ᠵᠠᠮ ᠤᠨ ᠠᠮᠤᠷ ᠲᠦᠪᠰᠢᠨ ᠤ ᠬᠢᠷᠢ ᠲᠦᠪᠰᠢᠨ ᠢ ᠳᠡᠭᠡᠭᠰᠢᠯᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠦᠲᠦᠭᠡᠨ ᠪᠠᠶᠢᠭᠤᠯᠤᠯᠲᠠ ᠳᠤ ᠬᠦᠴᠦᠨ ᠨᠡᠮᠡᠷᠢᠯᠡᠪᠡ
ᠨᠡᠶᠢᠲᠡᠯᠡᠭᠰᠡᠨ ᠴᠠᠭ᠄
2024/9/11
    2024 ᠣᠨ ᠳᠤ ᠬᠡᠷᠡᠭᠵᠢᠭᠦᠯᠦᠭᠰᠡᠨ ︽ᠵᠢᠥ ᠶᠤᠸᠠᠨ ᠲᠣᠭᠤᠷᠢᠭ ᠤᠨ ᠬᠥᠳᠡᠭᠡ ᠲᠣᠰᠬᠤᠨ ᠤ ᠵᠠᠰᠠᠮᠠᠯ ᠵᠠᠮ ᠤᠨ ︿ᠴᠠᠭᠠᠨ ᠢ ᠬᠠᠷ᠎ᠠ ᠪᠠᠷ ᠰᠣᠯᠢᠬᠤ﹀ ᠠᠷᠠᠴᠢᠯᠠᠨ ᠬᠠᠮᠠᠭᠠᠯᠠᠬᠤ ᠢᠨᠵᠧᠨᠧᠷᠢᠩ︾ ᠤᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠨᠢ ᠵᠢᠥ ᠶᠤᠸᠠᠨ ᠲᠣᠭᠤᠷᠢᠭ ᠤᠨ ᠪᠥᠬᠦ ᠣᠷᠳᠣ ᠨᠢ 2.3 ᠺᠢᠯᠣᠮᠧᠲᠷ ᠤᠨ ᠬᠥᠳᠡᠭᠡ ᠲᠣᠰᠬᠤᠨ ᠤ ᠵᠠᠰᠠᠮᠠᠯ ᠵᠠᠮ ︵Y016 ᠬᠥᠨᠳᠡᠯᠡᠨ ᠭᠤᠣᠯ ᠤᠨ ᠭᠤᠯᠳᠤᠷᠢᠯ ᠪᠠᠷᠠᠭᠤᠨᠳᠠᠬᠢ - ᠰᠣᠸᠧᠨᠠ ᠲᠣᠰᠬᠤᠨ᠂ C010 ᠰᠢ ᠱᠠ ᠸᠠᠨ - S211 ᠬᠡᠰᠡᠭ︶ ᠢ ᠠᠷᠠᠴᠢᠯᠠᠨ ᠬᠠᠮᠠᠭᠠᠯᠠᠵᠤ᠂ ᠤᠤᠯ ᠤᠨ ᠬᠠᠭᠤᠴᠢᠨ ᠵᠠᠮ ᠤᠨ ᠬᠠᠭᠠᠷᠠᠭᠰᠠᠨ ᠬᠠᠪᠲᠠᠰᠤ᠂ ᠵᠥᠷᠢᠭᠳᠡᠯ ᠤᠨ ᠲᠠᠶᠢᠰᠠ᠂ ᠠᠩ ᠵᠠᠪᠰᠠᠷ ᠲᠥᠪᠯᠡᠷᠡᠭᠰᠡᠨ ᠬᠡᠰᠡᠭ ᠬᠡᠰᠡᠭ ᠢ ᠱᠦᠢᠨᠢ ᠶᠢᠨ ᠪᠧᠲ᠋ᠤᠨ ᠬᠠᠪᠲᠠᠰᠤ ᠠᠴᠠ ᠠᠷᠢᠯᠭᠠᠵᠤ᠂ ᠪᠧᠲ᠋ᠤᠨ ᠵᠠᠮ ᠢ ᠰᠢᠨ᠎ᠡ ᠪᠠᠷ ᠴᠢᠳᠬᠤᠨ ᠪᠠᠶᠢᠭᠤᠯᠵᠤ ᠂ ᠱᠦᠢᠨᠢ ᠶᠢᠨ ᠪᠧᠲ᠋ᠤᠨ ᠣᠷᠣᠢ ᠳᠤ ᠪᠠᠷᠤᠭᠰᠢᠨ ᠳᠠᠪᠬᠤᠷ ᠳᠠᠪᠬᠤᠷ ᠳᠠᠪᠬᠤᠷᠭ᠎ᠠ ᠨᠡᠮᠡᠵᠦ ᠳᠡᠪᠢᠰᠪᠡ᠃    ᠲᠥᠷᠥᠯ ᠵᠦᠢᠯ ᠢ ᠣᠳᠣᠬᠠᠨ ᠳᠤ ᠨᠢᠭᠡᠨᠲᠡ ᠪᠦᠬᠦᠨ ᠢ ᠪᠠᠷᠢᠵᠤ ᠳᠠᠭᠤᠰᠬᠠᠨ ᠲᠡᠷᠭᠡ ᠨᠡᠪᠲᠡᠷᠡᠭᠦᠯᠵᠦ᠂ ᠡᠷᠬᠢᠨ ᠲᠣᠭᠤᠷᠢᠨ ᠤ ᠲᠣᠰᠬᠤᠨ ᠤ ᠠᠷᠠᠳ ᠤᠨ ᠶᠠᠪᠤᠵᠤ ᠰᠠᠭᠤᠬᠤ ᠨᠥᠬᠦᠴᠡᠯ ᠢ ᠲᠦᠢᠯ ᠤᠨ ᠶᠡᠭᠡ ᠪᠠᠷ ᠰᠠᠶᠢᠵᠢᠷᠠᠭᠤᠯᠵᠤ᠂ ᠵᠠᠮ ᠳᠠᠭᠠᠤ ᠶᠢᠨ ᠠᠵᠤ ᠠᠬᠤᠶᠢᠯᠠᠯ ᠤᠨ ᠲᠡᠷᠭᠡ ᠬᠥᠰᠬᠡ ᠶᠢᠨ ᠲᠡᠭᠡᠭᠡᠪᠦᠷᠢ ᠳᠤ ᠲᠥᠬᠦᠮ ᠦᠵᠡᠭᠦᠯᠵᠦ᠂ ᠵᠠᠮ ᠤᠨ ᠠᠮᠤᠷ ᠲᠦᠪᠰᠢᠨ ᠢᠶᠠᠷ ᠨᠡᠪᠲᠡᠷᠡᠬᠦ ᠬᠢᠷᠢ ᠲᠦᠪᠰᠢᠨ ᠢ ᠳᠡᠭᠡᠭᠰᠢᠯᠡᠭᠦᠯᠪᠡ︔ ᠡᠭᠦᠨ ᠤ ᠬᠠᠮᠲᠤ᠂ ᠵᠠᠮ ᠳᠠᠭᠠᠤ ᠶᠢᠨ ᠰᠣᠶᠣᠯ ᠵᠢᠭᠤᠯᠴᠢᠯᠠᠯ ᠤᠨ ᠦᠢᠯᠡᠰ᠂ ᠲᠠᠷᠢᠶᠠᠯᠠᠩ ᠮᠠᠯ ᠠᠵᠤ ᠠᠬᠤᠶ᠂ ᠪᠠᠷᠠᠭᠠᠨ ᠤ ᠭᠦᠢᠯᠭᠡᠭᠡᠨ ᠤ ᠦᠢᠯᠡᠰ ᠤᠨ ᠬᠥᠭᠵᠢᠯᠲᠡ ᠶᠢ ᠠᠬᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠦᠲᠦᠭᠡᠨ ᠪᠠᠶᠢᠭᠤᠯᠤᠯᠲᠠ ᠳᠤ ᠬᠦᠴᠦᠨ ᠨᠡᠮᠡᠷᠢᠯᠡᠪᠡ᠃
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号