ᠬᠤᠷᠢᠨᠭᠡᠷ ᠪᠠᠯᠭᠠᠰᠤ ᠲᠣᠰᠬᠤᠨ ᠤ ᠣᠷᠴᠢᠨ ᠲᠣᠭᠤᠷᠢᠨ ᠤ ᠡᠮᠬᠢ ᠳᠢᠭᠯᠢᠮ ᠢ ᠴᠡᠭᠴᠡᠯᠡᠨ ᠵᠠᠰᠠᠬᠤ ᠠᠵᠢᠯ ᠢ ᠦᠷᠭᠦᠯᠵᠢᠯᠡᠨ ᠥᠷᠨᠢᠭᠦᠯᠪᠡ
ᠨᠡᠶᠢᠲᠡᠯᠡᠭᠰᠡᠨ ᠴᠠᠭ᠄
2024/9/13
    ᠬᠥᠳᠡᠭᠡ ᠲᠣᠰᠬᠤᠨ ᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠤᠯᠠᠮ ᠨᠢᠭᠡ ᠠᠯᠬᠤᠮ ᠰᠠᠶᠢᠵᠢᠷᠠᠭᠤᠯᠵᠤ᠂ ᠲᠣᠰᠬᠤᠨ ᠤ ᠳᠦᠷᠰᠦ ᠪᠠᠶᠢᠳᠠᠯ ᠪᠠ ᠲᠣᠰᠬᠤᠨ ᠤ ᠠᠷᠠᠳ ᠤᠨ ᠵᠣᠯ ᠵᠢᠷᠭᠠᠯ ᠤᠨ ᠵᠢᠭᠠᠯᠲᠠ ᠲᠤᠭ᠎ᠠ ᠶᠢ ᠳᠡᠭᠡᠭᠰᠢᠯᠡᠭᠦᠯᠬᠦ ᠶᠢᠨ ᠲᠥᠯᠥᠭᠡ᠃ ᠣᠶᠢᠷ᠎ᠠ ᠶᠢᠨ ᠡᠳᠦᠷ ᠤᠳ ᠲᠤ᠂ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠩᠭᠢ ᠶᠢᠨ ᠳᠥᠷᠪᠡᠳᠦᠭᠡᠷ ᠳᠤᠮᠳᠠ ᠠᠩᠭᠢ ᠬᠠᠮᠢᠶᠠᠷᠤᠯᠲᠠ ᠶᠢᠨ ᠬᠡᠪᠴᠢᠶᠡᠨ ᠳᠠᠬᠢ ᠳᠡᠯᠭᠡᠭᠦᠷ ᠤᠨ ᠭᠠᠳᠠᠨ᠎ᠠ ᠣᠪᠣᠭᠠᠯᠠᠬᠤ᠂ ᠵᠠᠮ ᠡᠵᠡᠯᠡᠨ ᠡᠵᠡᠩᠨᠡᠬᠦ᠂ ᠨᠡᠭᠦᠳᠡᠯ ᠳᠡᠯᠭᠡᠭᠦᠷᠴᠢᠨ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠥᠷᠨᠢᠭᠦᠯᠵᠦ᠂ ᠴᠡᠪᠡᠷ ᠴᠡᠮᠴᠡᠭᠡᠷ᠂ ᠡᠮᠬᠢ ᠵᠢᠷᠤᠮ ᠲᠠᠢ ᠠᠮᠢᠳᠤᠷᠠᠯ ᠤᠨ ᠣᠷᠴᠢᠨ ᠲᠣᠭᠤᠷᠢᠨ ᠢ ᠦᠷᠭᠦᠯᠵᠢᠯᠡᠨ ᠪᠣᠶ ᠪᠣᠯᠭᠠᠪᠠ᠃
C:\Users\Administrator\Desktop\图片111.jpg
C:\Users\Administrator\Desktop\图片222.jpg
    ᠴᠡᠭᠴᠡᠯᠡᠨ ᠵᠠᠰᠠᠬᠤ ᠶᠠᠪᠤᠴᠠ ᠳᠤ᠂ ᠬᠠᠤᠯᠢ ᠬᠡᠷᠡᠭᠵᠢᠭᠦᠯᠬᠦ ᠠᠵᠢᠯᠲᠠᠨ ︽ᠨᠡᠪᠲᠡᠷᠡᠭᠦᠯᠬᠦ ᠪᠠ ᠪᠥᠭᠯᠡᠬᠦ ᠶᠢ ᠤᠶᠠᠯᠳᠤᠭᠤᠯᠬᠤ︾ ︽ᠴᠠᠭ ᠵᠥᠷᠢᠭᠦᠯᠦᠨ ᠬᠠᠮᠢᠶᠠᠷᠬᠤ︾ ᠠᠷᠭ᠎ᠠ ᠮᠠᠶ᠋ᠢᠭ ᠢ ᠪᠠᠷᠢᠮᠲᠠᠯᠠᠨ᠂ ᠭᠤᠤᠯᠳᠠᠯᠭ᠎ᠠ ᠲᠠᠢ ᠣᠷᠣᠨ ᠪᠦᠰᠡ ᠶᠢ ᠲᠣᠭᠤᠷᠢᠨ ᠪᠠᠶᠢᠴᠠᠭᠠᠵᠤ ᠬᠠᠮᠢᠶᠠᠷᠤᠨ ᠡᠵᠡᠮᠳᠡᠬᠦ ᠪᠠᠨ ᠴᠢᠩᠭᠠᠳᠬᠠᠵᠤ᠂ ᠭᠤᠤᠯᠳᠠᠯᠭ᠎ᠠ ᠲᠠᠢ ᠣᠷᠣᠨ ᠪᠦᠰᠡ ᠶᠢᠨ ᠡᠷᠲᠡ᠂ ᠳᠤᠮᠳᠠ᠂ ᠣᠷᠣᠶ ᠶᠢᠨ ᠣᠷᠭᠢᠯ ᠤᠨ ᠵᠠᠮ ᠤᠨ ᠬᠡᠰᠡᠭ ᠲᠤ ᠲᠤᠰᠬᠠᠶ ᠬᠥᠮᠦᠨ ᠳᠣᠭᠢᠷᠠᠭᠤᠯᠤᠨ ᠵᠢᠵᠢᠭᠦᠷᠯᠡᠭᠦᠯᠵᠦ᠂ ᠳᠡᠯᠭᠡᠭᠦᠷᠴᠢᠨ ᠢ ᠵᠢᠷᠤᠮᠵᠢᠭᠤᠯᠤᠨ ᠬᠠᠮᠢᠶᠠᠷᠴᠤ᠂ ᠲᠣᠭᠲᠠᠭᠠᠭᠰᠠᠨ ᠣᠷᠣᠨ ᠪᠦᠰᠡ ᠶᠢᠨ ᠳᠣᠲᠣᠷ᠎ᠠ ᠣᠷᠣᠭᠤᠯᠤᠨ ᠬᠤᠳᠠᠯᠳᠤᠬᠤ ᠶᠢ ᠱᠠᠭᠠᠷᠳᠠᠬᠤ ᠶᠢᠨ ᠬᠠᠮᠲᠤ ᠳᠡᠯᠭᠡᠭᠡ ᠮᠠᠶᠢᠮᠠᠶ ᠶᠢᠨ ᠡᠷᠬᠢᠨ ᠲᠣᠭᠤᠷᠢᠨ ᠤ ᠣᠷᠴᠢᠨ ᠲᠣᠭᠤᠷᠢᠨ ᠤ ᠠᠷᠢᠭᠤᠨ ᠴᠡᠪᠡᠷ ᠢ ᠴᠡᠪᠡᠷ ᠲᠡᠭᠰᠢ ᠪᠠᠶᠢᠯᠭᠠᠬᠤ ᠶᠢ ᠪᠠᠲᠤᠯᠠᠪᠠ᠃ ᠡᠭᠦᠨ ᠤ ᠬᠠᠮᠲᠤ᠂ ᠢᠳᠡᠪᠬᠢᠲᠡᠶ ᠨᠡᠪᠲᠡᠷᠡᠯᠴᠡᠬᠦ᠂ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ᠬᠤᠳᠠᠯᠳᠤᠭᠠᠴᠢᠨ ᠡᠷᠦᠬᠡ ᠶᠢ ᠬᠥᠲᠥᠯᠦᠨ ᠵᠢᠯᠣᠭᠤᠳᠴᠤ ᠪᠠᠶᠢᠭᠠᠳ ᠰᠠᠨᠠᠭᠠᠴᠢᠯᠠᠭ᠎ᠠ ᠠᠴᠠ ᠪᠠᠨ ᠬᠠᠮᠵᠢᠯᠴᠠᠭᠤᠯᠵᠤ᠂ ᠡᠳᠦᠷ ᠲᠤᠲᠤᠮ ᠤᠨ ᠡᠵᠡᠩᠨᠡᠯᠲᠡ ᠶᠢᠨ ᠶᠠᠪᠤᠴᠠ ᠳᠤ ᠤᠬᠠᠮᠰᠠᠷ ᠠᠴᠠ ᠪᠠᠨ ᠨᠠᠶᠢᠳᠠᠪᠤᠷᠢᠵᠢᠭᠤᠯᠵᠤ᠂ ᠥᠪᠡᠷ ᠢ ᠪᠠᠨ ᠬᠠᠮᠢᠶᠠᠷᠴᠤ᠂ ᠬᠠᠷᠢᠯᠴᠠᠨ ᠬᠢᠨᠠᠯᠲᠠ ᠲᠠᠯᠪᠢᠵᠤ᠂ ᠴᠡᠪᠡᠷ ᠴᠡᠮᠴᠡᠭᠡᠷ᠂ ᠰᠠᠭᠠᠳ ᠥᠬᠡᠶ ᠪᠥᠭᠡᠳ ᠡᠮᠬᠢ ᠵᠢᠷᠤᠮ ᠲᠠᠢ᠂ ᠪᠣᠯᠪᠠᠰᠤᠨ ᠪᠥᠭᠡᠳ ᠵᠢᠷᠤᠮᠵᠢᠭᠰᠠᠨ ᠵᠠᠮ ᠵᠢᠴᠢ ᠣᠷᠴᠢᠨ ᠲᠣᠭᠤᠷᠢᠨ ᠢ ᠪᠣᠶ ᠪᠣᠯᠭᠠᠵᠤ᠂ ᠲᠣᠰ ᠤᠳᠠᠭ᠎ᠠ ᠨᠡᠶᠢᠲᠡ 60 ᠭᠠᠷᠤᠶ ᠨᠡᠭᠦᠳᠡᠯ ᠳᠡᠯᠭᠡᠭᠦᠷᠴᠢᠨ ᠢ ᠴᠡᠭᠴᠡᠯᠡᠨ ᠵᠠᠰᠠᠵᠤ ᠂ ᠳᠡᠯᠭᠡᠭᠦᠷ ᠤᠨ ᠭᠠᠳᠠᠨ᠎ᠠ 20 ᠭᠠᠷᠤᠶ ᠭᠠᠵᠠᠷ ᠣᠪᠣᠭᠠᠯᠠᠵᠤ᠂ 30 ᠭᠠᠷᠤᠶ ᠵᠠᠮ ᠡᠵᠡᠯᠡᠨ ᠡᠵᠡᠩᠨᠡᠪᠡ᠃
C:\Users\Administrator\Desktop\图片333.jpg
