ᠵᠠᠯᠠᠭᠤ ᠭᠡᠷ ᠬᠤᠷᠢᠶᠠᠯᠠᠯ᠄ ︽ᠨᠠᠮ ᠤᠨ ᠡᠭᠦᠷ ᠤᠨ ᠨᠠᠮ ᠤᠨ ᠭᠡᠰᠢᠭᠦᠨ ᠤᠭ ᠰᠠᠨᠠᠭ᠎ᠠ ᠪᠠᠨ ᠪᠠᠷᠢᠮᠲᠠᠯᠠᠵᠤ ᠂ ᠰᠢᠨ᠎ᠡ ᠠᠶᠠᠨ ᠳᠠᠭᠠᠨ ᠦᠷᠭᠦᠯᠵᠢᠯᠡᠨ ᠡᠷᠡᠯᠬᠡᠭᠯᠡᠨ ᠤᠷᠤᠭᠰᠢᠯᠠᠶ᠎ᠠ︾ ᠭᠡᠬᠦ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ
ᠨᠡᠶᠢᠲᠡᠯᠡᠭᠰᠡᠨ ᠴᠠᠭ᠄
2024/9/14
9 ᠰᠠᠷ᠎ᠠ ᠶᠢᠨ 12 ᠤᠨ ᠡᠳᠦᠷ ᠤᠨ ᠦᠳᠡ ᠶᠢᠨ ᠡᠮᠦᠨ᠎ᠡ᠂ ᠰᠠᠶᠢᠬᠠᠨ ᠵᠡᠭᠡᠯᠢ ᠭᠤᠳᠤᠮᠵᠢ ᠶᠢᠨ ᠵᠠᠯᠠᠭᠤ ᠭᠡᠷ ᠬᠤᠷᠢᠶᠠᠯᠠᠯ ᠤᠨ ᠨᠠᠮ ᠤᠨ ᠶᠡᠷᠦᠩᠬᠡᠢ ᠡᠭᠦᠷ ᠤᠨ ᠬᠢᠨ ︽ᠨᠠᠮ ᠤᠨ ᠡᠭᠦᠷ ᠤᠨ ᠨᠠᠮ ᠤᠨ ᠭᠡᠰᠢᠭᠦᠨ ᠤ ᠤᠭ ᠰᠠᠨᠠᠭ᠎ᠠ ᠪᠠᠨ ᠪᠠᠷᠢᠮᠲᠠᠯᠠᠵᠤ᠂ ᠰᠢᠨ᠎ᠡ ᠠᠶᠠᠨ ᠳᠠᠭᠠᠨ ᠦᠷᠭᠦᠯᠵᠢᠯᠡᠨ ᠤᠷᠤᠭᠰᠢᠯᠠᠶ᠎ᠠ︾ ᠭᠡᠬᠦ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠢ ᠥᠷᠨᠢᠭᠦᠯᠵᠦ᠂ 40 ᠭᠠᠷᠤᠢ ᠨᠠᠮ ᠤᠨ ᠭᠡᠰᠢᠭᠦᠨ ᠪᠤᠭᠤᠲᠤ ᠶᠢᠨ ᠪᠤᠯᠤᠳ ᠲᠡᠮᠤᠷ ᠤᠨ ᠺᠣᠮᠫᠠᠨᠢ ᠶᠢᠨ ᠬᠤᠷᠠᠯ ᠦᠵᠡᠰᠬᠦᠯᠡᠩ ᠤᠨ ᠲᠥᠪ ᠲᠤ ᠬᠦᠷᠴᠦ ᠲᠣᠭᠤᠷᠢᠨ ᠦᠵᠡᠵᠦ ᠰᠤᠷᠤᠯᠴᠠᠪᠠ᠃    ᠠᠵᠢᠯᠲᠠᠳ ᠨᠠᠮ ᠤᠨ ᠭᠡᠰᠢᠭᠦᠳ ᠢ ᠳᠠᠭᠠᠭᠤᠯᠤᠨ ᠪᠤᠭᠤᠲᠤ ᠶᠢᠨ ᠪᠤᠯᠤᠳ ᠲᠡᠮᠤᠷ ᠤᠨ ᠪᠦᠯᠦᠭᠯᠡᠯ ᠤᠨ ᠨᠢᠭᠡᠳᠦᠭᠡᠷ ᠨᠣᠮᠧᠷᠲᠤ ᠥᠨᠳᠥᠷ ᠵᠤᠤᠬ᠎ᠠ ᠶᠢᠨ ᠦᠵᠡᠭᠦᠯᠭᠡ ᠶᠢᠨ ᠲᠢᠩᠬᠢᠮ ᠳᠤ ᠬᠦᠷᠴᠦ᠂ 1959 ᠣᠨ ᠤ 9 ᠰᠠᠷ᠎ᠠ ᠶᠢᠨ 26 ᠤ ᠡᠳᠦᠷ᠂ ᠵᠸᠤ ᠶᠢᠨ ᠶᠡᠷᠦᠩᠬᠡᠢ ᠰᠠᠶᠢᠳ ᠪᠡᠶ᠎ᠡ ᠪᠠᠷ ᠢᠶᠠᠨ ᠪᠤᠭᠤᠲᠤ ᠶᠢᠨ ᠪᠤᠯᠤᠳ ᠲᠡᠮᠤᠷ ᠤᠨ ᠺᠣᠮᠫᠠᠨᠢ ᠶᠢᠨ ᠨᠢᠭᠡᠳᠦᠭᠡᠷ ᠨᠣᠮᠧᠷᠲᠤ ᠥᠨᠳᠥᠷ ᠵᠤᠤᠬ᠎ᠠ ᠳᠤ ᠬᠦᠷᠴᠦ ᠲᠡᠮᠤᠷ ᠵᠠᠮ ᠤᠨ ᠳᠣᠤᠵᠠ ᠬᠠᠶᠢᠴᠢᠯᠠᠭᠰᠠᠨ ᠪᠠᠶᠢᠳᠠᠯ ᠢ ᠶᠠᠷᠢᠪᠠ᠃ ᠪᠦᠬᠦ ᠤᠯᠤᠰ ᠤᠨ ᠠᠷᠠᠳ ᠲᠦᠮᠡᠨ ᠤ ᠳᠡᠮᠵᠢᠯᠭᠡ ᠳᠣᠣᠷ᠎ᠠ᠂ 16 ᠰᠠᠷ᠎ᠠ ᠵᠠᠷᠤᠴᠠᠭᠤᠯᠵᠤ᠂ ᠲᠤᠬᠠᠢ ᠶᠢᠨ ᠦᠶ᠎ᠡ ᠶᠢᠨ ᠮᠠᠨ ᠤ ᠤᠯᠤᠰ ᠤᠨ ᠬᠠᠮᠤᠭ ᠤᠨ ᠶᠡᠭᠡ ᠪᠠᠭᠲᠠᠭᠠᠮᠵᠢ ᠨᠢ 1513  ᠺᠦᠪ ᠮᠧᠲ‌‍ᠷ ᠪᠣᠯᠬᠤ ᠪᠤᠭᠤᠲᠤ ᠶᠢᠨ ᠪᠤᠯᠤᠳ ᠲᠡᠮᠤᠷ ᠤᠨ ᠺᠣᠮᠫᠠᠨᠢ ᠶᠢᠨ 1 ᠳ᠋ᠦᠭᠡᠷ ᠨᠣᠮᠧᠷᠲᠤ ᠥᠨᠳᠥᠷ ᠵᠤᠤᠬ᠎ᠠ ᠶᠢ ᠨᠢᠭᠡ ᠵᠢᠯ ᠤᠷᠢᠳᠴᠢᠯᠠᠨ ᠪᠠᠶᠢᠭᠤᠯᠤᠭᠰᠠᠨ ᠪᠥᠭᠡᠳ ᠨᠢᠭᠡᠳᠦᠭᠡᠷ ᠵᠤᠤᠬ᠎ᠠ ᠶᠢ ᠳᠡᠮᠦᠷ ᠤᠰᠤ ᠪᠠᠷ ᠤᠷᠤᠰᠤᠨ ᠭᠠᠷᠴᠤ᠂ ᠥᠪᠥᠷ ᠮᠣᠩᠭᠤᠯ ᠤᠨ ᠲᠠᠯ᠎ᠠ ᠨᠤᠲᠤᠭ ᠤᠨ ᠢᠮᠠᠬᠤ ᠲᠡᠮᠦᠷ ᠤᠨ ᠦᠢᠯᠡᠳᠪᠦᠷᠢᠯᠡᠯ ᠤᠨ ᠦᠭᠡᠢ ᠲᠡᠦᠬᠡ ᠶᠢ ᠡᠴᠦᠰᠯᠡᠭᠦᠯᠪᠡ᠃    ᠪᠤᠭᠤᠲᠤ ᠶᠢᠨ ᠪᠤᠯᠤᠳ ᠲᠡᠮᠤᠷ ᠤᠨ ᠺᠣᠮᠫᠠᠨᠢ ᠶᠢᠨ ᠬᠤᠷᠠᠯ ᠦᠵᠡᠰᠬᠦᠯᠡᠩ ᠤᠨ ᠲᠥᠪ ᠲᠤ᠂ ᠸᠢᠳᠢᠣ᠋ ᠦᠵᠡᠭᠦᠯᠭᠡ ᠶᠢᠨ ᠰᠠᠮᠪᠠᠷ᠎ᠠ ᠶᠢᠨ ᠠᠮᠢᠳᠤᠯᠢᠭ ᠢᠯᠡᠷᠡᠯ ᠢᠶᠠᠷ ᠳᠠᠮᠵᠢᠭᠤᠯᠤᠨ᠂ ᠳᠡᠭᠡᠷ᠎ᠡ ᠵᠠᠭᠤᠨ ᠤ ᠲᠠᠪᠢᠭᠠᠳ ᠣᠨ ᠳᠤ ᠪᠦᠬᠦ ᠤᠯᠤᠰ ᠤᠨ ᠪᠤᠭᠤᠲᠤ ᠶᠢᠨ ᠪᠤᠯᠤᠳ ᠲᠡᠮᠤᠷ ᠤᠨ ᠺᠣᠮᠫᠠᠨᠢ ᠶᠢᠨ ᠪᠦᠳᠦᠭᠡᠨ ᠪᠠᠶᠢᠭᠤᠯᠤᠯᠲᠠ ᠶᠢ ᠳᠡᠮᠵᠢᠭᠰᠡᠨ ᠵᠢᠷᠤᠭ ᠳᠦᠷᠰᠦ ᠨᠢᠳᠦᠨ ᠡᠮᠦᠨ᠎ᠡ ᠢᠯᠡᠷᠡᠵᠦ᠂ ᠪᠦᠬᠦ ᠤᠯᠤᠰ ᠤᠨ ᠡᠯ᠎ᠡ ᠭᠠᠵᠠᠷ ᠠᠴᠠ ᠢᠷᠡᠭᠰᠡᠨ 8 ᠲᠦᠮᠡ ᠭᠠᠷᠤᠢ ᠪᠦᠳᠦᠭᠡᠨ ᠪᠠᠶᠢᠭᠤᠯᠤᠭᠴᠢ ᠡᠬᠡ ᠤᠯᠤᠰ ᠤᠨ ᠤᠮᠠᠷᠠᠲᠤ ᠬᠢᠯᠢ ᠶᠢ ᠨᠢᠭᠲᠠᠷᠠᠭᠤᠯᠵᠤ᠂ ᠬᠡᠭᠡᠷ᠎ᠡ ᠭᠠᠳᠠᠨ᠎ᠠ ᠬᠤᠨᠣᠵᠤ ᠬᠡᠪᠲᠡᠬᠦ᠂ ᠭᠠᠷ ᠬᠤᠯᠪᠣᠨ ᠡᠭᠦᠷᠭᠡᠯᠡᠵᠦ᠂ ᠡᠵᠡᠭᠦᠢ ᠲᠠᠩ ᠳᠡᠭᠡᠷ᠎ᠡ ᠲᠠᠯ᠎ᠠ ᠨᠤᠲᠤᠭ ᠤᠨ ᠪᠤᠯᠤᠳ ᠲᠡᠮᠤᠷ ᠤᠨ ᠬᠤᠳᠠ ᠶᠢ ᠪᠠᠶᠢᠭᠤᠯᠵᠤ᠂ ᠦᠨᠳᠦᠰᠦᠲᠡᠨ ᠨᠦᠭᠦᠳ ᠤᠨ ᠠᠷᠠᠳ ᠲᠦᠮᠡᠨ ᠤ ︽ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠪᠤᠭᠤᠲᠤ ᠶᠢᠨ ᠪᠤᠯᠤᠳ ᠲᠡᠮᠤᠷ ᠤᠨ ᠺᠣᠮᠫᠠᠨᠢ ᠶᠢ ᠪᠠᠶᠢᠭᠤᠯᠬᠤ︾ ᠰᠡᠳᠬᠢᠯ ᠬᠥᠳᠡᠯᠭᠡᠮ᠎ᠡ ᠬᠠᠭᠤᠳᠠᠰᠤ ᠶᠢ ᠪᠢᠴᠢᠭᠯᠡᠪᠡ᠃    ᠤᠯᠠᠨ ᠢᠶᠠᠷ ᠢᠶᠠᠨ ᠬᠡᠳᠦᠨ ᠦᠶ᠎ᠡ ᠶᠢᠨ ᠪᠤᠭᠤᠲᠤ ᠶᠢᠨ ᠪᠤᠯᠤᠳ ᠲᠡᠮᠤᠷ ᠤᠨ ᠺᠣᠮᠫᠠᠨᠢ ᠶᠢᠨ ᠲᠡᠮᠡᠴᠡᠯ ᠤᠨ ᠲᠡᠦᠬᠡ ᠪᠣᠯᠤᠨ ᠬᠥᠭᠵᠢᠯᠲᠡ ᠶᠢᠨ ᠲᠡᠦᠬᠡ ᠶᠢ ᠪᠦᠬᠦ ᠲᠠᠯ᠎ᠠ ᠪᠠᠷ ᠤᠢᠢᠯᠠᠭᠠᠭᠰᠠᠠ ᠪᠥᠭᠡᠳ ᠪᠤᠭᠤᠲᠤ ᠶᠢᠨ ᠪᠤᠯᠤᠳ ᠲᠡᠮᠤᠷ ᠤᠨ ᠺᠣᠮᠫᠠᠨᠢ ᠶᠢᠨ ᠪᠦᠳᠦᠭᠡᠨ ᠪᠠᠶᠢᠭᠤᠯᠤᠯᠲᠠ ᠬᠥᠭᠵᠢᠯᠲᠡ ᠶᠢᠨ ᠲᠡᠦᠬᠡ ᠪᠣᠯ ᠳᠠᠷᠤᠢ ᠦᠨᠳᠦᠰᠦᠲᠡᠨ ᠨᠦᠭᠦᠳ ᠤᠨ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠭᠰᠠᠨ ᠪᠦᠯᠬᠦᠮᠳᠡᠯ ᠲᠠᠪᠰᠢᠯᠳᠠ ᠶᠢᠨ ᠲᠡᠦᠬᠡ ᠪᠣᠯᠬᠤ ᠶᠢ ᠭᠦᠢᠴᠡᠳ ᠣᠶᠢᠯᠠᠭᠠᠪᠠ ᠃ ᠪᠦᠬᠦ ᠤᠯᠤᠰ ᠤᠨ ᠡᠯ᠎ᠡ ᠭᠠᠵᠠᠷ ᠤᠨ ᠬᠢᠨ ᠥᠪᠥᠷ ᠮᠣᠩᠭᠤᠯ ᠤᠨ ᠪᠦᠲᠦᠭᠡᠨ ᠪᠠᠶᠢᠭᠤᠯᠤᠯᠲᠠ ᠶᠢ ᠳᠡᠮᠵᠢᠵᠦ᠂ ᠦᠨᠳᠦᠰᠦᠲᠡᠨ ᠨᠦᠭᠦᠳ ᠤᠨ ᠬᠥᠪᠡᠭᠦᠳ ᠥᠬᠢᠳ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ︾᠂ ︽ᠪᠦᠬᠦ ᠤᠯᠤᠰ ᠤᠨ ᠨᠢᠭᠡ ᠬᠥᠯᠭᠡ ᠰᠢᠲᠠᠷ᠎ᠠ︾ ᠶᠢᠨ ᠠᠮᠢᠳᠤᠯᠢᠭ ᠭᠡᠷᠡᠴᠢ ᠪᠣᠯᠪᠠ᠃    ᠲᠤᠰ ᠠᠵᠢᠯᠯᠠᠭ᠎ᠠ ᠪᠠᠷ ᠳᠠᠮᠵᠢᠭᠤᠯᠵᠤ᠂ ᠪᠤᠭᠤᠲᠤ ᠶᠢᠨ ᠪᠤᠯᠤᠳ ᠲᠡᠮᠤᠷ ᠤᠨ ᠺᠣᠮᠫᠠᠨᠢ ᠶᠢᠨ ᠰᠢᠷᠭᠠᠭᠤ ᠬᠠᠲᠠᠭᠤᠵᠢᠯᠲᠠᠢ ᠬᠥᠭᠵᠢᠯᠲᠡ ᠶᠢᠨ ᠶᠠᠪᠤᠴᠠ ᠶᠢ ᠲᠠᠬᠢᠨ ᠡᠷᠭᠢᠴᠡᠭᠦᠯᠵᠦ᠂ ᠦᠶ᠎ᠡ ᠦᠶ᠎ᠡ ᠶᠢᠨ ᠪᠤᠭᠤᠲᠤ ᠶᠢᠨ ᠪᠤᠯᠤᠳ ᠲᠡᠮᠤᠷ ᠤᠨ ᠺᠣᠮᠫᠠᠨᠢ ᠶᠢᠨ ᠬᠥᠮᠦᠰ ᠤᠨ ᠡᠨᠡ ᠬᠦ ᠦᠢᠯᠡᠰ ᠪᠤᠰᠬᠠᠬᠤ ᠶᠠᠪᠤᠴᠠ ᠳᠤ ᠪᠤᠢ ᠪᠣᠯᠤᠭᠰᠠᠨ ᠪᠤᠯᠤᠳ ᠲᠡᠮᠤᠷ ᠤᠨ ᠺᠣᠮᠫᠠᠨᠢ ᠶᠢᠨ ᠰᠦᠭ ᠰᠦᠨᠡᠰᠦ ᠶᠢ ᠭᠦᠨᠵᠡᠭᠡᠢ ᠣᠶᠢᠯᠠᠭᠠᠪᠠ᠃ ᠥᠨᠥᠳᠦᠷ ᠤᠨ ︽ᠪᠤᠭᠤᠲᠤ ᠶᠢᠨ ᠪᠤᠯᠤᠳ ᠲᠡᠮᠤᠷ ᠤᠨ ᠺᠣᠮᠫᠠᠨᠢ ᠶᠢᠨ ᠵᠣᠷᠢᠭ ᠰᠠᠨᠠᠭ᠎ᠠ︾ ᠨᠢ ᠨᠢᠭᠡᠨᠲᠡ ᠪᠤᠭᠤᠲᠤ ᠶᠢᠨ ᠪᠤᠯᠤᠳ ᠲᠡᠮᠤᠷ ᠤᠨ ᠺᠣᠮᠫᠠᠨᠢ ᠶᠢᠨ ᠥᠨᠢᠳᠡ ᠶᠢᠨ ᠦᠷᠭᠦᠯᠵᠢᠯᠡᠬᠦ ᠬᠥᠭᠵᠢᠯᠲᠡ ᠶᠢ ᠠᠬᠢᠭᠤᠯᠬᠤ ᠪᠠᠷᠠᠭᠳᠠᠰᠢ ᠦᠭᠡᠢ ᠤᠶᠤᠨ ᠰᠠᠨᠠᠭᠠᠨ ᠤ ᠬᠥᠳᠡᠯᠭᠡᠬᠦ ᠬᠦᠴᠦᠨ ᠪᠤᠯᠵᠤ᠂ ᠮᠠᠨ ᠤ ᠦᠶ᠎ᠡ ᠶᠢᠨ ᠦᠶ᠎ᠡ ᠶᠢᠨ ᠤᠯᠠᠮᠵᠢᠯᠠᠭᠤᠰᠢᠲᠠᠢ ᠪᠦᠬᠡᠳ ᠪᠠᠳᠠᠷᠠᠭᠤᠯᠤᠨ ᠳᠡᠯᠭᠡᠷᠡᠭᠦᠯᠦᠭᠦᠰᠢᠲᠡᠢ ᠶᠤᠮ᠃
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号