| | | | | ᠮᠠᠨ ᠤ ᠲᠤᠭᠤᠷᠢᠭ ᠤᠨ ᠨᠠᠢᠮᠠᠨ ᠰᠠᠷ᠎ᠠ ᠶᠢᠨ ᠲᠡᠷᠭᠡᠯ ᠪᠠᠶᠠᠷ ᠠᠴᠠ ᠡᠮᠦᠨᠡᠬᠢ ᠠᠶᠤᠯᠭᠦᠶ ᠦᠢᠯᠡᠳᠪᠦᠷᠢᠯᠡᠯ ᠤᠨ | ᠠᠵᠢᠯ ᠢ ᠦᠨᠡᠨ ᠬᠦ ᠰᠠᠶᠢᠲᠤᠷ ᠬᠢᠵᠦ᠂ ᠠᠮᠤᠷ ᠲᠦᠪᠰᠢᠨ ᠤ ᠳᠠᠯᠳᠠ ᠭᠡᠮ ᠢ ᠠᠷᠢᠯᠭᠠᠨ᠂ ᠥᠷᠭᠡᠨ ᠣᠯᠠᠨ | ᠰᠠᠭᠤᠭᠠᠯᠢ ᠠᠷᠠᠳ ᠲᠤ ᠪᠠᠶᠠᠷ ᠬᠥᠷ ᠲᠠᠢ᠂ ᠥᠯᠵᠡᠶ ᠪᠡᠯᠭᠡ ᠲᠠᠢ᠂ ᠠᠮᠤᠷ ᠠᠮᠤᠭᠤᠯᠠᠩ ᠪᠠᠶᠠᠷ ᠤᠨ ᠡᠳᠦᠷ ᠤᠨ | ᠠᠭᠤᠷ ᠠᠮᠢᠰᠬᠤᠯ ᠢ ᠴᠢᠷᠮᠠᠶᠢᠨ ᠪᠣᠶ ᠪᠣᠯᠭᠠᠬᠤ ᠬᠡᠷᠡᠭᠲᠡᠶ᠃ 9 ᠰᠠᠷ᠎ᠠ ᠶᠢᠨ 11 ᠤ ᠡᠳᠦᠷ ᠲᠣᠭᠤᠷᠢᠭ ᠤᠨ | ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠬᠠᠷᠢᠶ᠎ᠠ ᠣᠷᠣᠨ ᠤ ᠪᠠᠨ ᠲᠧ ᠵᠢᠶᠠ ᠾᠦᠢ ᠬᠡᠲᠦ ᠳᠡᠯᠭᠡᠭᠦᠷ ᠤᠨ ᠯᠢᠦᠶ | ᠶᠤᠸᠠᠨ ᠳᠡᠯᠭᠡᠭᠦᠷ᠂ ᠪᠠᠶ ᠯᠧ ᠹᠦ᠋ ᠬᠡᠲᠦ ᠳᠡᠯᠭᠡᠭᠦᠷ ᠤᠨ ᠷᠦᠩ ᠮᠤᠤ ᠳᠡᠯᠭᠡᠭᠦᠷ ᠲᠤ ᠪᠠᠶᠠᠷ ᠤᠨ ᠡᠳᠦᠷ ᠠᠴᠠ | ᠡᠮᠦᠨᠡᠬᠢ ᠠᠶᠤᠯᠭᠦᠶ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠥᠷᠨᠢᠭᠦᠯᠪᠡ | ᠠᠶᠤᠯᠭᠦᠢ ᠦᠢᠯᠡᠳᠪᠦᠷᠢᠯᠡᠯ ᠤᠨ ᠳᠦᠷᠢᠮ ᠲᠣᠭᠲᠠᠭᠠᠯ ᠪᠠᠶᠢᠭᠤᠯᠬᠤ᠂ ᠪᠠᠴᠢᠮ ᠪᠠᠶᠢᠳᠠᠯ ᠢ ᠠᠷᠭᠠᠴᠠᠬᠤ | ᠪᠡᠯᠡᠳᠬᠡᠯ ᠲᠥᠰᠦᠯ ᠵᠢᠴᠢ ᠰᠣᠷᠢᠯᠲᠠ᠂ ᠳᠠᠯᠳᠠ ᠭᠡᠮ ᠢ ᠵᠢᠭᠰᠠᠭᠠᠨ ᠪᠠᠶᠢᠴᠠᠭᠠᠬᠤ ᠵᠢᠴᠢ ᠴᠡᠭᠴᠡᠯᠡᠨ | ᠰᠠᠶᠢᠵᠢᠷᠠᠭᠤᠯᠬᠤ᠂ ᠠᠶᠤᠯᠭᠦᠢ ᠦᠢᠯᠡᠳᠪᠦᠷᠢᠯᠡᠯ ᠤᠨ ᠬᠥᠮᠦᠵᠢᠯ ᠪᠣᠯᠪᠠᠰᠤᠷᠠᠭᠤᠯᠤᠯ ᠵᠡᠷᠭᠡ ᠳᠥᠷᠪᠡᠨ ᠬᠡᠰᠡᠭ ᠤᠨ | ᠪᠠᠶᠢᠳᠠᠯ ᠳᠤ ᠭᠤᠤᠯᠳᠠᠯᠭ᠎ᠠ ᠲᠠᠢ ᠴᠢᠭᠯᠡᠭᠦᠯᠦᠨ ᠨᠢᠭᠡᠳ ᠨᠢᠭᠡ ᠪᠠᠷ ᠬᠠᠷᠢᠴᠠᠭᠤᠯᠤᠨ ᠪᠠᠶᠢᠴᠠᠭᠠᠵᠤ᠂ ᠠᠶᠤᠯᠭᠦᠢ | ᠦᠢᠯᠡᠳᠪᠦᠷᠢᠯᠡᠯ ᠤᠨ ᠱᠠᠩᠨᠠᠵᠤ ᠲᠣᠷᠭᠠᠬᠤ ᠳᠦᠷᠢᠮ ᠲᠡᠭᠦᠯᠳᠡᠷ ᠪᠤᠰᠤ᠂ ᠬᠠᠷᠢᠭᠤᠴᠠᠯᠭ᠎ᠠ ᠶᠢᠨ ᠳᠦᠷᠢᠮ ᠲᠡᠭᠦᠯᠳᠡᠷ | ᠪᠤᠰᠤ᠂ 2 ᠵᠤᠷᠪᠤᠰ ᠠᠮᠤᠷ ᠲᠦᠪᠰᠢᠨ ᠤ ᠳᠠᠯᠳᠠ ᠭᠡᠮ ᠣᠷᠣᠰᠢᠵᠤ᠂ ᠨᠢᠭᠡᠨᠲᠡ ᠲᠤᠬᠠᠶ ᠶᠢᠨ ᠲᠠᠯᠠᠪᠤᠷ ᠲᠤ | ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠬᠦᠰᠦᠨᠦᠭᠲᠦ ᠪᠠᠭᠤᠯᠭᠠᠵᠤ᠂ ᠵᠠᠷᠯᠢᠭᠳᠠᠵᠤ ᠪᠠᠶᠢᠭᠠᠳ ᠬᠤᠭᠤᠴᠠᠭ᠎ᠠ | ᠲᠣᠭᠲᠠᠭᠠᠨ ᠴᠡᠭᠴᠡᠯᠡᠨ ᠥᠭᠡᠷᠡᠴᠢᠯᠡᠭᠦᠯᠪᠡ᠃ ᠡᠭᠦᠨ ᠤ ᠬᠠᠮᠲᠤ᠂ ᠠᠶᠤᠯᠭᠦᠢ ᠦᠢᠯᠡᠳᠪᠦᠷᠢᠯᠡᠯ ᠤᠨ | ᠨᠠᠶᠢᠳᠠᠪᠤᠷᠢᠵᠢᠭᠤᠯᠤᠯᠲᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠬᠤ ᠶᠢ ᠪᠠᠲᠤᠯᠠᠬᠤ ᠶᠢᠨ ᠲᠥᠯᠥᠭᠡ᠂ | ᠲᠣᠬᠢᠶᠠᠯᠳᠤᠯ ᠢᠶᠠᠷ ᠲᠤᠬᠠᠢ ᠶᠢᠨ ᠲᠠᠯᠠᠪᠠᠢ ᠶᠢᠨ ᠠᠵᠢᠯᠲᠠᠳ ᠤᠨ ᠠᠮᠤᠷ ᠲᠦᠪᠰᠢᠨ ᠤ ᠰᠡᠷᠭᠡᠶᠢᠯᠡᠯᠲᠡ ᠵᠢᠴᠢ ᠪᠠᠴᠢᠮ | ᠪᠠᠶᠢᠳᠠᠯ ᠢ ᠠᠷᠭᠠᠴᠠᠬᠤ ᠮᠡᠳᠡᠯᠭᠡ ᠶᠢ ᠠᠰᠠᠭᠤᠨ ᠯᠠᠪᠯᠠᠬᠤ ᠪᠠᠷ ᠳᠠᠮᠵᠢᠭᠤᠯᠵᠤ᠂ ᠡᠵᠡᠩᠨᠡᠯᠲᠡ ᠶᠢᠨ ᠭᠤᠣᠯ ᠴᠣᠭᠴᠠ ᠶᠢ | ᠱᠠᠯᠠᠪᠳᠠᠭᠤᠯᠵᠤ ᠪᠠᠶᠢᠭᠠᠳ ᠪᠦᠬᠦ ᠬᠥᠮᠦᠰ ᠤᠨ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭᠠᠲᠠᠨ ᠤ ᠤᠬᠠᠮᠰᠠᠷ ᠢ | ᠳᠡᠭᠡᠭᠰᠢᠯᠡᠭᠦᠯᠪᠡ᠃ | ᠣᠶᠢᠷ᠎ᠠ ᠶᠢᠨ ᠬᠤᠭᠤᠴᠠᠭᠠᠨ ᠳᠤ᠂ ᠮᠠᠨ ᠤ ᠲᠣᠪᠴᠢᠶ᠎ᠠ ᠲᠣᠰ ᠤᠳᠠᠭᠠᠨ ᠤ ᠵᠢᠭᠰᠠᠭᠠᠨ ᠪᠠᠶᠢᠴᠠᠭᠠᠯᠲᠠ ᠶᠢᠨ | ᠠᠰᠠᠭᠤᠳᠠᠯ ᠢ ︽ᠡᠷᠭᠢᠵᠦ ᠦᠵᠡᠵᠦ︾᠂ ᠳᠠᠯᠳᠠ ᠬᠡᠮ ᠢ ᠴᠡᠭᠴᠡᠯᠡᠨ ᠰᠠᠶᠢᠵᠢᠷᠠᠭᠤᠯᠬᠤ ᠶᠢ ᠦᠨᠡᠨ ᠬᠦ ᠪᠠᠲᠤᠯᠠᠨ᠎ᠠ᠃ | ᠡᠭᠦᠨ ᠤ ᠬᠠᠮᠲᠤ᠂ ︽ᠳᠠᠯᠳᠠ ᠬᠡᠮ ᠪᠣᠯ ᠳᠠᠷᠤᠶ ᠠᠳᠡᠯ ᠮᠥᠨ︾ ᠭᠡᠬᠦ ᠤᠬᠠᠮᠰᠠᠷ ᠢ ᠪᠠᠲᠤ ᠪᠠᠬᠢ ᠪᠣᠶ ᠪᠣᠯᠭᠠᠵᠤ᠂ | ᠠᠮᠤᠷ ᠲᠦᠪᠰᠢᠨ ᠤ ᠬᠤᠷᠢᠭ᠎ᠠ ᠱᠤᠭᠤᠮ ᠢ ᠴᠠᠭ ᠢᠮᠠᠭᠲᠠ ᠪᠠᠲᠤ ᠪᠠᠬᠢ ᠪᠠᠶᠢᠭᠤᠯᠤᠨ᠂ ᠡᠯ᠎ᠡ ᠲᠥᠷᠥᠯ ᠤᠨ ᠠᠳᠡᠯ | ᠭᠠᠷᠬᠤ ᠶᠢ ᠴᠢᠩᠭ᠎ᠠ ᠰᠡᠷᠭᠡᠶᠢᠯᠡᠵᠦ᠂ ᠠᠷᠠᠯᠵᠢᠶ᠎ᠠ ᠬᠤᠳᠠᠯᠳᠤᠭᠠᠨ ᠤ ᠬᠦᠷᠢᠶᠡᠨ ᠳᠠᠬᠢ ᠠᠵᠤ ᠠᠬᠤᠶᠢᠯᠠᠯ ᠢ ᠪᠥᠬᠦ | ᠬᠦᠴᠦᠨ ᠢᠶᠠᠷ ᠢᠶᠠᠨ ᠬᠠᠮᠠᠭᠠᠯᠠᠬᠤ ᠬᠡᠷᠡᠭᠲᠡᠶ᠃ |