︽ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠬᠦ︾ ᠪᠣᠯ ᠮᠠᠨ ᠤ ᠪᠠᠯᠭᠠᠰᠤᠨ ᠤ ᠨᠠᠮ ᠤᠨ ᠬᠤᠷᠢᠶ᠎ᠠ | ᠵᠠᠰᠠᠭ ᠤᠨ ᠣᠷᠳᠣᠨ ᠤ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠪᠠᠶᠢᠭ᠎ᠠ ᠠᠷᠠᠳ ᠤᠨ ᠠᠮᠢᠳᠤᠷᠠᠯ ᠤᠨ ᠲᠥᠷᠥᠯ | ᠵᠦᠢᠯ ᠮᠥᠨ᠂ ᠴᠠᠬᠢᠯᠭᠠᠨ ᠳᠤᠯᠠᠭᠠᠯᠠᠭ᠎ᠠ ᠶᠢᠨ ᠴᠡᠪᠡᠷ ᠡᠨᠧᠷᠭᠢ ᠶᠢ ᠬᠥᠳᠡᠭᠡ ᠲᠣᠰᠬᠤᠨ ᠳᠤ ᠲᠦᠭᠡᠮᠡᠯᠵᠢᠭᠦᠯᠦᠨ | ᠬᠡᠷᠡᠭᠯᠡᠬᠦ ᠶᠢ ᠲᠦᠷᠭᠡᠳᠬᠡᠵᠦ᠂ ᠪᠣᠬᠢᠷᠲᠤᠯ ᠥᠬᠡᠶ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠦᠢᠯᠡᠳᠪᠦᠷᠢᠯᠡᠯ | ᠠᠮᠢᠳᠤᠷᠠᠯ ᠤᠨ ᠠᠷᠭ᠎ᠠ ᠮᠠᠶ᠋ᠢᠭ ᠢ ᠪᠣᠶ ᠪᠣᠯᠭᠠᠬᠤ ᠶᠢ ᠠᠬᠢᠭᠤᠯᠬᠤ ᠶᠢᠨ ᠲᠥᠯᠥᠭᠡ ᠶᠣᠮ᠃ | | | | | | | 9 ᠰᠠᠷ᠎ᠠ ᠶᠢᠨ 10 ᠤ ᠡᠳᠦᠷ᠂ ᠳᠡᠳ᠋ ᠪᠠᠯᠭᠠᠰᠤᠨ ᠳᠠᠷᠤᠭ᠎ᠠ ᠴᠢᠶᠣᠤ ᠳ᠋ᠦᠩ ᠠᠵᠤ ᠠᠬᠤᠶ ᠶᠢᠨ ᠬᠥᠭᠵᠢᠯᠲᠡ | ᠪᠠ ᠪᠥᠲᠥᠭᠡᠨ ᠪᠠᠶᠢᠭᠤᠯᠤᠯᠲᠠ ᠶᠢᠨ ᠠᠯᠪᠠᠨ ᠬᠡᠷ ᠤᠨ ᠠᠵᠢᠯᠲᠠᠨ ᠢᠶᠠᠨ ᠳᠠᠭᠠᠭᠤᠯᠤᠨ ᠲᠣᠭᠤᠷᠢᠭ ᠤᠨ ᠣᠷᠣᠨ | ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ᠂ ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠬᠦ | ᠪᠠᠷᠢᠯᠭ᠎ᠠ ᠶᠢᠨ ᠦᠢᠯᠡᠳᠪᠦᠷᠢ ᠲᠠᠢ ᠲᠤᠬᠠᠶ ᠶᠢᠨ ᠲᠠᠯᠠᠪᠤᠷ ᠲᠤ ᠠᠵᠢᠯᠯᠠᠵᠤ᠂ ᠠᠰᠠᠭᠤᠳᠠᠯ ᠨᠢ ᠨᠡᠯᠢᠶᠡᠳ | ᠲᠥᠪᠯᠡᠷᠡᠭᠰᠡᠨ ᠲᠣᠰᠬᠤᠨ ᠤ ᠳᠤᠭᠤᠶᠢᠯᠠᠩ ᠢ ᠰᠤᠷᠪᠤᠯᠵᠢᠯᠠᠨ ᠣᠶᠢᠯᠠᠭᠠᠵᠤ᠂ ᠨᠡᠭᠦᠷᠡᠰᠦ ᠶᠢ ᠴᠠᠬᠢᠯᠭᠠᠨ ᠪᠣᠯᠭᠠᠨ | ᠥᠭᠡᠷᠡᠴᠢᠯᠡᠬᠦ ᠠᠵᠢᠯ ᠤᠨ ᠳᠤᠮᠳᠠ ᠣᠷᠣᠰᠢᠵᠤ ᠪᠠᠶᠢᠭ᠎ᠠ ᠴᠠᠬᠢᠯᠭᠠᠨ ᠬᠡᠷᠡᠭᠯᠡᠬᠦ ᠶᠢ ᠤᠭᠰᠠᠷᠠᠬᠤ ᠵᠡᠷᠭᠡ ᠠᠰᠠᠭᠤᠳᠠᠯ ᠢ | ᠲᠤᠬᠠᠶ ᠶᠢᠨ ᠭᠠᠵᠠᠷ ᠲᠤᠨᠢ ᠰᠢᠢᠳᠪᠦᠷᠢᠯᠡᠵᠦ᠂ ᠣᠯᠠᠨ ᠲᠦᠮᠡᠨ ᠤ ᠬᠡᠷᠡᠭᠴᠡᠭᠡ ᠶᠢ ᠨᠠᠶᠢᠳᠠᠪᠤᠷᠢᠵᠢᠭᠤᠯᠤᠨ᠂ ᠡᠪᠦᠯ | ᠣᠷᠣᠬᠤ ᠠᠴᠠ ᠡᠮᠦᠨ᠎ᠡ ᠲᠥᠬᠦᠭᠡᠷᠦᠮᠵᠢ ᠶᠢ ᠪᠦᠬᠦᠨ ᠢ ᠤᠭᠰᠠᠷᠠᠵᠤ ᠳᠠᠭᠤᠰᠬᠠᠬᠤ ᠶᠢ ᠦᠨᠡᠨ ᠬᠦ ᠪᠠᠲᠤᠯᠠᠵᠤ᠂ | ᠣᠯᠠᠨ ᠲᠦᠮᠡᠨ ᠢ ᠬᠠᠯᠠᠭᠤᠨ ᠳᠤᠯᠠᠭᠠᠨ ᠡᠪᠦᠯᠵᠢᠭᠦᠯᠬᠦ ᠶᠢ ᠦᠨᠡᠨ ᠬᠦ ᠪᠠᠲᠤᠯᠠᠪᠠ᠃ | ᠲᠠᠷᠠᠭᠠᠴᠢ ᠶᠢᠨ ᠠᠯᠬᠤᠮ ᠳᠤ᠂ ᠮᠠᠨ ᠤ ᠪᠠᠯᠭᠠᠰᠤ ᠦᠷᠭᠦᠯᠵᠢᠯᠡᠨ ᠠᠰᠠᠭᠤᠳᠠᠯ ᠤᠨ ︽ᠲᠦᠭᠵᠢᠷᠡᠯ︾ ᠢ | ᠴᠢᠩᠭ᠎ᠠ ᠠᠩᠬᠠᠷᠴᠤ᠂ ᠬᠠᠮᠢᠶ᠎ᠠ ᠪᠥᠬᠦᠶ ᠰᠠᠯᠠᠭ᠎ᠠ ᠮᠥᠴᠢᠷ ᠲᠠᠢ ᠪᠥᠬᠦ ᠬᠦᠴᠦᠨ ᠢᠶᠠᠷ ᠢᠶᠠᠨ ᠬᠠᠮᠵᠢᠯᠴᠠᠨ᠂ ᠬᠠᠷᠢᠶ᠎ᠠ | ᠭᠠᠵᠠᠷ ᠤᠨ ᠦᠢᠯᠡᠳᠦᠯ ᠢ ᠪᠠᠳᠠᠷᠠᠭᠤᠯᠵᠤ᠂ ︽ᠰᠠᠨᠠᠭᠠᠴᠢᠯᠠᠭ᠎ᠠ ᠠᠴᠠ ᠪᠠᠨ ᠠᠵᠢᠯᠯᠠᠨ ᠬᠠᠮᠠᠭᠠᠯᠠᠵᠤ᠂ ᠤᠷᠢᠳᠴᠢᠯᠠᠨ | ᠦᠢᠯᠡᠴᠢᠯᠡᠬᠦ︾ ᠵᠠᠷᠴᠢᠮ ᠶᠣᠰᠣᠭᠠᠷ᠂ ︽ᠬᠠᠮᠵᠢᠯᠴᠠᠨ ᠪᠣᠭᠤᠮᠲᠠ ᠰᠢᠪᠲᠤᠯᠵᠤ᠂ ᠬᠦᠴᠦ ᠪᠠᠨ ᠬᠠᠮᠲᠤᠳᠬᠠᠨ | ᠪᠡᠷᠬᠡ ᠶᠢ ᠳᠠᠪᠠᠭ᠋ᠤ︾ ᠪᠠᠷ ᠴᠢᠷᠮᠠᠶᠢᠵᠤ᠂ ᠪᠠᠷᠢᠯᠭ᠎ᠠ ᠶᠢᠨ ᠶᠠᠪᠤᠴᠠ ᠳᠤ ᠣᠷᠣᠰᠢᠵᠤ ᠪᠠᠶᠢᠭ᠎ᠠ ᠡᠯ᠎ᠡ ᠵᠦᠢᠯ ᠤᠨ | ᠠᠰᠠᠭᠤᠳᠠᠯ ᠵᠢᠴᠢ ᠬᠦᠴᠢᠷᠳᠡᠯ ᠢ ᠬᠠᠮᠲᠤ ᠪᠠᠷ ᠰᠢᠢᠳᠪᠦᠷᠢᠯᠡᠵᠦ᠂ ᠮᠠᠨ ᠤ ᠪᠠᠯᠭᠠᠰᠤᠨ ᠤ ︽ᠨᠡᠭᠦᠷᠡᠰᠦ ᠶᠢ | ᠴᠠᠬᠢᠯᠭᠠᠨ ᠪᠣᠯᠭᠠᠨ ᠥᠭᠡᠷᠡᠴᠢᠯᠡᠬᠦ︾ ᠬᠡᠷᠡᠭᠯᠡᠭᠴᠢ ᠶᠢᠨ ᠴᠠᠬᠢᠯᠭᠠᠨ ᠬᠡᠷᠡᠭᠯᠡᠬᠦ ᠭᠦᠢᠴᠡᠳ ᠲᠣᠭᠲᠠᠭᠤᠨ ᠪᠠᠶᠢᠬᠤ ᠶᠢ | ᠪᠥᠬᠦ ᠬᠦᠴᠦᠨ ᠢᠶᠠᠷ ᠢᠶᠠᠨ ᠪᠠᠲᠤᠯᠠᠵᠤ᠂ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠦᠷᠭᠦᠯᠵᠢᠯᠡᠨ | ᠨᠡᠮᠡᠭᠳᠡᠭᠦᠯᠬᠦ ᠳᠤ ᠪᠠᠲᠤ ᠪᠠᠬᠢ ᠰᠠᠭᠤᠷᠢ ᠲᠠᠯᠪᠢᠵᠤ ᠥᠭᠭᠦᠨ᠎ᠡ᠃ |