    ᠵᠠᠯᠭᠠᠭᠠᠳ᠂ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠩᠭᠢ ᠶᠢᠨ ᠳᠥᠷᠪᠡᠳᠦᠭᠡᠷ ᠳᠤᠮᠳᠠ ᠠᠩᠭᠢ ᠬᠠᠷᠢᠶᠠᠲᠤ ᠣᠷᠣᠨ ᠤ ᠪᠠᠨ ᠵᠠᠮ ᠡᠵᠡᠯᠡᠨ ᠡᠵᠡᠩᠨᠡᠬᠦ᠂ ᠳᠡᠯᠭᠡᠭᠦᠷ ᠤᠨ ᠭᠠᠳᠠᠨ᠎ᠠ ᠣᠪᠣᠭᠠᠯᠠᠵᠤ ᠲᠠᠯᠪᠢᠬᠤ ᠵᠡᠷᠭᠡ ᠦᠢᠯᠡ ᠠᠵᠢᠯᠯᠠᠭ᠎ᠠ ᠶᠢ ᠦᠷᠭᠦᠯᠵᠢᠯᠡᠨ ᠬᠡᠪᠰᠢᠭᠰᠡᠨ ᠬᠠᠮᠢᠶᠠᠷᠤᠯᠲᠠ ᠪᠠ ᠴᠡᠭᠴᠡᠯᠡᠨ ᠵᠠᠰᠠᠬᠤ ᠶᠢᠨ ᠬᠠᠮᠲᠤ ᠤᠬᠠᠭᠤᠯᠵᠤ ᠬᠥᠲᠥᠯᠦᠨ ᠵᠢᠯᠣᠭᠤᠳᠬᠤ ᠶᠢ ᠤᠯᠠᠮ ᠨᠢᠭᠡ ᠠᠯᠬᠤᠮ ᠴᠢᠩᠭᠠᠳᠬᠠᠵᠤ᠂ ᠲᠣᠭᠤᠷᠢᠨ ᠪᠠᠶᠢᠴᠠᠭᠠᠵᠤ ᠴᠡᠭᠴᠡᠯᠡᠨ ᠵᠠᠰᠠᠬᠤ ᠡᠷᠴᠢᠮ ᠢᠶᠠᠨ ᠴᠢᠩᠭᠠᠷᠠᠭᠤᠯᠤᠨ᠂ ᠴᠡᠭᠴᠡᠯᠡᠨ ᠵᠠᠰᠠᠭᠰᠠᠨ ᠦᠷ᠎ᠡ ᠪᠦᠲᠦᠭᠡᠯ ᠢᠶᠠᠨ ᠪᠦᠲᠦᠮᠵᠢᠲᠡᠶ ᠪᠠᠬᠢᠵᠢᠭᠦᠯᠵᠦ᠂ ᠬᠥᠳᠡᠭᠡ ᠲᠣᠰᠬᠤᠨ ᠤ ᠣᠷᠴᠢᠨ ᠲᠣᠭᠤᠷᠢᠨ ᠢ ᠯᠠᠪᠳᠠᠭᠤᠨ ᠢᠶᠠᠷ ᠰᠠᠶᠢᠵᠢᠷᠠᠭᠤᠯᠤᠨ ᠳᠡᠭᠡᠭᠰᠢᠯᠡᠭᠦᠯᠵᠦ᠂ ᠰᠠᠭᠤᠭᠠᠯᠢ ᠠᠷᠠᠳ ᠲᠤ ᠴᠡᠪᠡᠷ ᠴᠡᠮᠴᠡᠭᠡᠷ᠂ ᠡᠮᠬᠢ ᠵᠢᠷᠤᠮ ᠲᠠᠢ ᠠᠮᠢᠳᠤᠷᠠᠯ ᠤᠨ ᠣᠷᠴᠢᠨ ᠲᠣᠭᠤᠷᠢᠨ ᠢ ᠪᠣᠶ ᠪᠣᠯᠭᠠᠵᠤ ᠥᠭᠭᠦᠨ᠎ᠡ᠃
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号