠠᠮᠤᠷ ᠲᠦᠪᠰᠢᠨ᠂ ᠲᠣᠭᠲᠠᠭᠤᠨ ᠪᠠᠯᠭᠠᠰᠤᠨ ᠤ ᠣᠷᠴᠢᠨ ᠲᠣᠭᠤᠷᠢᠨ ᠢ ᠪᠣᠶ ᠪᠣᠯᠭᠠᠬᠤ ᠳᠤ ᠪᠠᠲᠤ ᠪᠠᠬᠢ ᠰᠠᠭᠤᠷᠢ ᠶᠢ ᠲᠠᠯᠪᠢᠬᠤ ᠪᠣᠯᠤᠨ᠎ᠠ᠃
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号