ᠢᠯᠡ ᠲᠣᠳᠣ ᠵᠠᠰᠠᠭ ᠤᠨ ᠶᠠᠪᠤᠳᠠᠯ ᠢ ᠦᠷᠭᠦᠯᠵᠢᠯᠡᠨ ᠠᠬᠢᠭᠤᠯᠵᠤ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠪᠦᠲᠦᠮᠵᠢᠲᠡᠶ ᠰᠢᠯᠢᠳᠡᠭᠵᠢᠭᠦᠯᠦᠨ᠎ᠡ
ᠨᠡᠶᠢᠲᠡᠯᠡᠭᠰᠡᠨ ᠴᠠᠭ᠄
2024/9/2
     ᠢᠯᠡ ᠵᠠᠰᠠᠭ ᠤᠨ ᠶᠠᠪᠤᠳᠠᠯ ᠢ ᠤᠯᠠᠮ ᠨᠢᠭᠡ ᠠᠯᠬᠤᠮ ᠠᠬᠢᠭᠤᠯᠵᠤ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠬᠦ ᠶᠢᠨ ᠲᠥᠯᠥᠭᠡ᠂ ᠡᠨᠡ ᠵᠢᠯ ᠠᠴᠠ ᠨᠠᠰᠢ᠂ ᠵᠢᠦ ᠶᠤᠸᠠᠨ ᠲᠣᠭᠤᠷᠢᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠬᠤᠷᠢᠶ᠎ᠠ ︽ᠬᠤᠶᠠᠷ ᠢ ᠢᠯᠡ ᠨᠡᠶᠢᠲᠡᠯᠡᠬᠦ︾ ᠠᠵᠢᠯ ᠤᠨ ᠪᠠᠷᠢᠮᠵᠢᠶᠠᠵᠢᠭᠤᠯᠤᠯᠲᠠ᠂ ᠵᠢᠷᠤᠮᠵᠢᠭᠤᠯᠤᠯᠲᠠ ᠪᠠ ᠳᠦᠷᠢᠮᠵᠢᠭᠦᠯᠦᠯᠲᠡ ᠪᠠᠷ ᠭᠠᠷᠳᠠᠴᠠ ᠪᠣᠯᠭᠠᠵᠤ᠂ ᠲᠤᠭ᠎ᠠ ᠪᠠᠷᠢᠮᠲᠠ ᠳᠤ ᠡᠳᠦᠷ ᠪᠦᠷᠢ ᠶᠢᠨ ᠬᠥᠳᠡᠯᠦᠩᠭᠦᠶ ᠬᠢᠨᠠᠨ ᠬᠡᠮᠵᠢᠯᠲᠡ ᠶᠢ ᠬᠡᠷᠡᠭᠵᠢᠭᠦᠯᠦᠭᠰᠡᠨ ᠪᠥᠭᠡᠳ ᠭᠠᠷᠠᠭ ᠤᠨ ᠰᠠᠨᠠᠭᠤᠯᠤᠮᠵᠢ ᠶᠢᠨ ᠠᠵᠢᠯ ᠤᠨ ᠲᠣᠭᠲᠠᠴᠠ ᠶᠢ ᠪᠠᠶᠢᠭᠤᠯᠤᠭᠰᠠᠨ ᠪᠠᠶᠢᠨ᠎ᠠ᠃ ᠡᠭᠦᠨ ᠤ ᠵᠡᠷᠭᠡ ᠳᠤ ︽ᠪᠥᠬᠦ ᠤᠯᠤᠰ ᠤᠨ ᠢᠲᠡᠭᠡᠮᠵᠢ ᠶᠢᠨ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠲᠠᠪᠴᠠᠩ ︵ᠥᠪᠥᠷ ᠮᠣᠩᠭᠤᠯ ᠤᠨ ᠪᠤᠭᠤᠲᠤ ᠶᠢᠨ ᠵᠢᠦ ᠶᠤᠸᠠᠨ ᠲᠣᠭᠤᠷᠢᠭ︶︾ ᠢ ᠲᠠᠰ ᠳᠡᠪᠰᠢᠭᠦᠯᠵᠦ᠂ ︽ᠬᠤᠶᠠᠷ ᠢ ᠢᠯᠡ ᠨᠡᠶᠢᠲᠡᠯᠡᠬᠦ︾ ᠮᠡᠳᠡᠭᠡ ᠵᠠᠩᠭᠢ ᠶᠢ ᠮᠡᠳᠡᠭᠦᠯᠦᠨ ᠬᠦᠷᠭᠡᠬᠦ ᠳᠤ ᠤᠶᠤᠨᠴᠢᠯᠠᠭᠰᠠᠨ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠵᠦ᠂ ᠣᠲᠣ ᠪᠣᠯᠲᠠᠯ᠎ᠠ ︽ᠬᠤᠶᠠᠷ ᠢ ᠢᠯᠡ ᠨᠡᠶᠢᠲᠡᠯᠡᠬᠦ︾ ᠮᠡᠳᠡᠭᠡ ᠵᠠᠩᠭᠢ ᠶᠢ ᠳᠡᠭᠡᠭᠰᠢ ᠮᠡᠳᠡᠭᠦᠯᠬᠦ ᠳᠤ ᠤᠳᠠᠭᠠᠰᠢᠷᠠᠭᠤᠯᠤᠨ ᠮᠡᠳᠡᠭᠦᠯᠬᠦ ᠨᠣᠷᠮ᠎ᠠ᠂ ᠳᠠᠷᠤᠭᠠᠳ ᠮᠡᠳᠡᠭᠦᠯᠬᠦ ᠥᠬᠡᠶ ᠪᠠᠶᠢᠬᠤ ᠨᠣᠷᠮ᠎ᠠ ᠶᠢ ᠴᠥᠮ ᠨᠢᠭᠡ ᠴᠦ ᠰᠢᠪᠲᠤᠯᠤᠯᠲᠠ ᠲᠠᠢ ᠪᠣᠯᠭᠠᠪᠠ᠃ ︽ᠬᠤᠶᠠᠷ ᠢ ᠢᠯᠡ ᠨᠡᠶᠢᠲᠡᠯᠡᠬᠦ︾ ᠶᠢ ᠴᠤᠭᠯᠠᠭᠤᠯᠬᠤ ᠠᠵᠢᠯ ᠢ ᠲᠣᠭᠲᠠᠭᠤᠨ ᠢᠶᠠᠷ ᠥᠷᠨᠢᠭᠦᠯᠬᠦ ᠶᠠᠪᠤᠴᠠ ᠳᠤ ᠢᠲᠡᠭᠡᠮᠵᠢ ᠶᠢᠨ ᠮᠡᠳᠡᠭᠡ ᠵᠠᠩᠭᠢ ᠶᠢᠨ ︽ᠠᠷᠪᠠ ᠶᠢ ᠢᠯᠡ ᠨᠡᠶᠢᠲᠡᠯᠡᠬᠦ︾ ᠶᠢ ᠠᠯᠬᠤᠮ ᠠᠯᠬᠤᠮ ᠢᠶᠠᠷ ᠥᠷᠭᠡᠳᠬᠡᠵᠦ᠂ ᠣᠲᠣ ᠪᠣᠯᠲᠠᠯ᠎ᠠ ᠨᠡᠶᠢᠲᠡ 9259 ᠵᠤᠷᠪᠤᠰ ︽ᠠᠷᠪᠠ ᠶᠢ ᠢᠯᠡ ᠨᠡᠶᠢᠲᠡᠯᠡᠬᠦ︾ ᠶᠢᠨ ᠮᠡᠳᠡᠭᠡ ᠵᠠᠩᠭᠢ ᠶᠢ ᠴᠤᠭᠯᠠᠭᠤᠯᠵᠠᠶ᠃
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号