ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠤᠨ ᠥᠪᠡᠷᠲᠡᠭᠡᠨ ᠨᠢᠭᠡᠳᠬᠡᠭᠰᠡᠨ ᠲᠤᠭ᠎ᠠ ᠪᠠᠷᠢᠮᠲᠠ ᠶᠢ | ᠦᠨᠳᠦᠰᠦᠯᠡᠪᠡᠯ᠂ ᠵᠢᠥ ᠶᠤᠸᠠᠨ ᠲᠣᠭᠤᠷᠢᠭ ᠤᠨ 1-8 ᠰᠠᠷ᠎ᠠ ᠳᠤ ᠬᠠᠷᠢᠶ᠎ᠠ ᠭᠠᠵᠠᠷ ᠤᠨ ᠠᠵᠤ ᠠᠬᠤᠶᠢᠯᠠᠯ ᠤᠨ | ᠭᠠᠳᠠᠭᠠᠳᠤ ᠠᠷᠠᠯᠵᠢᠶᠠᠨ ᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠲᠤᠭ᠎ᠠ 83750.86 | ᠲᠦᠮᠡᠨ ᠲᠥᠭᠦᠷᠢᠭ ᠢ ᠪᠡᠶᠡᠯᠡᠭᠦᠯᠵᠦ᠂ ᠪᠥᠬᠦ ᠵᠢᠯ ᠤᠨ ᠡᠭᠦᠷᠭᠡ ᠪᠠᠨ ᠪᠡᠶᠡᠯᠡᠭᠦᠯᠦᠭᠰᠡᠨ ᠨᠣᠷᠮ᠎ᠠ 83.75% ᠳᠤ | ᠬᠦᠷᠴᠦ᠂ ᠭᠠᠳᠠᠭᠠᠳᠤ ᠠᠴᠠ ᠣᠷᠣᠭᠤᠯᠤᠭᠰᠠᠨ ᠲᠤᠭ᠎ᠠ ᠬᠡᠮᠵᠢᠶ᠎ᠡ 19621.3283 ᠲᠦᠮᠡᠨ ᠲᠥᠭᠦᠷᠢᠭ᠂ | ᠭᠠᠳᠠᠭᠠᠳᠤ ᠳᠤ ᠭᠠᠷᠭᠠᠭᠰᠠᠨ ᠲᠤᠭ᠎ᠠ 64129.53 ᠲᠦᠮᠡᠨ ᠲᠥᠭᠦᠷᠢᠭ ᠲᠤ ᠬᠦᠷᠴᠡᠶ᠃ ᠡᠭᠦᠨ ᠳᠤ ᠱᠧᠨ | ᠬᠤᠸᠠ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ ᠺᠣᠮᠫᠠᠨᠢ 44953.76 ᠲᠦᠮᠡᠨ ᠲᠥᠭᠦᠷᠢᠭ ᠢ | ᠪᠡᠶᠡᠯᠡᠭᠦᠯᠵᠦ᠂ ᠭᠤᠣᠯᠳᠠᠭᠤ ᠯᠠᠲ᠋ᠢᠨ ᠠᠮᠧᠷᠢᠺᠠ᠂ ᠵᠡᠭᠦᠨ ᠡᠮᠦᠨᠡᠲᠦ ᠠᠽᠢᠶ᠎ᠠ ᠵᠡᠷᠭᠡ ᠭᠠᠵᠠᠷ ᠣᠷᠣᠨ ᠳᠤ ᠭᠠᠷᠭᠠᠵᠤ᠂ | ᠠᠳᠠᠯᠢ ᠬᠤᠭᠤᠴᠠᠭᠠᠨ ᠤ ᠬᠢ ᠠᠴᠠ 50.4% ᠪᠠᠷ ᠨᠡᠮᠡᠭᠳᠡᠪᠡ︔ ᠬᠤᠸᠠ ᠭᠤᠸᠠᠩ ᠲᠡᠮᠦᠷᠯᠢᠭ ᠤᠨ ᠬᠢᠵᠠᠭᠠᠷᠲᠤ | ᠺᠣᠮᠫᠠᠨᠢ 1601.42 ᠲᠦᠮᠡᠨ ᠲᠥᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 26% ᠪᠠᠷ | ᠨᠡᠮᠡᠭᠳᠡᠨ᠂ ᠭᠤᠤᠯᠳᠠᠭᠤ ᠲᠠᠶᠢᠸᠠᠨ᠂ ᠺᠣᠷᠢᠶᠠ᠂ ᠡᠨᠡᠳᠬᠡᠭ᠂ ᠰᠯᠤᠸᠧᠨᠢᠶ᠎ᠠ ᠵᠡᠷᠭᠡ ᠭᠠᠵᠠᠷ ᠣᠷᠣᠨ ᠤ | ᠤᠯᠤᠰ ᠤᠳ ᠲᠤ ᠭᠠᠷᠭᠠᠵᠤ ᠪᠠᠶᠢᠨ᠎ᠠ︔ ᠪᠤᠭᠤᠲᠤ ᠬᠤᠲᠠ ᠶᠢᠨ ᠵᠢᠩ ᠬᠤᠸᠠ ᠲᠡᠮᠦᠷᠯᠢᠭ ᠺᠠᠯᠼ ᠤᠨ ᠦᠢᠯᠡᠰ ᠤᠨ | ᠬᠢᠵᠠᠭᠠᠷᠲᠤ ᠬᠠᠷᠢᠭᠤᠴᠠᠯᠭᠠᠲᠤ ᠺᠣᠮᠫᠠᠨᠢ 525 ᠲᠦᠮᠡᠨ ᠲᠥᠭᠦᠷᠢᠭ ᠢ ᠪᠡᠶᠡᠯᠡᠭᠦᠯᠵᠦ᠂ ᠠᠳᠠᠯᠢ | ᠬᠤᠭᠤᠴᠠᠭᠠᠨ ᠤ ᠬᠢ ᠠᠴᠠ 129% ᠪᠠᠷ ᠨᠡᠮᠡᠭᠳᠡᠨ᠂ ᠭᠤᠤᠯᠳᠠᠭᠤ ᠶᠠᠫᠣᠨ ᠳᠤ ᠭᠠᠷᠭᠠᠨ᠎ᠠ᠃ | ᠲᠠᠷᠠᠭᠠᠴᠢ ᠶᠢᠨ ᠠᠯᠬᠤᠮ ᠳᠤ᠂ ᠲᠤᠭᠤᠷᠢᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠭᠠᠳᠠᠭᠰᠢ | ᠴᠢᠭᠯᠡᠭᠦᠯᠦᠭᠰᠡᠨ ᠠᠵᠤ ᠠᠬᠤᠶ ᠶᠢᠨ ᠦᠢᠯᠡᠴᠢᠯᠡᠭᠡ ᠶᠢ ᠦᠷᠭᠦᠯᠵᠢᠯᠡᠨ ᠰᠠᠶᠢᠲᠤᠷ ᠬᠢᠵᠦ᠂ ᠭᠠᠳᠠᠭᠠᠳᠤ | ᠠᠷᠠᠯᠵᠢᠶᠠᠨ ᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠲᠤᠬᠠᠶᠢᠯᠠᠭᠰᠠᠨ ᠠᠵᠢᠯ ᠢ ᠬᠥᠲᠥᠯᠦᠨ | ᠵᠢᠯᠣᠭᠤᠳᠴᠤ ᠵᠣᠷᠢᠭᠵᠢᠭᠤᠯᠵᠤ᠂ ᠠᠷᠠᠯᠵᠢᠶᠠᠨ ᠤ ᠬᠡᠪᠴᠢᠶ᠎ᠡ ᠶᠢ ᠥᠷᠭᠡᠳᠬᠡᠨ᠎ᠡ᠃ ᠬᠠᠷᠢᠶ᠎ᠠ ᠣᠷᠣᠨ ᠤ ᠠᠵᠤ | ᠠᠬᠤᠶᠢᠯᠠᠯ ᠢ ᠵᠣᠬᠢᠶᠠᠨ ᠪᠠᠶᠢᠭᠤᠯᠤᠨ ᠡᠯ᠎ᠡ ᠲᠥᠷᠥᠯ ᠤᠨ ᠦᠵᠡᠰᠬᠦᠯᠡᠩ ᠤᠨ ᠲᠠᠪᠴᠠᠩ ᠢ ᠭᠦᠢᠴᠡᠳ ᠠᠰᠢᠭᠯᠠᠵᠤ᠂ | ᠭᠠᠳᠠᠭᠠᠳᠤ ᠠᠷᠠᠯᠵᠢᠶᠠᠨ ᠤ ᠬᠦᠷᠢᠶ᠎ᠡ ᠴᠠᠷᠠᠭ᠎ᠠ ᠶᠢ ᠲᠠᠰᠤᠷᠠᠯᠲᠠ ᠥᠬᠡᠶ ᠥᠷᠭᠡᠳᠬᠡᠨ᠂ ᠲᠥᠷᠥ ᠶᠢᠨ ᠪᠣᠳᠣᠯᠭ᠎ᠠ ᠶᠢᠨ | ᠰᠤᠷᠤᠯᠴᠠᠯᠭ᠎ᠠ ᠶᠢ ᠴᠢᠩᠭᠠᠳᠬᠠᠵᠤ᠂ ᠳᠣᠲᠣᠭᠠᠳᠤ ᠠᠷᠠᠯᠵᠢᠶᠠᠨ ᠤ ᠠᠵᠤ ᠠᠬᠤᠶᠢᠯᠠᠯ ᠤᠨ ᠭᠠᠳᠠᠭᠠᠳᠤ ᠠᠷᠠᠯᠵᠢᠶᠠᠨ ᠤ | ᠲᠤᠬᠠᠶᠢᠯᠠᠭᠰᠠᠨ ᠠᠵᠢᠯ ᠢᠶᠠᠨ ᠥᠷᠭᠡᠳᠬᠡᠨ᠂ ᠣᠯᠠᠨ ᠤᠯᠤᠰ ᠤᠨ ᠵᠠᠬ᠎ᠠ ᠳᠡᠯᠭᠡᠭᠦᠷ ᠢ ᠨᠡᠭᠡᠭᠡᠬᠦ ᠶᠢ ᠵᠣᠷᠢᠭᠵᠢᠭᠤᠯᠤᠨ᠎ᠠ | ᠃ |