ᠮᠠᠨ ᠤ ᠪᠠᠯᠭᠠᠰᠤᠨ ᠤ ᠣᠶ ᠰᠢᠭᠤᠶ ᠶᠢᠨ ᠳᠠᠷᠤᠭ᠎ᠠ ᠶᠢᠨ ᠲᠦᠷᠢᠮ ᠤᠨ ᠰᠢᠢᠳᠪᠦᠷᠢᠲᠦ ᠪᠣᠳᠣᠯᠭ᠎ᠠ ᠶᠢᠨ | ᠪᠠᠶᠢᠷᠢᠯᠠᠭᠤᠯᠤᠯᠲᠠ ᠶᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠬᠤ ᠶᠢᠨ ᠲᠥᠯᠥᠭᠡ᠂ ᠣᠶᠢᠷ᠎ᠠ ᠳᠤ᠂ | ᠬᠤᠶᠠᠷᠬᠤᠳᠳᠤᠭ ᠪᠠᠯᠭᠠᠰᠤ ᠣᠶ ᠰᠢᠭᠤᠶ ᠶᠢᠨ ᠳᠠᠷᠤᠭ᠎ᠠ ᠶᠢᠨ ᠲᠦᠷᠢᠮ ᠤᠨ ᠠᠵᠢᠯ ᠤᠨ ᠬᠤᠷᠠᠯ ᠬᠤᠷᠠᠯᠳᠤᠭᠤᠯᠵᠤ᠂ | ᠪᠥᠬᠦ ᠪᠠᠯᠭᠠᠰᠤᠨ ᠤ ᠳᠡᠭᠡᠳᠦ ᠳᠣᠤᠷᠠᠳᠤ ᠱᠠᠲᠤ ᠶᠢ ᠳᠠᠶᠢᠴᠢᠯᠠᠨ ᠦᠵᠡᠯ ᠰᠠᠨᠠᠭ᠎ᠠ ᠪᠠᠨ ᠨᠢᠭᠡᠳᠬᠡᠵᠦ᠂ ᠢᠲᠡᠭᠡᠯ | ᠵᠣᠷᠢᠭ ᠢᠶᠠᠨ ᠪᠠᠲᠤᠳᠬᠠᠨ᠂ ᠣᠶ ᠰᠢᠭᠤᠶ ᠶᠢᠨ ᠳᠠᠷᠤᠭ᠎ᠠ ᠶᠢᠨ ᠲᠦᠷᠢᠮ ᠤᠨ ᠠᠵᠢᠯ ᠢ ᠪᠥᠬᠦ ᠪᠠᠯᠭᠠᠰᠤᠨ ᠳᠤ | ᠨᠠᠶᠢᠳᠠᠪᠤᠷᠢᠵᠢᠭᠤᠯᠬᠤ ᠶᠢ ᠠᠬᠢᠭᠤᠯᠪᠠ᠃ | | | | | ᠬᠤᠷᠠᠯ ᠳᠡᠭᠡᠷ᠎ᠡ᠂ ᠪᠥᠬᠦ ᠬᠥᠮᠦᠰ ᠥᠪᠥᠷ ᠮᠣᠩᠭᠤᠯ ᠤᠨ ᠣᠶ ᠰᠢᠭᠤᠶ ᠨᠤᠲᠤᠭ ᠪᠡᠯᠴᠢᠭᠡᠷ ᠤᠨ ᠠᠮᠢ | ᠠᠬᠤᠶ ᠶᠢᠨ ᠰᠢᠰᠲ᠋ᠧᠮ ᠤᠨ ᠲᠣᠭᠠᠴᠢᠯᠠᠭᠰᠠᠨ ᠬᠢᠨᠠᠯᠲᠠ ᠬᠠᠮᠢᠶᠠᠷᠤᠯᠲᠠ ᠬᠢᠭᠡᠳ ᠦᠢᠯᠡᠴᠢᠯᠡᠭᠡᠨ ᠤ ᠲᠠᠪᠴᠠᠩ ᠤᠨ | ᠪᠣᠯᠪᠠᠰᠤᠷᠠᠭᠤᠯᠤᠯ ᠤᠨ ᠸᠢᠳᠢᠣ᠋ ᠶᠢ ᠦᠵᠡᠭᠰᠡᠨ ᠪᠥᠭᠡᠳ ᠣᠶ ᠰᠢᠭᠤᠶ ᠶᠢᠨ ᠳᠠᠷᠤᠭ᠎ᠠ ᠶᠢᠨ ᠲᠦᠷᠢᠮ ᠤᠨ APP | ᠵᠢᠴᠢ ᠲᠣᠭᠤᠷᠢᠨ ᠬᠠᠮᠠᠭᠠᠯᠠᠵᠤ ᠬᠢᠨᠠᠨ ᠬᠠᠮᠢᠶᠠᠷᠬᠤ APP ᠶᠢᠨ ᠲᠤᠬᠠᠶ ᠰᠤᠷᠤᠯᠴᠠᠪᠠ᠃ | ᠬᠤᠷᠠᠯ ᠠᠴᠠ᠂ ᠪᠦᠬᠦ ᠪᠠᠯᠭᠠᠰᠤᠨ ᠤ ᠬᠥᠮᠦᠰ ᠲᠠᠨᠢᠯᠲᠠ ᠪᠠᠨ ᠳᠡᠭᠡᠭᠰᠢᠯᠡᠭᠦᠯᠵᠦ᠂ ᠠᠮᠢ ᠠᠬᠤᠢ ᠶᠢᠨ | ᠪᠣᠯᠪᠠᠰᠤᠨ ᠤ ᠪᠠᠶᠢᠭᠤᠯᠤᠯᠲᠠ ᠶᠢᠨ ᠳᠤᠮᠳᠠ ᠢᠳᠡᠪᠬᠢᠲᠡᠢ ᠠᠵᠢᠯᠯᠠᠵᠤ᠂ ᠤᠢ ᠰᠢᠭᠤᠢ ᠶᠢᠨ ᠠᠵᠢᠯ ᠪᠣᠯ ᠪᠦᠬᠦ | ᠪᠠᠯᠭᠠᠰᠤᠨ ᠤ ᠠᠵᠤ ᠠᠬᠤᠢ ᠶᠢᠨ ᠬᠥᠭᠵᠢᠯᠲᠡ ᠶᠢᠨ ᠴᠢᠬᠤᠯᠠ ᠲᠠᠯ᠎ᠠ ᠪᠣᠯᠬᠤ ᠶᠢ ᠭᠦᠨᠵᠡᠭᠡᠢ ᠲᠠᠨᠢᠬᠤ ᠬᠡᠷᠡᠭᠲᠡᠢ᠃ | ᠡᠯ᠎ᠡ ᠱᠠᠲᠤᠨ ᠤ ᠣᠶ ᠰᠢᠭᠤᠶ ᠶᠢᠨ ᠳᠠᠷᠤᠭ᠎ᠠ ᠬᠠᠷᠢᠭᠤᠴᠠᠯᠭ᠎ᠠ ᠪᠠᠨ ᠲᠣᠳᠣᠷᠬᠠᠶᠢᠯᠠᠵᠤ᠂ ᠣᠶ ᠰᠢᠭᠤᠶ ᠶᠢᠨ | ᠳᠠᠷᠤᠭ᠎ᠠ ᠶᠢᠨ ᠲᠦᠷᠢᠮ ᠢ ᠨᠠᠶᠢᠳᠠᠪᠤᠷᠢᠵᠢᠭᠤᠯᠬᠤ ᠠᠵᠢᠯ ᠤᠨ ᠳᠤᠮᠳᠠ ᠡᠭᠦᠷᠭᠡ ᠴᠢᠳᠠᠪᠤᠷᠢ ᠶᠢᠨ ᠦᠢᠯᠡᠳᠦᠯ ᠢᠶᠠᠨ | ᠭᠦᠢᠴᠡᠳ ᠪᠠᠳᠠᠷᠠᠭᠤᠯᠵᠤ᠂ ᠣᠶ ᠰᠢᠭᠤᠶ ᠶᠢᠨ ᠳᠠᠷᠤᠭ᠎ᠠ ᠶᠢᠨ ᠡᠭᠦᠷᠭᠡ ᠬᠠᠷᠢᠭᠤᠴᠠᠯᠭ᠎ᠠ ᠶᠢ ᠦᠨᠡᠨ ᠬᠦ ᠡᠭᠦᠷᠭᠡᠯᠡᠵᠦ᠂ | ᠣᠶ ᠰᠢᠭᠤᠶ ᠶᠢᠨ ᠳᠠᠷᠤᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠵᠦ᠂ ᠣᠶ ᠰᠢᠭᠤᠶ ᠶᠢᠨ ᠬᠥᠭᠵᠢᠯᠲᠡ᠂ ᠬᠠᠮᠢᠶᠠᠷᠤᠯᠲᠠ | ᠂ ᠬᠠᠮᠢᠶᠠᠷᠤᠯᠲᠠ ᠬᠠᠮᠠᠭᠠᠯᠠᠯᠲᠠ ᠶᠢᠨ ᠡᠭᠦᠷᠭᠡ ᠶᠢ ᠦᠨᠡᠨ ᠬᠦ ᠡᠭᠦᠷᠭᠡᠯᠡᠵᠦ᠂ ᠴᠠᠭ ᠲᠤᠬᠠᠶ ᠳᠤᠨᠢ ᠨᠡᠪᠲᠡᠷᠡᠯᠴᠡᠵᠦ᠂ | ᠨᠢᠭᠲᠠ ᠬᠠᠮᠵᠢᠯᠴᠠᠨ᠂ ᠪᠥᠬᠦ ᠪᠠᠯᠭᠠᠰᠤᠨ ᠤ ᠣᠶ ᠰᠢᠭᠤᠶ ᠶᠢᠨ ᠳᠠᠷᠤᠭ᠎ᠠ ᠶᠢᠨ ᠲᠦᠷᠢᠮ ᠤᠨ ᠠᠵᠢᠯ ᠢ ᠪᠣᠳᠠᠲᠠᠶ ᠳᠤ | ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠠᠬᠢᠭᠤᠯᠬᠤ ᠬᠡᠷᠡᠭᠲᠡᠶ᠃ |