ᠭᠡᠷ ᠬᠤᠷᠢᠶᠠᠯᠠᠯ ᠤᠨ ᠠᠵᠢᠯᠲᠠᠳ ᠤᠨ ᠦᠢᠯᠡᠴᠢᠯᠡᠭᠡᠨ ᠤ ᠬᠢᠷᠢ ᠲᠦᠪᠰᠢᠨ ᠪᠣᠯᠣᠨ ᠠᠵᠢᠯ ᠤᠨ ᠴᠢᠳᠠᠪᠤᠷᠢ ᠶᠢ | ᠪᠦᠬᠦ ᠲᠠᠯ᠎ᠠ ᠪᠠᠷ ᠳᠡᠭᠡᠭᠰᠢᠯᠡᠭᠦᠯᠬᠦ ᠶᠢᠨ ᠲᠤᠰᠠᠳᠠ᠂ ᠭᠡᠷ ᠬᠤᠷᠢᠶᠠᠯᠠᠯ ᠤᠨ ᠠᠵᠢᠯᠲᠠᠳ ᠤᠨ ︽ᠲᠤᠰᠬᠠᠢ ᠠᠵᠢᠯ ᠤᠨ | ᠪᠠᠶᠢᠷᠢ᠂ ᠲᠤᠰᠬᠠᠢ ᠴᠢᠳᠠᠪᠤᠷᠢ︾ ᠠᠴᠠ ︽ᠶᠡᠷᠦᠩᠬᠡᠢ ᠰᠠᠯᠠᠭ᠎ᠠ᠂ ᠪᠦᠷᠢᠨ ᠴᠢᠳᠠᠪᠤᠷᠢ︾ ᠲᠠᠢ ᠪᠠᠶᠢᠭᠰᠠᠨ ᠠᠴᠠ | ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡ ᠶᠢ ︽ᠪᠦᠷᠢᠨ ᠠᠵᠢᠯ ᠤᠨ ᠪᠠᠶᠢᠷᠢ ᠳᠤ ᠨᠡᠪᠲᠡᠷᠡᠭᠦᠯᠬᠦ︾ ᠶᠢ | ᠲᠦᠯᠬᠢᠨ ᠠᠬᠢᠭᠤᠯᠬᠤ ᠬᠡᠷᠡᠭᠲᠡᠢ᠃ 9 ᠰᠠᠷ᠎ᠠ ᠶᠢᠨ 9 ᠤ ᠡᠳᠦᠷ᠂ ᠯᠦ ᠶᠤᠸᠠᠨ ᠭᠡᠷ ᠬᠤᠷᠢᠶᠠᠯᠠᠯ᠂ ᠭᠡᠷ | ᠬᠤᠷᠢᠶᠠᠯᠠᠯ ᠤᠨ ᠪᠥᠬᠦ ᠠᠵᠢᠯᠲᠠᠳ ᠢ ᠵᠣᠬᠢᠶᠠᠨ ᠪᠠᠶᠢᠭᠤᠯᠤᠨ ︽ᠡᠨᠧᠷᠭᠢ ᠣᠯᠭᠤᠬᠤ - ᠬᠤᠤᠰ ᠴᠢᠭᠯᠡᠯ ᠢᠶᠠᠷ | ᠳᠡᠭᠡᠭᠰᠢᠯᠡᠭᠦᠯᠬᠦ︾ ᠠᠷᠠᠳ ᠲᠤ ᠲᠥᠬᠦᠮ ᠦᠵᠡᠭᠦᠯᠬᠦ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠢ ᠥᠷᠨᠢᠭᠦᠯᠪᠡ᠃ | | | | | ᠲᠣᠰ ᠤᠳᠠᠭᠠᠨ ᠤ ᠪᠣᠯᠪᠠᠰᠤᠷᠠᠭᠤᠯᠤᠯ ᠤᠨ ᠭᠤᠤᠯᠳᠠᠯᠭ᠎ᠠ ᠨᠢ ᠭᠤᠷᠪᠠᠨ ᠶᠠᠪᠤᠳᠠᠯ ᠢ ᠢᠯᠡ ᠪᠣᠯᠭᠠᠬᠤ᠂ ᠭᠡᠷ | ᠬᠤᠷᠢᠶᠠᠯᠠᠯ ᠤᠨ ᠰᠠᠷ᠎ᠠ ᠶᠢᠨ ᠥᠩᠭᠡᠷᠡᠯᠲᠡ᠂ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠠᠵᠢᠯ᠂ ᠪᠥᠬᠦ ᠤᠯᠤᠰ ᠤᠨ | ᠦᠨᠳᠦᠰᠦᠨ ᠱᠠᠲᠤᠨ ᠤ ᠵᠠᠰᠠᠭ ᠤᠨ ᠡᠷᠬᠡ ᠶᠢᠨ ᠪᠠᠶᠢᠭᠤᠯᠤᠯᠲᠠ ᠪᠠ ᠭᠡᠷ ᠬᠤᠷᠢᠶᠠᠯᠠᠯ ᠤᠨ ᠵᠠᠰᠠᠯᠲᠠ ᠶᠢᠨ ᠮᠡᠳᠡᠭᠡ | ᠵᠠᠩᠭᠢ ᠶᠢᠨ ᠰᠢᠰᠲ᠋ᠧᠮ ᠵᠡᠷᠭᠡ ᠲᠤᠬᠠᠶᠢᠯᠠᠭᠰᠠᠨ ᠠᠵᠢᠯ ᠤᠨ ᠲᠣᠭᠤᠷᠢᠨ ᠳᠤ ᠨᠠᠷᠢᠨ ᠲᠠᠶᠢᠯᠤᠮᠵᠢ ᠬᠢᠪᠠ᠃ ᠡᠭᠦᠨ ᠤ | ᠬᠠᠮᠲᠤ ᠲᠤᠬᠠᠶ ᠶᠢᠨ ᠲᠠᠯᠠᠪᠤᠷ ᠲᠤ ᠣᠯᠠᠨ ᠤ ᠰᠡᠵᠢᠭ ᠢ ᠬᠠᠷᠢᠭᠤᠯᠵᠤ᠂ ᠭᠡᠷ ᠬᠤᠷᠢᠶᠠᠯᠠᠯ ᠤᠨ ᠠᠵᠢᠯᠲᠠᠳ ᠤᠨ | ᠣᠯᠠᠨ ᠲᠦᠮᠡᠨ ᠳᠤ ᠴᠠᠭ ᠲᠤᠬᠠᠶ ᠳᠤᠨᠢ᠂ ᠣᠨᠣᠪᠴᠢᠲᠠᠶ ᠠᠰᠠᠭᠤᠨ ᠯᠠᠪᠯᠠᠬᠤ ᠦᠢᠯᠡᠴᠢᠯᠡᠭᠡ ᠬᠠᠩᠭᠠᠬᠤ ᠶᠢ ᠦᠨᠡᠨᠬᠦ | ᠪᠠᠲᠤᠯᠠᠵᠤ᠂ ᠰᠠᠭᠤᠭᠠᠯᠢ ᠠᠷᠠᠳ ᠤᠨ ᠲᠤᠬᠠᠶᠢᠯᠠᠭᠰᠠᠨ ᠠᠵᠢᠯ ᠢ ᠥᠨᠳᠥᠷ ᠪᠦᠲᠦᠮᠵᠢᠲᠡᠶ ᠪᠠᠷ ᠭᠦᠢᠴᠡᠳᠬᠡᠨ᠎ᠡ᠃ | ᠲᠣᠰ ᠤᠳᠠᠭᠠᠨ ᠤ ︽ᠡᠨᠧᠷᠭᠢ ᠣᠯᠭᠤᠬᠤ - ᠬᠤᠤᠰ ᠴᠢᠭᠯᠡᠯ ᠢᠶᠠᠷ ᠳᠡᠭᠡᠭᠰᠢᠯᠡᠭᠦᠯᠬᠦ︾ ᠲᠤᠬᠠᠶᠢᠯᠠᠭᠰᠠᠨ | ᠠᠵᠢᠯ ᠤᠨ ᠪᠣᠯᠪᠠᠰᠤᠷᠠᠭᠤᠯᠤᠯ ᠨᠢ ᠭᠡᠷ ᠬᠤᠷᠢᠶᠠᠯᠠᠯ ᠤᠨ ᠠᠵᠢᠯᠲᠠᠨ ᠳᠤ ᠬᠠᠷᠢᠯᠴᠠᠨ ᠳᠤᠲᠠᠭᠤᠳᠠᠯ ᠢ ᠨᠥᠬᠦᠪᠥᠷᠢᠯᠡᠵᠦ | ᠂ ᠪᠦᠷᠢᠨ ᠴᠢᠳᠠᠪᠤᠷᠢ ᠶᠢ ᠰᠢᠯᠵᠢᠭᠦᠯᠦᠨ ᠥᠭᠴᠦ᠂ ᠲᠣᠰ ᠪᠡᠶ᠎ᠡ ᠶᠢᠨ ᠬᠡᠪ ᠴᠢᠨᠠᠷ ᠢ ᠳᠡᠭᠡᠭᠰᠢᠯᠡᠭᠦᠯᠦᠨ᠂ | ᠦᠢᠯᠡᠴᠢᠯᠡᠭᠡᠨ ᠤ ᠤᠬᠠᠮᠰᠠᠷ ᠢ ᠪᠠᠲᠤ ᠪᠠᠬᠢ ᠪᠣᠶ ᠪᠣᠯᠭᠠᠵᠤ᠂ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢ ᠡᠵᠡᠮᠰᠢᠨ᠂ | ᠰᠠᠭᠤᠭᠠᠯᠢ ᠠᠷᠠᠳ ᠲᠤ ᠬᠦᠴᠢᠷ ᠲᠦᠪᠡᠭᠲᠡᠶ ᠠᠰᠠᠭᠤᠳᠠᠯ ᠢ ᠨᠠᠩ ᠨᠠᠷᠢᠨ ᠨᠢᠮᠪᠠᠶ ᠬᠠᠷᠢᠭᠤᠯᠵᠤ᠂ ᠨᠠᠩ ᠣᠯᠠᠨ | ᠰᠠᠭᠤᠭᠠᠯᠢ ᠠᠷᠠᠳ ᠲᠤ ᠠᠰᠢᠭ ᠬᠦᠷᠲᠡᠭᠡᠨ᠎ᠡ᠃ |